︽ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠡᠭᠦᠷᠢᠳᠡ ᠲᠠᠭᠠᠶ᠎ᠠ︾ ᠭᠡᠬᠦ ᠥᠪᠡᠷᠲᠡᠭᠡᠨ ᠵᠠᠰᠠᠬᠤ ᠣᠷᠣᠨ ᠤ ᠤᠨᠤᠯ ᠤᠨ ᠰᠣᠷᠣᠯᠴᠠᠯᠭ᠎ᠠ ᠶᠢᠨ ᠬᠥᠩᠭᠡᠨ ᠮᠣᠷᠢᠲᠤ ᠴᠡᠷᠢᠭ ᠤᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠮᠠᠨ ᠤ ᠬᠤᠳᠠ ᠳᠤ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2023/12/18
     12 ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ᠂ ︽ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠡᠭᠦᠷᠢᠳᠡ ᠲᠠᠭᠠᠶ᠎ᠠ︾ ᠭᠡᠬᠦ ᠥᠪᠡᠷᠲᠡᠭᠡᠨ ᠵᠠᠰᠠᠬᠤ ᠣᠷᠣᠨ ᠤ ᠤᠨᠤᠯ ᠤᠨ ᠰᠣᠷᠣᠯᠴᠠᠯᠭ᠎ᠠ ᠶᠢᠨ ᠬᠥᠩᠭᠡᠨ ᠮᠣᠷᠢᠲᠤ ᠴᠡᠷᠢᠭ ᠤᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠳᠥᠷᠪᠡᠳᠦᠭᠡᠷ ᠰᠠᠯᠪᠤᠷᠢ ᠠᠩᠭᠢ ᠶᠢᠨ ᠬᠢᠨ ᠮᠠᠨ ᠤ ᠬᠤᠳᠠ ᠳᠤ 3 ᠲᠠᠯᠠᠪᠤᠷ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠪᠡ᠃      ᠤᠬᠠᠭᠤᠯᠤᠨ ᠲᠠᠶᠢᠯᠪᠤᠷᠢᠯᠠᠬᠤ ᠳᠤᠮᠳᠠ᠂ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠠᠵᠢᠯ ᠲᠦᠷᠦᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ 5 ᠪᠦᠷᠢᠯᠳᠦᠭᠦᠨ ᠤᠷᠢᠳ ᠬᠤᠵᠢᠳ ᠬᠤᠳᠠ ᠶᠢᠨ ᠬᠠᠶᠢᠷ᠎ᠠ ᠬᠠᠯᠠᠮᠵᠢ ᠶᠢᠨ ᠨᠡᠶᠢᠭᠡᠮᠯᠢᠭ᠂ ᠦᠬᠠᠢ ᠶᠢᠨ ᠪᠦᠬᠦ ᠤᠷᠤᠨ ᠪᠦᠰᠡ ᠶᠢᠨ ᠰᠣᠶᠣᠯ ᠵᠢᠭᠤᠯᠴᠢᠯᠠᠯ ᠤᠨ ᠬᠦᠭᠵᠢᠬᠦᠯᠦᠯᠳᠡ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠣᠨ ᠬᠠᠶᠢᠷᠤᠪ ᠤᠨ ᠲᠣᠬᠤᠢ ᠲᠣᠭᠤᠷᠢᠭ ᠤᠨ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠯᠠᠨ ᠲᠢᠶᠠᠨ ᠨᠡᠶᠢᠭᠡᠮ ᠲᠣᠭᠤᠷᠢᠭ ᠲᠤ ᠬᠦᠷᠴᠦ᠂ ︽ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠡᠭᠦᠷᠢᠳᠡ ᠲᠠᠭᠠᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ᠂ ᠲᠤᠰ ᠪᠡᠶ᠎ᠡ ᠶᠢᠨ ᠥᠩᠭᠡᠷᠡᠯᠲᠡ ᠪᠣᠯᠣᠨ ᠰᠤᠷᠤᠯᠴᠠᠭᠰᠠᠨ ᠲᠥᠷᠥᠭᠳᠡᠯ ᠲᠠᠢ ᠪᠠᠨ ᠤᠶᠠᠯᠳᠤᠭᠤᠯᠵᠤ᠂ ᠠᠮᠢᠳᠤᠯᠢᠭ ᠪᠣᠳᠠᠲᠠᠢ ᠬᠡᠷᠡᠭ ᠤᠨ ᠵᠢᠱᠢᠶ᠎ᠡ ᠪᠠᠷ ᠤᠯᠠᠨ ᠬᠠᠷᠠᠭᠠᠰᠤ᠂ ᠤᠯᠠᠨ ᠲᠠᠯ᠎ᠠ᠂ ᠤᠯᠠᠨ ᠲᠡᠰ ᠳᠠᠪᠬᠤᠷᠭ᠎ᠠ ᠪᠠᠷ ᠪᠦᠬᠦ ᠲᠠᠯ᠎ᠠ ᠪᠠᠷ ᠲᠣᠳᠣᠷᠬᠠᠶᠢᠯᠠᠨ ᠲᠠᠶᠢᠯᠪᠤᠷᠢᠯᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ︽ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠡᠭᠦᠷᠢᠳᠡ ᠳᠠᠭᠠᠬᠤ︾ ᠪᠣᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦᠯᠬᠦ ᠪᠠᠷ ᠬᠦᠮᠦᠵᠢᠬᠦᠯᠦᠨ ᠬᠦᠲᠦᠯᠦᠨ ᠲᠠᠭᠠᠭᠤᠯᠪᠠ᠃      ︽ᠲᠤᠰ ᠣᠳᠠᠭᠠᠨ ᠤ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠪᠣᠯᠣᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠳᠠᠬᠢ ᠬᠠᠯᠠᠮᠵᠢᠯᠠᠯ ᠢ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠳᠤᠮᠳᠠ ᠤᠯᠠᠮ ᠴᠢᠨᠠᠭᠰᠢᠳᠠ ᠤᠯᠠᠮᠵᠢᠯᠠᠬᠤ ᠶᠢᠨ ᠬᠠᠮᠲᠤ᠂ ᠨᠡᠩ ᠤᠯᠠᠨ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠳᠠᠶᠢᠴᠢᠯᠠᠨ ᠵᠤᠷᠢᠭᠤᠯᠤᠭᠰᠠᠨ᠂ ᠤᠯᠠᠨ ᠲᠦᠮᠡᠨᠴᠢᠯᠡᠭᠰᠡᠨ᠂ ᠬᠠᠷᠢᠯᠴᠠᠨ ᠦᠢᠯᠡᠳᠦᠯᠴᠡᠭᠰᠡᠨ ᠵᠢᠱᠢᠶ᠎ᠡ ᠦᠵᠡᠬᠦᠯᠦᠨ ᠤᠬᠠᠭᠤᠯᠤᠨ ᠲᠠᠶᠢᠯᠪᠤᠷᠢᠯᠠᠬᠤ ᠶᠢ ᠭᠦᠨᠵᠡᠭᠡᠢ ᠥᠷᠨᠢᠭᠦᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠢ ︿ᠡᠭᠡᠯ ᠠᠷᠠᠳ ᠤᠨ ᠭᠡᠷ ᠲᠤ ᠬᠦᠷᠭᠡᠬᠦ﹀ ᠶᠢ ᠬᠦᠰᠡᠵᠦ ᠪᠠᠶᠢᠨ᠎ᠠ︾ ᠭᠡᠵᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠳ᠋ᠠ ᠮᠢᠶᠣᠣ ᠪᠠᠯᠭᠠᠰᠣᠨ ᠤ ᠰᠢᠶᠣᠣ ᠮᠢᠶᠣᠣ ᠽᠢ ᠲᠣᠰᠬᠤᠨ ᠤ ᠨᠠᠮ ᠤᠨ ᠡᠭᠦᠷ ᠤᠨ ᠱᠦᠵᠢ ᠵᠤᠤ ᠾᠦᠢ ᠵᠢᠶᠧ ᠬᠡᠯᠡᠪᠡ᠃      ︽ᠡᠨᠡ ᠣᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠪᠢᠳᠡᠨ ᠳᠤ ᠶᠡᠭᠡ ᠠᠰᠢᠭ ᠬᠦᠷᠲᠡᠭᠡᠵᠡᠢ᠃ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠢᠨ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ ᠤᠨᠤᠯ ᠤᠨ ᠤᠬᠠᠭᠤᠯᠭ᠎ᠠ ᠪᠠᠨ ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠬᠠᠶᠢᠷ᠎ᠠ ᠰᠡᠳᠬᠢᠯᠭᠡ ᠶᠢ ᠰᠡᠳᠭᠢᠯ ᠵᠢᠷᠦᠭᠡᠨ ᠳᠤᠨᠢ ᠠᠭᠤᠰᠬᠠᠵᠤ᠂ ᠨᠠᠮ ᠤᠨ ᠦᠭᠡ ᠶᠢ ᠰᠣᠨᠣᠰᠬᠤ ᠶᠢ ᠰᠦᠭ ᠰᠦᠨᠡᠰᠦᠨ ᠳᠤᠨᠢ ᠰᠢᠩᠭᠡᠭᠡᠵᠦ᠂ ᠨᠠᠮ ᠢᠶᠠᠨ ᠡᠭᠦᠷᠢᠳᠡ ᠲᠠᠭᠠᠬᠤ ᠶᠢ ᠪᠣᠳᠠᠳᠠᠢ ᠠᠵᠢᠯᠯᠠᠭ᠎ᠠ ᠪᠣᠯᠭᠠᠵᠤ᠂ ᠠᠷᠠᠳ ᠲᠦᠮᠡᠨ ᠳᠤ ᠦᠢᠯᠡᠴᠢᠯᠡᠬᠦ ᠠᠷᠭ᠎ᠠ ᠬᠡᠮᠵᠢᠶ᠎ᠡ ᠪᠠᠨ ᠲᠠᠰᠤᠷᠠᠯᠳᠡ ᠦᠭᠡᠢ ᠰᠢᠨ᠎ᠡ ᠪᠠᠷ ᠡᠭᠦᠳᠴᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠲᠠᠰᠣᠷᠠᠯᠳᠠ ᠦᠭᠡᠢ ᠳᠡᠭᠡᠭᠰᠢᠯᠡᠭᠦᠯᠦᠨ᠎ᠡ︾ ᠭᠡᠵᠦ ᠬᠠᠶᠢᠷᠤᠪ ᠤᠨ ᠲᠣᠬᠤᠢ ᠲᠣᠭᠤᠷᠢᠭ ᠤᠨ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠤᠬᠠᠭᠤᠯᠬᠤ ᠭᠡᠰᠢᠭᠦᠨ ᠭᠦᠸᠧ ᠯᠢ ᠨᠠ ᠬᠡᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号