ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ 6 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/21
     12 ᠰᠠᠷ᠎ᠠ ᠶᠢᠨ 20  ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠳᠠ ᠶᠢᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ 6 ᠳ᠋ᠤᠭᠠᠷ ᠣᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠵᠢᠴᠢ ᠴᠢᠬᠤᠯᠠ ᠪᠠᠶᠠᠷ ᠤᠨ ᠵᠠᠬᠢᠳᠠᠯ ᠪᠣᠯᠣᠨ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠳᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠭᠤᠸᠠᠩᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠣᠶᠢᠷ᠎ᠠ ᠶᠢᠨ ᠬᠤᠭᠤᠴᠠᠭᠠᠨ ᠤ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠮᠠᠨ ᠤ ᠬᠤᠲᠠ ᠶᠢᠨ ᠪᠣᠳᠠᠲᠠᠢ ᠲᠠᠢ ᠪᠠᠨ ᠨᠢᠭᠲᠠ ᠤᠶᠠᠯᠳᠤᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ᠃ ᠦᠬᠠᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠴᠢᠨᠠᠷ ᠰᠠᠶᠢᠲᠠᠢ ᠬᠥᠭᠵᠢᠭᠦᠯᠬᠦ ᠶᠢᠨ ᠲᠣᠭᠤᠷᠢᠨ ᠳᠤ᠂ ᠳᠠᠪᠠᠭᠤᠯᠢᠭ ᠠᠵᠤ ᠦᠢᠯᠡᠰ ᠪᠣᠯᠣᠨ ᠠᠵᠤ ᠦᠢᠯᠡᠰ ᠤᠨ ᠳᠠᠪᠠᠭᠤᠯᠢᠭ ᠬᠦᠷᠢᠶᠡᠨ ᠳᠤ ᠦᠷᠭᠦᠯᠵᠢᠯᠡᠨ ᠨᠠᠷᠢᠨ ᠨᠢᠮᠪᠠᠢ ᠠᠵᠢᠯᠯᠠᠵᠤ᠂ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠡᠰ ᠳᠡᠪᠰᠢᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢ ᠪᠠᠬᠢᠵᠢᠭᠦᠯᠬᠦ ᠬᠡᠷᠡᠭᠳᠡᠢ᠃ ᠦᠵᠡᠯ ᠰᠠᠨᠠᠭ᠎ᠠ ᠪᠠᠨ ᠴᠢᠯᠦᠭᠡᠯᠡᠨ ᠬᠥᠭᠵᠢᠯᠲᠡ ᠶᠢ ᠠᠳᠬᠤᠵᠤ᠂ ᠨᠡᠭᠡᠭᠡᠯᠲᠡᠲᠤ ᠬᠥᠭᠵᠢᠯᠲᠡ ᠶᠢᠨ ᠲᠦᠪᠰᠢᠨ ᠢᠶᠠᠨ ᠲᠦᠷᠭᠡᠨ ᠳᠡᠭᠡᠭᠰᠢᠯᠡᠭᠦᠯᠵᠦ᠂ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠦᠢᠯᠡᠰ ᠤᠨ ᠰᠠᠭᠤᠷᠢ ᠪᠠᠨ ᠪᠠᠲᠤᠳᠬᠠᠨ ᠪᠤᠵᠠᠭᠠᠶᠢᠷᠠᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠴᠠᠩ ᠢᠶᠠᠨ ᠲᠦᠷᠭᠡᠪᠴᠢᠯᠡᠨ ᠪᠠᠶᠢᠭᠤᠯᠵᠤ᠂ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠳᠤ ᠦᠢᠯᠡᠴᠢᠯᠡᠭᠦᠯᠬᠦ ᠬᠡᠷᠡᠭᠳᠡᠢ᠃ ᠰᠢ ᠶᠢᠨ ᠫᠢᠩ ᠶᠡᠷᠦᠩᠬᠡᠢ ᠱᠦᠵᠢ ᠶᠢᠨ ᠬᠦᠢᠲᠡᠨ ᠠᠭᠤᠷ ᠠᠮᠢᠰᠬᠤᠯ ᠪᠣᠯᠣᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠤᠨ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ᠂ ᠭᠠᠨᠰᠤ ᠶᠢᠨ ᠯᠢᠨᠰᠢᠶᠠ ᠵᠧᠦ ᠶᠢᠨ ᠵᠢᠢ ᠱᠢ ᠱᠠᠨ ᠰᠢᠶᠠᠨ ᠤ 6.2 ᠳᠡᠰ ᠤᠨ ᠭᠠᠵᠠᠷ ᠬᠥᠳᠡᠯᠦᠯᠲᠡ  ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠬᠤ ᠨᠥᠬᠦᠳ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠵᠢᠯ ᠤᠨ ᠰᠠᠨᠠᠭᠠᠴᠢᠯᠠᠭᠠᠲᠤ ᠴᠢᠨᠠᠷ᠂ ᠬᠤᠷᠴᠠ ᠰᠡᠷᠭᠡᠭ ᠴᠢᠨᠠᠷ ᠢᠶᠠᠨ ᠨᠡᠮᠡᠭᠳᠡᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢᠶᠠᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠭᠡᠨᠡᠳᠲᠡ ᠶᠢᠨ ᠲᠦᠭᠰᠢᠭᠦᠷᠢᠲᠦ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠪᠦᠬᠦ ᠬᠦᠴᠦᠨ ᠢᠶᠠᠷ ᠢᠶᠠᠨ ᠠᠮᠤᠷ ᠲᠦᠪᠰᠢᠨ᠂ ᠰᠠᠭᠠᠳ ᠦᠭᠡᠢ ᠨᠡᠪᠲᠡᠷᠡᠬᠦ ᠶᠢ ᠪᠠᠲᠤᠯᠠᠬᠤ᠂ ᠬᠠᠩᠭᠠᠯᠭ᠎ᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠶᠢ ᠪᠡᠶᠡᠯᠡᠬᠦᠯᠬᠦ ᠬᠡᠷᠡᠭᠳᠡᠢ᠃ ︽ᠦᠨᠡᠨ︾ ᠰᠡᠳᠬᠦᠯ ᠳᠤ ᠨᠡᠶᠢᠲᠡᠯᠡᠭᠰᠡᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠣᠬᠢᠶᠠᠯ ︽ᠬᠤᠷᠢᠳᠤᠭᠠᠷ ᠬᠤᠭᠤᠴᠠᠭᠠᠨ ᠤ ᠲᠥᠪ ᠤᠨ ᠪᠠᠶᠢᠭᠤᠯᠤᠮᠵᠢ ᠶᠢᠨ ᠣᠷᠣᠨ ᠲᠤᠭᠠᠨ ᠤ ᠬᠤᠷᠢᠶᠠᠨ ᠤ ᠠᠩᠬᠠᠳᠤᠭᠠᠷ ᠬᠤᠷᠠᠯ ᠳᠡᠭᠡᠷᠡᠬᠢ ᠶᠠᠷᠢᠶ᠎ᠠ︾ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠵᠡᠢ᠃      ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠡᠨᠡᠬᠦ ᠭᠤᠣᠯ ᠰᠢᠵᠢᠮ ᠢ ᠲᠤᠤᠱᠯᠠᠭᠤᠯᠤᠭᠰᠠᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠳᠠ ᠶᠢᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ︽ᠵᠠᠩᠭᠢᠯᠠᠭ᠎ᠠ ᠶᠢᠨ ᠴᠥᠭᠡᠨ ᠲᠣᠭᠠᠲᠠᠨ︾ ᠪᠣᠯᠤᠭᠰᠠᠨ ᠤ ᠬᠤᠪᠢ ᠳᠤ᠂ ᠴᠢᠩᠭ᠎ᠠ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠰᠡᠳᠬᠢᠴᠡ ᠶᠢ ᠰᠦᠪᠡᠭᠴᠢᠯᠡᠨ ᠰᠤᠳᠤᠯᠵᠤ᠂ ᠠᠷᠭ᠎ᠠ ᠬᠡᠮᠵᠢᠶ᠎ᠡ ᠪᠠᠨ ᠤᠨᠢᠨ ᠳᠡᠭᠡᠷ᠎ᠡ  ᠨᠢ ᠨᠠᠷᠢᠨ ᠨᠢᠮᠪᠠᠢ ᠪᠣᠳᠣᠯᠬᠢᠯᠠᠵᠤ᠂ ︽ᠭᠤᠣᠯ ᠰᠢᠵᠢᠮ︾ ᠢ ᠡᠯ᠎ᠡ ᠵᠦᠢᠯ ᠤᠨ ᠠᠵᠢᠯ ᠤᠨ ᠪᠦᠬᠦ ᠶᠠᠪᠤᠴᠠ ᠳᠤ ᠦᠨᠡᠨᠬᠦ ᠪᠦᠬᠦ ᠲᠠᠯ᠎ᠠ ᠪᠠᠷ ᠲᠤᠤᠱᠯᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠬᠤᠯᠪᠣᠭᠳᠠᠯ ᠪᠦᠬᠦᠢ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠯᠥᠭᠡᠯᠡᠭᠴᠢ ᠭᠡᠰᠢᠭᠦᠨ ᠤ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠦᠢᠯᠡᠳᠦᠯ ᠢ ᠨᠢ ᠰᠠᠶᠢᠲᠤᠷ ᠪᠠᠳᠠᠷᠠᠭᠤᠯᠵᠤ᠂ ᠰᠠᠨᠠᠯ ᠰᠠᠨᠠᠭᠤᠯᠭ᠎ᠠ ᠴᠤᠭᠯᠠᠭᠤᠯᠬᠤ᠂ ᠰᠢᠯᠵᠢᠭᠦᠯᠦᠨ ᠰᠢᠢᠳᠪᠦᠷᠢᠯᠡᠭᠦᠯᠬᠦ᠂ ᠱᠠᠯᠠᠪᠳᠠᠭᠤᠯᠤᠨ ᠰᠢᠢᠳᠪᠦᠷᠢᠯᠡᠭᠦᠯᠬᠦ ᠠᠵᠢᠯ ᠤᠨ ᠲᠣᠭᠲᠠᠴᠠ ᠪᠠᠨ ᠴᠢᠨᠠᠭᠰᠢᠳᠠ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠢᠨᠠᠨ ᠰᠢᠯᠭᠠᠵᠤ ᠦᠨᠡᠯᠡᠬᠦ ᠳᠦᠷᠢᠮ ᠢᠶᠠᠨ ᠲᠡᠭᠦᠯᠳᠡᠷᠵᠢᠭᠦᠯᠵᠦ᠂ ᠲᠥᠯᠥᠭᠡᠯᠡᠭᠴᠢ ᠭᠡᠰᠢᠭᠦᠨ ᠤ ᠢᠳᠡᠪᠬᠢᠵᠢᠯ ᠢ ᠭᠦᠢᠴᠡᠳ ᠲᠣᠬᠢᠷᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠤᠯᠠᠨ ᠤᠶᠤᠨ ᠤᠬᠠᠭᠠᠨ ᠬᠦᠴᠦᠨ ᠴᠢᠳᠠᠯ ᠢ  ᠨᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠨᠠᠢᠮᠠᠳᠤᠭᠠᠷ ᠬᠤᠭᠤᠴᠠᠭᠠᠨ ᠤ ᠬᠤᠳᠠ ᠶᠢᠨ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠭᠰᠠᠨ ᠶᠡᠷᠦᠩᠬᠡᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠡᠷᠡᠭᠯᠡᠵᠦ᠂ ᠴᠠᠭᠳᠠᠨ ᠪᠠᠶᠢᠴᠠᠭᠠᠬᠤ ᠠᠵᠢᠯ ᠪᠣᠯᠣᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠬᠢᠨᠠᠨ ᠪᠤᠳᠤᠬᠤ᠂ ᠲᠤᠭ᠎ᠠ ᠪᠦᠷᠢᠳᠭᠡᠯ ᠵᠡᠷᠭᠡ ᠡᠯ᠎ᠡ ᠲᠦᠷᠦᠯ ᠤᠨ ᠬᠢᠨᠠᠯᠲᠠ ᠲᠠᠯᠪᠢᠯᠲᠠ ᠶᠢᠨ ᠨᠡᠪᠲᠡᠷᠡᠯᠴᠡᠨ ᠬᠠᠮᠵᠢᠯᠴᠠᠬᠤ ᠶᠢ ᠴᠢᠨᠠᠭᠰᠢᠳᠠ ᠠᠬᠢᠭᠤᠯᠵᠤ᠂ ᠬᠢᠨᠠᠯᠲᠠ ᠲᠠᠯᠪᠢᠬᠤ ᠴᠢᠨᠠᠷ ᠴᠢᠨᠰᠠᠭ᠎ᠠ ᠦᠷ᠎ᠡ ᠪᠦᠲᠦᠮᠵᠢ  ᠪᠠᠨ ᠳᠡᠭᠡᠭᠰᠢᠯᠡᠭᠦᠯᠬᠦ ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠬᠠᠭᠠᠰ ᠠᠵᠢᠯ︾ ᠢᠶᠠᠨ ᠦᠨᠡᠨᠬᠦ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠵᠢᠯ ᠤᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号