ᠭᠤᠣᠯ ᠰᠡᠳᠦᠪᠲᠦ ᠬᠥᠮᠦᠵᠢᠯ᠄ ᠬᠤᠳᠠ ᠶᠢᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠳᠥᠷᠪᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠶᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠵᠤ ᠰᠣᠯᠢᠯᠴᠠᠬᠤ ᠵᠢᠴᠢ ᠬᠤᠳᠠ ᠶᠢᠨ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2023 ᠣᠨ ᠤ 15 ᠳ᠋ᠤᠭᠠᠷ ᠣᠳᠠᠭᠠᠨ ᠤ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ᠂ ᠵᠥᠪ ᠪᠤᠷᠤᠭᠤ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/22
     12 ᠰᠠᠷ᠎ᠠ ᠶᠢᠨ 21 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠳᠠ ᠶᠢᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠳᠥᠷᠪᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠶᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠵᠤ ᠰᠣᠯᠢᠯᠴᠠᠬᠤ ᠵᠢᠴᠢ ᠬᠤᠳᠠ ᠶᠢᠨ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2023 ᠣᠨ ᠤ 15 ᠳ᠋ᠤᠭᠠᠷ ᠣᠳᠠᠭᠠᠨ ᠤ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ᠂ ᠵᠥᠪ ᠪᠤᠷᠤᠭᠤ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ  ᠤ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠲᠣᠭᠤᠷᠢᠨ ᠪᠠᠶᠢᠴᠠᠭᠠᠵᠤ ᠬᠢᠨᠠᠨ ᠵᠢᠯᠤᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠰᠦᠨ ᠴᠢᠩ ᠬᠤᠷᠠᠯ ᠳᠤ ᠣᠷᠣᠯᠴᠠᠨ ᠵᠢᠭᠠᠨ ᠵᠢᠯᠤᠭᠤᠳᠴᠤ᠂ ᠬᠤᠳᠠ ᠶᠢᠨ ᠤᠳᠤᠷᠢᠳᠤᠯᠭ᠎ᠠ ᠼᠦᠢ ᠵᠢᠩ ᠶᠢᠩ᠂ ᠸᠠᠩ ᠸᠧᠨ ᠵᠢᠶᠧ ᠨᠠᠷ ᠬᠤᠷᠠᠯ ᠳᠤ ᠣᠷᠣᠯᠴᠠᠪᠠ᠃   ᠬᠤᠷᠠᠯ ᠳᠡᠭᠡᠷ᠎ᠡ ᠼᠦᠢ ᠵᠢᠩ ᠶᠢᠩ᠂ ᠸᠠᠩ ᠸᠧᠨ ᠵᠢᠶᠧ᠂ ᠰᠦᠨ ᠬᠤᠤ ᠵᠡᠷᠭᠡ ᠭᠤᠷᠪᠠᠨ ᠨᠥᠬᠦᠷ ︽ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠶ ᠪᠣᠯᠭᠠᠨ ᠦᠢᠯᠡᠳᠦᠯᠭᠡᠵᠢᠭᠦᠯᠬᠦ ᠬᠡᠷᠡᠭᠳᠡᠢ︾ ᠬᠡᠬᠦ ᠰᠡᠳᠤᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠯᠢ ᠠᠩ᠂ ᠵᠢᠶᠠ ᠴᠢᠩ ᠳ᠋ᠦᠩ᠂ ᠭᠦᠸᠧ ᠢ ᠵᠢᠶᠧ᠂ ᠸᠠᠩ ᠵᠢᠢ ᠫᠢᠩ ᠵᠡᠷᠭᠡ ᠳᠥᠷᠪᠡᠨ ᠨᠥᠬᠦᠷ ᠬᠤᠲᠠ ᠶᠢᠨ ᠨᠠᠮ ᠤᠨ ᠬᠤᠷᠢᠶᠠᠨ ᠤ ᠲᠣᠭᠲᠠᠭᠠᠭᠰᠠᠨ ᠵᠥᠪ ᠪᠤᠷᠤᠭᠤ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠬᠠᠷᠢᠴᠠᠭᠤᠯᠤᠨ ᠳᠠᠬᠢᠨ ᠳᠠᠪᠲᠠᠨ ᠵᠠᠳᠠᠯᠤᠯᠲᠠ ᠬᠢᠪᠡ᠃      ᠲᠠᠩ ᠢ ᠬᠡᠯᠡᠭᠰᠡᠨ ᠨᠢ᠂ ᠠᠵᠢᠯ ᠤᠨ ᠠᠮᠵᠢᠯᠲᠠ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ ᠪᠣᠯ ᠮᠠᠨ ᠤ ᠨᠠᠮ ᠠᠴᠠ ᠤᠳᠤᠷᠢᠳᠬᠤ ᠺᠠᠳ᠋ᠷᠴᠤᠳ ᠲᠤ ᠲᠠᠯᠪᠢᠭᠰᠠᠨ ᠢᠮᠠᠭᠲᠠ ᠶᠢᠨ ᠱᠠᠭᠠᠷᠳᠠᠯᠭ᠎ᠠ ᠮᠥᠨ᠂ ᠨᠠᠮ ᠤᠨ ᠭᠡᠰᠢᠭᠦᠨ ᠺᠠᠳ᠋ᠷᠴᠤᠳ ᠤᠨ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠦᠷᠳᠡᠭ ᠤᠨ ᠦᠵᠡᠯᠲᠡ ᠪᠣᠯᠣᠨ ᠡᠷᠬᠡ ᠶᠢᠨ ᠦᠵᠡᠯᠲᠡ᠂ ᠪᠠᠶᠢᠷᠢ ᠰᠠᠭᠤᠷᠢ ᠶᠢᠨ ᠦᠵᠡᠯᠲᠡ᠂ ᠠᠰᠢᠭ ᠲᠤᠰᠠ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠵᠡᠷᠭᠡ ᠶᠢᠨ ᠠᠵᠢᠯ ᠬᠢᠵᠦ ᠦᠢᠯᠡᠰ ᠪᠣᠰᠬᠠᠬᠤ ᠶᠠᠪᠤᠴᠠ ᠳᠠᠬᠢ ᠰᠢᠭᠤᠳ ᠢᠯᠡᠷᠡᠯ ᠮᠥᠨ᠃ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠣᠳ ᠰᠢ ᠶᠢᠨ ᠫᠢᠩ ᠶᠡᠷᠦᠩᠬᠡᠢ ᠱᠦᠵᠢ ᠶᠢᠨ ᠵᠠᠰᠠᠭ ᠤᠨ ᠠᠵᠢᠯ ᠤᠨ ᠪᠦᠲᠦᠮᠵᠢ ᠶᠢᠨ ᠵᠥᠪ ᠦᠵᠡᠯᠲᠡ ᠶᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ ᠲᠤᠬᠠᠢ ᠴᠢᠬᠤᠯᠠ ᠥᠭᠦᠯᠡᠯᠲᠡ ᠶᠢᠨ ᠭᠤᠣᠯ ᠠᠭᠤᠯᠭ᠎ᠠ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠬᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠬᠦ ᠲᠠᠯ᠎ᠠ ᠠᠴᠠ ᠨᠢᠭᠡ ᠬᠦᠷᠢᠶ᠎ᠡ ᠴᠠᠷᠠᠭ᠎ᠠ ᠶᠢ ᠲᠥᠯᠥᠪᠵᠢᠭᠦᠯᠵᠦ᠂ ᠨᠢᠭᠡ ᠬᠦᠷᠢᠶ᠎ᠡ ᠴᠠᠷᠠᠭ᠎ᠠ ᠪᠠᠷ ᠪᠥᠬᠦ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠡᠷᠡ ᠶᠣᠰᠣᠭᠠᠷ ᠨᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠶᠡᠭᠡ ᠶᠠᠪᠤᠳᠠᠯ ᠢ ᠰᠠᠶᠢᠲᠤᠷ ᠬᠢᠭᠰᠡᠨ ᠪᠣᠳᠠᠲᠤ ᠦᠷ᠎ᠡ ᠪᠦᠲᠦᠮᠵᠢ ᠪᠠᠷ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠢᠯᠡᠷᠡᠭᠦᠯᠵᠦ᠂ ︽ᠲᠡᠰᠪᠦᠷᠢ ᠬᠠᠲᠠᠭᠤᠵᠢᠯᠲᠠᠢ ᠠᠵᠢᠯᠯᠠᠬᠤ᠂ ᠴᠤᠴᠠᠯᠲᠠ ᠦᠭᠡᠢ ᠤᠷᠤᠭᠰᠢᠯᠠᠬᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ︾ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢᠶᠠᠨ ᠲᠦᠷᠭᠡᠨ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢᠨ ᠠᠰᠠᠭᠤᠳᠠᠯ ᠢᠶᠠᠨ ᠬᠦᠴᠦᠯᠡᠨ ᠰᠢᠢᠳᠪᠦᠷᠢᠯᠡᠬᠦ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠡᠨᠡᠬᠦ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠲᠦᠷᠭᠡᠳᠬᠡᠨ ᠪᠠᠶᠢᠭᠤᠯᠵᠤ᠂ ᠦᠨᠳᠦᠰᠦᠲᠡᠨ ᠨᠦᠭᠦᠳ ᠬᠠᠮᠲᠤᠪᠠᠷ ᠰᠠᠭᠤᠵᠤ ᠬᠠᠮᠲᠤᠪᠠᠷ ᠰᠤᠷᠤᠯᠴᠠᠬᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ᠂ ᠬᠠᠮᠲᠤᠪᠠᠷ ᠠᠵᠢᠯᠯᠠᠵᠤ ᠬᠠᠮᠲᠤᠪᠠᠷ ᠵᠢᠷᠭᠠᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠶᠡᠭᠡ ᠠᠵᠢᠯ ᠤᠨ ᠪᠦᠲᠦᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠲᠠᠩ ᠢ ᠬᠡᠯᠡᠭᠰᠡᠨ ᠨᠢ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ ᠬᠡᠯᠪᠡᠷᠢ ᠶᠢᠨ ᠪᠠᠶᠢᠴᠠᠭᠠᠨ ᠰᠤᠳᠤᠯᠤᠯᠲᠠ ᠶᠢ ᠥᠷᠨᠢᠭᠦᠯᠬᠦ ᠪᠣᠯ ᠮᠠᠨ ᠤ ᠨᠠᠮ ᠤᠨ ᠤᠷᠳᠤ ᠬᠤᠭᠤᠴᠠᠭᠠᠨ ᠤ ᠦᠢᠯᠡᠳᠦᠯᠭᠡ ᠶᠢᠨ ᠳᠤᠮᠳᠠ ᠪᠦᠷᠢᠯᠳᠦᠭᠦᠯᠦᠭᠰᠡᠨ ᠪᠦᠲᠦᠮᠵᠢᠲᠡᠢ ᠪᠠᠶᠢᠴᠠᠭᠠᠨ ᠰᠤᠳᠤᠯᠤᠯᠲᠠ ᠶᠢᠨ ᠠᠷᠭ᠎ᠠ ᠪᠣᠯᠣᠨ᠎ᠠ᠃ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠪᠠᠷ ᠲᠣᠯᠢ ᠪᠣᠯᠭᠠᠵᠤ᠂ ᠰᠤᠷᠭᠠᠮᠵᠢ ᠠᠪᠴᠤ᠂ ᠠᠵᠢᠯ ᠢᠶᠠᠨ ᠰᠠᠶᠢᠵᠢᠷᠠᠭᠤᠯᠤᠨ᠂ ᠡᠯ᠎ᠡ ᠵᠦᠢᠯ ᠤᠨ ᠠᠵᠢᠯ ᠢᠶᠠᠨ ᠨᠡᠩ ᠰᠠᠶᠢᠨ ᠬᠢᠬᠦ ᠪᠠᠷ ᠴᠢᠷᠮᠠᠶᠢᠬᠤ ᠬᠡᠷᠡᠭᠲᠡᠢ᠃ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠪᠠᠷ ᠬᠡᠪ ᠳᠠᠭᠤᠷᠢᠶᠠᠯ ᠪᠣᠯᠭᠠᠵᠤ᠂ ᠵᠣᠷᠢᠭᠲᠠᠢ ᠪᠠᠷ ᠥᠭᠡᠷᠡᠴᠢᠯᠡᠯᠲᠡ ᠬᠢᠵᠦ᠂ ᠪᠣᠭᠤᠮᠲᠠ ᠰᠢᠪᠲᠤᠯᠤᠨ ᠬᠠᠷᠰᠢ ᠰᠠᠭᠠᠳ ᠢ ᠳᠠᠪᠠᠵᠤ᠂ ᠬᠥᠭᠵᠢᠯᠲᠡ ᠶᠢ ᠠᠬᠢᠭᠤᠯᠬᠤ᠂ ᠠᠷᠠᠳ ᠤᠨ ᠵᠣᠪᠠᠨᠢᠯ ᠢ ᠰᠢᠢᠳᠪᠦᠷᠢᠯᠡᠬᠦ ᠰᠢᠨ᠎ᠡ ᠰᠡᠳᠬᠢᠴᠡ᠂ ᠰᠢᠨ᠎ᠡ ᠠᠷᠭ᠎ᠠ ᠵᠠᠮ᠂ ᠰᠢᠨ᠎ᠡ ᠠᠷᠭ᠎ᠠ ᠶᠢ ᠰᠦᠪᠡᠭᠴᠢᠯᠡᠵᠦ᠂ ᠰᠢᠨ᠎ᠡ ᠥᠷᠢᠰᠦᠯᠳᠦᠭᠡᠨ ᠢ ᠢᠳᠡᠪᠬᠢᠲᠡᠢ ᠠᠷᠭᠠᠴᠠᠭᠠᠵᠤ᠂ ᠰᠢᠨ᠎ᠡ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠬᠦ ᠬᠡᠷᠡᠭᠲᠡᠢ᠃ ᠳᠦᠷᠢᠮ ᠲᠣᠭᠲᠠᠭᠠᠯ ᠲᠣᠭᠲᠠᠭᠠᠬᠤ ᠪᠠᠷ ᠭᠠᠷᠳᠠᠴᠠ ᠪᠣᠯᠭᠠᠵᠤ᠂ ᠲᠤᠷᠰᠢᠯᠭ᠎ᠠ ᠪᠠᠨ ᠲᠣᠭᠲᠠᠪᠤᠷᠢᠵᠢᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ︽ᠨᠢᠭᠡ ᠠᠰᠠᠭᠤᠳᠠᠯ ᠢ ᠵᠠᠳᠠᠯᠬᠤ︾  ᠪᠠᠷ ᠳᠠᠮᠵᠢᠭᠤᠯᠵᠤ᠂ ︽ᠨᠢᠭᠡ ᠲᠦᠷᠦᠯ ᠤᠨ ᠠᠰᠠᠭᠤᠳᠠᠯ ᠢ ᠰᠢᠢᠳᠪᠦᠷᠢᠯᠡᠬᠦ︾ ᠶᠢ ᠠᠬᠢᠭᠤᠯᠵᠤ᠂ ᠪᠠᠶᠢᠩᠭᠤᠵᠢᠭᠰᠠᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠳᠠᠯ ᠢ ᠪᠤᠢ ᠪᠣᠯᠭᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠨᠤᠯ ᠤᠨ ᠰᠤᠷᠤᠯᠴᠠᠯᠭ᠎ᠠ ᠶᠢ ᠲᠠᠷᠢᠬᠢ ᠲᠣᠯᠣᠭᠠᠢ ᠳᠠᠭᠠᠨ ᠬᠠᠳᠠᠩᠰᠢᠭᠤᠯᠤᠨ ᠰᠡᠳᠬᠢᠯ ᠵᠢᠷᠦᠬᠡᠨ ᠳᠡᠭᠡᠨ ᠰᠢᠩᠭᠡᠭᠡᠬᠦ ᠶᠢ ᠦᠷᠭᠦᠯᠵᠢᠯᠡᠨ ᠠᠬᠢᠭᠤᠯᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠬᠤᠪᠢᠷᠠᠭᠤᠯᠬᠤ ᠶᠢ ᠲᠦᠷᠭᠡᠳᠬᠡᠵᠦ᠂ ᠬᠦᠴᠢᠷ ᠠᠰᠠᠭᠤᠳᠠᠯ ᠢ ᠰᠢᠢᠳᠪᠦᠷᠢᠯᠡᠨ ᠬᠥᠭᠵᠢᠯᠲᠡ ᠶᠢ ᠠᠬᠢᠭᠤᠯᠬᠤ ᠪᠠᠷ ᠬᠦᠴᠦᠯᠡᠵᠦ᠂ ︽ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠡᠭᠦᠷᠢᠳᠡ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠡᠢ᠃      ᠰᠦᠨ ᠴᠢᠩ ᠮᠠᠨ ᠤ ᠬᠤᠲᠠ ᠶᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠵᠤ ᠰᠣᠯᠢᠯᠴᠠᠬᠤ ᠪᠠ ᠵᠥᠪ ᠪᠤᠷᠤᠭᠤ ᠲᠠᠯ᠎ᠠ ᠶᠢᠨ ᠨᠡᠶᠢᠲᠡᠯᠢᠭ ᠬᠡᠷᠡᠭ ᠤᠨ ᠵᠠᠳᠠᠯᠤᠯᠲᠠ ᠶᠢ ᠭᠦᠢᠴᠡᠳ ᠨᠤᠲᠠᠯᠠᠵᠤ᠂ ᠭᠤᠣᠯ ᠰᠡᠳᠦᠪᠲᠦ ᠬᠥᠮᠦᠵᠢᠯ ᠤᠨ ᠳᠠᠷᠠᠭᠠᠴᠢ ᠶᠢᠨ ᠠᠯᠬᠤᠮ ᠤᠨ ᠠᠵᠢᠯ ᠢᠶᠠᠨ ᠰᠠᠶᠢᠲᠤᠷ ᠬᠢᠬᠦ ᠲᠤᠬᠠᠢ ᠣᠨᠣᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ ᠬᠢᠬᠦ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠵᠡᠷᠭᠡ 5 ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号