︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2023/2/23
     — ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶᠠᠨ ᠳᠠᠷᠤᠭ᠎ᠠ ᠵᠣᠣ ᡁᠢ ᠶᠢ ᠰᠤᠷᠪᠤᠯᠵᠢᠯᠠᠭᠰᠠᠨ ᠨᠢ      ︽ᠥᠩᠭᠡᠷᠡᠭᠰᠡᠨ ᠨᠢᠭᠡ ᠵᠢᠯ ᠳᠤ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︿ᠠᠮᠢ ᠠᠬᠤᠢ᠂ ᠥᠨᠳᠥᠷ ᠪᠦᠲᠦᠮᠵᠢᠲᠡᠶ᠂ ᠥᠪᠡᠷᠮᠢᠴᠡ ᠣᠨᠴᠠᠯᠢᠭ ᠲᠠᠢ᠂ ᠰᠣᠳᠣᠨ ᠪᠦᠲᠦᠭᠡᠯ﹀ ᠤᠨ ᠬᠤᠲᠠ ᠶᠢᠨ ᠬᠡᠯᠪᠡᠷᠢ ᠶᠢᠨ ᠲᠠᠷᠢᠶᠠᠯᠠᠩ ᠤᠨ ᠬᠥᠭᠵᠢᠯᠲᠡ ᠶᠢᠨ ᠰᠡᠳᠬᠢᠴᠡ ᠪᠠᠷ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠣᠷᠣᠨ ᠤ ᠠᠵᠢᠯ ᠢ ᠴᠢᠨᠠᠷ ᠰᠠᠶᠢᠲᠠᠢ ᠲᠦᠯᠬᠢᠨ ᠠᠬᠢᠭᠤᠯᠪᠠ᠃ ᠠᠮᠤ ᠪᠤᠳᠠᠭᠠᠨ ᠤ ᠤᠨᠠᠯᠲᠠ ᠶᠢ ︿ᠭᠤᠷᠪᠠᠨ ᠵᠢᠯ ᠳᠠᠷᠠᠭᠠᠯᠠᠨ ᠲᠣᠭᠲᠠᠪᠤᠷᠢᠵᠢᠭᠤᠯᠬᠤ﹀ ᠶᠢ ᠪᠡᠶᠡᠯᠡᠭᠦᠯᠵᠦ᠂ ᠬᠤᠯᠢᠰᠢᠨ ᠢᠳᠡᠭᠡᠨ ᠤ ᠦᠢᠯᠡᠳᠪᠦᠷᠢᠯᠡᠯ ᠪᠦᠬᠦ ᠲᠠᠯ᠎ᠠ ᠪᠠᠷ ᠡᠬᠢᠯᠡᠵᠦ᠂ ᠢᠳᠡᠰᠢᠨ ᠨᠣᠭᠤᠭ᠎ᠠ ᠶᠢᠨ ᠲᠠᠷᠢᠮᠠᠯ ᠤᠨ ᠲᠠᠯᠠᠪᠠᠢ ᠠᠳᠠᠯᠢ ᠬᠤᠭᠤᠴᠠᠭᠠᠨ ᠤ ᠬᠢ ᠠᠴᠠ 32.6% ᠨᠡᠮᠡᠭᠳᠡᠵᠦ᠂ ᠮᠢᠬᠠᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 24% ᠨᠡᠮᠡᠭᠳᠡᠪᠡ᠃ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠣᠷᠣᠭᠤᠯᠤᠯᠲᠠ ᠰᠢᠨ᠎ᠡ ᠲᠦᠪᠰᠢᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 92.6% ᠪᠠᠷ ᠨᠡᠮᠡᠭᠳᠡᠨ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 25224 ᠲᠥᠭᠦᠷᠢᠭ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠣᠷᠣᠪᠠ︾ ᠭᠡᠵᠦ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ  ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶᠠᠨ ᠳᠠᠷᠤᠭ᠎ᠠ ᠵᠣᠣ ᡁᠢ ᠰᠤᠷᠪᠤᠯᠵᠢᠯᠠᠭᠴᠢ ᠶᠢᠨ ᠰᠣᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠪᠠᠶᠢᠨ᠎ᠠ᠃      ᠵᠣᠣ ᡁᠢ ᠢᠯᠡᠷᠭᠡᠶᠢᠯᠡᠭᠰᠡᠨ ᠨᠢ᠂ 2023 ᠣᠨ ᠳᠤ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠬᠠᠷᠠᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠵᠠᠭᠤᠨ ᠮᠦ ᠢᠳᠡᠰᠢᠨ ᠨᠣᠭᠤᠭ᠎ᠠ ᠶᠢᠨ ᠬᠠᠩᠭᠠᠯᠭ᠎ᠠ ᠶᠢ ᠪᠠᠲᠤᠯᠠᠬᠤ ᠰᠠᠭᠤᠷᠢᠨ ᠭᠠᠵᠠᠷ᠂ ᠭᠠᠭ᠋ᠠᠢ ᠶᠢ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠡᠬᠢᠯᠡᠭᠦᠯᠵᠦ᠂ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠨᠴᠠᠯᠢᠭᠲᠤ ᠰᠣᠳᠣᠨ ᠲᠠᠷᠢᠶᠠᠯᠠᠩ ᠢ ᠭᠦᠨᠵᠡᠭᠡᠢ ᠬᠦᠭᠵᠢᠬᠦᠯᠵᠦ᠂ ᠪᠡᠯᠡᠳᠬᠡᠮᠵᠢᠲᠦ ᠦᠵᠦᠮ ᠢ ᠶᠡᠬᠡᠪᠡᠷ ᠬᠥᠭᠵᠢᠭᠦᠯᠵᠦ᠂ ᠬᠦᠴᠦᠨ ᠢᠶᠠᠨ ᠲᠥᠪᠯᠡᠷᠡᠭᠦᠯᠦᠨ ︽ᠦᠬᠠᠢ ᠶᠢᠨ ᠦᠵᠦᠮ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠ ᠦᠵᠦᠮ ᠤᠨ ᠬᠦᠷᠢᠶᠡᠯᠡᠩ ᠤᠨ ᠨᠣᠭᠤᠭᠠᠨ ᠵᠠᠮ ᠤᠨ ᠲᠥᠷᠥᠯ ᠵᠦᠢᠯ ᠳᠤ ᠲᠦᠰᠢᠭᠯᠡᠨ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠵᠢᠯ ᠤᠨ ᠣᠷᠣᠯᠭ᠎ᠠ ᠨᠢ 50 ᠲᠦᠮᠡ ᠠᠴᠠ 100 ᠲᠦᠮᠡᠨ ᠲᠥᠭᠦᠷᠢᠭ ᠲᠤ ᠬᠦᠷᠬᠦ‍ ᠨᠢᠭᠡ ᠪᠦᠯᠦᠭ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ᠎ᠠ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠬᠡᠷᠡᠭᠵᠢᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠦᠴᠦᠯᠡᠨ ᠪᠠᠶᠢᠭᠤᠯᠤᠨ᠎ᠠ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号