ᠼᠦᠢ ᠵᠢᠩ ᠶᠢᠩ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠵᠢᠴᠢ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠠᠵᠢᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2023/12/29
     ᠰᠢᠨ᠎ᠡ ᠵᠢᠯ ᠤᠨ ᠠᠮᠠᠷᠠᠯᠲᠠ ᠶᠢᠨ ᠬᠤᠭᠤᠴᠠᠭ᠎ᠠ ᠬᠦᠷᠴᠦ ᠢᠷᠡᠬᠦ ᠲᠠᠰᠢᠷᠠᠮ ᠢᠶᠠᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠠᠶᠢᠷᠤᠪ ᠤᠨ ᠲᠣᠬᠤᠢ ᠲᠣᠭᠤᠷᠢᠭ ᠲᠤ ᠬᠦᠷᠴᠦ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠵᠢᠴᠢ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠠᠵᠢᠯ ᠳᠤ ᠪᠠᠶᠢᠴᠠᠭᠠᠨ ᠰᠣᠳᠣᠯᠣᠯᠳᠠ ᠬᠢᠪᠡ᠃       ᠲᠠᠭᠠᠭᠠᠴᠢᠯᠠᠨ ᠪᠠᠲᠤᠯᠠᠬᠤ ᠠᠵᠤ ᠠᠬᠤᠶᠢᠯᠠᠯ ᠪᠤᠯᠬᠤ ᠰᠢᠨ ᠪᠠᠢ ᠬᠡᠯᠬᠢᠶᠡᠲᠤ ᠴᠢᠯᠦᠭᠡᠲᠤ ᠳᠡᠯᠭᠡᠭᠦᠷ ᠤᠨ ᠸᠠᠨ ᠳ᠋ᠠ ᠲᠠᠯᠠᠪᠠᠢ ᠳᠡᠯᠭᠡᠭᠦᠷ ᠲᠤ᠂ ᠼᠦᠢ ᠵᠢᠩ ᠶᠢᠩ ᠶᠠᠪᠤᠬᠤ ᠶᠢᠨ ᠳᠠᠭᠠᠤ ᠦᠵᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠢᠳᠡᠰᠢᠨ ᠨᠣᠭᠤᠭ᠎ᠠ᠂ ᠵᠢᠮᠢᠰ᠂ ᠮᠢᠬᠠᠨ ᠤ ᠵᠦᠢᠯ ᠵᠡᠷᠭᠡ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠠᠸᠠᠷ ᠤᠨ ᠦᠨ᠎ᠡ ᠬᠠᠩᠰᠢ ᠪᠣᠯᠣᠨ ᠶᠠᠰᠤ ᠴᠢᠨᠠᠷ ᠤᠨ ᠪᠠᠶᠢᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠢᠳᠡᠭᠡᠨ ᠤ ᠠᠮᠤᠷ ᠲᠦᠪᠰᠢᠨ᠂ ᠭᠠᠯ ᠰᠡᠷᠭᠡᠶᠢᠯᠡᠬᠦ ᠠᠮᠤᠷ ᠲᠦᠪᠰᠢᠨ᠂ ᠪᠠᠷᠠᠭᠠᠨ ᠤ ᠦᠨ᠎ᠡ ᠲᠣᠭᠲᠠᠭᠤᠨ᠂ ᠲᠠᠸᠠᠷ ᠤᠨ ᠬᠠᠩᠭᠠᠯᠭ᠎ᠠ ᠵᠡᠷᠭᠡ ᠪᠠᠶᠢᠳᠠᠯ ᠢ ᠨᠢ ᠨᠠᠷᠢᠨ ᠬᠢᠨᠠᠮᠠᠭᠠᠢ ᠪᠠᠶᠢᠴᠠᠭᠠᠪᠠ᠃      ᠼᠦᠢ ᠵᠢᠩ ᠶᠢᠩ ᠬᠡᠯᠡᠭᠰᠡᠨ ᠨᠢ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽2024 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠦᠬᠦᠢ ᠠᠵᠢᠯ ᠢᠶᠠᠨ ᠰᠠᠶᠢᠲᠤᠷ ᠬᠢᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠶ᠎ᠠ ᠣᠷᠣᠨ ᠤ ᠬᠠᠮᠢᠶᠠᠷᠤᠯᠲᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠪᠥᠭᠡᠳ ᠪᠣᠳᠠᠲᠠᠶᠢᠵᠢᠭᠤᠯᠵᠤ᠂ ᠬᠥᠮᠥᠨ ᠬᠠᠷ᠎ᠠ ᠨᠢᠭᠲᠠᠷᠠᠨ ᠴᠤᠭᠯᠠᠷᠠᠬᠤ ᠭᠠᠵᠠᠷ ᠲᠠᠯᠠᠪᠤᠷ᠂ ᠨᠣᠴᠣᠮᠠᠲᠠᠭᠠᠢ ᠳᠡᠯᠪᠡᠷᠡᠮᠡᠲᠡᠭᠡᠢ ᠭᠠᠵᠠᠷ ᠲᠠᠯᠠᠪᠤᠷ᠂ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠠᠬᠤᠶᠢᠯᠠᠯ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠪᠠᠨ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠴᠢᠩᠭ᠎ᠠ ᠰᠡᠷᠭᠡᠶᠢᠯᠡᠬᠦ ᠬᠡᠷᠡᠭᠲᠡᠢ᠃ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ  ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠢᠳᠡᠭᠡᠨ ᠪᠣᠯᠪᠠᠰᠤᠷᠠᠭᠤᠯᠬᠤ᠂ ᠲᠡᠭᠡᠭᠡᠪᠦᠷᠢᠯᠡᠬᠦ᠂ ᠬᠤᠳᠠᠯᠳᠤᠨ ᠠᠪᠬᠤ ᠡᠯ᠎ᠡ ᠪᠣᠭᠤᠮᠲᠠ ᠶᠢ ᠰᠠᠶᠢᠲᠤᠷ ᠰᠠᠬᠢᠵᠤ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠤᠪᠢᠷᠠᠯᠲᠠ ᠶᠢ ᠨᠢᠭᠲᠠ ᠠᠩᠬᠠᠷᠴᠤ᠂ ᠠᠮᠤ ᠪᠤᠳᠠᠭ᠎ᠠ ᠲᠣᠰᠣ ᠮᠢᠬ᠎ᠠ ᠥᠨᠳᠡᠭᠡ ᠰᠦ ᠵᠢᠮᠢᠰ ᠨᠣᠭᠤᠭ᠎ᠠ ᠵᠡᠷᠭᠡ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠠᠩᠭᠠᠯᠭ᠎ᠠ ᠶᠢ ᠪᠠᠲᠤᠯᠠᠬᠤ  ᠪᠠᠨ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠬᠦᠷᠢᠶᠡᠨ ᠤ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠲᠡᠭᠡᠭᠡᠪᠦᠷᠢ ᠶᠢᠨ ᠪᠠᠲᠤᠯᠠᠭ᠎ᠠ ᠪᠠᠨ ᠰᠠᠶᠢᠲᠤᠷ ᠬᠢᠵᠦ᠂ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠶᠢ ᠰᠠᠭᠠᠳ ᠦᠭᠡᠢ ᠨᠠᠪᠲᠠᠷᠡᠭᠦᠯᠵᠦ᠂ ᠲᠤᠭ᠎ᠠ ᠬᠡᠮᠵᠢᠶ᠎ᠡ ᠭᠦᠢᠴᠡᠳ᠂ ᠲᠦᠷᠦᠯ ᠵᠦᠢᠯ ᠡᠯᠪᠡᠭ ᠪᠠᠶᠠᠯᠢᠭ᠂ ᠶᠠᠰᠤ ᠴᠢᠨᠠᠷ ᠰᠠᠨᠠᠭ᠎ᠠ ᠠᠮᠤᠷ᠂ ᠦᠨ᠎ᠡ ᠬᠠᠩᠰᠢ ᠲᠣᠭᠲᠠᠭᠤᠨ ᠪᠠᠶᠢᠬᠤ ᠶᠢ ᠪᠠᠲᠤᠯᠠᠵᠤ᠂ ᠤᠯᠠᠨ ᠲᠦᠮᠡᠨ ᠤ ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号