ᠭᠤᠣᠯ ᠰᠡᠳᠦᠪᠲᠦ ᠬᠥᠮᠦᠵᠢᠯ᠄ ᠲᠠᠩ ᠢ ᠭᠤᠣᠯ ᠰᠡᠳᠦᠪᠲᠦ ᠬᠥᠮᠦᠵᠢᠯ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠪᠠᠶᠢᠴᠠᠭᠠᠨ ᠰᠣᠳᠣᠯᠣᠯᠳᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/12/28
     12 ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠶᠢᠷᠤᠪ ᠤᠨ ᠲᠣᠬᠤᠢ ᠲᠣᠭᠤᠷᠢᠭ ᠲᠤ ᠬᠦᠷᠴᠦ ᠭᠤᠣᠯ ᠰᠡᠳᠦᠪᠲᠦ ᠬᠥᠮᠦᠵᠢᠯ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠶᠢᠴᠠᠭᠠᠨ ᠰᠣᠳᠣᠯᠣᠯᠳᠠ ᠬᠢᠵᠦ ᠵᠢᠭᠠᠨ ᠵᠢᠯᠣᠭᠤᠳᠪᠠ᠃ ᠬᠤᠲᠠ ᠶᠢᠨ ᠤᠳᠤᠷᠢᠳᠤᠯᠭ᠎ᠠ ᠯᠢ ᠠᠩ᠂ ᠯᠢ ᠴᠦᠨ ᠰᠢᠶᠣᠣ ᠣᠷᠣᠯᠴᠠᠪᠡ᠃      ᠽᠢ ᠭᠤᠸᠠᠩ ᠶᠤᠸᠠᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠮᠦᠩᠬᠦᠨᠬᠤᠸᠠᠷ ᠰᠡᠯᠡᠭᠦᠴᠡᠯ ᠤᠨ ᠲᠠᠷᠢᠶᠠᠯᠠᠩ ᠤᠨ ᠬᠦᠷᠢᠶᠡᠯᠡᠩ ᠳᠤ᠂ ᠲᠠᠩ ᠢ ᠰᠡᠯᠡᠭᠦᠴᠡᠯ ᠤᠨ ᠲᠠᠷᠢᠶᠠᠯᠠᠩ ᠤᠨ ᠬᠥᠭᠵᠢᠯᠲᠡ᠂ ᠡᠪᠦᠯ ᠤᠨ ᠤᠯᠠᠷᠢᠯ ᠤᠨ ᠲᠦᠷᠦᠯ ᠵᠦᠢᠯ ᠤᠨ ᠡᠵᠡᠩᠨᠡᠯᠲᠡ ᠵᠡᠷᠭᠡ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠲᠤᠰ ᠭᠠᠵᠠᠷ ᠤᠨ ᠡᠬᠢ ᠪᠠᠶᠠᠯᠢᠭ᠂ ᠣᠷᠣᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠣᠨᠴᠠᠯᠢᠭᠲᠤ ᠰᠡᠯᠡᠭᠦᠴᠡᠯ ᠤᠨ ᠲᠠᠷᠢᠶᠠᠯᠠᠩ ᠪᠣᠯᠣᠨ ᠬᠥᠳᠡᠭᠡ ᠲᠣᠰᠬᠤᠨ ᠤ ᠵᠢᠭᠤᠯᠴᠢᠯᠠᠯ ᠤᠨ ᠪᠦᠲᠦᠭᠡᠭᠳᠡᠬᠦᠨ ᠢ ᠨᠠᠷᠢᠯᠢᠭ ᠡᠭᠦᠳᠴᠦ᠂ ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭᠠᠨ ᠤ ᠠᠭᠤᠰᠤᠯᠴᠠᠨ ᠬᠥᠭᠵᠢᠬᠦ ᠶᠢ ᠠᠬᠢᠭᠤᠯᠵᠤ᠂ ᠤᠯᠠᠨ ᠠᠷᠭ᠎ᠠ ᠵᠠᠮ ᠢᠶᠠᠷ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠬᠤ ᠬᠡᠷᠡᠭᠲᠡᠢ᠃ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠰᠡᠭᠦᠯᠴᠢ ᠶᠢᠨ ᠴᠠᠭ ᠦᠶ᠎ᠡ ᠶᠢᠨ ᠮᠥᠰᠥ ᠴᠠᠰᠤᠨ ᠤ ᠵᠢᠭᠤᠯᠴᠢᠯᠠᠯ ᠤᠨ ᠬᠥᠭᠵᠢᠯᠲᠡ ᠶᠢᠨ ᠠᠰᠢᠭᠲᠠᠢ ᠠᠵᠠ ᠲᠣᠬᠢᠶᠠᠯ ᠢ ᠴᠢᠩᠭ᠎ᠠ ᠠᠳᠬᠤᠵᠤ᠂ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠤᠨ ᠪᠣᠷᠤᠯᠠᠭᠤᠯᠭ᠎ᠠ ᠪᠠᠨ ᠰᠠᠶᠢᠲᠤᠷ ᠬᠢᠵᠦ᠂ ᠮᠥᠰᠥ ᠴᠠᠰᠤᠨ ᠤ ᠵᠢᠭᠤᠯᠴᠢᠯᠠᠯ ᠤᠨ ᠦᠵᠡᠮᠵᠢ ᠪᠠᠨ ᠪᠠᠶᠠᠯᠢᠭᠵᠢᠭᠤᠯᠵᠤ᠂ ︽ᠠᠷᠪᠠᠨ ᠲᠦᠷᠪᠡᠳᠡᠬᠢ ᠡᠪᠦᠯ ᠤᠨ ᠲᠠᠮᠢᠷ ᠤᠨ ᠴᠤᠭᠯᠠᠭᠠᠨ︾ ᠢ ᠤᠭᠲᠤᠬᠤ ᠳᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠡᠢ᠃      ᠳᠠᠷᠠᠭ᠎ᠠ ᠳᠤᠨᠢ᠂ ᠲᠠᠩ ᠢ ᠤᠷᠢᠳ ᠬᠤᠵᠢᠳ ᠶᠠᠳᠠᠭᠤ ᠠᠴᠠ ᠠᠩᠭᠢᠵᠢᠷᠠᠭᠰᠠᠨ ᠡᠷᠦᠬᠡ ᠵᠤᠤ ᠽᠢ ᠴᠢᠩ ᠪᠣᠯᠣᠨ ᠰᠣ᠋ ᡁᠢ ᠯᠢᠶᠠᠨ ᠤ ᠭᠡᠷ ᠲᠤ ᠬᠦᠷᠴᠦ᠂ ᠳᠡᠳᠡᠨ ᠲᠠᠢ ᠶᠠᠷᠢᠯᠴᠠᠵᠤ᠂ ᠭᠡᠷ ᠤᠨ ᠵᠤᠭᠤᠭ ᠲᠡᠯᠬᠡᠵᠦ᠂ ᠡᠪᠦᠯ ᠤᠨ ᠤᠯᠠᠷᠢᠯ ᠤᠨ ᠳᠤᠯᠠᠭᠠᠯᠠᠭ᠎ᠠ᠂ ᠦᠢᠯᠡᠳᠪᠦᠷᠢᠯᠡᠯ ᠠᠮᠢᠳᠤᠷᠠᠯ ᠵᠡᠷᠭᠡ ᠪᠠᠶᠢᠳᠠᠯ ᠢ ᠨᠢ ᠨᠠᠷᠢᠨ ᠠᠰᠠᠭᠤᠵᠤ᠂ ᠳᠡᠳᠡᠨ ᠤ ᠭᠡᠷ ᠪᠦᠯᠢ ᠶᠢᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠨᠢ ᠤᠶᠢᠯᠠᠭᠠᠪᠠ᠃ ᠲᠡᠷᠡ ᠬᠡᠯᠡᠭᠰᠡᠨ ᠨᠢ᠂ ᠣᠳᠣᠬᠠᠨ ᠤ ᠰᠠᠶᠢᠨ ᠠᠮᠢᠳᠤᠷᠠᠯ ᠨᠠᠮ ᠤᠨ ᠤᠳᠤᠷᠢᠳᠤᠯᠭ᠎ᠠ ᠪᠣᠯᠣᠨ ᠨᠠᠮ ᠤᠨ ᠰᠠᠶᠢᠨ ᠲᠦᠷᠦ ᠶᠢᠨ ᠪᠣᠳᠣᠯᠭ᠎ᠠ ᠠᠴᠠ ᠰᠠᠯᠵᠤ ᠴᠢᠳᠠᠬᠤ ᠦᠭᠡᠢ᠂ ᠤᠳᠤ ᠡᠶᠢᠮᠦ ᠰᠠᠶᠢᠨ ᠲᠦᠷᠦ ᠶᠢᠨ ᠪᠣᠳᠣᠯᠭ᠎ᠠ ᠪᠣᠯᠣᠨ ᠨᠥᠬᠦᠴᠡᠯ ᠲᠠᠢ ᠪᠠᠶᠢᠨ᠎ᠠ᠂ ᠤᠯᠠᠨ ᠢᠶᠠᠷ ᠢᠶᠠᠨ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠵᠤ᠂ ᠬᠠᠨᠴᠤᠢ ᠰᠢᠮᠠᠯᠠᠨ ᠴᠢᠷᠮᠠᠶᠢᠨ ᠠᠵᠢᠯᠯᠠᠵᠤ᠂ ᠠᠮᠢᠳᠤᠷᠠᠯ ᠢᠶᠠᠨ ᠤᠯᠠᠮ ᠠᠴᠠ ᠤᠯᠠᠮ ᠬᠥᠭᠵᠢᠶᠡᠨᠲᠡᠢ ᠪᠣᠯᠭᠠᠬᠤ ᠬᠡᠷᠡᠭᠲᠡᠢ ᠭᠡᠵᠡᠢ᠃      ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠰᠡᠳᠦᠪᠲᠦ ᠬᠥᠮᠦᠵᠢᠯ ᠢ ᠪᠣᠳᠠᠲᠠᠢ ᠠᠳᠬᠤᠭᠰᠠᠨ ᠡᠰᠡᠬᠦ᠂ ᠥᠷᠨᠢᠭᠦᠯᠦᠭᠰᠡᠨ ᠦᠷ᠎ᠡ ᠪᠦᠲᠦᠮᠵᠢ ᠨᠢ ᠰᠠᠶᠢᠨ ᠡᠰᠡᠬᠦ ᠶᠢ ᠲᠠᠩ ᠢ ᠲᠤᠶᠢᠯ ᠢᠶᠠᠷ ᠠᠩᠬᠠᠷᠴᠤ ᠪᠠᠶᠢᠪᠠ᠃ ᠲᠡᠷᠡ ᠴᠡᠭᠡᠯ ᠠᠭᠤᠯᠠ ᠪᠠᠯᠭᠠᠰᠤᠨ ᠤ ᠪᠠᠶᠠᠬᠤᠰᠣ ᠲᠣᠰᠬᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠲᠠᠢ ᠬᠠᠮᠲᠤ ᠰᠠᠭᠤᠵᠤ᠂ ᠨᠢᠭᠤᠷᠳᠠᠨ ᠶᠠᠷᠢᠯᠴᠠᠵᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ︽ᠦᠵᠡᠯ ᠰᠠᠨᠠᠭ᠎ᠠ ᠶᠢ ᠰᠤᠷᠤᠯᠴᠠᠬᠤ︾ ᠶᠢ ᠲᠡᠷᠢᠭᠦᠨ ᠴᠢᠬᠤᠯᠠ ᠡᠭᠦᠷᠭᠡ ᠪᠣᠯᠭᠠᠨ ᠭᠤᠣᠯ ᠰᠡᠳᠦᠪᠲᠦ ᠬᠥᠮᠦᠵᠢᠯ ᠳᠤ ᠢᠮᠠᠭᠲᠠ ᠲᠤᠤᠱᠯᠠᠭᠤᠯᠵᠤ᠂ ᠤᠨᠤᠯ ᠤᠨ ᠰᠤᠷᠤᠯᠴᠠᠯᠭ᠎ᠠ ᠪᠠᠨ ᠪᠣᠳᠠᠲᠠᠢ ᠠᠵᠢᠯ ᠲᠠᠢ ᠪᠠᠨ ᠣᠷᠭᠠᠨᠢᠭ ᠢᠶᠠᠷ ᠤᠶᠠᠯᠳᠤᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠵᠢᠯ ᠢᠶᠠᠨ ᠥᠷᠨᠢᠭᠦᠯᠵᠦ᠂ ᠭᠤᠣᠯ ᠰᠡᠳᠦᠪᠲᠦ ᠬᠥᠮᠦᠵᠢᠯ ᠢ ᠭᠦᠨᠵᠡᠭᠡᠢ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠤᠶᠤᠨ ᠴᠢᠳᠠᠯ ᠢᠶᠠᠨ ᠲᠥᠪᠯᠡᠷᠡᠭᠦᠯᠦᠨ ᠤᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ᠂ ᠲᠤᠰᠬᠠᠯ ᠴᠢᠩᠭ᠎ᠠ ᠪᠠᠶᠢᠭ᠎ᠠ ᠨᠢᠭᠡ ᠪᠦᠯᠦᠭ ᠠᠰᠠᠭᠤᠳᠠᠯ ᠢ ᠰᠢᠢᠳᠪᠦᠷᠢᠯᠡᠵᠦ᠂ ᠨᠠᠮ ᠤᠯᠠᠨ ᠲᠦᠮᠡᠨ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠤᠯᠠᠮ ᠴᠢᠨᠠᠭᠰᠢᠳᠠ ᠨᠢᠭᠲᠠᠷᠠᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠤᠷᠢᠶᠠᠯᠠᠬᠤ ᠬᠦᠴᠦᠨ ᠢ ᠨᠢ ᠴᠢᠩᠭᠠᠳᠬᠠᠬᠤ ᠬᠡᠷᠡᠭᠲᠡᠢ᠃ ︽ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠡᠭᠦᠷᠢᠳᠡ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠣᠳ ᠪᠡᠶ᠎ᠡ ᠪᠠᠷ ᠢᠶᠠᠨ ᠬᠡᠷᠡᠭᠵᠢᠭᠦᠯᠵᠦ᠂ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠢᠯᠪᠠᠷ ᠣᠶᠢᠯᠠᠭᠠᠮᠵᠢᠲᠠᠢ ᠦᠭᠡ ᠬᠡᠯᠡ ᠪᠠ ᠠᠮᠢᠳᠤ ᠰᠣᠷᠭᠤᠭ ᠪᠣᠳᠠᠲᠤ ᠵᠢᠱᠢᠶ᠎ᠡ ᠪᠠᠷ ᠨᠠᠮ ᠤᠨ ᠰᠠᠶᠢᠨ ᠲᠦᠷᠦ ᠶᠢᠨ ᠪᠣᠳᠣᠯᠭ᠎ᠠ ᠶᠢᠨ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠠᠪᠴᠢᠷᠠᠵᠤ ᠥᠭᠭᠦᠭᠰᠡᠨ ᠰᠠᠶᠢᠨ ᠰᠠᠶᠢᠬᠠᠨ ᠠᠮᠢᠳᠤᠷᠠᠯ ᠢ ᠲᠣᠳᠣᠷᠬᠠᠢ ᠶᠠᠷᠢᠵᠤ᠂ ︽ᠲᠠᠪᠤᠨ ᠪᠠᠳᠠᠭ ᠦᠭᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠤᠯᠠᠨ ᠲᠦᠮᠡᠨ ᠤ ᠰᠡᠳᠬᠢᠯ ᠳᠤ ᠶᠠᠷᠢᠵᠤ᠂ ᠤᠯᠠᠨ ᠲᠦᠮᠡᠨ ᠳᠤ ᠨᠠᠮ ᠤᠨ ᠠᠴᠢ ᠶᠢ ᠦᠨᠡᠨᠬᠦ ᠮᠡᠳᠡᠭᠦᠯᠵᠦ᠂ ᠨᠠᠮ ᠤᠨ ᠠᠴᠢ ᠶᠢ ᠦᠨᠡᠨ ᠰᠡᠳᠭᠢᠯ ᠠᠴᠠ ᠪᠠᠨ ᠬᠠᠷᠢᠭᠤᠯᠵᠤ᠂ ᠨᠠᠮ ᠤᠨ ᠦᠭᠡ ᠶᠢ ᠦᠨᠡᠨ ᠰᠡᠳᠬᠢᠯ ᠠᠴᠠ ᠪᠠᠨ ᠰᠣᠨᠣᠰᠴᠤ᠂ ᠨᠠᠮ ᠢᠶᠠᠨ ᠡᠭᠦᠷᠢᠳᠡ ᠲᠠᠭᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号