ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠦᠬᠠᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2023/2/27
     — ᠥᠪᠥᠷ ᠮᠣᠩᠭᠤᠯ ᠤᠨ ᠦᠬᠠᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠤᠤ ᠶᠦᠩ ᠹᠸᠢ ᠶᠢ ᠰᠤᠷᠪᠤᠯᠵᠢᠯᠠᠭᠰᠠᠨ ᠨᠢ      ︽2022 ᠣᠨ ᠤ ᠦᠬᠠᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠣᠷᠣᠨ ᠤ ᠳᠣᠣᠷ᠎ᠠ ᠨᠡᠭᠦᠷᠡᠰᠦᠲᠥ᠋ᠷᠦᠭᠴᠢᠲᠦ ᠠᠵᠤ ᠦᠢᠯᠡᠰ ᠤᠨ ᠬᠦᠷᠢᠶᠡᠯᠡᠩ ᠶᠡᠭᠡ ᠠᠯᠬᠤᠮ ᠢᠶᠠᠷ ᠬᠥᠭᠵᠢᠪᠡ᠃ ᠭᠤᠣᠯᠳᠠᠯᠭ᠎ᠠ ᠲᠠᠢ ᠲᠥᠷᠥᠯ ᠵᠦᠢᠯ ᠢ ᠲᠦᠷᠭᠡᠨ ᠪᠥᠭᠡᠳ ᠡᠮᠬᠢ ᠵᠢᠷᠤᠮ ᠲᠠᠢ ᠠᠬᠢᠭᠤᠯᠵᠤ᠂ ᠪᠠᠶᠢᠭᠤᠯᠵᠤ ᠪᠠᠶᠢᠭ᠎ᠠ ᠲᠥᠷᠥᠯ ᠵᠦᠢᠯ 10 ᠪᠤᠯᠵᠤ᠂ ᠪᠥᠬᠦ ᠵᠢᠯ ᠳᠤ 100 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠰᠠᠭᠤᠷᠢ ᠲᠥᠬᠦᠭᠡᠷᠦᠮᠵᠢ ᠨᠡᠯᠢᠶᠡᠳ ᠶᠡᠭᠡ ᠰᠢᠪᠲᠤᠯᠤᠯᠲᠠ ᠲᠠᠢ ᠪᠤᠯᠵᠤ᠂ ᠬᠦᠷᠢᠶᠡᠯᠡᠩ ᠲᠣᠭᠤᠷᠢᠭ ᠤᠨ ᠪᠠᠷᠠᠭᠤᠨ ᠲᠣᠭᠤᠷᠢᠯ ᠱᠤᠭᠤᠮ᠂ ᠿᠦᠩᠴᠧᠩ ᠠᠴᠠ ᠦᠬᠠᠢ ᠬᠦᠷᠬᠦ ᠲᠡᠭᠡᠲᠤ ᠬᠤᠷᠳᠣᠴᠠᠲᠤ ᠵᠠᠰᠠᠮᠠᠯ ᠵᠠᠮ ᠢ ᠪᠠᠶᠢᠭᠤᠯᠤᠨ ᠲᠠᠭᠤᠰᠬᠠᠵᠤ ᠲᠡᠷᠭᠡ ᠨᠡᠪᠲᠡᠷᠡᠭᠦᠯᠵᠦ᠂ 1600 ᠠᠵᠢᠯᠳᠠᠨ ᠤ ᠣᠷᠣᠨ ᠰᠠᠭᠤᠴᠠ ᠶᠢ ᠠᠵᠢᠯ ᠡᠬᠢᠯᠡᠭᠦᠯᠦᠨ ᠪᠠᠶᠢᠭᠤᠯᠪᠠ︾ ᠬᠡᠵᠦ ᠥᠪᠥᠷ ᠮᠣᠩᠭᠤᠯ ᠤᠨ ᠦᠬᠠᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠤᠤ ᠶᠦᠩ ᠹᠸᠢ ᠰᠣᠷᠪᠤᠯᠵᠢᠯᠠᠭ᠎ᠠ ᠶᠢ ᠬᠦᠯᠢᠶᠡᠬᠦ ᠦᠶ᠎ᠡ ᠳᠡᠭᠡᠨ ᠬᠡᠯᠡᠪᠡ᠃      ᠵᠣᠣ ᠶᠦᠩ ᠹᠸᠢ ᠢᠯᠡᠷᠬᠡᠶᠢᠯᠡᠭᠰᠡᠨ ᠨᠢ᠂ 2023 ᠣᠨ ᠳᠤ ᠪᠢᠳᠡ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠨᠢᠭᠡ ᠳᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠳᠬᠤᠨ᠎ᠠ᠃ ᠠᠵᠤ ᠠᠬᠤᠶᠢᠯᠠᠯ ᠢᠶᠠᠷ ᠠᠵᠤ ᠠᠬᠤᠶᠢᠯᠠᠯ ᠢ ᠲᠠᠲᠠᠬᠤ ᠪᠠᠷ ᠬᠦᠴᠦᠯᠡᠵᠦ᠂ ᠣᠨᠴᠠᠯᠢᠭᠲᠤ ᠬᠦᠷᠢᠶᠡᠯᠡᠩ ᠳᠤᠮᠳᠠᠬᠢ ᠬᠦᠷᠢᠶᠡᠯᠡᠩ ᠢ ᠪᠠᠶᠢᠭᠤᠯᠵᠤ᠂ ᠢᠯᠡ ᠲᠣᠳᠣ ᠣᠨᠴᠠᠯᠢᠭ ᠪᠠ ᠬᠡᠰᠡᠭ ᠲᠠᠯ᠎ᠠ ᠶᠢᠨ ᠳᠠᠪᠠᠭᠤᠯᠢᠭ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠪᠠᠶᠢᠭᠤᠯᠤᠨ᠎ᠠ᠃ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠤᠯᠪᠣᠯᠳᠤᠬᠤ ᠬᠥᠭᠵᠢᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠪᠣᠬᠢᠷᠲᠤᠯ ᠦᠭᠡᠢ ᠴᠠᠬᠢᠯᠭᠠᠨ︾ ᠬᠡᠮᠡᠬᠦ ᠦᠵᠡᠰᠬᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ ᠶᠢ ᠭᠡᠷᠡᠯᠳᠦᠭᠦᠯᠬᠦ ᠳᠤ ᠬᠦᠴᠦᠨ ᠨᠡᠮᠡᠷᠢᠯᠡᠨ᠎ᠡ᠃ ᠬᠤᠶᠠᠷ ᠲᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠳᠬᠤᠨ᠎ᠠ᠃ ᠡᠨᠡ ᠵᠢᠯ᠂ ᠬᠦᠷᠢᠶᠡᠯᠡᠩ ᠲᠣᠭᠤᠷᠢᠭ ᠢ ᠦᠷᠭᠦᠯᠵᠢᠯᠡᠨ ᠪᠠᠶᠢᠭᠤᠯᠵᠤ᠂ ᠨᠡᠶᠢᠲᠡ 20 ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠬᠤᠸᠠ ᠾᠧᠩ᠂ ᠰᠠᠨ ᠸᠧᠶ ᠵᠡᠷᠭᠡ 7 ᠠᠵᠤ ᠠᠬᠤᠶᠢᠯᠠᠯ ᠢ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ᠂ ᠵᠢᠱᠢᠯᠲᠡ ᠪᠠᠷ ᠪᠥᠬᠦ ᠵᠢᠯ ᠳᠤ 115 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 200 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠦᠨ᠎ᠡ᠃ ᠭᠤᠷᠪᠠ ᠳᠤ᠂ ᠰᠠᠭᠤᠷᠢ ᠪᠠᠨ ᠲᠥᠬᠦᠷᠵᠢᠭᠦᠯᠬᠦ ᠶᠢ ᠠᠳᠬᠤᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠤᠯᠠᠬᠤ ᠲᠠᠯᠠᠪᠠᠢ᠂ ᠠᠶᠤᠯᠲᠠᠶ ᠬᠢᠮᠢ ᠶᠢᠨ ᠲᠡᠷᠭᠡᠨ ᠵᠣᠭᠰᠣᠭᠠᠯ᠂ ᠣᠨᠴᠠ ᠦᠢᠯᠡᠴᠢᠯᠡᠭᠡᠨ ᠤ ᠭᠠᠯ ᠤᠨᠲᠠᠷᠠᠭᠠᠬᠤ ᠥᠷᠲᠡᠭᠡ ᠵᠡᠷᠭᠡ ᠲᠥᠷᠥᠯ ᠵᠦᠢᠯ ᠢ ᠪᠠᠶᠢᠭᠤᠯᠤᠨ᠎ᠠ᠃ ᠲᠦᠷᠪᠡ ᠳᠤ᠂ ᠡᠯᠧᠮᠧᠨ᠋ᠲ ᠤᠨ ᠪᠠᠲᠤᠯᠠᠭ᠎ᠠ ᠶᠢ ᠠᠳᠬᠤᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ᠂ ᠴᠠᠬᠢᠯᠭᠠᠨ ᠬᠦᠴᠦᠨ ᠤ ᠲᠥᠬᠦᠭᠡᠷᠦᠮᠵᠢ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ᠂ ᠲᠥᠷᠥᠯ ᠵᠦᠢᠯ ᠤᠨ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠦᠬᠠᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ  ᠤᠨ ᠨᠡᠭᠡᠭᠡᠯᠳᠡ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠦᠨᠡᠨᠬᠦ ᠠᠬᠢᠭᠤᠯᠤᠨ᠎ᠠ ᠭᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号