︽ᠦᠬᠠᠢ ᠬᠤᠲᠠ ᠶᠢᠨ ᠣᠯᠠᠨ ᠨᠡᠶᠢᠲᠡ ᠶᠢᠨ ᠲᠠᠯᠠᠪᠤᠷ ᠲᠤ ᠲᠠᠮᠠᠬᠢ ᠲᠠᠲᠠᠬᠤ ᠶᠢ ᠬᠢᠵᠠᠭᠠᠷᠯᠠᠬᠤ ᠬᠠᠮᠢᠶᠠᠷᠤᠯᠲᠠ ᠶᠢᠨ | ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠢ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ | ᠭᠡᠷ ᠤᠨ ᠮᠡᠳᠡᠭᠳᠡᠯ | ᠦᠬᠠᠢ ᠵᠠᠰᠠᠭ ᠠᠯᠪᠠᠨ ᠲᠠᠷᠬᠠᠭᠠᠭᠰᠠᠨ〔2023〕38 ᠳ᠋ᠤᠭᠠᠷ ᠲᠣᠭᠠᠲᠤ | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠦᠬᠠᠢ ᠬᠤᠲᠠ ᠶᠢᠨ ᠣᠯᠠᠨ ᠨᠡᠶᠢᠲᠡ ᠶᠢᠨ ᠲᠠᠯᠠᠪᠤᠷ ᠲᠤ ᠲᠠᠮᠠᠬᠢ ᠲᠠᠲᠠᠬᠤ ᠶᠢ ᠬᠢᠵᠠᠭᠠᠷᠯᠠᠬᠤ | ᠬᠠᠮᠢᠶᠠᠷᠤᠯᠲᠠ ᠶᠢᠨ ᠠᠷᠭ᠎ᠠ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠢ᠃ | 2023 ᠣᠨ ᠤ 11 ᠰᠠᠷ᠎ᠠ ᠶᠢᠨ 15 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠦᠬᠠᠢ ᠬᠤᠲᠠ ᠶᠢᠨ ᠣᠯᠠᠨ ᠨᠡᠶᠢᠲᠡ ᠶᠢᠨ ᠲᠠᠯᠠᠪᠤᠷ ᠲᠤ ᠲᠠᠮᠠᠬᠢ ᠲᠠᠲᠠᠬᠤ ᠶᠢ ᠬᠢᠵᠠᠭᠠᠷᠯᠠᠬᠤ | ᠬᠠᠮᠢᠶᠠᠷᠤᠯᠲᠠ ᠶᠢᠨ ᠠᠷᠭ᠎ᠠ | ᠨᠢᠭᠡᠳᠦᠭᠡᠷ ᠵᠦᠢᠯ ᠲᠠᠮᠠᠬᠢ ᠲᠠᠲᠠᠬᠤ ᠶᠢ ᠬᠢᠵᠠᠭᠠᠷᠯᠠᠵᠤ᠂ ᠲᠠᠮᠠᠬᠢᠨ ᠤᠲᠤᠭ᠎ᠠ ᠶᠢᠨ ᠬᠤᠣᠷ ᠬᠥᠨᠥᠭᠡᠯ ᠢ | ᠪᠠᠭᠠᠰᠬᠠᠵᠤ᠂ ᠣᠯᠠᠨ ᠨᠡᠶᠢᠲᠡ ᠶᠢᠨ ᠡᠷᠡᠭᠦᠯ ᠮᠡᠨᠳᠦ ᠶᠢ ᠪᠠᠲᠤᠯᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠣᠷᠴᠢᠨ ᠲᠣᠭᠤᠷᠢᠨ ᠢ ᠬᠠᠮᠠᠭᠠᠯᠠᠵᠤ᠂ ᠬᠤᠲᠠ ᠶᠢᠨ ᠪᠣᠯᠪᠠᠰᠤᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢᠨ | ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠮᠠᠬᠢ ᠲᠤᠰᠬᠠᠢ ᠬᠤᠳᠠᠯᠳᠤᠬᠤ ᠬᠠᠤᠯᠢ︾ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠤᠯᠢ︾ ︽ | ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠨᠠᠷᠢᠨ | ᠳᠦᠷᠢᠮ︾ ︽ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ | ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠠᠵᠢᠯᠯᠠᠭ᠎ᠠ ᠶᠢ | ᠠᠬᠢᠭᠤᠯᠬᠤ ᠳᠦᠷᠢᠮ︾ ᠵᠡᠷᠭᠡ ᠬᠠᠤᠯᠢ ᠲᠣᠭᠲᠠᠭᠠᠯ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠤ᠂ ᠮᠠᠨ ᠤ | ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠲᠠᠮᠠᠬᠢᠨ ᠤ ᠪᠦᠲᠦᠭᠡᠭᠳᠡᠬᠦᠨ ᠭᠡᠳᠡᠭ ᠪᠣᠯ | ᠨᠡᠪᠴᠢᠠ ᠲᠠᠮᠠᠬᠢ ᠪᠠᠷ ᠪᠦᠬᠦᠠ ᠢ ᠪᠤᠶᠤ ᠬᠡᠰᠡᠭ ᠢ ᠨᠢ ᠲᠦᠭᠦᠬᠡᠢ ᠡᠳ᠋ ᠪᠣᠯᠭᠠᠵᠤ ᠦᠢᠯᠡᠳᠪᠦᠷᠢᠯᠡᠭᠰᠡᠨ ᠲᠠᠲᠠᠬᠤ᠂ | ᠰᠣᠷᠣᠬᠤ᠂ ᠵᠠᠵᠢᠯᠬᠤ ᠪᠤᠶᠤ ᠬᠠᠮᠠᠷ ᠢᠶᠠᠷ ᠰᠣᠷᠣᠬᠤ ᠪᠦᠲᠦᠭᠡᠭᠳᠡᠬᠦᠨ ᠢ ᠵᠢᠭᠠᠵᠤ ᠪᠠᠶᠢᠨ᠎ᠠ᠃ | ᠲᠠᠮᠠᠬᠢ ᠲᠠᠲᠠᠬᠤ ᠭᠡᠳᠡᠭ ᠨᠢ ᠤᠲᠤᠭ᠎ᠠ ᠤᠨᠢᠶᠠᠷ ᠢ ᠠᠮᠢᠰᠬᠤᠵᠤ ᠣᠷᠣᠭᠤᠯᠬᠤ ᠪᠤᠶᠤ ᠠᠮᠢᠰᠬᠤᠵᠤ ᠭᠠᠷᠭᠠᠬᠤ | ᠦᠢᠯᠡ ᠠᠵᠢᠯᠯᠠᠭ᠎ᠠ ᠵᠢᠴᠢ ᠨᠣᠴᠣᠭᠠᠭᠰᠠᠨ ᠲᠠᠮᠠᠬᠢᠨ ᠪᠦᠲᠦᠭᠡᠭᠳᠡᠬᠦᠨ ᠢ ᠡᠵᠡᠮᠰᠢᠵᠦ ᠪᠠᠶᠢᠭ᠎ᠠ ᠪᠤᠶᠤ ᠵᠠᠬᠢᠷᠴᠤ ᠪᠠᠶᠢᠭ᠎ᠠ | ᠦᠢᠯᠡ ᠠᠵᠢᠯᠯᠠᠭ᠎ᠠ ︵ᠡᠯᠧᠺᠲᠷᠣᠨ ᠲᠠᠮᠠᠬᠢ ᠪᠠᠭᠲᠠᠨ᠎ᠠ︶ ᠶᠢ ᠵᠢᠭᠠᠵᠤ ᠪᠠᠶᠢᠨ᠎ᠠ᠃ | ᠲᠠᠮᠠᠬᠢᠨ ᠤ ᠤᠲᠤᠭ᠎ᠠ ᠤᠨᠢᠶᠠᠷ ᠭᠡᠳᠡᠭ ᠨᠢ ᠲᠠᠮᠠᠬᠢᠨ ᠤ ᠪᠦᠲᠦᠭᠡᠭᠳᠡᠬᠦᠨ ᠵᠢᠴᠢ ᠲᠠᠮᠠᠬᠢᠨ ᠤ | ᠪᠦᠲᠦᠭᠡᠭᠳᠡᠬᠦᠨ ᠲᠠᠢ ᠠᠳᠠᠯᠢᠪᠲᠤᠷ ᠰᠢᠲᠠᠯᠲᠠ ᠶᠢᠨ ᠦᠵᠦᠭᠦᠷ ᠠᠴᠠ ᠰᠠᠳᠠᠷᠠᠭᠰᠠᠨ ᠵᠢᠴᠢ ᠲᠠᠮᠠᠬᠢ ᠲᠠᠲᠠᠭᠴᠢ ᠶᠢᠨ | ᠠᠮᠢᠰᠬᠤᠵᠤ ᠭᠠᠷᠭᠠᠭᠰᠠᠨ ᠤᠲᠤᠭ᠎ᠠ ᠤᠨᠢᠶᠠᠷ ᠢ ᠵᠢᠭᠠᠵᠤ ᠪᠠᠶᠢᠨ᠎ᠠ᠃ | ᠲᠣᠰ ᠠᠷᠭ᠎ᠠ ᠶᠢ ᠲᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠯᠠᠨ ᠨᠡᠶᠢᠲᠡ ᠶᠢᠨ | ᠲᠠᠯᠠᠪᠤᠷ ᠤᠨ ᠲᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠳᠤ ᠬᠡᠷᠡᠭᠯᠡᠨ᠎ᠡ᠃ | ᠭᠤᠷᠪᠠᠳᠤᠭᠠᠷ ᠵᠦᠢᠯ ᠣᠯᠠᠨ ᠨᠡᠶᠢᠲᠡ ᠶᠢᠨ ᠲᠠᠯᠠᠪᠤᠷ ᠲᠤ ᠲᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠳᠤ | ᠵᠠᠰᠠᠭ ᠤᠨ ᠣᠷᠳᠣᠨ ᠪᠣᠯᠣᠨ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ᠂ ᠬᠠᠮᠢᠶᠠᠷᠬᠤ ᠪᠣᠯᠣᠨ ᠥᠪᠡᠷ ᠢ ᠪᠠᠨ | ᠱᠠᠭᠠᠷᠳᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠬᠠᠮᠢᠶᠠᠷᠬᠤ᠂ ᠨᠢᠭᠡᠴᠡ | ᠬᠠᠷᠢᠭᠤᠴᠠᠬᠤ᠂ ᠬᠤᠪᠢ ᠬᠥᠮᠥᠨ ᠬᠠᠤᠯᠢ ᠶᠢ ᠰᠠᠬᠢᠬᠤ᠂ ᠨᠡᠶᠢᠭᠡᠮ ᠨᠡᠶᠢᠲᠡ ᠪᠠᠷ ᠢᠶᠠᠨ ᠬᠢᠨᠠᠯᠲᠠ ᠲᠠᠯᠪᠢᠬᠤ᠂ ᠬᠠᠮᠲᠤ ᠪᠠᠷ | ᠵᠠᠰᠠᠬᠤ ᠵᠠᠷᠴᠢᠮ ᠢ ᠬᠡᠷᠡᠭᠵᠢᠭᠦᠯᠦᠨ᠎ᠡ᠃ | ᠳᠥᠷᠪᠡᠳᠦᠭᠡᠷ ᠵᠦᠢᠯ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠵᠠᠰᠠᠭ | ᠵᠠᠬᠢᠷᠭᠠᠨ ᠤ ᠣᠷᠣᠨ ᠤ ᠪᠠᠨ ᠳᠣᠲᠣᠷᠠᠬᠢ ᠤᠯᠠᠨ ᠨᠡᠶᠢᠲᠡ ᠶᠢᠨ ᠲᠠᠯᠠᠪᠤᠷ ᠲᠤ ᠲᠠᠮᠠᠬᠢ ᠲᠠᠲᠠᠬᠤ ᠶᠢ ᠬᠢᠵᠠᠭᠠᠷᠯᠠᠬᠤ | ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠲᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠤᠨ ᠵᠠᠷᠤᠳᠠᠯ ᠤᠨ | ᠣᠷᠣᠭᠤᠯᠤᠯᠲᠠ ᠶᠢ ᠪᠠᠲᠤᠯᠠᠵᠤ᠂ ᠲᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠢ ᠤᠯᠤᠰ ᠤᠨ ᠡᠷᠡᠭᠦᠯ ᠬᠠᠮᠠᠭᠠᠯᠠᠯ ᠤᠨ | ᠬᠤᠳᠠ ᠶᠢ ᠪᠠᠬᠢᠵᠢᠭᠦᠯᠬᠦ ᠴᠢᠬᠤᠯᠠ ᠠᠭᠤᠯᠭ᠎ᠠ ᠳᠤ ᠣᠷᠣᠭᠤᠯᠬᠤ ᠶᠢᠨ ᠬᠠᠮᠲᠤ ᠬᠠᠷᠠᠯᠲᠠᠲᠤ ᠬᠠᠷᠢᠭᠤᠴᠠᠯᠭ᠎ᠠ ᠶᠢᠨ | ᠬᠢᠨᠠᠨ ᠰᠢᠯᠭᠠᠯᠲᠠ ᠶᠢ ᠬᠡᠷᠡᠭᠵᠢᠭᠦᠯᠬᠦ ᠬᠡᠷᠡᠭᠲᠡᠢ᠃ | ᠲᠠᠪᠤᠳᠤᠭᠠᠷ ᠵᠦᠢᠯ ᠬᠤᠲᠠ᠂ ᠲᠣᠭᠤᠷᠢᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠬᠥᠳᠡᠯᠭᠡᠭᠡᠨ ᠤ ᠵᠦᠪᠯᠡᠯ ᠨᠢ ᠵᠠᠰᠠᠭ ᠤᠨ ᠣᠷᠳᠣᠨ ᠤ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠬᠢᠨ ᠲᠣᠰ ᠠᠷᠭ᠎ᠠ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ | ᠶᠣᠰᠣᠭᠠᠷ ᠲᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠥᠷᠨᠢᠭᠦᠯᠬᠦ ᠶᠢ ᠵᠣᠬᠢᠴᠠᠭᠤᠯᠬᠤ᠂ ᠵᠢᠯᠤᠭᠤᠳᠬᠤ ᠪᠠ ᠬᠢᠨᠠᠯᠲᠠ | ᠲᠠᠯᠪᠢᠬᠤ ᠶᠢ ᠪᠣᠳᠠᠲᠠᠢ ᠬᠠᠷᠢᠭᠤᠴᠠᠨ᠎ᠠ᠃ | ᠵᠢᠷᠭᠤᠳᠤᠭᠠᠷ ᠵᠦᠢᠯ ᠬᠤᠲᠠ᠂ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠳᠣᠣᠷᠠᠬᠢ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠣᠯᠠᠨ ᠨᠡᠶᠢᠲᠡ ᠶᠢᠨ ᠲᠠᠯᠠᠪᠤᠷ ᠲᠤ ᠲᠠᠮᠠᠬᠢ ᠲᠠᠲᠠᠬᠤ ᠶᠢ | ᠬᠢᠵᠠᠭᠠᠷᠯᠠᠬᠤ ᠠᠵᠢᠯ ᠢ ᠰᠠᠶᠢᠲᠤᠷ ᠬᠢᠵᠦ᠂ ᠳᠣᠣᠷ᠎ᠠ ᠵᠢᠭᠰᠠᠭᠠᠭᠰᠠᠨ ᠣᠯᠠᠨ ᠨᠡᠶᠢᠲᠡ ᠶᠢᠨ ᠲᠠᠯᠠᠪᠤᠷ ᠤᠨ ᠤᠬᠠᠭᠤᠯᠭ᠎ᠠ | ᠬᠥᠮᠦᠵᠢᠯ ᠪᠠ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠢ᠄ | ︵ᠨᠢᠭᠡ︶ ᠠᠯᠪᠠᠨ ᠪᠠᠶᠢᠭᠤᠯᠭ᠎ᠠ ᠠᠵᠢᠯ ᠦᠢᠯᠡᠰᠦᠨ ᠨᠢᠭᠡᠴᠡ ᠠᠴᠠ ᠲᠤᠰ ᠨᠢᠭᠡᠴᠡᠶᠢᠨ ᠢᠶᠠᠨ ᠠᠵᠢᠯᠯᠠᠬᠤ | ᠲᠠᠯᠠᠪᠤᠷ ᠲᠠᠬᠢ ᠲᠠᠮᠠᠬᠢ ᠲᠠᠲᠠᠬᠤ ᠶᠢ ᠬᠢᠵᠠᠭᠠᠷᠯᠠᠬᠤ ᠬᠢᠨᠠᠯᠲᠠ ᠬᠠᠮᠢᠶᠠᠷᠤᠯᠲᠠᠶᠢᠨ ᠠᠵᠢᠯ ᠢ ᠬᠠᠷᠢᠭᠤᠴᠠᠬᠤ ᠬᠡᠷᠡᠭᠳᠡᠢ᠃ | ︵ᠬᠤᠶᠠᠷ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠡᠯ᠎ᠡ ᠱᠠᠲᠤᠨ ᠤ ᠡᠯ᠎ᠡ | ᠲᠥᠷᠥᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠵᠢᠴᠢ ᠬᠠᠤᠯᠢ ᠪᠠᠷ ᠲᠣᠭᠲᠠᠭᠠᠭᠰᠠᠨ ᠲᠤᠰᠢᠶᠠᠯ | ᠬᠠᠷᠢᠭᠤᠴᠠᠯᠭ᠎ᠠ ᠶᠢ ᠦᠨᠳᠦᠰᠦᠯᠡᠨ ᠬᠢᠨᠠᠨ ᠬᠠᠮᠢᠶᠠᠷᠴᠤ ᠪᠠᠶᠢᠭ᠎ᠠ ᠣᠯᠠᠨ ᠨᠡᠶᠢᠲᠡ ᠶᠢᠨ ᠲᠠᠯᠠᠪᠤᠷ ᠲᠤ ᠲᠠᠮᠠᠬᠢ | ᠲᠠᠲᠠᠬᠤ ᠶᠢ ᠬᠢᠵᠠᠭᠠᠷᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠡᠭᠳᠡᠢ᠃ | ︵ᠭᠤᠷᠪᠠ︶ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠬᠠᠷᠢᠶᠠᠨ ᠳᠠᠬᠢ ᠡᠯ᠎ᠡ ᠱᠠᠲᠤᠨ ᠤ ᠡᠯ᠎ᠡ | ᠲᠦᠷᠦᠯ ᠤᠨ ᠰᠤᠷᠭᠠᠭᠤᠯᠢ ᠶᠢᠨ ᠲᠠᠮᠠᠬᠢ ᠲᠠᠲᠠᠬᠤ ᠶᠢ ᠬᠢᠵᠠᠭᠠᠷᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ | ᠬᠠᠷᠢᠭᠤᠴᠠᠬᠤ ᠶᠢᠨ ᠬᠠᠮᠲᠤ ᠲᠠᠮᠠᠬᠢ ᠲᠠᠲᠠᠬᠤ ᠶᠢᠨ ᠬᠤᠣᠷ ᠬᠥᠨᠥᠭᠡᠯ ᠤᠨ ᠠᠭᠤᠯᠭ᠎ᠠ ᠶᠢ ᠰᠤᠷᠤᠭᠴᠢᠳ ᠤᠨ ᠡᠷᠡᠭᠦᠯ | ᠮᠡᠨᠳᠦ ᠶᠢᠨ ᠬᠥᠮᠦᠵᠢᠯ ᠤᠨ ᠬᠢᠴᠢᠶᠡᠯ ᠳᠤ ᠣᠷᠣᠭᠤᠯᠬᠤ ᠬᠡᠷᠡᠭᠳᠡᠢ᠃ | ︵ᠳᠥᠷᠪᠡ︶ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ᠠᠴᠠ ᠤᠯᠠᠨ ᠨᠡᠶᠢᠲᠡ ᠶᠢᠨ ᠵᠠᠮ ᠬᠠᠷᠢᠯᠴᠠᠭᠠᠨ ᠤ | ᠪᠠᠭᠠᠵᠢ ᠵᠢᠴᠢ ᠲᠡᠭᠦᠨ ᠲᠠᠢ ᠬᠤᠯᠪᠣᠭᠳᠠᠬᠤ ᠠᠵᠢᠯᠯᠠᠬᠤ ᠲᠠᠯᠠᠪᠤᠷ ᠤᠨ ᠲᠠᠮᠠᠬᠢ ᠲᠠᠲᠠᠬᠤ ᠶᠢ ᠬᠢᠵᠠᠭᠠᠷᠯᠠᠬᠤ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠡᠭᠳᠡᠢ᠃ | ︵ᠲᠠᠪᠤ︶ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠲᠣᠮᠣ ᠬᠡᠯᠪᠡᠷᠢ ᠶᠢᠨ ᠬᠤᠳᠠᠯᠳᠤᠭᠠᠨ ᠤ | ᠲᠠᠯᠠᠪᠤᠷ᠂ ᠴᠢᠯᠦᠭᠡᠲᠤ ᠳᠡᠯᠭᠡᠭᠦᠷ᠂ ᠵᠣᠴᠢᠳ ᠤᠨ ᠪᠠᠭᠤᠳᠠᠯ ᠤᠨ ᠲᠠᠮᠠᠬᠢ ᠲᠠᠲᠠᠬᠤ ᠶᠢ ᠬᠢᠵᠠᠭᠠᠷᠯᠠᠬᠤ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠡᠭᠳᠡᠢ᠃ | ︵ᠵᠢᠷᠭᠤᠭ᠎ᠠ︶ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠰᠠᠯᠠᠭ᠎ᠠ ᠮᠥᠴᠢᠷ ᠠᠴᠠ | ᠰᠣᠶᠣᠯ ᠴᠡᠩᠭᠡᠯ ᠤᠨ ᠲᠠᠯᠠᠪᠤᠷ ᠭᠠᠵᠠᠷ᠂ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠪᠠ ᠣᠳᠣᠨ ᠲᠠᠰ ᠤᠨ | ᠵᠣᠴᠢᠳ ᠤᠨ ᠪᠠᠭᠤᠳᠠᠯ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠠᠮᠠᠬᠢ ᠲᠠᠲᠠᠬᠤ ᠶᠢ ᠬᠢᠵᠠᠭᠠᠷᠯᠠᠬᠤ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠡᠭᠳᠡᠢ᠃ | ︵ᠲᠤᠯᠤᠭ᠎ᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠢᠳᠡᠭᠡᠨ | ᠤᠮᠳᠠᠭᠠᠨ ᠤ ᠲᠠᠯᠠᠪᠤᠷ᠂ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠬᠡᠷᠡᠭᠰᠡᠯ ᠡᠵᠡᠩᠨᠡᠬᠦ ᠲᠠᠯᠠᠪᠤᠷ ᠤᠨ ᠲᠠᠮᠠᠬᠢ | ᠲᠠᠲᠠᠬᠤ ᠶᠢ ᠬᠢᠵᠠᠭᠠᠷᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠲᠠᠮᠠᠬᠢᠨ ᠤ ᠵᠠᠷ ᠤᠨ | ᠬᠢᠨᠠᠯᠲᠠ ᠬᠠᠮᠢᠶᠠᠷᠤᠯᠲᠠ ᠪᠠᠨ ᠰᠠᠶᠢᠲᠤᠷ ᠬᠢᠬᠦ ᠬᠡᠷᠡᠭᠳᠡᠢ᠃ | ︵ᠨᠠᠢᠮᠠ︶ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ᠂ ᠲᠡᠮᠦᠷ ᠵᠠᠮ ᠤᠨ ᠰᠠᠯᠠᠭ᠎ᠠ | ᠮᠥᠴᠢᠷ ᠠᠴᠠ ᠬᠠᠷᠢᠶ᠎ᠠ ᠣᠷᠣᠨ ᠤ ᠪᠠᠨ ᠳᠣᠲᠣᠷᠠᠬᠢ ᠲᠠᠮᠠᠬᠢ ᠲᠠᠲᠠᠬᠤ ᠶᠢ ᠬᠢᠵᠠᠭᠠᠷᠯᠠᠬᠤ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠡᠭᠳᠡᠢ᠃ | ︵ᠶᠢᠰᠦ︶ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠠᠵᠢᠯ ᠲᠦᠷᠦᠯ ᠤᠨ ᠰᠠᠯᠠᠭ᠎ᠠ ᠮᠥᠴᠢᠷ | ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠬᠠᠷᠢᠶ᠎ᠠ ᠣᠷᠣᠨ ᠤ ᠪᠠᠨ ᠳᠣᠲᠣᠷᠠᠬᠢ ᠲᠠᠮᠠᠬᠢ | ᠲᠠᠲᠠᠬᠤ ᠶᠢ ᠬᠢᠵᠠᠭᠠᠷᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠠᠷᠢᠭᠤᠴᠠᠬᠤ ᠬᠡᠷᠡᠭᠳᠡᠢ᠃ | ᠳᠣᠯᠣᠳᠤᠭᠠᠷ ᠵᠦᠢᠯ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠣᠨ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠢᠨ ᠲᠠᠮᠠᠬᠢ ᠲᠠᠲᠠᠬᠤ ᠶᠢ ᠬᠢᠵᠠᠭᠠᠷᠯᠠᠬᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ | ᠬᠥᠮᠦᠵᠢᠯ ᠢ ᠦᠷᠭᠦᠯᠵᠢ ᠵᠣᠬᠢᠶᠠᠨ ᠪᠠᠶᠢᠭᠤᠯᠤᠨ ᠥᠷᠨᠢᠭᠦᠯᠵᠦ᠂ ᠡᠷᠡᠭᠦᠯ ᠪᠣᠯᠪᠠᠰᠤᠨ ᠪᠣᠬᠢᠷᠲᠤᠯ ᠦᠭᠡᠢ ᠣᠷᠴᠢᠨ | ᠲᠤᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠲᠠᠮᠠᠬᠢ ᠲᠠᠲᠠᠬᠤ ᠶᠢ ᠬᠢᠵᠠᠭᠠᠷᠯᠠᠬᠤ | ᠰᠠᠶᠢᠨ ᠰᠠᠶᠢᠬᠠᠨ ᠣᠷᠴᠢᠨ ᠲᠤᠭᠤᠷᠢᠨ ᠢ ᠪᠤᠢ ᠪᠣᠯᠭᠠᠬᠤ ᠬᠡᠷᠡᠭᠲᠡᠢ᠃ | ᠡᠯ᠎ᠡ ᠱᠠᠲᠤᠨ ᠤ ᠬᠠᠮ ᠵᠠᠭᠤᠴᠢᠯᠠᠭᠤᠷ ᠤᠨ ᠨᠢᠭᠡᠴᠡ ᠨᠦᠭᠦᠳ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ | ᠢᠳᠡᠪᠬᠢᠲᠡᠢ ᠥᠷᠨᠢᠭᠦᠯᠵᠦ᠂ ᠲᠠᠮᠠᠬᠢ ᠲᠠᠲᠠᠬᠤ ᠨᠢ ᠡᠷᠡᠭᠦᠯ ᠮᠡᠨᠳᠦ ᠳᠤ ᠬᠤᠣᠷ ᠬᠥᠨᠥᠭᠡᠯ ᠲᠠᠢ ᠬᠡᠬᠦ ᠮᠡᠲᠤ ᠶᠢᠨ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠤᠬᠠᠭᠤᠯᠭ᠎ᠠ ᠶᠢᠨ ᠵᠠᠷ ᠢ ᠲᠣᠭᠲᠠᠮᠠᠯ ᠬᠤᠭᠤᠴᠠᠭ᠎ᠠ ᠲᠠᠢ ᠪᠠᠷ ᠰᠦᠢᠳᠬᠡᠯ | ᠬᠤᠷᠢᠶᠠᠬᠤ ᠦᠭᠡᠢ ᠪᠠᠷ ᠨᠡᠪᠲᠡᠷᠡᠭᠦᠯᠬᠦ ᠪᠤᠶᠤ ᠨᠡᠶᠢᠲᠡᠯᠡᠵᠦ᠂ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠪᠠ | ᠬᠢᠨᠠᠯᠲᠠ ᠲᠠᠯᠪᠢᠬᠤ ᠦᠢᠯᠡᠳᠦᠯ ᠢᠶᠠᠨ ᠢᠳᠡᠪᠬᠢᠳᠡᠢ ᠪᠠᠳᠠᠷᠠᠭᠤᠯᠬᠤ ᠬᠡᠷᠡᠭᠳᠡᠢ᠃ | ᠰᠤᠷᠭᠠᠭᠤᠯᠢ ᠨᠤᠭᠤᠳ ᠲᠠᠮᠠᠬᠢ ᠲᠠᠲᠠᠬᠤ ᠶᠢ ᠬᠢᠵᠠᠭᠠᠷᠯᠠᠬᠤ ᠤᠬᠠᠭᠤᠯᠭ᠎ᠠ ᠬᠥᠮᠦᠵᠢᠯ ᠢ ᠰᠤᠷᠭᠠᠭᠤᠯᠢ ᠶᠢᠨ | ᠡᠷᠡᠭᠦᠯ ᠮᠡᠨᠳᠤ ᠶᠢᠨ ᠬᠥᠮᠦᠵᠢᠯ ᠤᠨ ᠲᠥᠯᠥᠪᠯᠡᠭᠡ ᠳᠡᠭᠡᠨ ᠣᠷᠣᠭᠤᠯᠵᠤ᠂ ᠲᠠᠮᠠᠬᠢ ᠲᠠᠲᠠᠬᠤ ᠶᠢ ᠬᠢᠵᠠᠭᠠᠷᠯᠠᠬᠤ ᠤᠯᠠᠨ | ᠵᠦᠢᠯ ᠤᠨ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ | ᠲᠠᠮᠠᠬᠢ ᠲᠠᠲᠠᠬᠤ ᠶᠢ ᠬᠢᠵᠠᠭᠠᠷᠯᠠᠬᠤ ᠤᠬᠠᠭᠤᠯᠭ᠎ᠠ ᠬᠥᠮᠦᠵᠢᠯ ᠳᠤ ᠲᠠᠮᠠᠬᠢ ᠲᠠᠲᠠᠬᠤ ᠦᠭᠡᠢ ᠭᠡᠷ ᠪᠦᠯᠢ ᠶᠢ | ᠰᠠᠨᠠᠭᠠᠴᠢᠯᠠᠬᠤ ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠢ᠃ | ᠬᠡᠦᠬᠡᠳ ᠰᠠᠭᠠᠲᠠᠭᠤᠯᠬᠤ ᠪᠠᠶᠢᠭᠤᠯᠤᠮᠵᠢ᠂ ᠳᠤᠮᠳᠠᠳᠤ ᠪᠠᠭ᠎ᠠ ᠰᠤᠷᠭᠠᠭᠤᠯᠢ ᠵᠢᠴᠢ ᠲᠡᠭᠦᠨ ᠤ ᠡᠷᠬᠢᠨ | ᠲᠣᠭᠤᠷᠢᠨ ᠤ 100 ᠮᠧᠲᠷ ᠤᠨ ᠳᠣᠲᠣᠷ᠎ᠠ ᠲᠠᠮᠠᠬᠢᠨ ᠪᠦᠲᠦᠭᠡᠭᠳᠡᠬᠦᠨ ᠪᠤᠶᠤ ᠡᠯᠧᠺᠲᠷᠣᠨ ᠲᠠᠮᠠᠬᠢ | ᠪᠣᠷᠣᠯᠠᠭᠤᠯᠬᠤ ᠶᠢ ᠴᠠᠭᠠᠵᠠᠯᠠᠨ᠎ᠠ᠃ ᠨᠠᠰᠤᠨ ᠳᠤ ᠥᠯᠦ ᠬᠦᠷᠦᠭᠰᠡᠦᠠ ᠲᠤ ᠲᠠᠮᠠᠬᠢᠨ ᠪᠦᠲᠦᠭᠡᠭᠳᠡᠬᠦᠨ ᠪᠤᠶᠤ | ᠡᠯᠧᠺᠲᠷᠣᠨ ᠲᠠᠮᠠᠬᠢ ᠬᠤᠳᠠᠯᠳᠤᠨ ᠥᠭᠬᠦ ᠶᠢ ᠴᠠᠭᠠᠵᠠᠯᠠᠨ᠎ᠠ᠃ ᠳᠤᠮᠳᠠᠳᠤ ᠪᠠᠭ᠎ᠠ ᠰᠤᠷᠭᠠᠭᠤᠯᠢ᠂ ᠨᠠᠰᠤᠨ ᠳᠤ ᠦᠯᠦ | ᠬᠦᠷᠦᠭᠰᠡᠦᠠ ᠤᠨ ᠡᠴᠢᠭᠡ ᠡᠬᠡ ᠪᠤᠶᠤ ᠪᠤᠰᠤᠳ ᠬᠢᠨᠠᠨ ᠬᠠᠮᠢᠶᠠᠷᠤᠭᠴᠢ ᠨᠠᠰᠤᠨ ᠳᠤ ᠥᠯᠦ ᠬᠦᠷᠦᠭᠰᠡᠦᠠ ᠤᠨ | ᠲᠠᠮᠠᠬᠢ ᠲᠠᠲᠠᠬᠤ ᠶᠢ ᠴᠠᠭᠠᠵᠠᠯᠠᠬᠤ ᠶᠢ ᠬᠢᠨᠠᠨ ᠬᠠᠮᠢᠶᠠᠷᠬᠤ ᠬᠠᠷᠢᠭᠤᠴᠠᠯᠭ᠎ᠠ ᠲᠠᠢ᠃ | ᠨᠠᠢᠮᠠᠳᠤᠭᠠᠷ ᠵᠦᠢᠯ ᠭᠡᠷ ᠤᠨ ᠭᠠᠳᠠᠨ᠎ᠠ ᠪᠠ ᠤᠯᠡᠠ ᠨᠡᠶᠢᠲᠡ ᠶᠢᠨ ᠲᠠᠯᠠᠪᠤᠷ ᠲᠤ ᠲᠠᠮᠠᠬᠢᠨ ᠵᠡᠷ ᠭᠠᠷᠭᠠᠬᠤ ᠶᠢ | ᠴᠠᠭᠠᠵᠠᠯᠠᠨ᠎ᠠ᠃ | ᠬᠤᠲᠠ᠂ ᠲᠣᠭᠤᠷᠢᠭ ᠤᠨ ᠬᠢᠨ ᠷᠠᠳᠢᠣ᠋ ᠨᠡᠪᠲᠡᠷᠡᠭᠦᠯᠭᠡ᠂ ᠺᠢᠨᠣ᠋ ᠲᠧᠯᠸᠢᠰ᠂ ᠰᠦᠯᠵᠢᠶ᠎ᠡ᠂ ᠰᠣᠨᠢᠨ ᠰᠡᠳᠬᠦᠯ ᠵᠡᠷᠭᠡ | ᠵᠠᠭᠤᠴᠢ ᠳᠤ ᠲᠠᠮᠠᠬᠢ ︵ᠪᠤᠶᠤ ᠬᠡᠯᠪᠡᠷᠢ ᠶᠢ ᠨᠢ ᠥᠭᠡᠷᠡᠲᠡᠭᠦᠯᠦᠭᠰᠡᠨ ᠲᠠᠮᠠᠬᠢ︶ ᠶᠢᠨ ᠵᠠᠷ ᠨᠡᠶᠢᠲᠡᠯᠡᠬᠦ ᠶᠢ ᠴᠠᠭᠠᠵᠠᠯᠠᠨ᠎ᠠ᠃ | ᠡᠯ᠎ᠡ ᠵᠦᠢᠯ ᠤᠨ ᠬᠡᠯᠪᠡᠷᠢ ᠶᠢᠨ ᠲᠠᠮᠠᠬᠢᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ | ᠴᠠᠭᠠᠵᠠᠯᠠᠨ᠎ᠠ᠃ | ᠲᠠᠮᠠᠬᠢᠨ ᠪᠦᠲᠦᠭᠡᠭᠳᠡᠬᠦᠨ ᠢ ᠦᠢᠯᠡᠳᠪᠦᠷᠢᠯᠡᠬᠦ ᠲᠠᠯ᠎ᠠ ᠪᠣᠯᠣᠨ ᠪᠣᠷᠣᠯᠠᠭᠤᠯᠬᠤ ᠲᠠᠯ᠎ᠠ ᠶᠢᠨ ᠡᠯ᠎ᠡ ᠵᠦᠢᠯ ᠤᠨ | ᠬᠡᠯᠪᠡᠷᠢ ᠶᠢᠨ ᠬᠤᠳᠠᠯᠳᠤᠭᠠᠨ ᠤ ᠳᠡᠮᠵᠢᠯᠭᠡ ᠶᠢᠨ ᠠᠵᠢᠯᠯᠠᠭ᠎ᠠ ᠬᠢᠬᠦ ᠶᠢ ᠴᠠᠭᠠᠵᠠᠯᠠᠨ᠎ᠠ᠃ | ᠶᠢᠰᠦᠳᠦᠭᠡᠷ ᠵᠦᠢᠯ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠲᠠᠮᠠᠬᠢ ᠲᠠᠲᠠᠬᠤ | ᠦᠭᠡᠢ ᠨᠢᠭᠡᠴᠡ ᠶᠢ ᠡᠭᠦᠳᠦᠨ ᠪᠠᠶᠢᠭᠤᠯᠬᠤ ᠶᠢ ᠵᠣᠷᠢᠭᠵᠢᠭᠤᠯᠵᠤ᠂ ᠲᠠᠮᠠᠬᠢ ᠲᠠᠲᠠᠬᠤ ᠦᠭᠡᠢ ᠵᠢᠴᠢ ᠲᠠᠮᠠᠬᠢ | ᠲᠠᠲᠠᠬᠤ ᠶᠢ ᠬᠢᠵᠠᠭᠠᠷᠯᠠᠬᠤ ᠠᠵᠢᠯ ᠤᠨ ᠳᠤᠮᠳᠠ ᠲᠣᠪᠣᠶᠢᠮ᠎ᠠ ᠢᠯᠡᠷᠡᠯ ᠲᠠᠢ ᠨᠢᠭᠡᠴᠡ ᠪᠠ ᠬᠤᠪᠢ ᠬᠥᠮᠥᠨ ᠢ | ᠰᠠᠶᠢᠰᠢᠶᠠᠨ ᠬᠥᠬᠢᠭᠦᠯᠵᠦ᠂ ᠱᠠᠩᠨᠠᠨ ᠬᠥᠬᠢᠭᠦᠯᠬᠦ ᠬᠡᠷᠡᠭᠲᠡᠢ᠃ | ᠡᠯ᠎ᠡ ᠨᠢᠭᠡᠴᠡ ᠨᠦᠭᠦᠳ ᠲᠠᠮᠠᠬᠢ ᠦᠭᠡᠢ ᠣᠷᠴᠢᠨ ᠲᠣᠭᠤᠷᠢᠨ ᠢ ᠡᠭᠦᠳᠦᠨ ᠪᠠᠶᠢᠭᠤᠯᠬᠤ ᠶᠠᠪᠤᠳᠠᠯ ᠢ ᠡᠳᠦᠷ | ᠲᠤᠲᠤᠮ ᠤᠨ ᠬᠠᠮᠢᠶᠠᠷᠤᠯᠲᠠ ᠶᠢᠨ ᠠᠵᠢᠯ ᠳᠠᠭᠠᠨ ᠣᠷᠣᠭᠤᠯᠬᠤ ᠬᠡᠷᠡᠭᠲᠡᠢ᠃ | ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠵᠢᠴᠢ ᠲᠡᠭᠦᠨ ᠤ ᠠᠵᠢᠯᠲᠠᠨ ᠲᠠᠮᠠᠬᠢ ᠲᠠᠲᠠᠬᠤ ᠶᠢ | ᠬᠢᠵᠠᠭᠠᠷᠯᠠᠬᠤ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠵᠤ᠂ ᠲᠠᠮᠠᠬᠢ ᠲᠠᠲᠠᠬᠤ ᠶᠢ ᠬᠢᠵᠠᠭᠠᠷᠯᠠᠬᠤ ᠡᠭᠦᠷᠭᠡ ᠶᠢ | ᠲᠦᠷᠦᠭᠦᠯᠡᠨ ᠭᠦᠢᠴᠡᠳᠬᠡᠬᠦ ᠬᠡᠷᠡᠭᠲᠡᠢ᠃ | ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠶᠢᠨ ᠳᠤᠷ᠎ᠠ ᠶᠢᠨ ᠠᠵᠢᠯᠯᠠᠭᠴᠢ ᠶᠢᠨ ᠵᠣᠬᠢᠶᠠᠨ | ᠪᠠᠶᠢᠭᠤᠯᠤᠯᠲᠠ ᠪᠠ ᠬᠤᠪᠢ ᠬᠥᠮᠥᠨ ᠤ ᠡᠯ᠎ᠡ ᠵᠦᠢᠯ ᠤᠨ ᠬᠡᠯᠪᠡᠷᠢ ᠪᠠᠷ ᠳᠠᠮᠵᠢᠭᠤᠯᠤᠨ ᠲᠠᠮᠠᠬᠢ ᠲᠠᠲᠠᠬᠤ ᠶᠢ | ᠬᠢᠵᠠᠭᠠᠷᠯᠠᠬᠤ ᠠᠵᠢᠯ ᠳᠤ ᠣᠷᠣᠯᠴᠠᠬᠤ ᠪᠠ ᠲᠡᠭᠦᠨ ᠢ ᠳᠡᠮᠵᠢᠬᠦ ᠶᠢ ᠵᠣᠷᠢᠭᠵᠢᠭᠤᠯᠬᠤ ᠬᠡᠷᠡᠭᠳᠡᠢ᠃ | ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠲᠠᠮᠠᠬᠢ | ᠲᠠᠳᠠᠬᠤ ᠶᠢ ᠵᠣᠭᠰᠤᠭᠠᠬᠤ ᠡᠭᠦᠳᠡᠨ ᠡᠮᠨᠡᠯᠭᠡ ᠪᠠᠶᠢᠭᠤᠯᠬᠤ ᠶᠢ ᠵᠣᠷᠢᠭᠵᠢᠭᠤᠯᠵᠤ᠂ ᠲᠠᠮᠠᠬᠢ ᠲᠠᠲᠠᠭᠴᠢᠳ ᠲᠤ ᠲᠠᠮᠠᠬᠢ | ᠲᠠᠳᠠᠬᠤ ᠶᠢ ᠵᠣᠭᠰᠤᠭᠠᠬᠤ ᠵᠢᠯᠣᠭᠤᠳᠤᠯᠭ᠎ᠠ ᠪᠠ ᠬᠠᠪᠰᠤᠷᠤᠯᠭ᠎ᠠ ᠬᠠᠩᠭᠠᠬᠤ ᠬᠡᠷᠡᠭᠳᠡᠢ᠃ | ᠠᠷᠪᠠᠳᠤᠭᠠᠷ ᠵᠦᠢᠯ ᠲᠠᠮᠠᠬᠢ ᠲᠠᠲᠠᠬᠤ ᠶᠢ ᠴᠠᠭᠠᠵᠠᠯᠠᠬᠤ ᠭᠠᠵᠠᠷ ᠲᠤ ᠳᠣᠣᠷᠠᠬᠢ ᠵᠦᠢᠯᠡᠰ ᠪᠠᠭᠲᠠᠨ᠎ᠠ᠄ | ︵ᠨᠢᠭᠡ︶ ᠬᠡᠦᠬᠡᠳ ᠰᠠᠭᠠᠲᠠᠭᠤᠯᠬᠤ ᠪᠠᠶᠢᠭᠤᠯᠤᠮᠵᠢ᠂ ᠳᠤᠮᠳᠠᠳᠤ ᠪᠠᠭ᠎ᠠ ᠰᠤᠷᠭᠠᠭᠤᠯᠢ᠂ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠵᠡᠷᠭᠡ ᠨᠠᠰᠤᠨ ᠳᠤ ᠦᠯᠤ ᠬᠥᠷᠦᠭᠰᠡᠳ ᠤᠨ ᠰᠤᠷᠭᠠᠨ ᠬᠥᠮᠦᠵᠢᠯ ᠪᠤᠶᠤ | ᠠᠵᠢᠯᠯᠠᠭ᠎ᠠ ᠬᠢᠬᠦ ᠳᠤ ᠵᠣᠷᠢᠭᠤᠯᠤᠭᠰᠠᠨ ᠭᠡᠷ ᠤᠨ ᠳᠣᠲᠣᠨ᠎ᠠ ᠭᠠᠳᠠᠨᠠᠬᠢ ᠣᠷᠣᠨ᠃ | ︵ᠬᠤᠶᠠᠷ︶ ᠡᠯ᠎ᠡ ᠱᠠᠲᠤᠨ ᠤ ᠡᠯ᠎ᠡ ᠲᠦᠷᠦᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ | ᠠᠰᠠᠷᠠᠮᠵᠢ ᠶᠢᠨ ᠬᠦᠷᠢᠶᠡᠯᠡᠩ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠭᠡᠷ ᠳᠣᠲᠣᠷᠠᠬᠢ ᠣᠷᠣᠨ᠃ | ︵ᠭᠤᠷᠪᠠ︶ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ | ᠪᠦᠯᠬᠦᠮ ᠤᠨ ᠭᠡᠷ ᠳᠣᠲᠣᠷᠠᠬᠢ ᠣᠷᠣᠨ᠃ | ︵ᠳᠥᠷᠪᠡ︶ ᠺᠢᠨᠣ᠋ ᠵᠦᠴᠦᠭᠡ ᠶᠢᠨ ᠲᠢᠶᠠᠲᠷ᠂ ᠳᠠᠭᠤᠤ ᠪᠥᠵᠢᠭ ᠤᠨ ᠲᠢᠩᠬᠢᠮ᠂ ᠨᠠᠭᠠᠳᠤᠮ ᠲᠣᠭᠯᠠᠭᠠᠮ ᠤᠨ | ᠲᠢᠩᠬᠢᠮ ︵ᠭᠡᠷ︶ ᠤᠨ ᠭᠡᠷ ᠳᠣᠲᠣᠷᠠᠬᠢ ᠣᠷᠣᠨ᠃ | ︵ᠲᠠᠪᠤ︶ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠭᠡᠷ ᠤᠨ ᠳᠣᠲᠣᠷᠠᠬᠢ ᠣᠷᠣᠨ ᠪᠦᠰᠡ ᠵᠢᠴᠢ ᠭᠡᠷ ᠤᠨ | ᠭᠠᠳᠠᠨᠠᠬᠢ ᠦᠵᠡᠭᠴᠢᠳ ᠤᠨ ᠰᠠᠭᠤᠳᠠᠯ᠂ ᠤᠷᠤᠯᠳᠤᠭᠠᠨ ᠤ ᠲᠠᠯᠠᠪᠤᠷ ᠤᠨ ᠣᠷᠣᠨ᠃ | ︵ᠵᠢᠷᠭᠤᠭ᠎ᠠ︶ ᠨᠣᠮ ᠤᠨ ᠰᠠᠩ᠂ ᠳᠠᠩᠰᠠ ᠡᠪᠬᠡᠮᠡᠯ ᠤᠨ ᠣᠷᠳᠣᠨ ︵ᠦᠷᠦᠭᠡ︶᠂ ᠮᠦᠽᠧᠢ᠂ ᠤᠷᠠᠨ ᠵᠢᠷᠤᠭ ᠤᠨ | ᠣᠷᠳᠣᠨ᠂ ᠦᠵᠡᠰᠬᠦᠯᠡᠩ ᠤᠨ ᠣᠷᠳᠣᠨ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠵᠡᠷᠭᠡ ᠡᠯ᠎ᠡ ᠲᠦᠷᠦᠯ ᠤᠨ | ᠤᠯᠠᠨ ᠨᠡᠶᠢᠳᠡ ᠶᠢᠨ ᠰᠣᠶᠣᠯ ᠤᠨ ᠣᠷᠳᠣᠨ ᠤ ᠭᠡᠷ ᠳᠣᠲᠣᠷᠠᠬᠢ ᠣᠷᠣᠨ᠃ | ︵ᠲᠤᠯᠤᠭ᠎ᠠ︶ ᠮᠥᠩᠭᠦᠨ ᠭᠦᠢᠯᠭᠡᠭᠡ᠂ ᠰᠢᠤᠳᠠᠨ᠂ ᠮᠡᠳᠡᠭᠡ ᠬᠤᠯᠪᠣᠭᠠᠨ ᠤ ᠠᠵᠤ ᠠᠬᠤᠶᠢᠯᠠᠯ ᠤᠨ ᠭᠡᠷ | ᠳᠣᠲᠣᠷᠠᠬᠢ ᠡᠵᠡᠩᠨᠡᠯᠲᠡ ᠶᠢᠨ ᠲᠠᠯᠠᠪᠤᠷ ᠭᠠᠵᠠᠷ ᠪᠠ ᠨᠣᠮ ᠤᠨ ᠳᠡᠯᠭᠡᠭᠦᠷ᠂ ᠬᠤᠳᠠᠯᠳᠤᠭᠠᠨ ᠤ ᠲᠠᠯᠠᠪᠤᠷ ︵ᠳᠡᠯᠭᠡᠭᠦᠷ︶᠂ | ᠴᠢᠯᠦᠭᠡᠲᠤ ᠳᠡᠯᠭᠡᠭᠦᠷ ᠤᠨ ᠭᠡᠷ ᠳᠣᠲᠣᠷᠠᠬᠢ ᠣᠷᠣᠨ᠃ | ︵ᠨᠠᠢᠮᠠ︶ ᠡᠯ᠎ᠡ ᠵᠦᠢᠯ ᠤᠨ ᠣᠯᠠᠨ ᠨᠡᠶᠢᠲᠡ ᠶᠢᠨ ᠲᠠᠯᠠᠪᠤᠷ ᠤᠨ ᠴᠠᠬᠢᠯᠭᠠᠨ ᠱᠠᠲᠤ ᠶᠢᠨ ᠳᠣᠲᠣᠷᠠᠬᠢ ᠣᠷᠣᠨ᠃ | ︵ᠶᠢᠰᠦ︶ ᠠᠶᠠᠨᠴᠢᠳ ᠤᠨ ᠲᠡᠭᠡᠭᠡᠪᠦᠷᠢ ᠶᠢᠨ ᠨᠡᠶᠢᠲᠡ ᠶᠢᠨ ᠮᠠᠰᠢᠨ ᠲᠡᠷᠭᠡ᠂ ᠬᠤᠯᠠ ᠵᠠᠮ ᠤᠨ ᠮᠠᠰᠢᠨ ᠲᠡᠷᠭᠡ᠂ | ᠲᠦᠷᠢᠶᠡᠰᠦᠨ ᠮᠠᠰᠢᠨ ᠲᠡᠷᠭᠡ᠂ ᠭᠠᠯᠲᠤ ᠲᠡᠷᠭᠡᠨ ᠤ ᠸᠠᠭᠤᠨ ᠳᠣᠲᠣᠷ᠎ᠠ ᠵᠢᠴᠢ ᠲᠡᠷᠭᠡ ᠬᠦᠯᠢᠶᠡᠬᠦ ᠲᠢᠩᠭᠢᠮ ᠪᠠ | ᠪᠢᠯᠧᠲ ᠬᠤᠳᠠᠯᠳᠣᠬᠤ ᠲᠢᠩᠬᠢᠮ ᠤᠨ ᠣᠷᠣᠨ᠃ | ︵ᠠᠷᠪᠠ︶ ᠤᠢ ᠰᠢᠭᠤᠢ ᠶᠢᠨ ᠲᠡᠯᠡᠪᠡᠢ᠂ ᠰᠢᠭᠤᠶᠢᠲᠤ ᠣᠷᠣᠨ᠂ ᠰᠢᠭᠤᠶᠢᠲᠤ ᠭᠠᠵᠠᠷ᠃ | ︵ᠠᠷᠪᠠᠨ ᠨᠢᠭᠡ︶ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠲᠠᠮᠠᠬᠢ | ᠲᠠᠲᠠᠬᠤ ᠶᠢ ᠴᠠᠭᠠᠵᠠᠯᠠᠬᠤ ᠪᠤᠰᠤᠳ ᠤᠯᠠᠨ ᠨᠡᠶᠢᠲᠡ ᠶᠢᠨ ᠲᠠᠯᠠᠪᠤᠷ᠃ | ᠭᠡᠷ ᠳᠣᠲᠣᠷᠠᠬᠢ ᠣᠷᠣᠨ ᠭᠡᠳᠡᠭ ᠨᠢ ᠣᠷᠣᠢ ᠶᠢᠨ ᠬᠡᠰᠡᠭ ᠨᠢ ᠬᠠᠯᠬᠠᠯᠠᠭᠳᠠᠭᠰᠠᠨ ᠪᠥᠭᠡᠳ ᠬᠤᠶᠠᠷ ᠲᠠᠯ᠎ᠠ | ᠪᠠᠷ ᠢᠶᠠᠨ ᠬᠠᠵᠠᠭᠤ ᠶᠢᠨ ᠬᠡᠷᠡᠮ ᠲᠠᠢ ᠶᠠᠮᠠᠷᠪᠠ ᠣᠷᠣᠨ ᠵᠠᠢ ᠶᠢ ᠵᠢᠭᠠᠵᠤ ᠪᠣᠶ᠂ ᠡᠭᠦᠨ ᠳᠤ ᠠᠰᠠᠷ ᠤᠨ ᠱᠠᠲᠤ᠂ | ᠬᠤᠩᠭᠢᠯ᠂ ᠭᠠᠵᠠᠷ ᠳᠣᠣᠷᠠᠬᠢ ᠨᠡᠪᠲᠡᠷᠡᠬᠦ ᠵᠠᠮ᠂ ᠠᠰᠠᠷ ᠤᠨ ᠱᠠᠲᠤᠨ ᠤ ᠲᠠᠰᠣᠯᠭ᠎ᠠ ᠵᠡᠷᠭᠡ ᠪᠠᠭᠲᠠᠨ᠎ᠠ᠃ | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠣᠮᠣ ᠬᠡᠯᠪᠡᠷᠢ ᠶᠢᠨ ᠠᠵᠢᠯᠯᠠᠭ᠎ᠠ ᠶᠢᠨ | ᠬᠡᠷᠡᠭᠴᠡᠭᠡ ᠶᠢ ᠦᠨᠳᠦᠰᠦᠯᠡᠨ᠂ ᠪᠤᠰᠤᠳ ᠤᠯᠠᠨ ᠨᠡᠶᠢᠲᠡ ᠶᠢᠨ ᠲᠠᠯᠠᠪᠤᠷ ᠤᠨ ᠭᠡᠷ ᠤᠨ ᠭᠠᠳᠠᠨᠠᠬᠢ ᠣᠷᠣᠨ ᠢ ᠲᠠᠮᠠᠬᠢ | ᠲᠠᠲᠠᠬᠤ ᠶᠢ ᠲᠦᠷ ᠴᠠᠭᠠᠵᠠᠯᠠᠬᠤ ᠣᠷᠣᠨ ᠪᠣᠯᠭᠠᠨ ᠲᠤᠭᠳᠠᠭᠠᠵᠤ ᠪᠣᠯᠣᠨ᠎ᠠ᠃ | ᠠᠷᠪᠠᠨ ᠨᠢᠭᠡᠳᠦᠭᠡᠷ ᠵᠦᠢᠯ ᠲᠣᠰ ᠠᠷᠭ᠎ᠠ ᠳᠤ ᠲᠣᠭᠲᠠᠭᠠᠭᠰᠠᠨ ᠠᠴᠠ ᠭᠠᠳᠠᠨᠠᠬᠢ ᠬᠥᠮᠥᠨ ᠠᠮᠠ ᠶᠢᠨ | ᠴᠤᠪᠤᠷᠠᠯᠲᠠ ᠶᠢᠨ ᠬᠡᠮᠵᠢᠶ᠎ᠡ ᠶᠡᠭᠡ᠂ ᠬᠥᠮᠥᠨ ᠬᠠᠷ᠎ᠠ ᠨᠢᠭᠲᠠᠷᠠᠭᠰᠠᠨ ᠴᠡᠴᠡᠷᠯᠢᠭ᠂ ᠲᠠᠯᠠᠪᠠᠶ ᠵᠡᠷᠭᠡ ᠣᠯᠠᠨ ᠨᠡᠶᠢᠲᠡ ᠶᠢᠨ | ᠲᠠᠯᠠᠪᠤᠷ ᠭᠠᠵᠠᠷ ᠪᠠ ᠠᠵᠢᠯᠯᠠᠬᠤ ᠲᠠᠯᠠᠪᠤᠷ ᠲᠤ ᠲᠠᠮᠠᠬᠢ ᠲᠠᠲᠠᠬᠤ ᠶᠢ ᠴᠠᠭᠠᠵᠠᠯᠠᠬᠤ ᠶᠢ ᠰᠠᠨᠠᠭᠠᠴᠢᠯᠠᠨ᠎ᠠ᠃ | ᠠᠷᠪᠠᠨ ᠬᠤᠶᠠᠳᠤᠭᠠᠷ ᠵᠦᠢᠯ ᠲᠠᠮᠠᠬᠢ ᠲᠠᠲᠠᠬᠤ ᠶᠢ ᠴᠠᠭᠠᠵᠠᠯᠠᠬᠤ ᠲᠠᠯᠠᠪᠤᠷ ᠤᠨ ᠪᠠᠶᠢᠭ᠎ᠠ ᠨᠢᠭᠡᠴᠡ ᠶᠢᠨ | ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠬᠠᠤᠯᠢ ᠶᠢᠨ ᠬᠥᠮᠥᠨ ᠪᠤᠰᠤ ᠨᠢᠭᠡᠴᠡ ᠶᠢᠨ ᠭᠤᠣᠯ | ᠬᠠᠷᠢᠭᠤᠴᠠᠯᠭᠠᠲᠠᠨ ᠲᠤᠰ ᠨᠢᠭᠡᠴᠡ ᠶᠢᠨ ᠢᠶᠠᠨ ᠲᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠢ ᠪᠦᠬᠦ ᠲᠠᠯ᠎ᠠ ᠪᠠᠷ | ᠬᠠᠷᠢᠭᠤᠴᠠᠨ᠎ᠠ᠃ ᠲᠠᠮᠠᠬᠢ ᠲᠠᠲᠠᠬᠤ ᠶᠢ ᠴᠠᠭᠠᠵᠠᠯᠠᠬᠤ ᠭᠠᠵᠠᠷ ᠤᠨ ᠬᠠᠮᠢᠶᠠᠷᠤᠭᠴᠢ ᠪᠠ ᠡᠵᠡᠩᠨᠡᠭᠴᠢ ᠳᠣᠣᠷ᠎ᠠ | ᠵᠢᠭᠰᠠᠭᠠᠭᠰᠠᠨ ᠬᠠᠮᠢᠶᠠᠷᠤᠯᠲᠠ ᠶᠢᠨ ᠡᠭᠦᠷᠭᠡ ᠶᠢ ᠭᠦᠢᠴᠡᠳᠬᠡᠬᠦ ᠬᠡᠷᠡᠭᠲᠡᠢ᠄ | ︵ᠨᠢᠭᠡ︶ ᠲᠠᠮᠠᠬᠢ ᠲᠠᠲᠠᠬᠤ ᠶᠢ ᠴᠠᠭᠠᠵᠠᠯᠠᠬᠤ ᠬᠠᠮᠢᠶᠠᠷᠤᠯᠲᠠ ᠶᠢᠨ ᠳᠦᠷᠢᠮ ᠲᠤᠭᠳᠠᠭᠠᠵᠤ᠂ ᠤᠬᠠᠭᠤᠯᠭ᠎ᠠ | ᠬᠥᠮᠦᠵᠢᠯ ᠤᠨ ᠠᠵᠢᠯ ᠢᠶᠠᠨ ᠰᠠᠶᠢᠲᠤᠷ ᠬᠢᠬᠦ ᠶᠢᠨ ᠬᠠᠮᠲᠤ ᠲᠤᠰᠬᠠᠢ ︵ᠬᠠᠪᠰᠤᠷᠭᠠᠭᠰᠠᠨ︶ ᠠᠵᠢᠯᠲᠠᠨ ᠲᠣᠬᠢᠷᠠᠭᠤᠯᠤᠨ | ᠲᠤᠰ ᠲᠠᠯᠠᠪᠤᠷ ᠤᠨ ᠲᠣᠭᠲᠠᠭᠠᠯ ᠢ ᠵᠥᠷᠢᠴᠡᠨ ᠲᠠᠮᠠᠬᠢ ᠲᠠᠲᠠᠭᠰᠠᠨ ᠦᠢᠯᠡ ᠠᠵᠢᠯᠯᠠᠭ᠎ᠠ ᠶᠢ ᠢᠳᠬᠠᠨ ᠬᠤᠷᠢᠭᠯᠠᠬᠤ | ᠬᠡᠷᠡᠭᠳᠡᠢ᠃ | ︵ᠬᠤᠶᠠᠷ︶ ᠲᠠᠮᠠᠬᠢ ᠲᠠᠲᠠᠬᠤ ᠶᠢ ᠴᠠᠭᠠᠵᠠᠯᠠᠬᠤ ᠣᠷᠣᠨ ᠤ ᠢᠯᠠ ᠭᠠᠵᠠᠷ ᠲᠤ ᠲᠠᠮᠠᠬᠢ ᠲᠠᠲᠠᠬᠤ ᠶᠢ | ᠴᠠᠭᠠᠵᠠᠯᠠᠬᠤ ᠨᠢᠭᠡᠳᠦᠯᠲᠡᠢ ᠲᠡᠮᠳᠡᠭ ᠲᠠᠯᠪᠢᠬᠤ ᠬᠡᠷᠡᠭᠳᠡᠢ᠃ | ︵ᠭᠤᠷᠪᠠ︶ ᠲᠠᠮᠠᠬᠢ ᠲᠠᠲᠠᠬᠤ ᠲᠠᠢ ᠬᠤᠯᠪᠤᠭᠳᠠᠬᠤ ᠪᠠᠭᠠᠵᠢ ᠬᠡᠷᠡᠭᠰᠡᠯ ᠪᠤᠶᠤ ᠲᠠᠮᠠᠬᠢᠨ ᠵᠡᠷ | ᠳᠠᠭᠠᠯᠳᠤᠭᠤᠯᠤᠭᠰᠠᠨ ᠶᠠᠭᠤᠮ᠎ᠠ ᠶᠢ ᠲᠣᠬᠢᠷᠠᠭᠤᠯᠵᠤ ᠪᠣᠯᠬᠤ ᠦᠭᠡᠢ᠃ | ︵ᠳᠥᠷᠪᠡ︶ ᠲᠠᠮᠠᠬᠢ ᠲᠠᠲᠠᠬᠤ ᠶᠢ ᠴᠠᠭᠠᠵᠠᠯᠠᠬᠤ ᠪᠠᠶᠢᠴᠠᠭᠠᠯᠲᠠ ᠶᠢᠨ ᠠᠵᠢᠯ ᠥᠷᠨᠢᠭᠦᠯᠵᠦ᠂ ᠬᠤᠯᠪᠣᠭᠳᠠᠯ | ᠪᠦᠬᠦᠢ ᠲᠡᠮᠳᠡᠭᠯᠡᠯ ᠬᠢᠬᠦ ᠶᠢᠨ ᠬᠠᠮᠲᠤ ᠦᠯᠡᠳᠡᠭᠡᠨ ᠬᠠᠳᠠᠭᠠᠯᠠᠬᠤ ᠬᠡᠷᠡᠭᠳᠡᠢ᠃ | ︵ᠲᠠᠪᠤ︶ ᠲᠠᠮᠠᠬᠢ ᠲᠠᠲᠠᠬᠤ ᠶᠢ ᠴᠠᠭᠠᠵᠠᠯᠠᠭᠰᠠᠨ ᠣᠷᠣᠨ ᠳᠤ ᠲᠠᠮᠠᠬᠢ ᠲᠠᠲᠠᠭᠰᠠᠳ ᠢ ᠪᠦᠲᠦᠮᠵᠢᠲᠡᠶ ᠠᠷᠭ᠎ᠠ | ᠬᠡᠮᠵᠢᠶ᠎ᠡ ᠠᠪᠴᠤ ᠪᠠᠶᠢᠭᠠᠳ ᠲᠠᠮᠠᠬᠢ ᠲᠠᠲᠠᠬᠤ ᠶᠢ ᠨᠢ ᠬᠤᠷᠢᠭᠯᠠᠬᠤ ᠪᠤᠶᠤ ᠢᠳᠬᠠᠵᠤ ᠪᠠᠶᠢᠭᠠᠳ ᠲᠤᠰ | ᠲᠠᠯᠠᠪᠤᠷ ᠠᠴᠠ ᠵᠠᠶᠢᠯᠠᠭᠤᠯᠬᠤ ᠬᠡᠷᠡᠭᠳᠡᠢ᠃ | ᠠᠷᠪᠠᠨ ᠭᠤᠷᠪᠠᠳᠤᠭᠠᠷ ᠵᠦᠢᠯ ᠶᠠᠮᠠᠷᠪᠠ ᠨᠢᠭᠡᠴᠡ ᠪᠠ ᠬᠤᠪᠢ ᠬᠥᠮᠥᠨ ᠴᠥᠮ ᠪᠤᠰᠤᠳ ᠤᠨ ᠲᠠᠮᠠᠬᠢ | ᠲᠠᠲᠠᠬᠤ ᠶᠢ ᠴᠠᠭᠠᠵᠠᠯᠠᠭᠰᠠᠨ ᠣᠷᠣᠨ ᠳᠤ ᠲᠠᠮᠠᠬᠢ ᠲᠠᠲᠠᠬᠤ ᠶᠢ ᠢᠳᠬᠠᠨ ᠬᠤᠷᠢᠭᠯᠠᠵᠤ ᠪᠣᠯᠣᠨ᠎ᠠ᠃ ᠬᠤᠪᠢ ᠬᠥᠮᠥᠨ | ᠲᠠᠮᠠᠬᠢ ᠲᠠᠲᠠᠬᠤ ᠶᠢ ᠴᠠᠭᠠᠵᠠᠯᠠᠬᠤ ᠭᠠᠵᠠᠷ ᠤᠨ ᠡᠵᠡᠩᠨᠡᠭᠴᠢ ᠪᠤᠶᠤ ᠬᠠᠮᠢᠶᠠᠷᠤᠭᠴᠢ ᠶᠢ ᠲᠠᠮᠠᠬᠢ ᠲᠠᠲᠠᠬᠤ ᠶᠢ | ᠴᠠᠭᠠᠵᠠᠯᠠᠬᠤ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠦᠯᠬᠦ ᠪᠠᠷ ᠱᠠᠭᠠᠷᠳᠠᠬᠤ ᠡᠷᠬᠡ ᠲᠠᠢ᠂ | ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠠᠶᠢᠪᠠᠯ᠂ ᠲᠤᠰ ᠠᠷᠭ᠎ᠠ ᠶᠢᠨ | ᠵᠢᠷᠭᠤᠳᠤᠭᠠᠷ ᠵᠦᠢᠯ ᠳᠤ ᠲᠣᠭᠲᠠᠭᠠᠭᠰᠠᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠪᠤᠶᠤ ᠠᠵᠢᠯ ᠲᠦᠷᠦᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠢᠯᠡᠴᠢᠯᠡᠨ | ᠮᠡᠳᠡᠭᠦᠯᠬᠦ ᠪᠠ ᠵᠠᠭᠠᠯᠳᠤᠵᠤ ᠪᠣᠯᠣᠨ᠎ᠠ᠃ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠪᠤᠶᠤ ᠠᠵᠢᠯ ᠲᠦᠷᠦᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠠᠭᠠᠯᠳᠤᠯᠭ᠎ᠠ ᠪᠠ | ᠢᠯᠡᠴᠢᠯᠡᠨ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠲᠠᠮᠠᠬᠢ ᠲᠠᠲᠠᠬᠤ ᠶᠢ ᠴᠠᠭᠠᠵᠠᠯᠠᠬᠤ ᠭᠠᠵᠠᠷ ᠲᠤ ᠲᠠᠮᠠᠬᠢ ᠲᠠᠲᠠᠵᠤ᠂ ᠢᠳᠬᠠᠨ | ᠬᠤᠷᠢᠭᠯᠠᠬᠤ ᠶᠢ ᠰᠣᠨᠣᠰᠬᠤ ᠦᠭᠡᠢ ᠮᠥᠷᠲᠡᠭᠡᠨ ᠨᠡᠶᠢᠭᠡᠮ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠪᠤᠶᠤ | ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯᠲᠠᠨ ᠤ ᠬᠠᠤᠯᠢ ᠶᠣᠰᠣᠭᠠᠷ ᠠᠯᠪᠠᠨ ᠠᠵᠢᠯ ᠢᠶᠠᠨ | ᠭᠦᠢᠴᠡᠳᠬᠡᠬᠦ ᠶᠢ ᠲᠡᠪᠴᠢᠵᠦ᠂ ᠬᠠᠷᠰᠢᠯᠠᠭᠠᠳ ᠬᠠᠤᠯᠢ ᠶᠢ ᠵᠥᠷᠢᠴᠡᠭᠰᠡᠨ ᠪᠠᠶᠢᠳᠠᠯ ᠳᠤ ᠬᠦᠷᠦᠭᠰᠡᠨ ᠪᠠᠶᠢᠪᠠᠯ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ | ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ᠶᠢ ᠦᠨᠳᠦᠰᠦᠯᠡᠨ ᠰᠢᠢᠳᠪᠦᠷᠢᠯᠡᠬᠦ ᠬᠡᠷᠡᠭᠳᠡᠢ᠃ | ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠃ | ᠠᠷᠪᠠᠨ ᠲᠠᠪᠤᠳᠤᠭᠠᠷ ᠵᠦᠢᠯ ᠬᠠᠤᠯᠢ ᠴᠠᠭᠠᠵᠠ ᠬᠠᠤᠯᠢ ᠲᠣᠭᠲᠠᠭᠠᠯ ᠳᠤ ᠲᠠᠮᠠᠬᠢ ᠲᠠᠲᠠᠬᠤ ᠶᠢ ᠬᠢᠵᠠᠭᠠᠷᠯᠠᠬᠤ | ᠠᠵᠢᠯ ᠤᠨ ᠲᠤᠬᠠᠢ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ | ᠠᠷᠪᠠᠨ ᠵᠢᠷᠭᠤᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |