ᠬᠤᠲᠠ ᠶᠢᠨ ᠵᠠᠰᠠᠭ ᠤᠨ ᠣᠷᠳᠣᠨ ᠤ 2023 ᠣᠨ ᠤ 30 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/29
     12 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2023 ᠣᠨ ᠤ 30 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠵᠢᠭᠠᠪᠤᠷᠢ ᠪᠠ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2023 ᠣᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠪᠠ 2024 ᠣᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠰᠢᠨ᠎ᠡ ᠴᠠᠭ ᠦᠶ᠎ᠡ ᠰᠢᠨ᠎ᠡ ᠠᠶᠠᠨ ᠵᠠᠮ ᠤᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠶᠡᠷᠦᠩᠬᠡᠢ ᠭᠠᠷᠳᠠᠴᠠ ᠪᠣᠯᠭᠠᠵᠤ᠂ ᠢᠷᠡᠬᠦ ᠵᠢᠯ ᠤᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠵᠦᠢᠯ ᠳᠠᠷᠠᠭᠠᠯᠠᠨ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ︽ᠮᠢᠩᠭᠠᠨ ᠲᠤᠰᠬᠤᠨ ᠵᠢᠱᠢᠶ᠎ᠡ ᠦᠵᠡᠬᠦᠯᠵᠦ ᠲᠦᠮᠡ ᠲᠤᠰᠬᠤᠨ ᠢ ᠴᠡᠭᠴᠡᠯᠡᠨ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠢ ᠰᠤᠷᠤᠯᠴᠠᠨ ᠬᠡᠷᠡᠭᠯᠡᠵᠦ᠂ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠢᠶᠠᠨ ᠲᠣᠪᠣᠶᠢᠮ᠎ᠠ ᠰᠠᠶᠢᠲᠤᠷ ᠠᠳᠬᠤᠵᠤ᠂ ᠲᠠᠷᠢᠶᠠᠯᠠᠩ ᠤᠨ ᠭᠠᠷᠤᠯᠲᠠ ᠶᠢ ᠲᠣᠭᠲᠠᠪᠤᠷᠢᠵᠢᠭᠤᠯᠤᠨ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ᠂ ᠬᠥᠳᠡᠭᠡ ᠲᠣᠰᠬᠤᠨ ᠤ ᠲᠣᠭᠲᠠᠭᠤᠨ ᠠᠮᠤᠷ ᠲᠦᠪᠰᠢᠨ ᠪᠠᠶᠢᠬᠤ ᠶᠢ ᠠᠬᠢᠭᠤᠯᠬᠤ ᠬᠡᠷᠡᠭᠳᠡᠢ᠃ ᠬᠦᠴᠦ ᠪᠠᠨ ᠲᠥᠪᠯᠡᠷᠡᠭᠦᠯᠦᠨ ᠠᠵᠤ ᠦᠢᠯᠡᠰ ᠢ ᠠᠳᠬᠤᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠦᠨᠡᠰᠦᠨ ᠤ ᠤᠭᠤᠲᠠ︾ ︽ᠨᠣᠭᠤᠭ᠎ᠠ ᠶᠢᠨ ᠰᠠᠭᠰᠤ︾ ᠶᠢ ᠰᠠᠶᠢᠲᠤᠷ ᠬᠠᠮᠠᠭᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠵᠦ᠂ ᠲᠥᠬᠦᠭᠡᠷᠦᠮᠵᠢᠲᠦ ᠲᠠᠷᠢᠶᠠᠯᠠᠩ ᠵᠡᠷᠭᠡ ᠲᠦᠷᠦᠯ ᠵᠦᠢᠯ ᠢ ᠰᠠᠶᠢᠲᠤᠷ ᠠᠳᠬᠤᠵᠤ᠂ ᠦᠵᠦᠮ ᠤᠨ ᠪᠦᠬᠦ ᠠᠵᠤ ᠦᠢᠯᠡᠰ ᠤᠨ ᠬᠡᠯᠬᠢᠶ᠎ᠡ ᠪᠠᠨ ᠨᠠᠷᠢᠯᠢᠭ ᠰᠠᠶᠢᠨ ᠪᠡᠶᠡᠯᠡᠬᠦᠯᠦᠨ ᠰᠢᠯᠢᠳᠡᠭᠵᠢᠭᠦᠯᠵᠦ᠂ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠢᠶᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠳᠤᠲᠠᠭᠤᠳᠠᠯ ᠢᠶᠠᠨ ᠨᠥᠬᠦᠪᠦᠷᠢᠯᠡᠨ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠨᠢᠭᠡᠨᠲᠡ ᠪᠠᠶᠢᠭᠤᠯᠤᠭᠰᠠᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ 4 ᠵᠢᠱᠢᠶ᠎ᠡ ᠦᠵᠡᠭᠦᠯᠬᠦ ᠣᠷᠣᠨ ᠢ ᠪᠠᠬᠢᠵᠢᠭᠦᠯᠦᠨ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ 2 ᠵᠢᠱᠢᠶ᠎ᠡ ᠦᠵᠡᠭᠦᠯᠬᠦ ᠣᠷᠣᠨ ᠢ ᠥᠨᠳᠥᠷ ᠪᠠᠷᠢᠮᠵᠢᠶ᠎ᠠ ᠪᠠᠷ ᠰᠢᠨ᠎ᠡ ᠪᠠᠷ ᠪᠠᠶᠢᠭᠤᠯᠵᠤ᠂ ᠠᠮᠢᠳᠤᠷᠠᠯ ᠤᠨ ᠪᠣᠬᠢᠷ ᠤᠰᠤ ᠪᠠ ᠬᠤᠭ ᠨᠣᠪᠰᠢ ᠶᠢ ᠵᠠᠰᠠᠬᠤ᠂ ᠠᠶᠢᠯ ᠲᠣᠰᠬᠤᠨ ᠢ ᠴᠡᠪᠡᠷᠯᠡᠬᠦ ᠠᠵᠢᠯᠯᠠᠭ᠎ᠠ ᠪᠠ ᠨᠣᠭᠤᠭᠠᠷᠠᠭᠤᠯᠵᠤ ᠭᠤᠶᠣᠵᠢᠭᠤᠯᠬᠤ ᠵᠡᠷᠭᠡ ᠳᠤᠲᠠᠭᠤᠳᠠᠯ ᠢᠶᠠᠨ ᠨᠥᠬᠦᠪᠦᠷᠢᠯᠡᠬᠦ ᠢᠨᠵᠧᠨᠧᠷᠢᠩ ᠢ ᠰᠠᠶᠢᠲᠤᠷ ᠠᠳᠬᠤᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠬᠤᠷᠢᠶ᠎ᠠ ᠪᠠ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠤᠶᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠶᠡᠷᠦᠩᠬᠡᠢ ᠬᠥᠭᠵᠢᠯᠲᠡ ᠶᠢᠨ ᠰᠡᠳᠬᠢᠴᠡ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠢᠭᠡ ᠴᠣᠭᠴᠠ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠡᠨᠡ ᠬᠦ ᠭᠤᠣᠯ ᠰᠢᠵᠢᠮ ᠢ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠳᠤ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾᠂ ᠳᠣᠯᠣᠭᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠣᠨᠣᠪᠴᠢᠲᠠᠶ ᠡᠵᠡᠮᠰᠢᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠬᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢᠶᠠᠨ ᠨᠡᠩ ᠶᠡᠭᠡ ᠡᠷᠴᠢᠮ ᠢᠶᠠᠷ ᠰᠠᠶᠢᠲᠤᠷ ᠠᠳᠬᠤᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠬᠠᠢ ᠳᠤ ᠨᠠᠶᠢᠳᠠᠪᠤᠷᠢᠵᠢᠭᠤᠯᠤᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠵᠦ ᠲᠣᠬᠢᠷᠠᠭᠤᠯᠬᠤ  ᠪᠠᠨ ᠴᠢᠩᠭᠠᠳᠬᠠᠵᠤ᠂ ︽ᠠᠷᠪᠠᠨ ᠡᠳᠦᠷ ᠢᠶᠠᠷ ᠲᠣᠬᠢᠷᠠᠭᠤᠯᠬᠤ︾ ᠲᠣᠭᠲᠠᠴᠠ ᠶᠢ ᠰᠠᠶᠢᠲᠤᠷ ᠬᠡᠷᠡᠭᠯᠡᠵᠦ᠂ ᠠᠷᠪᠠᠨ ᠡᠳᠦᠷ ᠢᠶᠠᠷ ᠰᠠᠷ᠎ᠠ ᠶᠢ ᠪᠠᠲᠤᠯᠠᠬᠤ᠂ ᠰᠠᠷ᠎ᠠ ᠪᠠᠷ ᠤᠯᠠᠷᠢᠯ ᠢ ᠪᠠᠲᠤᠯᠠᠬᠤ᠂ ᠤᠯᠠᠷᠢᠯ ᠢᠶᠠᠷ ᠵᠢᠯ ᠢ ᠪᠠᠲᠤᠯᠠᠬᠤ ᠶᠢ ᠪᠡᠶᠡᠯᠡᠭᠦᠯᠵᠦ᠂ ᠠᠵᠤ ᠠᠬᠤᠢ ᠶᠢᠨ ᠠᠵᠢᠯᠯᠠᠭᠠᠨ ᠤ ᠵᠣᠬᠢᠰᠲᠠᠢ ᠣᠷᠣᠨ ᠵᠠᠢ ᠳᠤ ᠪᠠᠶᠢᠬᠤ ᠶᠢ ᠪᠠᠲᠤᠯᠠᠵᠤ᠂ ᠡᠨᠡ ᠵᠢᠯ ᠤᠨ ᠠᠵᠢᠯ ᠢᠶᠠᠨ ᠰᠠᠶᠢᠲᠤᠷ ᠬᠢᠵᠦ᠂ ᠢᠷᠡᠬᠦ ᠵᠢᠯ ᠤᠨ ᠠᠵᠢᠯ ᠢᠶᠠᠨ ᠰᠠᠶᠢᠲᠤᠷ ᠡᠬᠢᠯᠡᠭᠦᠯᠬᠦ ᠶᠢ ᠪᠠᠲᠤᠯᠠᠬᠤ ᠬᠡᠷᠡᠭᠲᠡᠢ᠃ ᠠᠵᠢᠯ ᠤᠨ ᠰᠤᠷᠲᠠᠯ ᠢᠶᠠᠨ ᠦᠷᠭᠦᠯᠵᠢᠯᠡᠨ ᠬᠤᠪᠢᠷᠠᠭᠤᠯᠵᠤ᠂ ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ︾ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠵᠡᠷᠭᠡ ᠠᠰᠠᠭᠤᠳᠠᠯ ᠢᠶᠠᠨ ᠲᠦᠷᠭᠡᠨ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠤᠨ ᠬᠤᠷᠳᠤᠴᠠ ᠪᠠᠨ ᠲᠦᠷᠭᠡᠳᠬᠡᠬᠦ᠂ ᠶᠠᠰᠤ ᠴᠢᠨᠠᠷ ᠢᠶᠠᠨ ᠰᠠᠶᠢᠵᠢᠷᠠᠭᠤᠯᠬᠤ᠂ ᠦᠷ᠎ᠡ ᠪᠦᠲᠦᠮᠵᠢ  ᠪᠠᠨ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠬᠤ ᠠᠵᠢᠯ ᠤᠨ ︽ᠲᠥᠪᠯᠡᠷᠡᠭᠦᠯᠦᠨ ᠪᠣᠭᠤᠮᠲᠠ ᠰᠢᠪᠲᠤᠯᠬᠤ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠢᠭᠡ ᠠᠴᠠ ᠵᠦᠢᠴᠢᠯᠡᠵᠦ ᠨᠥᠭᠦᠭᠡ ᠶᠢ ᠮᠡᠳᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠬᠦ ᠠᠰᠠᠭᠤᠳᠠᠯ ᠨᠡᠮᠡᠭᠳᠡᠬᠦ ᠠᠴᠠ ᠡᠷᠡᠰ ᠵᠠᠶᠢᠯᠠᠰᠬᠢᠬᠦ ᠬᠡᠷᠡᠭᠲᠡᠢ᠃ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠠᠶᠤᠯᠭᠦᠢ ᠦᠢᠯᠡᠳᠪᠦᠷᠢᠯᠡᠯ᠂ ᠠᠷᠠᠳ ᠤᠨ ᠠᠮᠢᠳᠤᠷᠠᠯ ᠢ ᠪᠠᠲᠤᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠵᠡᠷᠭᠡ ᠡᠯ᠎ᠡ ᠵᠦᠢᠯ ᠤᠨ ᠠᠵᠢᠯ ᠢᠶᠠᠨ ᠭᠦᠨᠵᠡᠭᠡᠢ ᠨᠠᠷᠢᠨ ᠨᠢᠮᠪᠠᠢ ᠰᠠᠶᠢᠲᠤᠷ ᠠᠳᠬᠤᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠪᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ︽ᠦᠬᠠᠢ ᠬᠤᠲᠠ ᠶᠢᠨ 2024 ᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ︿ᠲᠡᠷᠢᠭᠦᠨ ᠳᠤ ᠣᠷᠣᠬᠤ ᠪᠠᠷ ᠴᠢᠷᠮᠠᠶᠢᠵᠤ᠂ ᠮᠣᠷᠢ ᠤᠷᠤᠯᠳᠤᠬᠤ ᠮᠡᠲᠤ ᠪᠠᠷ ᠬᠦᠴᠦᠯᠡᠶ᠎ᠡ﹀ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠬᠤ ᠠᠵᠢᠯ ᠤᠨ ᠲᠥᠰᠥᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号