ᠬᠤᠲᠠ ᠶᠢᠨ ᠵᠠᠰᠠᠭ ᠤᠨ ᠣᠷᠳᠣᠨ ᠤ 2023 ᠣᠨ ᠤ 28 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2023/12/6
     12 ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2023 ᠣᠨ ᠤ 28 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ 11 ᠰᠠᠷ᠎ᠠ ᠶᠢᠨ 27 ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠱᠠᠩᠬᠠᠢ ᠳᠤ ᠠᠵᠢᠯ ᠪᠠᠶᠢᠴᠠᠭᠠᠬᠤ ᠦᠶ᠎ᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠢᠴᠢ ᠪᠦᠬᠦ ᠤᠯᠤᠰ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠣᠳᠠᠰᠣᠳᠣ ᠬᠤᠷᠠᠯ ᠪᠣᠯᠣᠨ ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠤᠨ ᠶᠡᠭᠡ ᠬᠤᠷᠠᠯ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠶᠡᠭᠡ ᠬᠤᠷᠠᠯ ᠵᠡᠷᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠳᠠ ᠶᠢᠨ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠪᠠᠶᠢᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠨ ᠠᠭᠤᠰᠤᠯᠴᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠨᠡᠭᠡᠭᠡᠯᠲᠡ ᠶᠢ ᠥᠷᠭᠡᠳᠬᠡᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠰᠢᠨ᠎ᠡ ᠬᠥᠳᠡᠯᠭᠡᠬᠦ ᠬᠦᠴᠦᠨ ᠢ ᠬᠦᠴᠦᠯᠡᠨ ᠬᠥᠭᠵᠢᠭᠡᠬᠦ ᠬᠡᠷᠡᠭᠲᠡᠢ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠥᠨᠳᠥᠷ ᠪᠠᠶᠢᠷᠢᠨ ᠳᠤ ᠲᠠᠯᠪᠢᠵᠤ᠂ ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠣᠷᠴᠢᠨ ᠲᠤᠭᠤᠷᠢᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ︽ᠭᠤᠷᠪᠠᠨ ᠤᠮᠠᠷᠠᠲᠤ︾ ᠶᠢᠨ ᠬᠠᠯᠬᠠᠪᠴᠢ ᠣᠶ ᠪᠠ ᠴᠦᠯᠯᠡᠷᠭᠡᠭᠵᠢᠯ ᠢ ᠵᠠᠰᠠᠬᠤ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠬᠠᠲᠤᠨ ᠭᠤᠣᠯ ᠤᠨ ︽︿几﹀ ᠦᠰᠦᠭᠲᠤ ᠲᠤᠬᠤᠢ︾ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠢ ᠦᠨᠡᠨ ᠬᠦ ᠰᠠᠶᠢᠲᠤᠷ ᠬᠢᠬᠦ ᠬᠡᠷᠡᠭᠳᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠤᠯᠤᠰ᠂ ᠪᠦᠬᠦ ᠣᠷᠣᠨ ᠤ ᠠᠶᠤᠯᠬᠦᠢ ᠦᠢᠯᠡᠳᠪᠦᠷᠢᠯᠡᠯ ᠤᠨ ᠲᠧᠯᠸᠢᠰ ᠣᠳᠠᠰᠣᠳᠣ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠢᠬᠦ︾ ᠱᠠᠭᠠᠷᠳᠠᠯᠭ᠎ᠠ ᠶᠣᠰᠣᠭᠠᠷ᠂ ᠠᠭᠤᠷᠬᠠᠢ᠂ ᠭᠠᠯ ᠤᠨᠲᠠᠷᠠᠭᠠᠬᠤ᠂ ᠠᠶᠤᠯ ᠲᠠᠢ ᠬᠢᠮᠢ ᠶᠢᠨ ᠪᠣᠳᠠᠰ᠂ ᠰᠢᠲᠠᠮᠠᠬᠠᠢ ᠬᠡᠢ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ ᠠᠵᠢᠯ᠂ ᠬᠤᠸᠠᠷ ᠫᠤᠤᠵᠢᠩ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠠᠶᠣᠯᠬᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠡᠷᠭᠡ ᠠᠵᠢᠯ ᠢᠶᠠᠨ ᠨᠢᠭᠡ ᠠᠴᠠ ᠵᠦᠢᠴᠢᠯᠡᠨ ᠨᠦᠬᠦᠭᠡ ᠶᠢ ᠮᠡᠳᠡᠬᠦ‍ ᠰᠢᠭ ᠰᠠᠶᠢᠲᠤᠷ ᠠᠳᠬᠤᠵᠤ᠂ ᠵᠢᠯ ᠤᠨ ᠡᠴᠦᠰ ᠣᠨ ᠤ ᠡᠬᠢᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠤᠯᠤᠰ᠂ ᠪᠦᠬᠦ ᠣᠷᠣᠨ ᠤ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢ ᠴᠢᠩᠭ᠎ᠠ ᠠᠳᠬᠤᠬᠤ ᠢᠯᠡ ᠲᠣᠳᠣ ᠤᠳᠤᠷᠢᠳᠤᠮᠵᠢ ᠪᠠᠨ ᠪᠠᠲᠤᠳᠬᠠᠵᠤ᠂ ᠤᠯᠠᠮᠵᠢᠯᠠᠯᠲᠤ ᠠᠵᠤ ᠦᠢᠯᠡᠰ ᠤᠨ ᠲᠡᠰ ᠳᠡᠪᠰᠢᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ᠂ ᠬᠦᠷᠢᠶᠡᠯᠡᠩ ᠲᠣᠭᠤᠷᠢᠭ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢᠶᠠᠨ ᠰᠠᠶᠢᠲᠤᠷ ᠠᠳᠬᠤᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠢ ᠴᠡᠭᠴᠡᠯᠡᠨ ᠰᠠᠶᠢᠵᠢᠷᠠᠭᠤᠯᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠮᠤᠭ ᠤᠨ ᠡᠷᠡᠰ ᠰᠢᠭᠤᠷᠬᠠᠢ ᠣᠪᠣᠷ᠂ ᠬᠠᠮᠤᠭ ᠤᠨ ᠬᠦᠴᠦᠲᠡᠢ ᠠᠷᠭ᠎ᠠ ᠬᠡᠮᠵᠢᠶ᠎ᠡ᠂ ᠬᠠᠮᠤᠭ ᠤᠨ ᠯᠠᠪᠳᠠᠭᠤᠨ ᠪᠠᠲᠤᠲᠠᠢ ᠰᠤᠷᠲᠠᠯ ᠢᠶᠠᠷ ᠪᠣᠭᠤᠮᠲᠠ ᠰᠢᠪᠲᠤᠯᠤᠨ ᠦᠯᠡᠳᠡᠭᠡᠯ ᠠᠰᠠᠭᠤᠳᠠᠯ ᠢ ᠰᠢᠢᠳᠪᠦᠷᠢᠯᠡᠵᠦ᠂ ᠨᠡᠮᠡᠭᠳᠡᠯ ᠤᠨ ᠬᠡᠮᠵᠢᠶ᠎ᠡ ᠶᠢ ᠡᠷᠡᠰ ᠬᠤᠷᠢᠭᠯᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠪᠠᠨ ᠦᠨᠡᠨᠬᠦ ᠴᠢᠩᠭᠠᠳᠬᠠᠵᠤ᠂ ᠬᠠᠤᠯᠢ ᠲᠣᠭᠲᠠᠭᠠᠯ ᠶᠣᠰᠣᠭᠠᠷ ᠭᠠᠵᠠᠷ ᠰᠢᠷᠣᠢ ᠶᠢᠨ ᠡᠬᠢ ᠪᠠᠶᠠᠯᠢᠭ ᠢ ᠰᠠᠶᠢᠲᠤᠷ ᠬᠡᠷᠡᠭᠯᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠬᠦᠷᠢᠶᠡᠨ ᠤ ᠠᠯᠢ ᠤᠯᠠᠨ ᠴᠢᠬᠤᠯᠠ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠭᠤᠣᠯᠳᠠᠯᠭ᠎ᠠ ᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠮᠠᠯᠴᠢᠨ ᠲᠠᠷᠢᠶᠠᠴᠢᠨ ᠬᠥᠯᠥᠰᠦᠨ ᠠᠵᠢᠯᠴᠢᠨ ᠤ ᠴᠠᠯᠢᠩ ᠤᠨ ᠥᠷᠢ ᠰᠢᠷᠢ ᠶᠢ ᠢᠯᠭᠠᠷᠠᠭᠤᠯᠤᠭᠰᠠᠨ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠦᠬᠠᠢ ᠬᠤᠳᠠ‌ᠵᠢᠨ ︿ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ﹀ ᠲᠣᠭᠲᠠᠭᠠᠯ ᠤᠳ︾ ︽ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠰᠥᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号