ᠪᠦᠬᠦ ᠬᠤᠲᠠ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠳᠠᠨ ᠤ ᠶᠠᠷᠢᠯᠴᠠᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2023/12/18
     12 ᠰᠠᠷ᠎ᠠ ᠶᠢᠨ 14 ᠤ ᠡᠳᠦᠷ᠂ ᠪᠦᠬᠦ ᠬᠤᠳᠠ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠶᠠᠷᠢᠯᠴᠠᠬᠤ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠣᠳᠣᠬᠠᠨ ᠤ ᠪᠦᠬᠦ ᠬᠤᠳᠠ ᠶᠢᠨ ᠮᠥᠩᠭᠦᠨ ᠭᠦᠢᠯᠭᠡᠭᠡᠨ ᠤ ᠠᠵᠢᠯ ᠤᠨ ᠪᠠᠶᠢᠳᠠᠯ ᠢ ᠵᠠᠳᠠᠯᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠮᠥᠩᠭᠦᠨ ᠭᠦᠢᠯᠭᠡᠭᠡᠨ ᠤ ᠭᠤᠣᠯᠳᠠᠯᠭ᠎ᠠ ᠲᠠᠢ ᠠᠵᠢᠯ  ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠴᠢᠩ ᠳ᠋ᠦᠩ ᠬᠤᠷᠠᠯ ᠡᠷᠭᠢᠯᠡᠪᠡ᠃      ᠬᠤᠷᠠᠯ ᠳᠡᠭᠡᠷ᠎ᠡ᠂ ᠬᠤᠲᠠ ᠶᠢᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠠᠷᠠᠳ ᠤᠨ ᠪᠠᠩᠬᠢ ᠶᠢᠨ ᠦᠬᠠᠢ ᠬᠤᠲᠠ ᠶᠢᠨ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠤᠪᠴᠢᠶᠠᠨ ᠤ ᠦᠬᠠᠢ ᠳᠠᠬᠢ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠤᠪᠴᠢᠶᠠᠨ  ᠤ ᠬᠠᠷᠢᠭᠤᠴᠠᠯᠭᠠᠲᠠᠨ ᠪᠠ ᠬᠡᠰᠡᠭ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠵᠤ ᠠᠬᠤᠶᠢᠯᠠᠯ ᠤᠨ ᠲᠥᠯᠥᠭᠡᠯᠡᠭᠴᠢ ᠢᠲᠡᠭᠡᠮᠵᠢᠲᠦ ᠵᠢᠭᠡᠯᠡᠯᠭᠡ ᠲᠠᠯᠪᠢᠬᠤ᠂ ᠲᠥᠷᠥᠯ ᠵᠦᠢᠯ ᠤᠨ ᠪᠡᠯᠡ ᠲᠣᠬᠢᠷᠠᠭᠤᠯᠬᠤ᠂ ᠡᠷᠡᠭᠦᠯ ᠪᠤᠰᠤ ᠵᠢᠭᠡᠯᠡᠯᠭᠡ ᠶᠢ ᠠᠷᠢᠯᠭᠠᠬᠤ ᠵᠢᠴᠢ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠤᠨ ᠲᠣᠭᠤᠷᠢᠨ ᠳᠤ ᠶᠠᠷᠢᠯᠴᠠᠨ ᠰᠣᠯᠢᠯᠴᠠᠪᠠ᠃      ᠼᠦᠢ ᠵᠢᠩ ᠶᠢᠩ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠶᠢ ᠨᠤᠲᠠᠯᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠠᠵᠤ ᠠᠬᠤᠢ ᠪᠣᠯ ᠴᠣᠭᠴᠠ᠂ ᠮᠥᠩᠭᠦᠨ ᠭᠦᠢᠯᠭᠡᠭᠡ ᠪᠣᠯ ᠴᠢᠰᠤᠨ ᠰᠤᠳᠠᠰᠤ ᠮᠥᠨ᠂ ᠮᠥᠩᠭᠦᠨ ᠭᠦᠢᠯᠭᠡᠭᠡ ᠬᠦᠴᠦᠷᠬᠡᠭ ᠪᠣᠯ ᠠᠵᠤ ᠠᠬᠤᠢ ᠬᠦᠴᠦᠷᠬᠡᠭ᠂ ᠮᠥᠩᠭᠦᠨ ᠭᠦᠢᠯᠭᠡᠭᠡ ᠲᠣᠭᠲᠠᠭᠤᠨ ᠪᠣᠯ ᠠᠵᠤ ᠠᠬᠤᠢ ᠲᠣᠭᠲᠠᠭᠤᠨ ᠪᠣᠯᠣᠨ᠎ᠠ᠃ ᠪᠦᠬᠦ ᠬᠤᠲᠠ ᠶᠢᠨ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠴᠢᠮ ᠲᠤᠯᠭᠠᠮ᠎ᠠ ᠰᠡᠳᠬᠢᠯᠭᠡ ᠪᠠᠨ ᠲᠠᠰᠤᠷᠠᠯᠲᠠ ᠦᠭᠡᠢ ᠴᠢᠩᠭᠠᠳᠬᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ ᠪᠠᠶᠢᠳᠠᠯ ᠪᠣᠯᠣᠨ ︽ᠴᠠᠭ ᠢᠮᠠᠭᠲᠠ ᠰᠠᠨᠠᠭ᠎ᠠ ᠠᠮᠤᠷ ᠪᠠᠶᠢᠵᠦ ᠪᠤᠯᠬᠤ ᠦᠭᠡᠢ︾ ᠬᠠᠷᠢᠭᠤᠴᠠᠯᠭ᠎ᠠ ᠶᠢᠨ ᠤᠬᠠᠮᠰᠠᠷ ᠢᠶᠠᠷ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠪᠦᠭᠡᠳ ᠰᠠᠶᠢᠲᠤᠷ ᠠᠳᠬᠤᠵᠤ᠂ ᠪᠦᠬᠦ ᠬᠤᠳᠠ ᠶᠢᠨ ᠮᠥᠩᠭᠦᠨ ᠭᠦᠢᠯᠭᠡᠭᠡᠨ ᠤ ᠠᠵᠢᠯ ᠤᠨ ᠰᠢᠨ᠎ᠡ ᠪᠠᠶᠢᠳᠠᠯ ᠢ ᠳᠠᠰᠤᠷᠠᠯᠳᠠ ᠦᠭᠡᠢ ᠡᠭᠦᠳᠴᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠳᠠᠯ ᠳᠤᠨᠢ ᠲᠣᠬᠢᠷᠠᠭᠤᠯᠤᠨ ᠠᠷᠭ᠎ᠠ ᠰᠦᠪᠡᠭᠴᠢᠯᠡᠵᠦ᠂ ᠪᠠᠶᠢᠳᠠᠯ ᠳᠤᠨᠢ ᠵᠣᠬᠢᠴᠠᠭᠤᠯᠤᠨ ᠠᠵᠢᠯᠯᠠᠵᠤ᠂ ᠤᠷᠢᠳᠴᠢᠯᠠᠨ ᠠᠷᠭ᠎ᠠ ᠰᠦᠪᠡᠭᠴᠢᠯᠡᠵᠦ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠤᠯᠤᠰ ᠤᠨ ᠢᠲᠡᠭᠡᠮᠵᠢᠲᠦ ᠵᠢᠭᠡᠯᠡᠯᠭᠡ ᠶᠢᠨ ᠲᠦᠷᠦ ᠶᠢᠨ ᠪᠣᠳᠣᠯᠭ᠎ᠠ ᠶᠢ ᠠᠮᠢᠳᠤᠯᠢᠭ ᠢᠶᠠᠷ ᠬᠡᠷᠡᠭᠯᠡᠵᠦ᠂ ᠮᠥᠩᠭᠦᠨ ᠭᠦᠢᠯᠭᠡᠭᠡᠨ ᠤ ᠠᠰᠢᠭ ᠣᠯᠵᠠᠪᠤᠷᠢ ᠪᠣᠯᠣᠨ ᠢᠲᠡᠭᠡᠮᠵᠢᠲᠦ ᠵᠢᠭᠡᠯᠡᠯᠭᠡ ᠶᠢᠨ ᠠᠶᠤᠯ ᠲᠦᠭᠰᠢᠭᠦᠷᠢ ᠶᠢᠨ ᠲᠡᠩᠴᠡᠭᠦᠷᠢ ᠶᠢᠨ ᠴᠢᠭ ᠢ ᠣᠨᠣᠪᠴᠢᠲᠠᠢ ᠣᠯᠵᠤ᠂ ᠤᠨᠢᠨ ᠳᠡᠭᠡᠷ᠎ᠡ ᠨᠢ ᠵᠢᠭᠡᠯᠡᠯᠭᠡ ᠲᠠᠯᠪᠢᠬᠤ᠂ ᠰᠢᠭᠤᠳ ᠲᠦᠷᠭᠡᠨ ᠬᠦᠢᠴᠡᠳᠭᠡᠬᠦ ᠪᠠᠨ ᠲᠤᠪᠤᠶᠢᠯᠭᠠᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠣᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ᠂ ᠬᠦᠷᠢᠶᠡᠯᠡᠩ ᠲᠣᠭᠤᠷᠢᠭ ᠤᠨ ᠬᠥᠭᠵᠢᠯᠲᠡ ᠳᠤ ᠰᠠᠶᠢᠲᠤᠷ ᠦᠢᠯᠡᠴᠢᠯᠡᠵᠦ᠂ ᠮᠥᠩᠭᠦᠨ ᠭᠦᠢᠯᠭᠡᠭᠡ ᠪᠣᠯᠣᠨ ᠪᠣᠳᠠᠲᠤ ᠴᠣᠭᠴᠠ ᠶᠢᠨ ᠠᠵᠤ ᠠᠬᠤᠢ ᠶᠢᠨ ᠠᠭᠤᠰᠤᠯᠴᠠᠨ ᠬᠥᠭᠵᠢᠬᠦ ᠶᠢ ᠬᠦᠴᠦᠲᠡᠢ ᠠᠬᠢᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢᠶᠠᠨ ᠦᠨᠡᠨ ᠬᠦ ᠴᠢᠩᠭᠠᠳᠬᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠢᠢᠳᠪᠦᠷᠢᠯᠡᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠡᠪ ᠠᠴᠠ ᠳᠠᠪᠠᠭᠰᠠᠨ ᠡᠷᠴᠢᠮ᠂ ᠬᠡᠪ ᠠᠴᠠ ᠳᠠᠪᠠᠭᠰᠠᠨ ᠠᠷᠭ᠎ᠠ ᠬᠡᠮᠵᠢᠶ᠎ᠡ ᠠᠪᠴᠤ᠂ ᠪᠣᠷᠣᠭᠠᠨ ᠠᠴᠠ ᠡᠮᠦᠨ᠎ᠡ ᠪᠡᠯᠡᠳᠬᠡᠯ ᠬᠢᠵᠦ᠂ ᠨᠢᠭᠲᠠ ᠬᠢᠨᠠᠨ ᠪᠠᠶᠢᠴᠠᠭᠠᠵᠤ᠂ ᠪᠠᠩᠬᠢ ᠶᠢᠨ ᠡᠵᠡᠩᠨᠡᠯᠲᠡ ᠶᠢᠨ ᠠᠶᠤᠯ ᠲᠦᠭᠰᠢᠭᠦᠷᠢ᠂ ᠠᠵᠤ ᠠᠬᠤᠶᠢᠯᠠᠯ ᠤᠨ ᠥᠷᠢ ᠥᠭᠴᠡᠭᠡᠨ ᠤ ᠠᠶᠤᠯ ᠲᠦᠭᠰᠢᠭᠦᠷᠢ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠵᠤ ᠠᠬᠤᠢ ᠨᠡᠶᠢᠭᠡᠮ ᠤᠨ ᠬᠥᠭᠵᠢᠯᠲᠡ ᠳᠠᠬᠢ ᠮᠥᠩᠭᠦᠨ ᠭᠦᠢᠯᠭᠡᠭᠡᠨ ᠤ ᠴᠢᠬᠤᠯᠠ ᠪᠠᠶᠢᠷᠢ ᠰᠠᠭᠤᠷᠢ ᠪᠣᠯᠣᠨ ᠦᠢᠯᠡᠳᠦᠯ ᠢ ᠭᠦᠨᠵᠡᠭᠡᠢ ᠲᠠᠨᠢᠵᠤ᠂ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠪᠣᠯᠣᠨ ᠬᠢᠨᠠᠨ ᠬᠠᠮᠢᠶᠠᠷᠬᠤ ᠪᠠᠶᠢᠭᠤᠯᠤᠮᠵᠢ ᠵᠡᠷᠭᠡ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠠᠪᠰᠤᠷᠤᠨ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠠᠭᠤᠳᠠᠯᠵᠤ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠢ ᠬᠥᠭᠵᠢᠭᠦᠯᠵᠦ᠂ ᠴᠢᠨᠠᠷ ᠰᠠᠶᠢᠲᠠᠢ ᠮᠥᠩᠭᠦᠨ ᠭᠦᠢᠯᠭᠡᠭᠡᠨ ᠤ ᠦᠢᠯᠡᠴᠢᠯᠡᠭᠡ ᠪᠠᠷ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号