ᠬᠤᠲᠠ ᠶᠢᠨ ᠵᠠᠰᠠᠭ ᠤᠨ ᠣᠷᠳᠣᠨ ᠤ 2023 ᠣᠨ ᠤ 29 ᠳ᠋ᠣᠭᠡᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/19
     12 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2023 ᠣᠨ ᠤ 29 ᠳ᠋ᠣᠭᠡᠷ ᠣᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠵᠡᠷᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠭᠤᠸᠠᠩᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠬᠦᠢᠲᠡᠨ ᠠᠭᠤᠷ ᠠᠮᠢᠰᠬᠤᠯ ᠪᠣᠯᠣᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠤᠨ ᠲᠤᠭ᠎ᠠ ᠪᠦᠷᠢᠳᠬᠡᠯ ᠤᠨ ᠲᠤᠪᠴᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠤᠯᠠᠮᠵᠢᠯᠠᠨ ᠰᠤᠷᠤᠯᠴᠠᠵᠤ᠂ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠂ 2024 ᠣᠨ ᠤ ᠲᠥᠰᠥᠪ ᠤᠨ ᠲᠣᠬᠢᠷᠠᠭᠤᠯᠤᠯᠲᠠ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠣᠳᠣᠬᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠮᠠᠭᠠᠳᠯᠠᠯᠲᠠ ᠶᠢ ᠤᠨᠢᠨ ᠳᠡᠭᠡᠷ᠎ᠡ ᠨᠢ ᠡᠵᠡᠮᠳᠡᠵᠦ᠂ ᠲᠣᠭᠲᠠᠭᠤᠨ ᠤ ᠳᠤᠮᠳᠠ ᠤᠷᠤᠭᠰᠢᠯᠠᠬᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠳᠤᠷᠠᠳᠤᠭᠰᠠᠨ ᠶᠢᠰᠦᠨ ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠲᠠᠢ ᠬᠠᠷᠢᠴᠠᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠲᠠᠢ ᠤᠶᠠᠯᠳᠤᠭᠤᠯᠵᠤ᠂ ᠵᠦᠢᠯ ᠳᠠᠷᠠᠭᠠᠯᠠᠨ ᠡᠮᠬᠢᠯᠡᠨ ᠰᠤᠳᠤᠯᠵᠤ᠂ ᠪᠣᠳᠠᠲᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠳᠤᠷᠠᠳᠴᠤ᠂ ᠠᠵᠤ ᠠᠬᠤᠢ ᠶᠢᠨ ᠶᠠᠰᠤ ᠴᠢᠨᠠᠷ ᠢᠶᠠᠨ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠪᠠᠨ ᠵᠣᠬᠢᠰᠲᠠᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠬᠦᠢᠲᠡᠨ ᠠᠭᠤᠷ ᠠᠮᠢᠰᠬᠤᠯ ᠪᠣᠯᠣᠨ ᠪᠣᠷᠣᠭᠠᠨ ᠴᠠᠰᠤ ᠮᠥᠰᠥᠲᠦᠯ ᠤᠨ ᠣᠨᠴᠠᠭᠠᠢ ᠴᠠᠭ ᠠᠭᠤᠷ ᠢ ᠠᠷᠭᠠᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢᠶᠠᠨ ᠴᠢᠨᠠᠭᠰᠢᠳᠠ ᠲᠡᠭᠦᠯᠳᠡᠷᠵᠢᠭᠦᠯᠵᠦ᠂ ᠬᠢᠨᠠᠨ ᠬᠡᠮᠵᠢᠵᠦ ᠰᠤᠳᠤᠯᠤᠨ ᠮᠠᠭᠠᠳᠯᠠᠬᠤ ᠪᠠ ᠤᠷᠢᠳᠴᠢᠯᠠᠨ ᠰᠡᠷᠡᠮᠵᠢᠯᠡᠵᠦ ᠤᠷᠢᠳᠴᠢᠯᠠᠨ ᠮᠡᠳᠡᠭᠡᠯᠡᠬᠦ ᠪᠠᠨ ᠴᠢᠩᠭᠠᠳᠬᠠᠵᠤ᠂ ᠰᠡᠷᠭᠡᠶᠢᠯᠡᠬᠦ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠭᠡᠮ ᠰᠣᠭᠤᠭ ᠢ ᠭᠦᠨᠵᠡᠭᠡᠢ ᠪᠠᠶᠢᠴᠠᠭᠠᠵᠤ᠂ ᠭᠡᠨᠡᠳᠲᠡ ᠶᠢᠨ ᠠᠶᠤᠯᠲᠤ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠤᠯᠠᠨ ᠤ ᠠᠮᠤᠷ ᠲᠦᠪᠰᠢᠨ ᠳᠤᠯᠠᠭᠠᠨ ᠪᠦᠯᠢᠶᠡᠨ ᠢᠶᠠᠷ ᠡᠪᠦᠯᠵᠢᠬᠦ ᠶᠢ ᠪᠠᠲᠤᠯᠠᠬᠤ ᠬᠡᠷᠡᠭᠲᠡᠢ᠃ ᠵᠢᠯ ᠤᠨ ᠡᠴᠦᠰ ᠣᠨ ᠤ ᠡᠬᠢᠨ ᠳᠤ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠭᠤᠨ ᠪᠠᠶᠢᠯᠭᠠᠬᠤ ᠶᠢ ᠰᠠᠶᠢᠲᠤᠷ ᠬᠢᠵᠦ᠂ ᠬᠥᠯᠥᠰᠦᠨ ᠠᠵᠢᠯᠴᠢᠨ ᠤ ᠴᠠᠯᠢᠩ ᠤᠨ ᠳᠤᠲᠠᠭᠤᠳᠠᠯ ᠢ ᠴᠡᠪᠡᠷᠯᠡᠨ ᠠᠷᠢᠯᠭᠠᠬᠤ ᠠᠵᠢᠯ ᠢᠶᠠᠨ ᠲᠣᠪᠣᠶᠢᠮ᠎ᠠ ᠰᠠᠶᠢᠲᠤᠷ ᠠᠳᠬᠤᠵᠤ᠂ ᠨᠡᠭᠦᠷᠡᠰᠦᠨ ᠤ ᠪᠤᠰᠤ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠬᠤᠳᠠ ᠶᠢᠨ ᠰᠢᠲᠠᠮᠠᠬᠠᠢ ᠬᠡᠢ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠠᠶᠢᠴᠠᠭᠠᠨ ᠴᠡᠭᠴᠡᠯᠡᠬᠦ ᠪᠠᠨ ᠴᠢᠩᠭᠠᠳᠬᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠤᠨ ᠲᠤᠭ᠎ᠠ ᠪᠦᠷᠢᠳᠬᠡᠯ ᠤᠨ ᠲᠤᠪᠴᠢᠶᠠᠨ ᠤ ᠳᠠᠷᠤᠮᠠᠯᠯᠠᠨ ᠲᠠᠷᠬᠠᠭᠠᠭᠰᠠᠨ ︽ᠤᠳᠤᠷᠢᠳᠬᠤ ᠺᠠᠳ᠋ᠷ ᠤᠨ ᠲᠤᠭ᠎ᠠ ᠪᠦᠷᠢᠳᠬᠡᠯ ᠤᠨ ᠠᠵᠢᠯ ᠳᠤ ᠭᠠᠷ ᠲᠦᠷᠦᠬᠦ ᠶᠢ ᠲᠡᠮᠳᠡᠭᠯᠡᠨ ᠮᠡᠳᠡᠬᠦᠯᠬᠦ ᠳᠦᠷᠢᠮ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ ᠶᠢ ᠣᠯᠠᠨᠲᠠ ᠴᠠᠭᠠᠵᠠᠯᠠᠬᠤᠶ᠎ᠠ ᠪᠡᠷᠬᠡ ᠠᠰᠠᠭᠤᠳᠠᠯ ᠢ ᠲᠤᠰᠬᠠᠶᠢᠯᠠᠨ ᠵᠠᠰᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠲᠤᠭ᠎ᠠ ᠪᠦᠷᠢᠳᠬᠡᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠪᠥᠬᠦ ᠲᠠᠯ᠎ᠠ ᠪᠠᠷ ᠢᠯᠭᠠᠷᠠᠭᠤᠯᠤᠨ ᠵᠠᠯᠠᠷᠠᠭᠤᠯᠵᠤ᠂ ᠭᠤᠣᠯᠳᠠᠯᠭ᠎ᠠ ᠲᠠᠢ ᠲᠤᠭ᠎ᠠ ᠪᠦᠷᠢᠳᠬᠡᠯ ᠤᠨ ᠭᠦᠢᠴᠡᠳᠬᠡᠯ ᠲᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ︽ᠬᠤᠣᠰ ᠲᠠᠰᠢᠷᠠᠮ︾ ᠢᠶᠠᠷ ᠪᠠᠶᠢᠴᠠᠭᠠᠬᠤ᠂ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠪᠠᠨ ᠴᠢᠩᠭᠠᠳᠬᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠪᠠ ᠨᠠᠶᠢᠳᠠᠪᠤᠷᠢᠲᠤ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠳᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠦᠷ᠎ᠡ ᠠᠰᠢᠭ ᠢᠶᠠᠨ ᠳᠡᠭᠡᠭᠰᠢᠯᠡᠭᠦᠯᠵᠦ᠂ ᠬᠤᠭᠤᠴᠠᠭ᠎ᠠ ᠬᠡᠲᠦᠷᠡᠭᠦᠯᠦᠨ ᠴᠡᠭᠴᠡᠯᠡᠨ ᠰᠠᠶᠢᠵᠢᠷᠠᠭᠤᠯᠬᠤ᠂ ᠴᠠᠭᠠᠰᠤᠨ ᠳᠡᠭᠡᠷ᠎ᠡ ᠴᠡᠭᠴᠡᠯᠡᠨ ᠰᠠᠶᠢᠵᠢᠷᠠᠭᠤᠯᠬᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠡᠷᠡᠰ ᠬᠤᠷᠢᠭᠯᠠᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠦᠷᠭᠦᠯᠵᠢᠯᠡᠨ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠲᠥᠰᠥᠪ ᠤᠨ ᠬᠠᠲᠠᠭᠤ ᠬᠠᠮᠢᠶᠠᠷᠤᠯᠲᠠ ᠶᠢ ᠴᠢᠩᠳᠠᠯᠠᠵᠤ᠂ ᠲᠥᠰᠥᠪ ᠢ ᠨᠠᠶᠢᠷᠠᠭᠤᠯᠤᠨ ᠵᠣᠬᠢᠶᠠᠬᠤ᠂ ᠭᠦᠢᠴᠡᠳᠬᠡᠬᠦ᠂ ᠬᠢᠨᠠᠯᠲᠠ ᠲᠠᠯᠪᠢᠬᠤ ᠭᠤᠷᠪᠠᠨ ᠪᠣᠭᠤᠮᠲᠠ ᠶᠢ ᠴᠢᠩᠭ᠎ᠠ ᠠᠳᠬᠤᠵᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠴᠠᠯᠢᠩ ᠢ ᠪᠠᠲᠤᠯᠠᠬᠤ᠂ ᠠᠵᠢᠯᠯᠠᠭᠠᠨ ᠢ ᠪᠠᠲᠤᠯᠠᠬᠤ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ︽ᠦᠬᠠᠢ ᠬᠤᠳᠠ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠲᠥᠯᠦᠪᠵᠢᠭᠦᠯᠭᠡ ︵2021— 2035 ᠣᠨ︶︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠦᠪᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号