ᠮᠠᠨ ᠤ ᠬᠤᠲᠠ 2023 ᠣᠨ ᠤ 7 ᠳ᠋ᠤᠭᠠᠷ ᠤᠳᠠᠭᠠᠨ ᠤ ᠵᠠᠰᠠᠭ ᠠᠵᠤ ᠠᠬᠤᠶᠢᠯᠠᠯ ᠤᠨ ᠦᠨᠡᠨᠴᠢ ᠪᠠᠷ ᠶᠠᠷᠢᠯᠴᠠᠬᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2023/12/18
     12 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠮᠠᠨ ᠤ ᠬᠤᠲᠠ 2023 ᠣᠨ ᠤ 7 ᠳ᠋ᠤᠭᠠᠷ ᠤᠳᠠᠭᠠᠨ ᠤ ᠵᠠᠰᠠᠭ ᠠᠵᠤ ᠠᠬᠤᠶᠢᠯᠠᠯ ᠤᠨ ᠦᠨᠡᠨᠴᠢ ᠪᠠᠷ ᠶᠠᠷᠢᠯᠴᠠᠬᠤ ᠬᠤᠷᠠᠯ ᠬᠤᠷᠠᠯᠳᠣᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠵᠡᠷᠭᠡ ᠬᠤᠲᠠ ᠶᠢᠨ ᠤᠳᠤᠷᠢᠳᠤᠯᠭ᠎ᠠ ᠪᠣᠯᠣᠨ ᠪᠠᠷᠢᠯᠭ᠎ᠠ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠯᠲᠡ᠂ ᠰᠣᠶᠣᠯ ᠵᠢᠭᠤᠯᠴᠢᠯᠠᠯ ᠠᠷᠠᠯᠵᠢᠶ᠎ᠠ ᠬᠤᠳᠠᠯᠳᠤᠭ᠎ᠠ ᠵᠡᠷᠭᠡ ᠠᠵᠢᠯ ᠲᠥᠷᠥᠯ ᠤᠨ 10 ᠠᠵᠤ ᠠᠬᠤᠶᠢᠯᠠᠯᠲᠠᠨ ᠤ ᠲᠥᠯᠥᠭᠡᠯᠡᠭᠴᠢ ᠬᠠᠮᠲᠤ ᠪᠠᠷ ᠥᠷᠯᠥᠭᠡ ᠶᠢᠨ ᠬᠤᠭᠤᠯᠠ ᠢᠳᠡᠵᠦ᠂ ᠬᠥᠭᠵᠢᠯᠲᠡ ᠶᠢᠨ ᠲᠤᠬᠠᠢ ᠶᠠᠷᠢᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠠᠵᠤ ᠠᠬᠤᠶᠢᠯᠠᠯᠲᠠᠳ ᠬᠤᠳᠠ ᠶᠢᠨ ᠤᠳᠤᠷᠢᠳᠤᠯᠭ᠎ᠠ ᠲᠠᠢ ᠰᠣᠯᠪᠢᠴᠠᠨ ᠰᠠᠭᠤᠵᠤ᠂ ᠤᠯᠠᠨ ᠢᠶᠠᠷ ᠢᠶᠠᠨ ᠪᠠᠶᠠᠷ ᠪᠠᠶᠠᠰᠬᠤᠯᠠᠩ ᠲᠠᠢ ᠠᠭᠤᠷ ᠠᠮᠢᠰᠬᠤᠯ ᠤᠨ ᠳᠤᠮᠳᠠ ᠢᠳᠡᠵᠦ ᠤᠤᠭᠤᠬᠤ ᠶᠢᠨ ᠳᠠᠭᠠᠤ ᠵᠣᠭᠤᠭᠳᠠᠪᠡ᠃ ᠠᠵᠤ ᠠᠬᠤᠶᠢᠯᠠᠯᠲᠠᠳ ᠥᠪᠡᠷ ᠥᠪᠡᠷ ᠤᠨ ᠠᠵᠢᠯ ᠲᠦᠷᠦᠯ ᠤᠨ ᠢᠶᠠᠨ ᠬᠥᠭᠵᠢᠯᠲᠡ ᠶᠢᠨ ᠣᠳᠣᠬᠢ ᠪᠠᠶᠢᠳᠠᠯ ᠪᠣᠯᠣᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢᠶᠠᠨ ᠲᠠᠨᠢᠯᠴᠠᠭᠤᠯᠵᠤ᠂ ᠮᠠᠨ ᠤ ᠬᠤᠳᠠ ᠶᠢᠨ ᠣᠶᠢᠷ᠎ᠠ ᠶᠢᠨ ᠬᠡᠳᠦᠨ ᠵᠢᠯ ᠤᠨ ᠤᠯᠠᠮ ᠠᠴᠠ ᠤᠯᠠᠮ ᠰᠠᠶᠢᠨ ᠬᠥᠭᠵᠢᠯᠲᠡ ᠶᠢᠨ ᠪᠠᠶᠢᠳᠠᠯ᠂ ᠬᠥᠭᠵᠢᠯᠲᠡ ᠶᠢᠨ ᠠᠭᠤᠷ ᠠᠮᠢᠰᠬᠤᠯ᠂ ᠬᠥᠭᠵᠢᠯᠲᠡ ᠶᠢᠨ ᠣᠷᠴᠢᠨ ᠲᠣᠭᠤᠷᠢᠨ᠂ ᠬᠥᠭᠵᠢᠯᠲᠡ ᠶᠢᠨ ᠦᠷ᠎ᠡ ᠪᠦᠲᠦᠮᠵᠢ ᠶᠢᠨ ᠲᠤᠬᠠᠢ ᠥᠪᠡᠷ ᠤᠨ ᠲᠥᠷᠥᠭᠳᠡᠯ ᠢᠶᠠᠨ ᠠᠭᠤᠵᠢᠷᠠᠲᠠᠯ᠎ᠠ ᠶᠠᠷᠢᠯᠴᠠᠵᠤ᠂ ᠪᠠᠷᠢᠯᠭ᠎ᠠ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡ᠂ ᠰᠣᠶᠣᠯ ᠵᠢᠭᠤᠯᠴᠢᠯᠠᠯ ᠵᠡᠷᠭᠡ ᠠᠵᠤ ᠦᠢᠯᠡᠰ ᠤᠨ ᠬᠥᠭᠵᠢᠯᠲᠡ ᠶᠢᠨ ᠲᠤᠬᠠᠢ ᠰᠠᠨᠠᠯ ᠰᠠᠨᠠᠭᠤᠯᠭ᠎ᠠ ᠳᠤᠷᠠᠳᠪᠡ᠃ ᠲᠠᠩ ᠢ ᠨᠠᠷᠢᠨ ᠬᠢᠨᠠᠮᠠᠭᠠᠢ ᠰᠣᠨᠣᠰᠴᠤ᠂ ᠪᠠᠶᠢᠨ ᠪᠠᠶᠢᠨ ᠨᠠᠷᠢᠨ ᠵᠦᠢᠯᠡᠰ ᠢ ᠨᠢ ᠠᠰᠠᠭᠤᠨ ᠯᠠᠪᠯᠠᠵᠤ᠂ ᠠᠵᠤ ᠠᠬᠤᠶᠢᠯᠠᠯᠲᠠᠨ ᠤ ᠳᠤᠷᠠᠳᠤᠭᠰᠠᠨ ᠰᠠᠨᠠᠯ ᠰᠠᠨᠠᠭᠤᠯᠭ᠎ᠠ ᠳᠤ ᠨᠢᠭᠡᠳ ᠨᠢᠭᠡ ᠪᠠᠷ ᠬᠠᠷᠢᠭᠤᠯᠲᠠ ᠥᠭᠬᠦ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠡᠮᠬᠢᠯᠡᠨ ᠰᠤᠳᠤᠯᠵᠤ᠂ ᠠᠷᠭ᠎ᠠ ᠬᠡᠮᠵᠢᠶ᠎ᠡ ᠲᠣᠭᠲᠠᠭᠠᠵᠤ᠂ ᠠᠵᠤ ᠠᠬᠤᠶᠢᠯᠠᠯ ᠢ ᠦᠨᠡᠨᠬᠦ ᠬᠠᠪᠰᠤᠷᠤᠨ ᠬᠥᠭᠵᠢᠯᠲᠡ ᠶᠢᠨ ᠳᠤᠮᠳᠠᠬᠢ ᠬᠦᠴᠢᠷ ᠠᠰᠠᠭᠤᠳᠠᠯ ᠢ ᠨᠢ ᠰᠠᠶᠢᠲᠤᠷ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠱᠠᠭᠠᠷᠳᠠᠪᠠ᠃      ᠲᠠᠩ ᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠡᠮᠦᠨ᠎ᠡ ᠠᠴᠠ ᠠᠵᠤ ᠠᠬᠤᠶᠢᠯᠠᠯᠲᠠᠳ ᠤᠨ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠵᠠᠬ᠎ᠠ ᠳᠡᠯᠭᠡᠭᠦᠷ ᠤᠨ ᠠᠵᠤ ᠠᠬᠤᠢ ᠶᠢᠨ ᠬᠠᠮᠤᠭ ᠤᠨ ᠡᠮᠦᠨ᠎ᠡ ᠡᠩᠨᠡᠭᠡᠨ ᠳᠤ ᠵᠣᠭᠰᠣᠵᠤ᠂ ᠵᠠᠬ᠎ᠠ ᠳᠡᠯᠭᠡᠭᠦᠷ ᠤᠨ ᠬᠤᠪᠢᠷᠠᠯᠲᠠ᠂ ᠠᠵᠤ ᠠᠬᠤᠢ ᠶᠢᠨ ᠬᠥᠭᠵᠢᠯᠲᠡ ᠶᠢᠨ ᠲᠤᠬᠠᠢ ᠬᠠᠮᠤᠭ ᠤᠨ ᠬᠤᠷᠴᠠ ᠰᠡᠷᠭᠡᠭ ᠣᠶᠢᠯᠠᠭᠠᠯᠲᠠ ᠲᠠᠢ ᠪᠠᠶᠢᠨ᠎ᠠ᠂ ᠤᠯᠠᠨ ᠢᠶᠠᠷ ᠢᠶᠠᠨ ᠣᠳᠣᠬᠠᠨ ᠤ ᠠᠵᠤ ᠠᠬᠤᠢ ᠶᠢᠨ ᠪᠠᠶᠢᠳᠠᠯ ᠲᠠᠢ ᠪᠠᠨ ᠤᠶᠠᠯᠳᠤᠭᠤᠯᠵᠤ᠂ ᠦᠬᠠᠢ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ᠂ ᠴᠢᠨᠠᠷ ᠰᠠᠶᠢᠲᠠᠢ ᠬᠥᠭᠵᠢᠬᠦ ᠳᠤ ᠬᠦᠴᠦ ᠨᠡᠮᠡᠷᠢᠯᠡᠬᠦ ᠪᠠᠷ ᠭᠤᠣᠯᠳᠠᠭᠤᠯᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠨᠡᠩ ᠤᠯᠠᠨ ᠯᠠᠪᠯᠠᠯᠲᠠ ᠬᠠᠩᠭᠠᠬᠤ ᠶᠢ ᠬᠦᠰᠡᠵᠦ ᠪᠠᠶᠢᠨ᠎ᠠ ᠭᠡᠵᠡᠢ᠃ ᠲᠡᠷᠡ ᠤᠯᠠᠨ ᠢ ᠢᠳᠡᠪᠬᠢᠲᠡᠢ ᠪᠠᠷ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠤᠯᠠᠨ ᠡᠰᠢᠲᠦ ᠡᠵᠡᠩᠨᠡᠯᠲᠡ ᠶᠢᠨ ᠬᠡᠯᠪᠡᠷᠢ ᠶᠢ ᠡᠭᠦᠳᠴᠦ᠂ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠵᠦ᠂ ᠵᠣᠷᠢᠭᠲᠠᠢ ᠪᠠᠷ ︽ᠭᠠᠳᠠᠭᠰᠢ ᠭᠠᠷᠴᠤ︾᠂ ᠵᠠᠬ᠎ᠠ ᠳᠡᠯᠭᠡᠭᠦᠷ ᠢᠶᠠᠨ ᠥᠷᠭᠡᠳᠬᠡᠵᠦ᠂ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠣᠷᠢᠭᠵᠢᠭᠤᠯᠪᠠ᠃ ᠲᠡᠷᠡ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ︽ᠬᠦᠨᠳᠦᠲᠦ ᠵᠣᠴᠢᠨ︾ ︽ᠥᠪᠡᠷ ᠤᠨ ᠭᠡᠷ ᠤᠨ ᠬᠥᠮᠥᠰ︾ ᠪᠣᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠨᠡᠩ ᠰᠢᠯᠢᠳᠡᠭ ᠣᠷᠴᠢᠨ ᠲᠣᠭᠤᠷᠢᠨ᠂ ᠨᠡᠩ ᠰᠠᠶᠢᠨ ᠦᠢᠯᠡᠴᠢᠯᠡᠭᠡ ᠪᠠᠷ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠨᠢ ᠬᠥᠭᠵᠢᠭᠡᠵᠦ᠂ ᠵᠠᠰᠠᠭ ᠠᠵᠤ ᠠᠬᠤᠶᠢᠯᠠᠯ ᠭᠠᠷ ᠬᠤᠯᠪᠣᠯᠴᠠᠨ᠂ ᠬᠠᠮᠲᠤᠪᠠᠷ ᠬᠦᠴᠦᠯᠡᠵᠦ᠂ ᠦᠬᠠᠢ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号