ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠬᠥᠳᠡᠯᠭᠡᠭᠡᠨ ᠤ ᠵᠥᠪᠯᠡᠯ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ 70 ᠵᠢᠯ ᠤᠨ | ᠤᠢ ᠶᠢᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠲᠤᠬᠠᠢ | ᠲᠣᠭᠲᠠᠭᠠᠯ︾ ᠢ ᠳᠠᠷᠤᠮᠠᠯᠯᠠᠨ ᠲᠠᠷᠬᠠᠭᠠᠪᠡ᠃ ᠡᠭᠦᠨ ᠳᠤ᠂ ᠮᠠᠨ ᠤ ᠬᠤᠲᠠ ᠶᠢᠨ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠵᠡᠷᠭᠡ 3 ᠬᠠᠮᠲᠤ ᠨᠡᠶᠢᠲᠡ ᠵᠢᠴᠢ ᠰᠦᠨ ᠬᠠᠢ ᠪᠥᠸᠧ ᠵᠡᠷᠭᠡ 9 ᠬᠤᠪᠢ | ᠬᠥᠮᠥᠨ ᠬᠥᠬᠢᠭᠦᠯᠦᠭᠳᠡᠪᠡ᠃ | ᠣᠯᠠᠨ ᠵᠢᠯ ᠤᠨ ᠲᠤᠷᠰᠢ᠂ ᠮᠠᠨ ᠤ ᠬᠤᠲᠠ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠬᠥᠳᠡᠯᠭᠡᠭᠡᠨ ᠨᠢ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠤᠷᠢᠳᠴᠢᠯᠠᠨ | ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠳᠦᠷᠰᠦ ᠪᠠᠶᠢᠳᠠᠯ ᠢ ᠬᠤᠪᠢᠷᠠᠭᠤᠯᠬᠤ᠂ ᠬᠦᠨᠳᠦ ᠶᠡᠭᠡ ᠬᠠᠯᠳᠠᠪᠤᠷᠢᠲᠤ ᠡᠪᠡᠳᠴᠢᠨ ᠤ ᠬᠢᠵᠢᠭ ᠤᠨ | ᠪᠠᠶᠢᠳᠠᠯ ᠢ ᠪᠦᠲᠦᠮᠵᠢᠲᠡᠢ ᠠᠷᠭᠠᠴᠠᠭᠠᠬᠤ᠂ ᠨᠡᠶᠢᠭᠡᠮ ᠤᠨ ᠡᠷᠡᠭᠦᠯ ᠮᠡᠨᠳᠦ ᠶᠢᠨ ᠵᠠᠰᠠᠯᠲᠠ ᠶᠢᠨ ᠲᠦᠪᠰᠢᠨ ᠢᠶᠠᠨ | ᠳᠡᠭᠡᠭᠰᠢᠯᠡᠭᠦᠯᠬᠦ ᠳᠤ ᠴᠢᠬᠤᠯᠠ ᠦᠢᠯᠡᠳᠦᠯ ᠦᠵᠡᠭᠦᠯᠪᠡ᠃ | ᠳᠠᠷᠠᠭᠠᠴᠢ ᠶᠢᠨ ᠠᠯᠬᠤᠮ ᠳᠤ᠂ ᠮᠠᠨ ᠤ ᠬᠤᠲᠠ ᠬᠠᠨᠳᠤᠯᠭᠠᠲᠤ ᠴᠢᠨᠠᠷᠲᠠᠢ ᠪᠠᠷ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠬᠥᠳᠡᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠠ ᠣᠯᠠᠨ ᠲᠦᠮᠡᠨ ᠤ ᠳᠠᠶᠢᠴᠢᠯᠠᠯᠲᠠ ᠶᠢᠨ ᠳᠠᠪᠠᠭᠤᠯᠢᠭ | ᠢᠶᠠᠨ ᠭᠦᠢᠴᠡᠳ ᠪᠠᠳᠠᠷᠠᠭᠤᠯᠵᠤ᠂ ᠥᠷᠭᠡᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠰᠠᠨᠠᠭᠠᠴᠢᠯᠠᠭ᠎ᠠ | ᠠᠴᠠ ᠪᠠᠨ ᠡᠷᠡᠭᠦᠯ ᠮᠡᠨᠳᠦ ᠶᠢᠨ ᠮᠡᠳᠡᠯᠭᠡ ᠶᠢ ᠰᠤᠷᠤᠯᠴᠠᠵᠤ᠂ ᠡᠷᠡᠭᠦᠯ ᠮᠡᠨᠳᠦ ᠶᠢᠨ ᠮᠡᠷᠭᠡᠵᠢᠯ ᠴᠢᠳᠠᠪᠤᠷᠢ ᠶᠢ ᠡᠵᠡᠮᠰᠢᠨ᠂ | ᠬᠤᠪᠢ ᠬᠥᠮᠥᠨ ᠤ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠵᠠᠩ ᠳᠠᠳᠬᠠᠯ ᠲᠠᠢ ᠪᠣᠯᠭᠠᠵᠤ᠂ ᠪᠣᠯᠪᠠᠰᠤᠨ ᠡᠷᠡᠭᠦᠯ | ᠠᠮᠢᠳᠤᠷᠠᠯ ᠤᠨ ᠠᠷᠭ᠎ᠠ ᠮᠠᠶ᠋ᠢᠭ ᠢ ᠦᠢᠯᠡᠳᠦᠯᠭᠡᠵᠢᠭᠦᠯᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ | ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠦᠨᠡᠨᠬᠦ ᠪᠠᠲᠤᠯᠠᠨ᠎ᠠ᠃ |