ᠮᠠᠨ ᠤ ᠬᠤᠲᠠ ᠡᠨᠡ ᠵᠢᠯ ᠤᠨ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠠᠵᠢᠯ ᠤᠨ ᠡᠭᠦᠷᠭᠡ ᠪᠠᠨ ᠪᠡᠶᠡᠯᠡᠭᠦᠯᠪᠡ
ᠨᠡᠶᠢᠲᠡᠯᠡᠭᠰᠡᠨ ᠴᠠᠭ᠄
2023/12/28
     ᠡᠨᠡ ᠵᠢᠯ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠳᠠ ᠶᠢᠨ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ 2482 ᠢᠵᠢ ᠡᠭᠦᠷᠭᠡ ᠪᠠᠭᠤᠯᠭᠠᠵᠤ᠂ ᠮᠠᠨ ᠤ ᠬᠤᠳᠠ ᠵᠢᠯ ᠤᠨ ᠳᠣᠲᠣᠷ᠎ᠠ 2538 ᠢᠵᠢ ᠠᠵᠢᠯ ᠡᠬᠢᠯᠡᠭᠦᠯᠵᠦ᠂ ᠵᠢᠯ ᠤᠨ ᠬᠠᠷᠠᠯᠳᠠᠲᠤ ᠡᠭᠦᠷᠭᠡ ᠪᠠᠨ 102% ᠢᠶᠠᠷ ᠪᠡᠶᠡᠯᠡᠭᠦᠯᠪᠡ᠃      ᠬᠠᠶᠢᠷᠤᠪ ᠤᠨ ᠲᠣᠬᠤᠢ ᠶᠢᠨ ᠲᠣᠭᠤᠷᠢᠭ 1482 ᠢᠵᠢ ᠣᠷᠣᠨ ᠰᠠᠭᠤᠴᠠ ᠶᠢᠨ ᠡᠭᠦᠷᠭᠡ ᠶᠢ ᠪᠡᠶᠡᠯᠡᠬᠦᠯᠬᠦ  ᠪᠠᠷ ᠲᠦᠯᠦᠪᠯᠡᠵᠦ᠂ ᠮᠠᠨ ᠤ ᠬᠤᠳᠠ ᠥᠭᠡᠷᠡᠴᠢᠯᠡᠨ ᠪᠠᠶᠢᠭᠤᠯᠬᠤ ᠠᠷᠭ᠎ᠠ ᠬᠡᠯᠪᠡᠷᠢ ᠶᠢ ᠠᠪᠴᠤ᠂ ᠬᠠᠶᠢᠷᠤᠪ ᠤᠨ ᠲᠣᠬᠤᠢ ᠶᠢᠨ ᠲᠣᠭᠤᠷᠢᠭ ᠤᠨ ᠾᠧ ᠫᠢᠩ ᠵᠡᠭᠦᠨ ᠵᠡᠭᠡᠯᠢ ᠶᠢᠨ ᠳᠣᠯᠣᠳᠤᠭᠠᠷ ᠬᠦᠷᠰᠢ ᠵᠡᠷᠭᠡᠯᠡᠳᠡᠭᠡ᠂ ᠰᠢᠩ ᠹᠦ᠋ ᠨᠡᠶᠢᠭᠡᠮ ᠲᠣᠭᠤᠷᠢᠭ᠂ ᠬᠠᠶᠢᠪᠧᠢ ᠰᠠᠭᠤᠭᠠᠯᠢ ᠲᠣᠭᠤᠷᠢᠭ ᠵᠡᠷᠭᠡ ᠭᠤᠷᠪᠠᠨ ᠬᠡᠰᠡᠭ ᠲᠣᠭᠤᠷᠢᠭ ᠲᠤ ᠢᠵᠢ ᠪᠦᠷᠢᠨ ᠪᠤᠰᠤ ᠣᠷᠣᠨ ᠰᠠᠭᠤᠴᠠ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ᠵᠢᠯ ᠤᠨ ᠳᠣᠲᠣᠷ᠎ᠠ ᠪᠦᠬᠦᠨ ᠢ ᠠᠵᠢᠯ ᠡᠬᠢᠯᠡᠭᠦᠯᠪᠡ᠃      ᠬᠠᠶᠢᠨᠠᠨ ᠲᠣᠭᠤᠷᠢᠭ 1000 ᠢᠵᠢ ᠣᠷᠣᠨ ᠰᠠᠭᠤᠴᠠ ᠶᠢᠨ ᠡᠭᠦᠷᠭᠡ ᠶᠢ ᠪᠡᠶᠡᠯᠡᠬᠦᠯᠬᠦ ᠪᠠᠷ ᠲᠦᠯᠦᠪᠯᠡᠵᠦ᠂ ᠵᠢᠯ ᠤᠨ ᠳᠣᠲᠣᠷ᠎ᠠ ᠨᠢᠭᠡᠨᠲᠡ 1056 ᠢᠵᠢ ᠶᠢ ᠠᠵᠢᠯ ᠢ ᠡᠬᠢᠯᠡᠭᠦᠯᠵᠦ᠂ ᠡᠭᠦᠨ ᠳᠤ᠂ ᠵᠤᠭᠤᠰᠵᠢᠭᠤᠯᠤᠨ ᠲᠥᠪᠬᠢᠨᠡᠭᠦᠯᠬᠦ ᠠᠷᠭ᠎ᠠ ᠮᠠᠶ᠋ᠢᠭ ᠢᠶᠠᠷ 840 ᠢᠵᠢ ᠶᠢ ᠥᠭᠡᠷᠡᠴᠢᠯᠡᠨ ᠵᠠᠰᠠᠵᠤ᠂ ᠶᠢᠨ ᠬᠠᠢ ᠶᠤᠸᠠᠨ ᠤ ᠭᠤᠷᠪᠠᠳᠤᠭᠠᠷ ᠬᠤᠭᠤᠴᠠᠭᠠᠨ ᠤ 216 ᠢᠵᠢ ᠲᠥᠪᠬᠢᠨᠡᠭᠦᠯᠬᠦ ᠭᠡᠷ ᠪᠠᠶᠢᠰᠢᠩ ᠢ ᠰᠢᠨ᠎ᠡ ᠪᠠᠷ ᠪᠠᠶᠢᠭᠤᠯᠵᠤ᠂ ᠬᠠᠷᠠᠯᠳᠠᠲᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃      ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠡᠯ᠎ᠡ ᠲᠣᠭᠤᠷᠢᠭ ᠢ ᠵᠢᠯᠣᠭᠤᠳᠤᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠵᠠᠰᠠᠬᠤ ᠭᠤᠣᠯᠳᠠᠯᠭ᠎ᠠ ᠪᠠᠨ ᠬᠤᠲᠠ ᠶᠢᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ ᠪᠣᠯᠭᠠᠨ ᠬᠤᠪᠢᠷᠠᠭᠤᠯᠵᠤ᠂ ᠬᠤᠲᠠ ᠶᠢᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠤᠨ ᠰᠠᠭᠤᠷᠢ ᠲᠤᠭ᠎ᠠ ᠶᠢ ᠦᠨᠳᠦᠰᠦᠯᠡᠨ᠂ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠠᠷᠭ᠎ᠠ ᠰᠦᠪᠡᠭᠴᠢᠯᠡᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠨᠤᠷᠠᠭᠠᠵᠤ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ︵ᠥᠷᠭᠡᠳᠬᠡᠨ ᠪᠠᠶᠢᠭᠤᠯᠬᠤ᠂ ᠳᠠᠬᠢᠨ ᠪᠠᠶᠢᠭᠤᠯᠬᠤ︶᠂ ᠭᠠᠵᠠᠷ ᠬᠥᠳᠡᠯᠦᠯᠲᠡ ᠶᠢ ᠡᠰᠡᠷᠭᠦᠴᠡᠨ ᠪᠠᠬᠢᠵᠢᠭᠦᠯᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠥᠭᠡᠷᠡᠴᠢᠯᠡᠨ ᠵᠠᠰᠠᠬᠤ ᠶᠢ ᠬᠡᠷᠡᠭᠵᠢᠭᠦᠯᠪᠡ᠃ ᠡᠭᠦᠨ ᠤ ᠬᠠᠮᠲᠤ᠂ ᠡᠮᠦᠨᠡᠬᠢ ᠵᠢᠯ ᠤᠳ ᠤᠨ ᠲᠥᠯᠥᠪᠯᠡᠭᠡ ᠳᠤ ᠣᠷᠣᠭᠤᠯᠤᠭᠰᠠᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠨ ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号