ᠪᠦᠬᠦ ᠬᠤᠲᠠ ᠶᠢᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/20
     12 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠪᠥᠬᠦ ᠬᠤᠲᠠ ᠶᠢᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠵᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢ ᠳ᠋ᠦᠩ ᠬᠤᠷᠠᠯ ᠡᠷᠭᠢᠯᠡᠪᠡ᠃ ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠲᠤᠰᠬᠠᠢ ᠰᠡᠳᠦᠪᠲᠦ ᠹᠢᠯᠢᠮ ᠢ ᠬᠠᠮᠲᠤ ᠪᠠᠷ ᠦᠵᠡᠪᠡ᠃      ᠲᠠᠩ ᠢ ᠬᠡᠯᠡᠭᠰᠡᠨ ᠨᠢ᠂ ᠪᠦᠬᠦ ᠬᠤᠲᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ ᠪᠠᠶᠢᠭ᠎ᠠ ᠦᠶ᠎ᠡ ᠳᠤ᠂ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ ᠬᠤᠷᠠᠯᠳᠤᠭᠤᠯᠬᠤ ᠪᠣᠯ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠤᠱᠯᠠᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠤᠯᠠᠮ ᠨᠢᠭᠡ ᠠᠯᠬᠤᠮ ᠭᠦᠨᠵᠡᠭᠡᠶᠢᠷᠡᠬᠦ ᠶᠢ ᠲᠦᠯᠬᠢᠨ ᠠᠬᠢᠭᠤᠯᠬᠤ ᠪᠣᠳᠠᠲᠠᠢ ᠠᠵᠢᠯᠯᠠᠭ᠎ᠠ ᠮᠥᠨ᠂ ᠲᠡᠷᠡ ᠨᠢ ᠪᠦᠬᠦ ᠬᠤᠳᠠ ᠶᠢᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠰᠡᠷᠡᠮᠵᠢᠯᠡᠭᠦᠯᠦᠯ ᠤᠨ ᠰᠤᠷᠭᠠᠮᠵᠢ ᠶᠢ ᠭᠦᠨᠵᠡᠭᠡᠢ ᠰᠢᠩᠭᠡᠬᠡᠨ ᠠᠪᠴᠤ᠂ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠡᠭᠦᠨ ᠢᠶᠠᠷ ᠴᠡᠭᠡᠷᠯᠡᠯ ᠪᠣᠯᠭᠠᠵᠤ᠂ ᠬᠦᠰᠡᠯᠡᠩ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠨ᠂ ᠰᠠᠬᠢᠯᠭ᠎ᠠ ᠪᠠᠲᠤ ᠶᠣᠰᠣ ᠳᠦᠷᠢᠮ ᠤᠨ ᠤᠬᠠᠮᠰᠠᠷ ᠢᠶᠠᠨ ᠴᠢᠩᠭᠠᠳᠬᠠᠵᠤ᠂ ᠡᠷᠬᠡ ᠶᠢᠨ ᠠᠵᠢᠯᠯᠠᠭᠠᠨ ᠢᠶᠠᠨ ᠵᠢᠷᠤᠮᠵᠢᠭᠤᠯᠵᠤ᠂ ᠲᠥᠪ ᠭᠤᠣᠯᠴᠢ ᠠᠷᠢᠭᠤᠨ ᠴᠢᠬᠡᠴᠢ ᠰᠤᠷᠲᠠᠯ ᠢ ᠪᠠᠳᠠᠷᠠᠭᠤᠯᠵᠤ᠂ ᠰᠤᠷᠲᠠᠯ ᠴᠢᠬᠡᠴᠢ ᠣᠪᠣᠷ ᠲᠥᠪ ᠪᠠᠶᠢᠬᠤ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠨᠡᠨ ᠬᠦ ᠪᠤᠢ ᠪᠣᠯᠭᠠᠬᠤ ᠬᠡᠷᠡᠭᠲᠡᠢ᠃ ᠬᠠᠲᠠᠭᠤ ᠵᠣᠷᠢᠭ ᠪᠠ ᠬᠠᠳᠠᠨ ᠵᠣᠷᠢᠭ ᠢᠶᠠᠷ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠥᠬᠦᠷᠡᠰᠢ ᠦᠭᠡᠢ ᠴᠢᠩᠭᠠᠳᠬᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠰᠤᠷᠲᠠᠯ ᠢᠶᠠᠨ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃      ᠬᠤᠷᠠᠯ ᠨᠢ ᠸᠢᠳᠢᠤ᠋ ᠬᠡᠯᠪᠡᠷᠢ ᠪᠠᠷ ᠶᠠᠪᠤᠭᠳᠠᠪᠠ᠃ ᠬᠤᠳᠠ ᠶᠢᠨ ᠳᠤᠮᠳᠠ ᠵᠡᠷᠭᠡ ᠶᠢᠨ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠦᠬᠠᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠠᠳᠤᠨ ᠭᠤᠣᠯ ᠤᠨ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠦᠢᠯᠡᠰ ᠤᠨ ᠬᠦᠭᠵᠢᠬᠦᠯᠦᠯᠳᠡ ᠶᠢᠨ ᠲᠥᠪ ᠤᠨ ᠭᠤᠣᠯ ᠤᠳᠤᠷᠢᠳᠤᠯᠭ᠎ᠠ ᠪᠣᠯᠣᠨ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠣᠨ ᠬᠤᠳᠠ ᠳᠤ ᠰᠠᠭᠤᠭ᠎ᠠ ᠬᠡᠰᠡᠭ ᠨᠢᠭᠡᠴᠡ ᠶᠢᠨ ᠭᠤᠣᠯ ᠬᠠᠷᠢᠭᠤᠴᠠᠯᠭᠠᠲᠠᠨ ᠭᠤᠣᠯ ᠬᠤᠷᠠᠯ ᠤᠨ ᠲᠠᠯᠠᠪᠠᠢ ᠳᠤ ᠣᠷᠣᠯᠴᠠᠪᠠ᠃ ᠡᠯ᠎ᠡ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号