ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/29
     12 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠠ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠵᠢᠴᠢ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠠ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾ ᠶᠢ ᠴᠢᠩ ᠰᠡᠳᠬᠢᠯ ᠠᠴᠠ ᠪᠠᠨ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠶᠯᠡ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠠᠵᠢᠯ ᠤᠨ ᠪᠦᠲᠦᠮᠵᠢ ᠶᠢᠨ ᠵᠥᠪ ᠦᠵᠡᠯᠲᠡ ᠶᠢ ᠪᠣᠶ ᠪᠣᠯᠭᠠᠨ ᠦᠢᠯᠡᠳᠦᠯᠭᠡᠵᠢᠭᠦᠯᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠵᠦ᠂ ︽ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠣᠨᠣᠰᠴᠣ᠂ ᠨᠠᠮ ᠢᠶᠠᠨ ᠡᠭᠦᠷᠢᠳᠡ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠨᠠᠷᠢᠨ ᠨᠢᠮᠪᠠᠢ ᠪᠡᠯᠡᠳᠬᠡᠵᠦ ᠰᠠᠶᠢᠲᠤᠷ ᠬᠤᠷᠠᠯᠳᠣᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠮᠢᠩᠭᠠᠨ ᠲᠤᠰᠬᠤᠨ ᠵᠢᠱᠢᠶ᠎ᠡ ᠦᠵᠡᠬᠦᠯᠵᠦ ᠲᠦᠮᠡ ᠲᠤᠰᠬᠤᠨ ᠢ ᠴᠡᠭᠴᠡᠯᠡᠨ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠵᠦ᠂ ᠨᠡᠩ ᠶᠡᠭᠡ ᠡᠷᠴᠢᠮ ᠢᠶᠠᠷ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠮᠠᠤ ᠽᠧ ᠳ᠋ᠦᠩ ᠨᠥᠬᠦᠷ ᠤᠨ ᠮᠡᠨᠳᠦᠯᠡᠭᠰᠡᠨ 130 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠠᠪᠤᠳᠠᠯ ᠢ ᠬᠠᠮᠤᠭ ᠤᠨ ᠶᠡᠭᠡ ᠤᠯᠤᠰ ᠲᠦᠷᠦ ᠪᠣᠯᠭᠠᠵᠤ᠂ ᠴᠥᠬᠦᠷᠡᠰᠢ ᠦᠭᠡᠢ ᠴᠢᠷᠮᠠᠶᠢᠵᠤ᠂ ᠥᠨᠢ ᠤᠳᠠᠭᠠᠨ ᠤ ᠴᠢᠷᠮᠠᠶᠢᠯᠭ᠎ᠠ ᠲᠠᠢ ᠪᠠᠷ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠰᠠᠶᠢᠲᠤᠷ ᠠᠳᠬᠤᠵᠤ᠂ ᠬᠠᠮᠲᠤᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠬᠦ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠬᠦ ᠬᠡᠷᠡᠭᠲᠡᠢ ᠭᠡᠵᠡᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠣᠨᠣᠪᠴᠢᠲᠠᠢ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠠᠬᠢᠭᠤᠯᠬᠤ ᠶᠢᠨ ᠲᠣᠭᠤᠷᠢᠨ ᠳᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠨ ᠲᠦᠷᠭᠡᠨ ᠰᠠᠶᠢᠲᠤᠷ ᠠᠳᠬᠤᠬᠤ ᠬᠡᠷᠡᠭᠲᠡᠢ᠃ ᠢᠷᠡᠬᠦ ᠵᠢᠯ ᠤᠨ ᠡᠯ᠎ᠡ ᠵᠦᠢᠯ ᠤᠨ ᠠᠵᠢᠯ ᠢᠶᠠᠨ ᠨᠢᠭᠡᠳᠦᠯᠲᠡᠢ ᠲᠥᠯᠥᠪᠯᠡᠨ ᠰᠠᠶᠢᠲᠤᠷ ᠲᠦᠯᠦᠪᠵᠢᠬᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠡᠷᠭᠢᠨ ᠢᠯᠠᠬᠤ ᠲᠠᠶᠢᠯᠠᠯᠳᠣᠭᠠᠨ᠂ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠬᠦᠴᠦ ᠪᠠᠨ ᠬᠠᠮᠲᠤᠳᠬᠠᠨ᠂ ᠢᠲᠡᠭᠡᠯ ᠵᠣᠷᠢᠭ ᠢᠶᠠᠨ ᠪᠠᠳᠣᠳᠬᠠᠵᠤ᠂ ᠲᠣᠭᠲᠠᠯ ᠬᠦᠴᠦᠨ ᠢᠶᠠᠨ ᠪᠠᠲᠤᠯᠠᠵᠤ᠂ ᠡᠷᠴᠢ ᠵᠣᠷᠢᠭ ᠢᠶᠠᠨ ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠵᠦ ᠦᠢᠯᠡᠰ ᠪᠣᠰᠬᠠᠬᠤ ᠴᠤᠭ ᠰᠦᠯᠳᠡ ᠶᠢ ᠨᠢ ᠪᠠᠳᠠᠷᠠᠭᠤᠯᠵᠤ᠂ ᠠᠯᠢᠪᠠ ᠠᠰᠢᠭᠲᠠᠢ ᠴᠠᠭ ᠲᠣᠬᠢᠶᠠᠯ ᠢ ᠠᠮᠵᠢᠵᠤ᠂ ᠠᠯᠢᠪᠠ ᠠᠰᠢᠭᠲᠠᠢ ᠨᠥᠬᠦᠴᠡᠯ ᠢ ᠠᠰᠢᠭᠯᠠᠵᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠠᠴᠢᠮ ᠶᠠᠭᠠᠷᠠᠯᠲᠠᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠦᠬᠠᠢ ᠳᠤ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠵᠢᠯ ᠤᠨ ᠡᠴᠦᠰ ᠣᠨ ᠤ ᠡᠬᠢᠨ ᠤ ᠠᠶᠤᠯᠭᠦᠢ ᠦᠢᠯᠡᠳᠪᠦᠷᠢᠯᠡᠯ᠂ ᠳᠤᠯᠠᠭᠠᠯᠠᠭ᠎ᠠ ᠶᠢᠨ ᠪᠠᠲᠤᠯᠠᠭ᠎ᠠ᠂ ᠠᠮᠤᠷ ᠢ ᠬᠠᠮᠠᠭᠠᠯᠠᠬᠤ ᠲᠣᠭᠲᠠᠭᠤᠨ ᠢ ᠬᠠᠮᠠᠭᠠᠯᠠᠬᠤ ᠵᠡᠷᠭᠡ ᠡᠯ᠎ᠡ ᠵᠦᠢᠯ ᠤᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠡᠨᠡ ᠵᠢᠯ ᠤᠨ ᠠᠵᠢᠯ ᠢᠶᠠᠨ ᠰᠠᠶᠢᠲᠤᠷ ᠬᠢᠵᠦ᠂ ᠢᠷᠡᠬᠦ ᠵᠢᠯ ᠤᠨ ᠠᠵᠢᠯ ᠢᠶᠠᠨ ᠰᠠᠶᠢᠲᠤᠷ ᠡᠬᠢᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠮᠠᠨ ᠤ ᠬᠤᠳᠠ ᠶᠢᠨ 2023 ᠣᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠪᠣᠯᠣᠨ 2024 ᠣᠨ ᠤ ᠭᠤᠣᠯ ᠪᠣᠯᠬᠤ ᠠᠵᠤ ᠠᠬᠤᠢ ᠨᠡᠶᠢᠭᠡᠮ ᠤᠨ ᠭᠦᠢᠴᠡᠳᠬᠡᠯ ᠲᠤᠭ᠎ᠠ᠂ ᠠᠵᠤ ᠠᠬᠤᠢ ᠨᠡᠶᠢᠭᠡᠮ ᠤᠨ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠠ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠬᠤᠯᠪᠤᠭᠳᠠᠯ ᠪᠦᠬᠦᠢ ᠮᠠᠲ᠋ᠧᠷᠢᠶᠠᠯ ᠢ ᠬᠢᠨᠠᠨ ᠵᠥᠪᠯᠡᠪᠡ᠃ ᠬᠤᠷᠠᠯ ᠠᠴᠠ ᠭᠠᠷᠭᠠᠭᠰᠠᠨ ᠰᠢᠢᠳᠪᠦᠷᠢ᠄ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠢ 2024 ᠣᠨ ᠤ 1 ᠰᠠᠷ᠎ᠠ ᠶᠢᠨ 5 ᠤ ᠡᠳᠦᠷ ᠬᠠᠶᠢᠷᠤᠪ ᠤᠨ ᠲᠤᠬᠤᠢ ᠳᠤ ᠬᠤᠷᠠᠯᠳᠤᠭᠤᠯᠤᠨ᠎ᠠ᠂ ᠭᠤᠣᠯ ᠡᠭᠦᠷᠭᠡ ᠨᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠬᠢᠨᠠᠨ ᠵᠥᠪᠯᠡᠵᠦ᠂ 2024 ᠣᠨ ᠤ ᠠᠵᠢᠯ ᠢᠶᠠᠨ ᠪᠠᠶᠢᠷᠢᠯᠠᠭᠤᠯᠤᠨ᠎ᠠ᠃      ᠬᠤᠷᠠᠯ ᠳᠡᠭᠡᠷ᠎ᠡ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠬᠦᠯᠦᠯᠳᠡ ᠶᠢ ᠰᠣᠨᠣᠰᠴᠦ᠂ ︽ᠦᠬᠠᠢ ᠬᠤᠲᠠ ᠶᠢᠨ 2024 ᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ︿ᠲᠡᠷᠢᠭᠦᠨ ᠳᠤ ᠣᠷᠣᠬᠤ ᠪᠠᠷ ᠴᠢᠷᠮᠠᠶᠢᠵᠤ᠂ ᠮᠣᠷᠢ ᠤᠷᠤᠯᠳᠤᠬᠤ ᠮᠡᠲᠤ ᠪᠠᠷ ᠬᠦᠴᠦᠯᠡᠶ᠎ᠡ﹀ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠬᠤ ᠠᠵᠢᠯ ᠤᠨ ᠲᠥᠰᠥᠯ︾ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠰᠥᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠲᠣᠬᠢᠷᠠᠭᠤᠯᠤᠯᠲᠠ ᠬᠢᠪᠡ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号