ᠼᠦᠢ ᠵᠢᠩ ᠶᠢᠩ ᠠᠷᠠᠳᠴᠢᠯᠠᠭᠰᠠᠨ ᠨᠠᠮ ᠪᠦᠯᠦᠭ᠂ ᠨᠠᠮ ᠤᠨ ᠭᠠᠳᠠᠨᠠᠬᠢ ᠬᠥᠮᠥᠰ᠂ ᠰᠢᠯᠢᠳᠡᠭ ᠴᠢᠳᠠᠪᠤᠷᠢᠲᠠᠨ ᠪᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠬᠤᠳᠠᠯᠳᠣᠭᠠᠴᠢᠳ ᠤᠨ ᠬᠤᠯᠪᠤᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ
ᠨᠡᠶᠢᠲᠡᠯᠡᠭᠰᠡᠨ ᠴᠠᠭ᠄
2023/12/18
     12 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠲᠤᠮᠳᠠᠲᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠭᠡᠰᠢᠭᠦᠨ ᠤ ᠭᠡᠷ ᠪᠦᠯᠢ᠂ ᠬᠤᠲᠠ ᠶᠢᠨ ᠾᠧᠪᠧᠢ ᠵᠢᠨ‌ᠬᠤᠳᠠᠯᠳᠣᠭᠠᠴᠢᠳ ᠤᠨ ᠬᠤᠯᠪᠤᠭᠠᠲᠤ ᠬᠤᠷᠠᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠬᠠᠷᠢᠯᠴᠠᠵᠤ ᠪᠠᠶᠢᠭ᠎ᠠ ᠠᠷᠠᠳᠴᠢᠯᠠᠭᠰᠠᠨ ᠨᠠᠮ ᠪᠦᠯᠦᠭ᠂ ᠨᠠᠮ ᠤᠨ ᠭᠠᠳᠠᠨᠠᠬᠢ ᠬᠥᠮᠥᠰ᠂ ᠰᠢᠯᠢᠳᠡᠭ ᠴᠢᠳᠠᠪᠤᠷᠢᠲᠠᠨ ᠪᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠬᠤᠳᠠᠯᠳᠣᠭᠠᠴᠢᠳ ᠤᠨ ᠬᠤᠯᠪᠤᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠠᠷᠠᠳ ᠤᠨ ᠡᠵᠡᠩᠨᠡᠯᠲᠡ ᠶᠢᠨ ᠠᠵᠤ ᠠᠬᠤᠢ᠂ ᠠᠵᠤ ᠦᠢᠯᠡᠰ ᠤᠨ ᠬᠥᠭᠵᠢᠯᠲᠡ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ᠂ ᠴᠢᠳᠠᠪᠤᠷᠢᠲᠠᠨ ᠡᠯᠰᠡᠵᠦ ᠤᠶᠤᠨ ᠣᠬᠠᠭᠠᠨ ᠲᠠᠲᠠᠬᠤ ᠵᠡᠷᠭᠡ ᠲᠠᠯ᠎ᠠ ᠶᠢᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃      ᠼᠦᠢ ᠵᠢᠩ ᠶᠢᠩ ᠬᠡᠯᠡᠭᠰᠡᠨ ᠨᠢ᠂ ᠣᠳᠣᠬᠠᠨ ᠳᠤ᠂ ᠮᠠᠨ ᠤ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠡᠳᠦᠷ ᠠᠴᠠ ᠡᠳᠦᠷ ᠥᠭᠡᠳᠡᠯᠡᠨ ᠬᠥᠭᠵᠢᠵᠦ᠂ ᠠᠵᠢᠯ ᠶᠠᠪᠤᠳᠠᠯ ᠬᠢᠵᠦ ᠦᠢᠯᠡᠰ ᠪᠣᠰᠬᠠᠬᠤ ᠠᠭᠤᠷ ᠠᠮᠢᠰᠬᠤᠯ ᠥᠳᠬᠡᠨ ᠵᠤᠵᠠᠭᠠᠨ ᠪᠠᠶᠢᠵᠤ᠂ ᠡᠯ᠎ᠡ ᠲᠦᠷᠦᠯ ᠤᠨ ᠠᠰᠢᠭᠲᠠᠢ ᠡᠯᠧᠮᠧᠨ᠋ᠲ ᠲᠦᠷᠭᠡᠨ ᠲᠥᠪᠯᠡᠷᠡᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠳᠤ ᠭᠤᠶᠢᠳᠠ ᠰᠠᠶᠢᠬᠠᠨ ᠬᠤᠪᠢᠷᠠᠯᠲᠠ ᠭᠠᠷᠭᠠᠬᠤ ᠪᠠᠷ ᠪᠡᠯᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠤᠯᠠᠮ ᠴᠢᠨᠠᠭᠰᠢᠳᠠ ᠪᠠᠬᠢᠵᠢᠪᠡ᠃ ᠠᠷᠠᠳᠴᠢᠯᠠᠭᠰᠠᠨ ᠨᠠᠮ ᠪᠦᠯᠦᠭ᠂ ᠨᠠᠮ ᠤᠨ ᠭᠠᠳᠠᠨᠠᠬᠢ ᠬᠥᠮᠥᠰ ᠦᠷᠭᠦᠯᠵᠢᠯᠡᠨ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠰᠢᠯᠢᠳᠡᠭ ᠤᠯᠠᠮᠵᠢᠯᠠᠯ ᠢᠶᠠᠨ ᠭᠦᠢᠴᠡᠳ ᠪᠠᠳᠠᠷᠠᠭᠤᠯᠵᠤ᠂ ᠨᠡᠩ ᠥᠨᠳᠥᠷ ᠵᠣᠭᠰᠣᠴᠠ ᠪᠠᠷ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠵᠦ᠂ ᠨᠡᠩ ᠥᠨᠳᠥᠷ ᠲᠦᠪᠰᠢᠨ ᠢᠶᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠨᠡᠩ ᠥᠨᠳᠥᠷ ᠱᠠᠭᠠᠷᠳᠠᠯᠭ᠎ᠠ ᠲᠠᠢ ᠪᠠᠷ ᠬᠥᠭᠦᠷᠭᠡ ᠬᠤᠯᠪᠣᠭᠠᠰᠤ ᠪᠣᠯᠵᠤ᠂ ᠦᠬᠠᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ ᠥᠷᠭᠡᠨ ᠤᠯᠠᠨ ᠠᠵᠤ ᠠᠬᠤᠶᠢᠯᠠᠯ ᠪᠣᠯᠣᠨ ᠬᠤᠳᠠᠯᠳᠣᠭᠠᠴᠢᠳ ᠤᠨ ᠬᠤᠯᠪᠤᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠢᠲᠡᠭᠡᠯ ᠵᠣᠷᠢᠭ ᠢᠶᠠᠨ ᠪᠠᠲᠤᠳᠬᠠᠵᠤ᠂ ᠠᠵᠠ ᠲᠣᠬᠢᠶᠠᠯ ᠢ ᠠᠮᠵᠢᠵᠤ᠂ ᠪᠦᠬᠦ ᠬᠤᠳᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠢ ᠠᠭᠤᠰᠤᠯᠴᠠᠵᠤ᠂ ᠬᠡᠯᠬᠢᠶ᠎ᠡ ᠮᠠᠶ᠋ᠢᠭ ᠤᠨ ᠰᠡᠳᠬᠢᠬᠦᠢ᠂ ᠴᠤᠭᠯᠠᠷᠠᠯ ᠤᠨ ᠦᠢᠯᠡᠳᠦᠯ ᠢᠶᠠᠨ ᠴᠢᠨᠠᠭᠰᠢᠳᠠ ᠴᠢᠩᠭᠠᠳᠬᠠᠵᠤ᠂ ᠲᠦᠷᠦᠭᠦᠯᠡᠨ ᠬᠤᠳᠠᠯᠳᠣᠭᠠᠴᠢᠨ ᠢᠶᠠᠷ ᠬᠤᠳᠠᠯᠳᠣᠭᠠᠴᠢᠨ ᠤᠷᠢᠵᠤ᠂ ᠬᠡᠯᠬᠢᠶ᠎ᠡ ᠪᠠᠨ ᠤᠷᠲᠤᠳᠬᠠᠨ ᠬᠡᠯᠬᠢᠶ᠎ᠡ ᠪᠠᠨ ᠨᠥᠬᠦᠪᠦᠷᠢᠯᠡᠵᠦ᠂ ᠨᠡᠩ ᠤᠯᠠᠨ ᠠᠵᠤ ᠠᠬᠤᠶᠢᠯᠠᠯ ᠤᠨ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠳᠠᠪᠠᠭᠤᠯᠢᠭ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ᠃ ᠰᠢᠯᠢᠳᠡᠭ ᠴᠢᠳᠠᠪᠤᠷᠢᠲᠠᠨ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠥᠪᠡᠷ ᠤᠨ ᠰᠤᠷᠤᠭᠰᠠᠨ᠂ ᠮᠡᠷᠭᠡᠵᠢᠭᠰᠡᠨ᠂ ᠳᠠᠪᠠᠭᠤᠯᠢᠭ ᠢᠶᠠᠨ ᠪᠠᠳᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠤᠯᠠᠨ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠡᠮᠬᠢᠯᠡᠨ ᠰᠤᠳᠤᠯᠵᠤ᠂ ᠬᠤᠯᠪᠤᠭᠳᠠᠯ ᠪᠦᠬᠦᠢ ᠰᠠᠨᠠᠯ ᠰᠠᠨᠠᠭᠤᠯᠭ᠎ᠠ ᠶᠢ ᠭᠦᠢᠴᠡᠳ ᠬᠦᠯᠢᠶᠡᠨ ᠠᠪᠴᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭᠠᠲᠤ ᠬᠤᠷᠠᠯ᠂ ᠨᠠᠮ ᠤᠨ ᠭᠠᠳᠠᠨᠠᠬᠢ ᠬᠥᠮᠥᠰ ᠵᠢᠴᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠬᠤᠳᠠᠯᠳᠣᠭᠠᠴᠢᠳ ᠤᠨ ᠬᠤᠯᠪᠤᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠪᠣᠯᠣᠨ ᠰᠢᠯᠢᠳᠡᠭ ᠴᠢᠳᠠᠪᠤᠷᠢᠲᠠᠨ ᠯᠤᠭ᠎ᠠ ᠶᠢᠨ ᠣᠯᠣᠯᠴᠠᠭ᠎ᠠ ᠰᠣᠯᠢᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠪᠠᠶᠢᠳᠠᠯ ᠢ ᠣᠶᠢᠯᠠᠭᠠᠵᠤ ᠵᠠᠰᠠᠭ ᠤᠨ ᠶᠠᠪᠤᠳᠠᠯ ᠢ ᠣᠶᠢᠯᠠᠭᠠᠬᠤ᠂ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠬᠤ᠂ ᠠᠵᠢᠯ ᠤᠨ ᠬᠠᠷᠢᠯᠴᠠᠭ᠎ᠠ᠂ ᠨᠠᠶᠢᠳᠠᠪᠤᠷᠢᠵᠢᠭᠤᠯᠤᠯᠲᠠ ᠶᠢ ᠬᠠᠷᠢᠭᠤ ᠲᠤᠰᠬᠠᠬᠤ ᠵᠡᠷᠭᠡ ᠲᠣᠭᠲᠠᠴᠠ ᠪᠠᠨ ᠤᠯᠠᠮ ᠴᠢᠨᠠᠭᠰᠢᠳᠠ ᠪᠠᠶᠢᠭᠤᠯᠤᠨ ᠪᠦᠷᠢᠨᠰᠢᠭᠦᠯᠵᠦ᠂ ᠤᠯᠠᠨ ᠤ ᠤᠶᠤᠨ ᠤᠬᠠᠭᠠᠨ ᠤᠯᠠᠨ ᠤ ᠬᠦᠴᠦᠨ ᠴᠢᠳᠠᠯ᠂ ᠰᠡᠳᠬᠢᠯ ᠨᠢᠭᠡᠳᠦᠨ ᠬᠠᠮᠲᠤᠷᠠᠨ ᠠᠵᠢᠯᠯᠠᠬᠤ ᠬᠦᠴᠦᠨ ᠢ ᠪᠡᠶᠡᠯᠡᠭᠦᠯᠬᠦ ᠶᠢ ᠠᠬᠢᠭᠤᠯᠵᠤ᠂ ᠦᠬᠠᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠬᠠᠮᠲᠤᠪᠠᠷ ᠡᠭᠦᠳᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号