ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/7
     12 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠳᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠤᠷᠠᠯ᠂ ᠬᠤᠳᠠ ᠶᠢᠨ ᠲᠠᠪᠤᠨ ᠶᠡᠭᠡ ᠡᠭᠦᠷᠭᠡ ᠶᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠣᠭᠠᠷ ᠣᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ  ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠵᠢᠴᠢ ᠴᠢᠬᠤᠯᠠ ᠪᠠᠶᠠᠷ ᠤᠨ ᠵᠠᠬᠢᠳᠠᠯ ᠪᠣᠯᠣᠨ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠳᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠱᠠᠩᠬᠠᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠮᠠᠨ ᠤ ᠬᠤᠳᠠ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ  ᠨᠢ ᠰᠠᠶᠢᠲᠤᠷ ᠠᠳᠬᠤᠬᠤ ᠬᠡᠷᠡᠭᠲᠡᠢ᠃ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠣᠨ ᠤ ᠠᠵᠢᠯ ᠢᠶᠠᠨ ᠪᠥᠬᠦ ᠲᠠᠯ᠎ᠠ ᠪᠠᠷ ᠡᠮᠬᠢᠯᠡᠨ ᠳ᠋ᠦᠩᠨᠡᠵᠦ᠂ ᠢᠷᠡᠬᠦ ᠵᠢᠯ ᠤᠨ ᠠᠵᠢᠯ ᠢᠶᠠᠨ ᠱᠠᠯᠠᠪᠳᠠᠨ ᠲᠥᠯᠥᠪᠯᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠬᠠᠪᠤᠷ ᠤᠷᠤᠭᠰᠠᠨ ᠲᠠᠷᠣᠢ ᠠᠵᠢᠯ ᠡᠬᠢᠯᠡᠭᠦᠯᠬᠦ︾ ᠶᠢ ᠦᠨᠡᠨᠬᠦ ᠪᠠᠲᠤᠯᠠᠬᠤ ᠬᠡᠷᠡᠭᠲᠡᠢ᠃ ᠭᠠᠳᠠᠭᠠᠳᠤ ᠨᠡᠭᠡᠭᠡᠯᠲᠡ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠶᠢ ᠶᠡᠬᠡᠪᠡᠷ ᠠᠳᠬᠤᠵᠤ᠂ ᠴᠢᠨᠠᠷ ᠰᠠᠶᠢᠲᠠᠢ ᠲᠦᠷᠦᠯ ᠵᠦᠢᠯ᠂ ᠳᠠᠪᠠᠭᠤᠯᠢᠭ ᠠᠵᠤ ᠦᠢᠯᠡᠰ ᠢ ᠢᠳᠡᠪᠬᠢᠲᠡᠢ ᠪᠠᠷ ᠬᠦᠯᠢᠶᠡᠨ ᠠᠪᠴᠤ᠂ ᠴᠢᠨᠠᠷ ᠰᠠᠶᠢᠲᠠᠢ ᠬᠥᠭᠵᠢᠯᠲᠡ ᠶᠢᠨ ᠲᠤᠯᠭᠠᠭᠤᠷᠢᠯᠠᠯ ᠢ ᠪᠠᠲᠤᠳᠬᠠᠬᠤ ᠬᠡᠷᠡᠭᠳᠡᠢ᠃ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠠᠵᠤ ᠦᠢᠯᠡᠰ ᠤᠨ ᠬᠥᠭᠵᠢᠯᠲᠡ ᠶᠢᠨ ᠵᠣᠬᠢᠴᠠᠯᠳᠤᠨ ᠬᠤᠯᠪᠤᠭᠠᠯᠠᠨ ᠬᠥᠳᠡᠯᠦᠯᠴᠡᠬᠦ᠂ ᠠᠮᠢ ᠠᠬᠤᠢ ᠣᠷᠴᠢᠨ ᠲᠣᠭᠤᠷᠢᠨ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠠᠬᠢᠭᠤᠯᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠳᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠴᠢᠬᠤᠯᠠ ᠶᠡᠭᠡ ᠠᠰᠠᠭᠤᠳᠠᠯ ᠤᠨ ᠰᠤᠳᠤᠯᠭᠠᠨ ᠢ ᠦᠷᠭᠦᠯᠵᠢᠯᠡᠨ ᠠᠬᠢᠭᠤᠯᠵᠤ᠂ ︽ᠤᠮᠠᠷᠠᠲᠤ ᠶᠢᠨ ᠰᠣᠶᠣᠯ︾ ᠤᠨ ᠦᠬᠠᠢ ᠶᠢᠨ ᠦᠯᠢᠭᠡᠷ ᠢ ᠰᠠᠶᠢᠲᠤᠷ ᠶᠠᠷᠢᠬᠤ ᠬᠡᠷᠡᠭᠳᠡᠢ᠃ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠳᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠲᠡᠭᠡᠷᠡᠭᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠠᠷᠪᠠᠳᠤᠭᠠᠷ ᠤᠯᠤᠰ ᠤᠨ ᠦᠨᠳᠦᠰᠦᠨ ᠬᠠᠤᠯᠢ ᠶᠢᠨ ᠡᠳᠦᠷ ᠤᠨ ᠲᠠᠰᠢᠷᠠᠮ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠥᠭᠦᠮ ᠣᠶᠢᠯᠠᠭᠠᠮᠵᠢᠲᠠᠢ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠰᠠᠶᠢᠲᠤᠷ ᠥᠷᠨᠢᠭᠦᠯᠵᠦ᠂ ᠬᠠᠤᠯᠢᠵᠢᠯ ᠤᠨ ᠦᠬᠠᠢ᠂ ᠬᠠᠤᠯᠢᠵᠢᠯ ᠤᠨ ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠤᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠠᠬᠢᠭᠤᠯᠵᠤ᠂ ᠬᠠᠣᠯᠢᠵᠢᠭᠰᠠᠨ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠣᠶ ᠪᠤᠯᠭᠠᠬᠤ ᠬᠡᠷᠡᠭᠳᠡᠢ᠃ ᠰᠢ ᠶᠢᠨ ᠫᠢᠩ ᠶᠡᠷᠦᠩᠬᠡᠢ ᠱᠦᠵᠢ ᠶᠢᠨ ︽ᠦᠨᠡᠨ︾ ᠰᠡᠳᠬᠦᠯ ᠤᠨ ᠨᠡᠶᠢᠲᠡᠯᠡᠭᠰᠡᠨ ︽ᠲᠠᠷᠢᠶᠠᠨ ᠭᠠᠵᠠᠷ ᠤᠨ ᠬᠠᠮᠠᠭᠠᠯᠠᠯᠲᠠ ᠶᠢ ᠦᠨᠡᠨᠬᠦ ᠴᠢᠩᠭᠠᠳᠬᠠᠵᠤ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠵᠦ ᠠᠰᠢᠭᠯᠠᠬᠤ ᠶᠢ ᠰᠠᠶᠢᠲᠤᠷ ᠠᠳᠬᠤᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠵᠡᠢ᠃      ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠣᠳᠠᠰᠣᠳᠣ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠵᠡᠯ ᠰᠠᠨᠠᠭᠠᠨ ᠤ ᠬᠥᠪᠴᠢ ᠪᠠᠨ ᠢᠮᠠᠭᠲᠠ ᠴᠢᠩᠭᠠᠯᠠᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠵᠤ ᠪᠤᠯᠬᠤ ᠦᠭᠡᠢ︾ ᠬᠠᠷᠢᠭᠤᠴᠠᠯᠭᠠᠲᠤ ᠰᠡᠳᠬᠢᠯᠭᠡ ᠶᠢ ᠪᠠᠷᠢᠮᠲᠠᠯᠠᠨ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠭᠤᠷᠬᠠᠢ᠂ ᠠᠶᠤᠯᠲᠠᠢ ᠬᠢᠮᠢ᠂ ᠵᠠᠮ ᠬᠠᠷᠢᠯᠴᠠᠭ᠎ᠠ᠂ ᠬᠤᠲᠠ ᠪᠠᠯᠭᠠᠰᠤᠨ ᠤ ᠰᠢᠲᠠᠮᠠᠬᠠᠢ ᠬᠡᠢ᠂ ᠪᠠᠷᠢᠯᠭ᠎ᠠ ᠶᠢᠨ ᠠᠵᠢᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ ᠲᠤᠤᠷᠵᠢᠯ ᠤᠨ ᠬᠡᠯᠪᠡᠷᠢ  ᠪᠠᠷ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠥᠷᠨᠢᠭᠦᠯᠵᠦ᠂ ᠨᠢᠭᠡ ᠨᠢᠭᠡ ᠪᠠᠷ ︽ᠰᠠᠶᠢᠵᠠᠳᠠᠵᠤ︾᠂ ᠠᠯᠳᠠᠰᠢ ᠭᠠᠷᠬᠤ ᠶᠢ ᠬᠤᠷᠢᠭᠯᠠᠵᠤ᠂ ᠥᠨᠴᠥᠭ ᠪᠤᠯᠤᠩ ᠦᠯᠡᠳᠡᠭᠡᠬᠦ ᠦᠭᠡᠢ᠂ ᠪᠠᠯᠠᠢ ᠭᠠᠵᠠᠷ ᠦᠯᠡᠳᠡᠭᠡᠬᠦ ᠦᠭᠡᠢ ᠪᠠᠶᠢᠬᠤ ᠬᠡᠷᠡᠭᠲᠡᠢ᠃ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠢᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠪᠠᠨ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠦᠬᠦ ᠣᠷᠣᠨ ᠤ ᠭᠤᠣᠯ ᠰᠡᠳᠦᠪᠲᠦ ᠬᠥᠮᠦᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠣᠳᠠᠲᠠᠢ︾ ᠪᠠᠶᠢᠬᠤ ᠱᠠᠭᠠᠷᠳᠠᠯᠭ᠎ᠠ ᠶᠢ ᠭᠤᠣᠯ ᠰᠡᠳᠦᠪᠲᠦ ᠬᠥᠮᠦᠵᠢᠯ ᠤᠨ ᠪᠦᠬᠦ ᠶᠠᠪᠤᠴᠠ ᠶᠢᠨ ᠡᠯ᠎ᠡ ᠭᠤᠭᠴᠤᠭ᠎ᠠ ᠳᠤ ᠲᠤᠤᠱᠯᠠᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠱᠠᠲᠤ ᠱᠠᠲᠤ ᠪᠠᠷ ᠳᠠᠷᠤᠯᠲᠠ ᠥᠭᠴᠦ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠪᠠᠶᠢᠴᠠᠭᠠᠨ ᠦᠵᠡᠬᠦ ᠶᠢ ᠴᠢᠩᠭ᠎ᠠ ᠠᠩᠬᠠᠷᠴᠤ᠂ ᠤᠯᠠᠨ ᠲᠦᠮᠡᠨ ᠤ ︽ᠪᠠᠴᠢᠮ ᠬᠦᠴᠢᠷ ᠵᠤᠪᠠᠨᠢᠯ ᠡᠷᠡᠮᠡᠯᠵᠡᠯ︾ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠠᠰᠠᠭᠤᠳᠠᠯ ᠢ ᠦᠨᠡᠨᠬᠦ ᠬᠦᠨᠳᠡᠨ ᠰᠢᠢᠳᠪᠦᠷᠢᠯᠡᠵᠦ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠬᠡᠷᠡᠭᠲᠡᠢ᠃ ︽ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠡᠭᠦᠷᠢᠳᠡ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠲᠥᠰᠥᠯ ᠢᠶᠠᠨ ᠱᠠᠯᠠᠪᠳᠠᠨ ᠲᠣᠭᠲᠠᠭᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠢᠯᠯᠠᠭ᠎ᠠ ᠶᠢᠨ ᠠᠴᠢᠶᠠᠯᠠᠪᠤᠷᠢ ᠶᠢ ᠰᠠᠶᠢᠲᠤᠷ ᠬᠡᠷᠡᠭᠯᠡᠨ᠂ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠤᠨ ᠶᠡᠭᠡ ᠬᠤᠷᠠᠯ ᠪᠣᠯᠣᠨ ᠪᠦᠬᠦ ᠣᠷᠣᠨ ᠤ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨᠵᠢᠯᠡᠬᠦ ᠤᠬᠠᠭᠠᠨ ᠮᠡᠷᠭᠡᠵᠢᠯ‌‍ᠦᠨ ᠰᠢᠨ᠎ᠡ ᠶᠢ ᠡᠭᠦᠳᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠤ ᠦᠢᠯᠡᠰ‌‍ᠦᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠠᠢ ᠤᠶᠠᠯᠳᠤᠭᠤᠯᠤᠨ᠂ ᠠᠵᠤ ᠠᠬᠤᠶᠢᠯᠠᠯ‌‍ᠤᠨ ᠭᠤᠣᠯ ᠴᠣᠭᠴᠠ ᠶᠢᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠶᠢ ᠤᠯᠠᠮ ᠨᠢᠭᠡ ᠠᠯᠬᠤᠮ ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ᠂ BDO ᠠᠵᠤ ᠦᠢᠯᠡᠰ ᠤᠨ ᠮᠡᠷᠭᠡᠵᠢᠯ‌‍ᠦᠨ ᠰᠢᠨ᠎ᠡ ᠶᠢ ᠡᠭᠦᠳᠬᠦ ᠲᠥᠪ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠢᠳᠡᠪᠬᠢᠲᠡᠢ ᠪᠣᠶᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ‌‍ᠦᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠪᠠᠨ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠬᠦ ᠬᠡᠷᠡᠭᠲᠡᠢ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠢ ᠣᠶᠤᠨᠴᠢᠯᠠᠭᠰᠠᠨ᠂ ᠪᠣᠬᠢᠷᠲᠤᠯ ᠦᠭᠡᠢ ᠪᠣᠯᠭᠠᠭᠰᠠᠨ᠂ ᠠᠭᠤᠰᠤᠯᠴᠠᠭᠤᠯᠤᠨ ᠬᠥᠭᠵᠢᠭᠦᠯᠬᠦ ᠲᠡᠰᠢ ᠲᠦᠯᠬᠢᠨ ᠠᠬᠢᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ᠂ ᠰᠢᠨ᠎ᠡ ᠮᠠᠲ᠋ᠧᠷᠢᠶᠠᠯ ᠵᠡᠷᠭᠡ ᠬᠤᠶᠠᠷ ᠶᠡᠭᠡ ᠠᠵᠤ ᠦᠢᠯᠡᠰ‌‍ᠦᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠲᠠᠢ ᠨᠢᠭᠲᠠ ᠤᠶᠠᠯᠳᠤᠭᠤᠯᠤᠨ᠂ ᠪᠦᠷᠢᠨ ᠪᠦᠲᠦᠨ ᠴᠢᠨᠠᠷᠲᠠᠢ᠂ ᠲᠡᠷᠢᠭᠦᠨ ᠤ ᠴᠢᠨᠠᠷᠲᠠᠢ᠂ ᠠᠶᠤᠯᠭᠦᠢ ᠴᠢᠨᠠᠷᠳᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠦᠬᠦ ᠬᠤᠳᠠ ᠶᠢᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠳᠠᠭᠠᠨ ᠪᠣᠳᠠᠲᠠᠢ ᠲᠣᠬᠢᠷᠠᠭᠤᠯᠤᠯᠲᠠ ᠬᠢᠪᠡ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号