ᠮᠠᠨ ᠤ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠭᠰᠡᠨ ᠬᠡᠷᠡᠭ ᠤᠨ ᠵᠢᠱᠢᠶ᠎ᠡ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠦᠭᠰᠡᠨ ᠬᠡᠷᠡᠭ ᠤᠨ ᠨᠡᠷᠡᠰ ᠤᠨ ᠵᠢᠭᠰᠠᠭᠠᠯᠲᠠ ᠳᠤ ᠤᠷᠤᠪᠠ
ᠨᠡᠶᠢᠲᠡᠯᠡᠭᠰᠡᠨ ᠴᠠᠭ᠄
2023/12/26
     ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠤᠭᠠᠲᠤ ᠬᠤᠷᠠᠯ ᠤᠨ ᠬᠢᠨ 2023 ᠣᠨ ᠤ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠵᠦ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠶᠢᠨ ᠨᠡᠷᠡᠰ ᠢ ᠨᠡᠶᠢᠲᠡᠯᠡᠵᠦ᠂ ᠮᠠᠨ ᠤ ᠬᠤᠳᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠭᠰᠡᠨ ︽ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯ ᠤᠨ ᠲᠠᠪᠴᠠᠩ ᠢ ᠪᠠᠶᠢᠭᠤᠯᠵᠤ ᠠᠷᠠᠳ ᠤᠨ ᠲᠥᠯᠥᠭᠡ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠬᠦᠯᠦᠶ᠎ᠡ— ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠠᠵᠢᠯ ᠥᠷᠨᠢᠭᠦᠯᠬᠦ ᠲᠤᠬᠠᠢ ᠰᠦᠪᠡᠭᠴᠢᠯᠡᠯᠲᠡ ᠪᠠ ᠦᠢᠯᠡᠳᠦᠯᠭᠡ︾ ᠭᠡᠬᠦ ᠬᠡᠷᠡᠭ ᠤᠨ ᠵᠢᠱᠢᠶ᠎ᠡ ᠨᠡᠷᠡᠰ ᠤᠨ ᠵᠢᠭᠰᠠᠭᠠᠯᠲᠠ ᠳᠤ ᠤᠷᠤᠪᠠ᠃      ᠣᠶᠢᠷ᠎ᠠ ᠶᠢᠨ ᠵᠢᠯ ᠠᠴᠠ ᠨᠠᠰᠢ᠂ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ  ᠨᠢ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠳᠤᠮᠳᠠ ᠲᠤᠯᠭᠠᠷᠠᠭᠰᠠᠨ ᠡᠯ᠎ᠡ ᠲᠥᠷᠥᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠣᠨᠴᠠᠯᠢᠭ ᠢ ᠳ᠋ᠦᠩᠨᠡᠬᠦ᠂ ᠦᠨᠳᠦᠰᠦᠨ ᠱᠠᠲᠤᠨ ᠤ ᠲᠤᠷᠰᠢᠯᠭ᠎ᠠ ᠶᠢ ᠪᠣᠯᠪᠠᠰᠤᠷᠠᠭᠤᠯᠬᠤ᠂ ᠲᠦᠭᠡᠮᠡᠯᠵᠢᠭᠦᠯᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠰᠤᠳᠤᠯᠭᠠᠨ ᠬᠢᠬᠦ᠂ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠵᠡᠷᠭᠡ ᠲᠠᠯ᠎ᠠ ᠪᠠᠷ ᠲᠤᠯᠭᠠᠷᠠᠭᠰᠠᠨ ᠬᠦᠴᠢᠷ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ᠂ ᠨᠡᠶᠢᠭᠡᠮ ᠤᠨ ᠰᠢᠨᠵᠢᠯᠡᠬᠦ ᠤᠬᠠᠭᠠᠨ ᠤ ᠣᠨᠣᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠪᠠᠷ ᠠᠵᠤ ᠠᠬᠤᠢ ᠨᠡᠶᠢᠭᠡᠮ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号