| | |
| | ᠦᠬᠠᠶ ᠬᠤᠲᠠ ᠶᠢᠨ ᠣᠨᠴᠠ ᠬᠦᠨᠳᠦ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ | ᠳᠦᠷᠢᠮ ᠢ ᠪᠦᠷᠢᠨᠰᠢᠭᠦᠯᠬᠦ ᠶᠢ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠦᠬᠠᠶ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠦᠬᠠᠶ ᠵᠠᠰᠠᠭ ᠠᠯᠪᠠᠨ ᠲᠠᠷᠬᠠᠭᠠᠭᠰᠠᠨ ︹2022︺ 42 ᠳ᠋ᠤᠭᠠᠷ ᠲᠣᠭᠠᠲᠤ | ᠡᠯ᠎ᠡ ᠲᠤᠭᠤᠷᠢᠭ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ᠂ | ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠦᠬᠠᠶ ᠬᠤᠲᠠ ᠶᠢᠨ ᠣᠨᠴᠠ ᠬᠦᠨᠳᠦ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ | ᠳᠦᠷᠢᠮ ᠢ ᠪᠦᠷᠢᠨᠰᠢᠭᠦᠯᠬᠦ ᠶᠢ ᠬᠡᠷᠡᠭᠵᠢᠭᠦᠯᠬᠦ ᠲᠥᠰᠦᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ | ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | 2022 ᠣᠨ ᠤ 11 ᠰᠠᠷ᠎ᠠ ᠶᠢᠨ 25 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠳᠡᠯᠡᠨ᠎ᠡ︶ | ᠦᠬᠠᠶ ᠬᠤᠲᠠ ᠶᠢᠨ ᠣᠨᠴᠠ ᠬᠦᠨᠳᠦ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ | ᠳᠦᠷᠢᠮ ᠢ ᠪᠦᠷᠢᠨᠰᠢᠭᠦᠯᠬᠦ ᠶᠢ ᠬᠡᠷᠡᠭᠵᠢᠭᠦᠯᠬᠦ ᠲᠥᠰᠦᠯ | ︽ᠬᠦᠨᠳᠦ ᠣᠨᠴᠠ ᠶᠡᠭᠡ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ ᠳᠦᠷᠢᠮ ᠢ | ᠪᠦᠷᠢᠨᠰᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ | ᠲᠠᠷᠬᠠᠭᠠᠭᠰᠠᠨ ︹2021︺ 42 ᠳ᠋ᠤᠭᠠᠷ ᠲᠣᠭᠠᠲᠤ︶ ᠪᠠ ︽ᠣᠨᠴᠠ ᠬᠦᠨᠳᠦ ᠶᠡᠭᠡ ᠡᠪᠡᠳᠴᠢᠨ ᠤ ᠡᠮᠴᠢᠯᠡᠭᠡᠨ | ᠤ ᠳᠠᠭᠠᠳᠬᠠᠯ ᠪᠠ ᠠᠪᠤᠷᠠᠨ ᠲᠤᠰᠠᠯᠠᠬᠤ ᠳᠦᠷᠢᠮ ᠢ ᠪᠦᠷᠢᠨᠰᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ | ᠵᠠᠰᠠᠭ ᠠᠯᠪᠠᠨ ᠲᠠᠷᠬᠠᠭᠠᠭᠰᠠᠨ ︹2022︺ 41 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠦᠨᠳᠦᠰᠦᠯᠡᠵᠤ᠂ ᠬᠦᠴᠢᠷᠳᠡᠯᠲᠡᠶ ᠣᠯᠠᠨ ᠲᠦᠮᠡᠨ ᠪᠠ ᠬᠦᠨᠳᠦ ᠡᠪᠡᠳᠴᠢᠨ ᠲᠠᠢ ᠡᠪᠡᠳᠴᠢᠲᠡᠨ ᠤ | ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠵᠦ᠂ ᠡᠪᠡᠳᠴᠢᠨ ᠠᠴᠠ ᠪᠣᠯᠵᠣ | ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ | ᠱᠤᠭᠤᠮ ᠢ ᠪᠠᠲᠤ ᠪᠠᠬᠢ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ | ᠵᠣᠯᠭᠠᠭᠤᠯᠬᠤ ᠠᠵᠢᠯ ᠢᠶᠠᠨ ᠣᠯᠠᠮ ᠰᠠᠶᠢᠲᠤᠷ ᠬᠢᠬᠦ ᠶᠢᠨ ᠲᠤᠰᠠᠳᠠ᠂ ᠦᠬᠠᠶ ᠬᠤᠲᠠ ᠶᠢᠨ ᠪᠣᠳᠠᠲᠠᠶ ᠲᠠᠢ ᠪᠠᠨ | ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠳᠠᠭᠠᠳᠬᠠᠯ ᠳᠤ | ᠣᠷᠣᠯᠴᠠᠬᠤ ᠶᠤᠰᠣᠳᠠᠢ ᠶᠢ ᠨᠢ ᠪᠦᠬᠦᠨ ᠢ ᠳᠠᠭᠠᠳᠬᠠᠯ ᠤᠷᠤᠯᠴᠠᠭᠤᠯᠬᠤ᠂ ᠦᠨᠳᠦᠰᠦᠨ ᠵᠦᠢᠯ ᠢ ᠪᠠᠲᠤᠯᠠᠬᠤ᠂ | ᠴᠢᠳᠠᠯ ᠤᠨ ᠢᠶᠠᠨ ᠬᠢᠷᠢ ᠪᠠᠷ ᠴᠢᠷᠮᠠᠶᠢᠬᠤ ᠶᠢ ᠪᠠᠲᠤᠯᠠᠵᠤ᠂ ᠬᠦᠴᠢᠷᠳᠡᠯᠲᠡᠢ ᠤᠯᠠᠨ ᠲᠦᠮᠡᠨ ᠤ ᠡᠮᠴᠢᠯᠡᠭᠡᠨ ᠤ | ᠵᠠᠷᠤᠯᠭ᠎ᠠ ᠶᠢᠨ ᠳᠠᠷᠤᠭᠠᠰᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠷᠠᠳ ᠤᠨ ᠠᠮᠢᠳᠤᠷᠠᠯ ᠢ ᠨᠡᠩ | ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ | ᠬᠤᠶᠠᠷ᠂ ᠠᠵᠢᠯ ᠤᠨ ᠬᠠᠷᠠᠯᠲᠠ | ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ | ᠲᠤᠰᠠᠯᠠᠬᠤ ᠭᠤᠷᠪᠠᠨ ᠴᠢᠬᠤᠯᠠ ᠳᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠪᠠᠨ ᠴᠢᠩᠭᠠᠳᠬᠠᠵᠤ᠂ ᠬᠦᠴᠢᠷᠳᠡᠯᠲᠡᠢ | ᠤᠯᠠᠨ ᠲᠦᠮᠡᠨ ᠤ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠦᠨᠡᠨ ᠢ ᠪᠠᠷᠢᠮᠲᠠᠯᠠᠨ | ᠲᠣᠭᠲᠠᠭᠠᠵᠤ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠡᠮᠴᠢᠯᠡᠭᠡ ᠳᠤ ᠪᠠᠲᠤᠯᠠᠭ᠎ᠠ ᠲᠠᠢ᠂ ᠬᠦᠨᠳᠦ ᠶᠡᠭᠡ | ᠡᠪᠡᠳᠴᠢᠨ ᠡᠮᠭᠡᠭ ᠲᠤ ᠨᠡᠷᠪᠡᠭᠳᠡᠭᠰᠡᠨ ᠠᠴᠠ ᠪᠤᠯᠵᠤ ᠦᠨᠳᠦᠰᠦᠨ ᠠᠮᠢᠳᠤᠷᠠᠯ ᠢ ᠨᠥᠯᠥᠭᠡᠯᠡᠬᠦ ᠦᠭᠡᠢ ᠪᠠᠶᠢᠬᠤ ᠶᠢ | ᠪᠠᠲᠤᠯᠠᠬᠤ ᠶᠢᠨ ᠬᠠᠮᠲᠤ ᠪᠠᠲᠤᠯᠠᠭ᠎ᠠ ᠬᠡᠲᠤᠷᠡᠬᠦ ᠠᠴᠠ ᠵᠠᠶᠢᠯᠠᠰᠬᠢᠨ᠎ᠠ᠃ ᠭᠤᠷᠪᠠᠨ ᠪᠠᠲᠤᠯᠠᠭ᠎ᠠ ᠶᠢᠨ ᠪᠠ | ᠨᠢᠭᠦᠯᠡᠰᠦᠩᠭᠦᠶ ᠶᠢᠨ ᠠᠪᠤᠷᠠᠨ ᠲᠤᠰᠠᠯᠠᠬᠤ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠵᠡᠷᠭᠡ ᠶᠢᠨ | ᠬᠠᠮᠵᠢᠯᠴᠠᠨ ᠬᠥᠭᠵᠢᠬᠦ᠂ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠵᠠᠰᠠᠭ ᠤᠨ ᠣᠷᠳᠣᠨ ᠢᠶᠠᠷ | ᠭᠤᠤᠯᠯᠠᠭᠤᠯᠤᠭᠰᠠᠨ᠂ ᠣᠯᠠᠨ ᠲᠠᠯ᠎ᠠ ᠶᠢᠨ ᠬᠢᠨ ᠣᠷᠣᠯᠴᠠᠭᠰᠠᠨ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ | ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ | ᠭᠤᠷᠪᠠ᠂ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ | ︵ᠨᠢᠭᠡ︶ ᠠᠪᠤᠷᠠᠨ ᠲᠤᠰᠠᠯᠠᠬᠤ ᠡᠲᠡᠭᠡᠳ ᠤᠨ ᠬᠡᠪᠴᠢᠶ᠎ᠡ᠃ ᠰᠠᠯᠠᠭ᠎ᠠ ᠮᠥᠴᠢᠷ ᠤᠨ ᠬᠤᠭᠤᠷᠣᠨᠳᠣᠬᠢ | ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠᠨ ᠴᠢᠩᠭᠠᠳᠬᠠᠵᠤ᠂ ᠠᠪᠤᠷᠠᠨ ᠲᠤᠰᠠᠯᠠᠬᠤ ᠡᠲᠡᠭᠡᠳ ᠢ ᠴᠠᠭ ᠲᠤᠬᠠᠶ ᠳᠤᠨᠢ | ᠨᠠᠷᠢᠯᠢᠭ ᠣᠨᠣᠴᠠᠲᠠᠶ ᠪᠠᠷ ᠢᠯᠭᠠᠨ ᠲᠠᠨᠢᠬᠤ ᠲᠣᠭᠲᠠᠴᠠ ᠶᠢ ᠪᠠᠶᠢᠭᠤᠯᠵᠤ᠂ ᠠᠪᠤᠷᠠᠨ ᠲᠤᠰᠠᠯᠠᠬᠤ ᠡᠲᠡᠭᠡᠳ ᠤᠨ | ᠲᠥᠷᠥᠯ ᠢᠯᠭᠠᠯ ᠢ ᠦᠨᠳᠦᠰᠦᠯᠡᠨ ᠲᠥᠷᠥᠯ ᠬᠤᠪᠢᠶᠠᠨ ᠠᠪᠤᠷᠠᠨ ᠲᠤᠰᠠᠯᠠᠬᠤ ᠶᠢ ᠬᠡᠷᠡᠭᠵᠢᠭᠦᠯᠦᠨ᠎ᠡ᠃ ᠣᠨᠴᠠ | ᠬᠦᠴᠢᠷᠳᠡᠯᠲᠡᠶ ᠬᠥᠮᠦᠰ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠵᠠᠬ᠎ᠠ ᠬᠢᠵᠠᠭᠠᠷ ᠤᠨ ᠬᠡᠷ ᠪᠦᠯᠢ ᠶᠢᠨ ᠪᠦᠷᠢᠯᠳᠦᠬᠦᠨ ᠪᠠ ᠬᠢᠨᠠᠨ ᠰᠢᠨᠵᠢᠬᠦ ᠬᠡᠪᠴᠢᠶᠡᠨ ᠳᠤ ᠣᠷᠣᠭᠤᠯᠤᠭᠰᠠᠨ | ᠠᠮᠠᠷᠬᠠᠨ ᠳᠠᠬᠢᠨ ᠶᠠᠳᠠᠭᠤᠷᠠᠬᠤ ᠪᠠ ᠶᠠᠳᠠᠭᠤᠷᠠᠬᠤ ᠬᠥᠮᠦᠨ ᠠᠮᠠ ᠶᠢ ᠲᠣᠭᠲᠠᠭᠠᠯ ᠶᠣᠰᠣᠭᠠᠷ ᠠᠪᠤᠷᠠᠨ ᠲᠤᠰᠠᠯᠠᠨ᠎ᠠ᠃ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ | ᠠᠰᠠᠷᠠᠨ ᠲᠡᠵᠢᠭᠡᠬᠦ ᠪᠤᠶᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠬᠡᠷ ᠪᠦᠯᠢ ᠶᠢᠨ ᠨᠥᠬᠦᠴᠡᠯ ᠳᠤ | ᠨᠡᠶᠢᠴᠡᠬᠦ ᠪᠣᠯᠪᠠᠴᠤ ᠶᠡᠭᠡ ᠲᠣᠭᠠᠨ ᠤ ᠡᠮᠴᠢᠯᠡᠭᠡᠨ ᠤ ᠵᠠᠷᠤᠳᠠᠯ ᠤᠨ ᠵᠠᠷᠤᠯᠭ᠎ᠠ ᠠᠴᠠ ᠪᠣᠯᠵᠣ ᠬᠡᠷ ᠪᠦᠯᠢ ᠶᠢᠨ | ᠦᠨᠳᠦᠰᠦᠨ ᠠᠮᠢᠳᠤᠷᠠᠯ ᠳᠤ ᠬᠦᠨᠳᠦ ᠨᠣᠴᠢᠲᠠᠶ ᠬᠦᠴᠢᠷᠳᠡᠯᠲᠡᠶ ᠪᠣᠯᠤᠭᠰᠠᠨ ᠬᠦᠨᠳᠦ ᠡᠪᠡᠳᠴᠢᠲᠡᠨ ︵ᠳᠣᠷᠣᠭᠰᠢ ︽ | ᠡᠪᠡᠳᠴᠢᠨ ᠠᠴᠠ ᠪᠣᠯᠵᠣ ᠶᠠᠳᠠᠭᠤᠷᠠᠭᠰᠠᠨ ᠬᠦᠨᠳᠦ ᠡᠪᠡᠳᠴᠢᠲᠡᠨ ᠭᠡᠵᠦ ᠲᠣᠪᠴᠢᠯᠠᠨ᠎ᠠ᠂ ᠦᠬᠠᠶ ᠬᠤᠲᠠ ᠶᠢᠨ | ᠡᠷᠦᠬᠡ ᠠᠮᠠ ᠶᠢᠨ ᠲᠠᠩᠰᠠ ᠲᠠᠢ᠂ ᠬᠡᠷ ᠪᠦᠯᠢ ᠶᠢᠨ ᠬᠥᠮᠦᠨ ᠳᠤᠮᠳᠠᠴᠢ ᠵᠢᠯ ᠤᠨ ᠣᠷᠣᠯᠭ᠎ᠠ ᠨᠢ ᠳᠡᠭᠡᠷ᠎ᠡ ᠵᠢᠯ ᠤᠨ | ᠦᠬᠠᠶ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠠᠴᠠ ᠳᠣᠤᠷ᠎ᠠ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ | ᠵᠡᠷᠭᠡ ᠪᠠᠷ ᠳᠥᠯᠥᠵᠦ ᠪᠣᠯᠬᠤ ᠬᠤᠪᠢ ᠬᠥᠮᠦᠨ ᠤ ᠵᠠᠷᠤᠳᠠᠯ ᠢ ᠬᠠᠰᠤᠭᠰᠠᠨ ᠤ ᠳᠠᠷᠠᠭ᠎ᠠ᠂ ᠬᠡᠷ ᠪᠦᠯᠢ ᠶᠢᠨ ᠬᠥᠮᠦᠨ | ᠳᠤᠮᠳᠠᠴᠢ ᠶᠢᠨ ᠣᠷᠣᠯᠭ᠎ᠠ ᠨᠢ ᠦᠬᠠᠶ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠶᠢᠨ 1.5 ᠳᠠᠬᠢᠨ ᠠᠴᠠ ᠳᠣᠤᠷ᠎ᠠ ᠪᠣᠯᠤᠭᠰᠠᠨ ᠪᠥᠭᠡᠳ ᠬᠡᠷ ᠪᠦᠯᠢ ᠶᠢᠨ ᠡᠳ᠋ ᠬᠥᠷᠥᠩᠭᠡ ᠶᠢᠨ | ᠪᠠᠶᠢᠳᠠᠯ ᠨᠢ ᠬᠤᠯᠪᠤᠭᠳᠠᠯ ᠪᠥᠬᠦᠶ ᠲᠣᠭᠲᠠᠭᠠᠯ ᠳᠤ ᠨᠡᠶᠢᠴᠡᠭᠰᠡᠨ ᠬᠦᠨᠳᠦ ᠡᠪᠡᠳᠴᠢᠲᠡᠨ ᠢ ᠵᠢᠭᠠᠵᠤ ᠪᠣᠶ︶ ᠳᠤ | ᠪᠤᠲᠠᠲᠠᠢ ᠶᠢ ᠨᠢ ᠦᠨᠳᠦᠰᠦᠯᠡᠵᠦ ᠪᠠᠢᠭᠠᠳ ᠵᠣᠬᠢᠬᠤ ᠲᠤᠰᠠᠯᠠᠮᠵᠢ ᠣᠯᠭᠤᠨ᠎ᠠ᠃ | ᠲᠤᠭᠤᠷᠢᠭ ᠤᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠤᠰᠤᠳ | ᠣᠨᠴᠣᠭᠤᠶ ᠬᠦᠴᠢᠷᠳᠡᠯᠲᠡᠶ ᠬᠥᠮᠦᠰ ᠲᠤ ᠳᠡᠭᠡᠷ᠎ᠡ ᠳᠤᠷᠠᠳᠤᠭᠰᠠᠨ ᠠᠪᠤᠷᠠᠨ ᠲᠤᠰᠠᠯᠠᠬᠤ ᠡᠲᠡᠭᠡᠳ ᠤᠨ ᠲᠥᠷᠥᠯ | ᠢᠯᠭᠠᠯ ᠤᠨ ᠶᠣᠰᠣᠭᠠᠷ ᠵᠣᠬᠢᠴᠠᠩᠭᠤᠶ ᠲᠤᠰᠠᠯᠠᠮᠵᠢ ᠣᠯᠭᠤᠨ᠎ᠠ᠃ | ︵ᠬᠤᠶᠠᠷ︶ ᠲᠥᠷᠥᠯ ᠬᠤᠪᠢᠶᠠᠨ ᠲᠤᠰᠠᠯᠠᠵᠤ ᠳᠠᠭᠠᠳᠬᠠᠯ ᠳᠤ ᠣᠷᠣᠯᠴᠠᠭᠤᠯᠬᠤ᠃ ᠬᠤᠳᠠ ᠭᠦᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠲᠠᠭᠠᠳᠬᠠᠯ ᠳᠤ ᠤᠷᠤᠯᠴᠠᠬᠤ ᠳᠤ ᠡᠳ᠋ ᠤᠨ ᠵᠠᠰᠠᠭ ᠤᠨ | ᠨᠦᠭᠦᠪᠦᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠬᠤᠪᠢ ᠭᠦᠮᠦᠨ ᠤ ᠰᠦᠢᠳᠬᠡᠯ | ᠲᠤᠰᠢᠶᠠᠬᠤ ᠳᠤ ᠦᠨᠡᠨᠬᠦ ᠭᠦᠴᠢᠷᠳᠡᠯᠳᠡᠢ ᠤᠯᠠᠨ ᠲᠦᠮᠡᠨ ᠳᠤ ᠲᠦᠷᠦᠯ ᠬᠤᠪᠢᠶᠠᠵᠦ ᠵᠤᠭᠤᠰ ᠢᠶᠠᠷ ᠲᠤᠰᠠᠯᠠᠨ᠎ᠠ᠃ | 2023 ᠣᠨ ᠳᠤ ᠦᠬᠠᠶ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠰᠦᠢᠳᠬᠡᠯ ᠲᠤᠰᠢᠶᠠᠬᠤ ᠬᠤᠭᠤᠴᠠᠭ᠎ᠠ ᠠᠴᠠ ᠡᠬᠢᠯᠡᠨ᠂ ᠡᠩ ᠤᠨ ᠰᠠᠭᠤᠭᠠᠯᠢ ᠠᠷᠠᠳ ᠤᠨ | ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠣᠰᠣᠭᠠᠷ᠂ ᠣᠨᠴᠠ | ᠬᠦᠴᠢᠷᠳᠡᠯᠲᠡᠶ ᠬᠥᠮᠦᠰ ᠲᠤ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠠᠴᠠ ᠪᠥᠬᠦ ᠲᠤᠭᠠᠨ ᠤ | ᠲᠤᠰᠠᠯᠠᠮᠵᠢ ᠣᠯᠭᠤᠨ᠎ᠠ︔ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠳᠠᠬᠢᠨ ᠶᠠᠳᠠᠭᠤᠷᠠᠭᠰᠠᠨ ᠬᠥᠮᠦᠨ | ᠠᠮᠠ ᠳᠤ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠠᠴᠠ ᠲᠣᠭᠲᠠᠭᠰᠠᠨ ᠲᠣᠭᠠᠨ ᠤ ᠲᠤᠰᠠᠯᠠᠮᠵᠢ | ᠣᠯᠭᠤᠨ᠎ᠠ᠃ ᠲᠣᠭᠲᠠᠭᠰᠠᠨ ᠲᠤᠭ᠎ᠠ ᠪᠠᠷ ᠲᠤᠰᠠᠯᠠᠬᠤ ᠪᠠᠷᠢᠮᠵᠢᠶ᠎ᠠ ᠶᠢ ᠲᠣᠰ ᠬᠤᠭᠤᠴᠠᠭᠠᠨ ᠤ ᠰᠠᠭᠤᠭᠠᠯᠢ ᠠᠷᠠᠳ ᠤᠨ | ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢᠨ 45% ᠠᠴᠠ ᠳᠣᠤᠷ᠎ᠠ | ᠦᠭᠡᠢ ᠪᠠᠶᠢᠵᠤ᠂ ᠪᠣᠳᠠᠲᠠᠶ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠬᠤᠲᠠ ᠶᠢᠨ ᠡᠮᠴᠢᠯᠡᠭᠡᠨ ᠤ | ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠬᠤᠯᠪᠤᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠮᠴᠢᠯᠡᠭᠡᠨ ᠤ | ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠠᠵᠢᠯᠯᠠᠭᠠᠨ ᠤ ᠪᠠᠶᠢᠳᠠᠯ ᠢ ᠦᠨᠳᠦᠰᠦᠯᠡᠨ ᠵᠢᠯ ᠪᠦᠷᠢ ᠶᠢᠨ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ | ᠬᠤᠭᠤᠴᠠᠭ᠎ᠠ ᠠᠴᠠ ᠡᠮᠦᠨ᠎ᠡ ᠠᠰ ᠲᠤᠨᠢ ᠮᠡᠳᠡᠭᠳᠡᠨ᠎ᠡ᠃ ᠰᠢᠨ᠎ᠡ ᠪᠠᠷ ᠨᠡᠮᠡᠭᠳᠡᠭᠰᠡᠨ ᠡᠮᠴᠢᠯᠡᠬᠡᠨ ᠤ ᠠᠪᠤᠷᠠᠨ | ᠲᠤᠰᠠᠯᠠᠬᠤ ᠶᠢ ᠬᠦᠷᠲᠡᠭᠰᠡᠳ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ | ᠳᠠᠭᠠᠳᠬᠠᠯ ᠳᠤ ᠴᠠᠭ ᠳᠤᠬᠠᠢ ᠳᠤ ᠨᠢ ᠤᠷᠤᠯᠴᠠᠵᠤ ᠪᠤᠯᠤᠨ᠎ᠠ᠃ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ | ᠬᠦᠴᠢᠷᠳᠡᠯ ᠲᠠᠢ ᠬᠥᠮᠦᠰ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢᠶᠠᠨ ᠰᠠᠶᠢᠲᠤᠷ ᠬᠢᠵᠦ᠂ | ᠴᠢᠬᠤᠯᠠ ᠲᠠᠢ ᠦᠶ᠎ᠡ ᠳᠤ ᠬᠦᠴᠢᠷᠳᠡᠯᠲᠡᠶ ᠣᠯᠠᠨ ᠲᠦᠮᠡᠨ ᠪᠠ ᠬᠢᠨᠠᠨ ᠰᠢᠯᠭᠠᠬᠤ ᠡᠲᠡᠭᠡᠳ ᠢ ᠳᠠᠶᠢᠴᠢᠯᠠᠨ | ᠤᠷᠢᠳᠠᠪᠠᠷ ᠲᠤᠰᠢᠶᠠᠵᠤ ᠳᠠᠷᠠᠭ᠎ᠠ ᠨᠢ ᠨᠥᠬᠦᠪᠥᠷᠢᠯᠡᠬᠦ᠂ ᠵᠠᠰᠠᠭ ᠤᠨ ᠣᠷᠳᠣᠨ ᠤᠷᠢᠳᠠᠪᠠᠷ ᠣᠷᠣᠯᠠᠨ ᠥᠭᠭᠦᠭᠰᠡᠨ ᠤ | ᠳᠠᠷᠠᠭ᠎ᠠ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠠᠰᠢᠭ ᠣᠷᠣᠯᠭ᠎ᠠ ᠪᠤᠶᠤ ᠶᠠᠳᠠᠭᠤ ᠶᠢ ᠲᠡᠳᠬᠦᠬᠦ ᠡᠳ᠋ | ᠬᠥᠷᠥᠩᠭᠡ ᠶᠢᠨ ᠠᠰᠢᠭ ᠣᠷᠣᠯᠭ᠎ᠠ ᠶᠢ ᠠᠰᠢᠭᠯᠠᠨ ᠣᠷᠣᠯᠠᠨ ᠲᠤᠰᠢᠶᠠᠬᠤ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠬᠠᠪᠰᠤᠷᠤᠨ ᠣᠷᠣᠯᠠᠨ ᠲᠤᠰᠢᠶᠠᠬᠤ ᠶᠢ ᠲᠡᠮᠡᠴᠡᠨ | ᠣᠯᠬᠤ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ︽ᠳᠠᠭᠠᠳᠬᠠᠯ ᠳᠤ ᠣᠷᠣᠯᠴᠠᠬᠤ ᠶᠤᠰᠣᠳᠠᠢ ᠶᠢ ᠨᠢ | ᠪᠦᠬᠦᠨ ᠢ ᠳᠠᠭᠠᠳᠬᠠᠯ ᠤᠷᠤᠯᠴᠠᠭᠤᠯᠬᠤ︾ ᠶᠢ ᠪᠡᠶᠡᠯᠡᠭᠦᠯᠦᠨ᠎ᠡ᠃ ᠬᠦᠴᠢᠷᠳᠡᠯᠲᠡᠶ ᠣᠯᠠᠨ ᠲᠦᠮᠡᠨ ᠣᠯᠠᠨ ᠳᠠᠪᠬᠤᠷ | ᠣᠨᠴᠠᠭᠠᠶ ᠪᠡᠶ᠎ᠡ ᠶᠢᠨ ᠭᠠᠷᠤᠯ ᠤᠨ ᠰᠢᠨᠵᠢ ᠴᠢᠨᠠᠷ ᠲᠠᠢ ᠪᠠᠶᠢᠪᠠᠯ᠂ ︽ᠥᠨᠳᠥᠷ ᠢᠶᠠᠷ ᠨᠢ ᠪᠠᠷᠢᠮᠵᠢᠶ᠎ᠠ ᠪᠤᠯᠭᠠᠬᠤ︾ | ᠵᠠᠷᠴᠢᠮ ᠢᠶᠠᠷ ᠳᠠᠭᠠᠳᠬᠠᠯ ᠳᠤ ᠣᠷᠣᠯᠴᠠᠬᠤ ᠲᠤᠰᠠᠯᠠᠮᠵᠢ ᠬᠦᠷᠳᠡᠭᠡᠵᠦ᠂ ᠳᠠᠪᠬᠤᠷᠳᠠᠭᠤᠯᠤᠨ ᠲᠤᠰᠠᠯᠠᠮᠵᠢ ᠬᠦᠷᠳᠡᠭᠡᠵᠦ | ᠪᠣᠯᠬᠤ ᠥᠬᠡᠶ᠃ | ︵ᠭᠤᠷᠪᠠ︶ ᠡᠮᠴᠢᠯᠡᠭᠡᠨ ᠤ ᠠᠪᠤᠷᠠᠨ ᠲᠤᠰᠠᠯᠠᠬᠤ ᠪᠠᠷᠢᠮᠵᠢᠶ᠎ᠠ᠃ ᠡᠮᠨᠡᠯᠭᠡ ᠳᠤ ᠰᠠᠭᠤᠬᠤ᠂ ᠡᠩ ᠤᠨ | ᠡᠭᠦᠳᠡᠨ ᠡᠮᠨᠡᠯᠭᠡ᠂ ᠡᠭᠦᠳᠡᠨ ᠡᠮᠨᠡᠯᠭᠡ ᠶᠢᠨ ᠤᠵᠢᠭ ᠡᠪᠡᠳᠴᠢᠨ ᠢ ᠲᠡᠩᠬᠡᠷᠡᠭᠦᠯᠦᠨ ᠲᠤᠰᠠᠯᠠᠬᠤ ᠪᠠᠲᠤᠯᠠᠭ᠎ᠠ ᠪᠠᠨ | ᠴᠢᠩᠭᠠᠳᠬᠠᠨ᠎ᠠ᠃ ᠠᠪᠤᠷᠠᠨ ᠲᠤᠰᠠᠯᠠᠬᠤ ᠡᠲᠡᠭᠡᠳ ᠤᠨ ᠭᠡᠷ ᠪᠦᠯᠢ ᠶᠢᠨ ᠬᠦᠴᠢᠷᠳᠡᠯ ᠤᠨ ᠪᠠᠶᠢᠳᠠᠯ ᠢ ᠨᠢ | ᠦᠨᠳᠦᠰᠦᠯᠡᠨ᠂ ᠣᠨ ᠤ ᠠᠪᠤᠷᠠᠨ ᠲᠤᠰᠠᠯᠠᠬᠤ ᠶᠢᠨ ᠡᠬᠢᠯᠡᠵᠦ ᠲᠤᠰᠢᠶᠠᠬᠤ ᠪᠠᠷᠢᠮᠵᠢᠶ᠎ᠠ ᠪᠣᠯᠣᠨ ᠠᠪᠤᠷᠠᠨ ᠲᠤᠰᠠᠯᠠᠬᠤ | ᠬᠢᠵᠠᠭᠠᠷ ᠲᠤᠭ᠎ᠠ ᠶᠢ ᠨᠢ ᠲᠦᠷᠦᠯ ᠬᠤᠪᠢᠶᠠᠨ ᠲᠣᠭᠲᠠᠭᠠᠨ᠎ᠠ᠃ ᠣᠨᠴᠠ ᠬᠦᠴᠢᠷᠳᠡᠯᠲᠡᠶ ᠬᠥᠮᠦᠰ ᠪᠠ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ ᠲᠤ ᠡᠬᠢᠯᠡᠵᠦ ᠥᠭᠬᠦ ᠪᠠᠷᠢᠮᠵᠢᠶ᠎ᠠ ᠲᠣᠭᠲᠠᠭᠠᠬᠤ ᠦᠭᠡᠢ᠂ | ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠵᠠᠬ᠎ᠠ ᠬᠢᠵᠠᠭᠠᠷ ᠤᠨ ᠭᠡᠷ ᠪᠦᠯᠢ ᠶᠢᠨ ᠪᠦᠷᠢᠯᠳᠦᠬᠦᠨ ᠤ ᠡᠬᠢᠯᠡᠵᠦ | ᠲᠤᠰᠢᠶᠠᠬᠤ ᠪᠠᠷᠢᠮᠵᠢᠶ᠎ᠠ ᠶᠢ ᠦᠬᠠᠶ ᠬᠤᠲᠠ ᠶᠢᠨ ᠳᠡᠭᠡᠷ᠎ᠡ ᠵᠢᠯ ᠤᠨ ᠪᠦᠬᠦ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 10% ᠣᠷᠴᠢᠮ ᠪᠠᠶᠢᠯᠭᠠᠵᠤ᠂ ᠡᠪᠡᠳᠴᠢᠨ ᠠᠴᠠ ᠪᠣᠯᠵᠤ | ᠶᠠᠳᠠᠭᠤᠷᠠᠭᠰᠠᠨ ᠬᠦᠨᠳᠦ ᠡᠪᠡᠳᠴᠢᠲᠡᠨ ᠤ ᠡᠬᠢᠯᠡᠵᠦ ᠲᠤᠰᠢᠶᠠᠬᠤ ᠪᠠᠷᠢᠮᠵᠢᠶ᠎ᠠ ᠶᠢ ᠦᠬᠠᠶ ᠬᠤᠲᠠ ᠶᠢᠨ ᠳᠡᠭᠡᠷ᠎ᠡ | ᠵᠢᠯ ᠤᠨ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 25% | ᠣᠷᠴᠢᠮ ᠪᠠᠶᠢᠯᠭᠠᠵᠤ᠂ ᠵᠢᠯ ᠤᠨ ᠳᠣᠲᠣᠷ᠎ᠠ ᠡᠬᠢᠯᠡᠵᠦ ᠲᠤᠰᠢᠶᠠᠬᠤ ᠪᠠᠷᠢᠮᠵᠢᠶ᠎ᠠ ᠶᠢ ᠨᠡᠶᠢᠲᠡ ᠪᠤᠳᠤᠨ᠎ᠠ᠃ ᠡᠬᠢᠯᠡᠵᠦ | ᠲᠤᠰᠢᠶᠠᠬᠤ ᠪᠠᠷᠢᠮᠵᠢᠶ᠎ᠠ ᠶᠢ ᠦᠬᠠᠶ ᠬᠤᠲᠠ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ ᠶᠢᠨ ᠬᠢᠷᠢ ᠲᠦᠪᠰᠢᠨ ᠪᠣᠯᠤᠨ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠶᠢᠨ | ᠠᠵᠢᠯᠯᠠᠭᠠᠨ ᠤ ᠪᠠᠶᠢᠳᠠᠯ ᠢ ᠳᠠᠭᠠᠯᠳᠤᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠴᠠᠭ | ᠲᠤᠬᠠᠶ ᠳᠤᠨᠢ ᠲᠣᠬᠢᠷᠠᠭᠤᠯᠤᠯᠲᠠ ᠬᠢᠵᠦ ᠪᠣᠯᠤᠨ᠎ᠠ᠃ ︽ᠤᠷᠢᠳᠠᠪᠠᠷ ᠳᠠᠭᠠᠳᠬᠠᠯ ᠳᠤ ᠣᠷᠣᠭᠤᠯᠵᠤ ᠳᠠᠷᠠᠭ᠎ᠠ ᠨᠢ | ᠠᠪᠤᠷᠠᠨ ᠲᠤᠰᠠᠯᠠᠬᠤ︾ ᠵᠠᠷᠴᠢᠮ ᠶᠣᠰᠣᠭᠠᠷ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ | ᠳᠠᠭᠠᠳᠬᠠᠯ ᠵᠡᠷᠭᠡ ᠶᠢ ᠲᠤᠰᠢᠶᠠᠭᠰᠠᠨ ᠤ ᠳᠠᠷᠠᠭᠠᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠬᠤᠪᠢ | ᠬᠥᠮᠦᠨ ᠤ ᠥᠪᠡᠰᠦᠪᠡᠨ ᠲᠤᠰᠢᠶᠠᠬᠤ ᠡᠮᠴᠢᠯᠡᠭᠡᠨ ᠤ ᠵᠠᠷᠤᠳᠠᠯ ᠢ ᠮᠥᠨ ᠬᠦ ᠨᠡᠯᠢᠶᠡᠳ ᠬᠦᠨᠳᠦ ᠠᠪᠤᠷᠠᠨ ᠲᠤᠰᠠᠯᠠᠬᠤ | ᠡᠲᠡᠭᠡᠳ ᠲᠤ ᠲᠣᠭᠲᠠᠭᠠᠯ ᠶᠣᠰᠣᠭᠠᠷ ᠠᠪᠤᠷᠠᠨ ᠲᠤᠰᠠᠯᠠᠬᠤ ᠶᠢ ᠬᠡᠷᠡᠭᠵᠢᠭᠦᠯᠦᠨ᠎ᠡ᠃ ᠣᠨ ᠤ ᠠᠪᠤᠷᠠᠨ ᠲᠤᠰᠠᠯᠠᠬᠤ | ᠬᠢᠵᠠᠭᠠᠷ ᠲᠤᠭ᠎ᠠ ᠶᠢᠨ ᠳᠣᠲᠣᠷ᠎ᠠ᠂ ᠣᠨᠴᠠ ᠬᠦᠴᠢᠷᠳᠡᠯᠲᠡᠶ ᠬᠥᠮᠦᠰ ᠢ ᠪᠥᠬᠦ ᠲᠤᠭ᠎ᠠ ᠪᠠᠷ ᠠᠪᠤᠷᠠᠨ ᠲᠤᠰᠠᠯᠠᠨ᠎ᠠ︔ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠵᠠᠷᠤᠳᠠᠯ ᠢ | 75% ᠶᠢᠨ ᠬᠠᠷᠢᠴᠠᠯ ᠢᠶᠠᠷ ᠠᠪᠤᠷᠠᠨ ᠲᠤᠰᠠᠯᠠᠨ᠎ᠠ︔ ᠪᠤᠰᠤᠳ ᠠᠪᠤᠷᠠᠨ ᠲᠤᠰᠠᠯᠠᠬᠤ ᠡᠲᠡᠭᠡᠳ ᠤᠨ ᠲᠥᠷᠥ ᠶᠢᠨ | ᠪᠣᠳᠣᠯᠭ᠎ᠠ ᠶᠢᠨ ᠬᠡᠪᠴᠢᠶᠡᠨ ᠳᠠᠬᠢ ᠵᠠᠷᠤᠳᠠᠯ ᠢ 70% ᠶᠢᠨ ᠬᠠᠷᠢᠴᠠᠯ ᠢᠶᠠᠷ ᠠᠪᠤᠷᠠᠨ ᠲᠤᠰᠠᠯᠠᠨ᠎ᠠ᠃ ᠡᠭᠦᠳᠡᠨ | ᠡᠮᠨᠡᠯᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠪᠣᠳᠠᠲᠠᠶ | ᠬᠠᠷᠠᠭᠠᠯᠵᠠᠯ ᠤᠨ ᠪᠠᠷᠢᠮᠵᠢᠶ᠎ᠠ ᠶᠢ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠰᠠᠭᠤᠷᠢ | ᠮᠥᠩᠭᠦᠨ ᠤ ᠠᠵᠢᠯᠯᠠᠭᠠᠨ ᠤ ᠪᠠᠶᠢᠳᠠᠯ ᠢ ᠦᠨᠳᠦᠰᠦᠯᠡᠨ ᠲᠥᠰᠦᠭᠡᠯᠡᠨ ᠪᠤᠳᠤᠵᠤ ᠲᠣᠭᠲᠠᠭᠠᠨ᠎ᠠ᠃ ᠠᠪᠤᠷᠠᠨ | ᠲᠤᠰᠠᠯᠠᠬᠤ ᠬᠢᠵᠠᠭᠠᠷ ᠲᠤᠭ᠎ᠠ ᠨᠢ 8 ᠲᠦᠮᠡᠨ ᠲᠥᠭᠦᠷᠢᠭ᠂ ᠡᠭᠦᠳᠡᠨ ᠡᠮᠨᠡᠯᠭᠡ ᠪᠠ ᠡᠮᠨᠡᠯᠭᠡ ᠳᠤ ᠰᠠᠭᠤᠬᠤ ᠠᠪᠤᠷᠠᠨ | ᠲᠤᠰᠠᠯᠠᠬᠤ ᠳᠤ ᠨᠡᠶᠢᠲᠡ ᠬᠡᠷᠡᠭᠯᠡᠬᠦ ᠣᠨ ᠤ ᠠᠪᠤᠷᠠᠨ ᠲᠤᠰᠠᠯᠠᠬᠤ ᠬᠢᠵᠠᠭᠠᠷ ᠲᠤᠭ᠎ᠠ ᠪᠣᠯᠤᠨ᠎ᠠ᠃ ᠬᠦᠴᠢᠷᠳᠡᠯᠲᠡᠶ | ᠣᠯᠠᠨ ᠲᠦᠮᠡᠨ ᠳᠤ ᠣᠯᠠᠨ ᠳᠠᠪᠬᠤᠷ ᠣᠨᠴᠠᠭᠠᠶ ᠪᠡᠶ᠎ᠡ ᠶᠢᠨ ᠭᠠᠷᠤᠯ ᠤᠨ ᠰᠢᠨᠵᠢ ᠴᠢᠨᠠᠷ ᠲᠠᠢ ᠪᠠᠶᠢᠪᠠᠯ᠂ ︽ᠥᠨᠳᠥᠷ | ᠢᠶᠠᠷ ᠨᠢ ᠪᠠᠷᠢᠮᠵᠢᠶ᠎ᠠ ᠪᠤᠯᠭᠠᠬᠤ︾ ᠵᠠᠷᠴᠢᠮ ᠢᠶᠠᠷ ᠠᠪᠤᠷᠠᠨ ᠲᠤᠰᠠᠯᠠᠵᠦ᠂ ᠳᠠᠪᠬᠤᠷᠳᠠᠭᠤᠯᠤᠨ ᠠᠪᠤᠷᠠᠨ ᠲᠤᠰᠠᠯᠠᠵᠤ | ᠪᠣᠯᠬᠤ ᠥᠬᠡᠶ᠃ | ︵ᠳᠥᠷᠪᠡ︶ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠪᠠᠨ ᠲᠡᠭᠦᠯᠳᠡᠷᠵᠢᠭᠦᠯᠬᠦ᠃ ᠥᠪᠡᠷᠲᠡᠭᠡᠨ | ᠵᠠᠰᠠᠬᠤ ᠣᠷᠣᠨ ᠤ ᠳᠣᠲᠣᠷ᠎ᠠ ᠡᠮᠨᠡᠯᠭᠡ ᠳᠤ ᠰᠠᠭᠤᠭᠰᠠᠨ ᠠᠪᠤᠷᠠᠨ ᠲᠤᠰᠠᠯᠠᠬᠤ ᠡᠲᠡᠭᠡᠳ ᠲᠤ ᠭᠤᠷᠪᠠᠨ ᠴᠢᠬᠤᠯᠠ | ᠳᠦᠷᠢᠮ ᠢᠶᠠᠷ ᠶᠡᠷᠦᠩᠬᠡᠶᠢᠯᠡᠭᠰᠡᠨ ᠪᠠᠲᠤᠯᠠᠭᠰᠠᠨ ᠤ ᠳᠠᠷᠠᠭᠠᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ | ᠬᠤᠪᠢ ᠬᠥᠮᠦᠨ ᠤ ᠳᠠᠷᠤᠭᠠᠰᠤ ᠮᠥᠨ ᠬᠦ ᠨᠡᠯᠢᠶᠡᠳ ᠬᠦᠨᠳᠦ ᠪᠠᠶᠢᠭᠰᠠᠭᠠᠷ ᠪᠤᠯ ᠬᠡᠯᠪᠠᠶᠢᠬᠦ ᠬᠠᠷᠠᠭᠠᠯᠵᠠᠯ ᠬᠦᠷᠳᠡᠭᠡᠵᠦ᠂ | ᠡᠭᠢᠯᠡᠨ ᠲᠤᠰᠢᠶᠠᠬᠤ ᠪᠠᠷᠢᠮᠵᠢᠶ᠎ᠠ ᠨᠢ 7000 ᠲᠥᠭᠦᠷᠢᠭ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ | ᠵᠠᠷᠤᠳᠠᠯ ᠤᠨ ᠠᠪᠤᠷᠠᠨ ᠲᠤᠰᠠᠯᠠᠬᠤ ᠬᠠᠷᠢᠴᠠᠯ ᠨᠢ 60% ᠪᠣᠯᠤᠨ᠎ᠠ᠂ ᠬᠡᠯᠪᠠᠶᠢᠬᠦ ᠬᠠᠷᠠᠭᠠᠯᠵᠠᠯ ᠬᠦᠷᠳᠡᠭᠡᠬᠦ ᠳᠤ | ᠳᠡᠭᠡᠷ᠎ᠡ ᠲᠠᠯ᠎ᠠ ᠶᠢᠨ ᠱᠤᠭᠤᠮ ᠭᠠᠷᠭᠠᠬᠤ ᠦᠭᠡᠶ᠃ | ︵ᠲᠠᠪᠤ︶ ᠳᠦ᠋ᠷᠢᠮ ᠤᠨ ᠬᠠᠷᠢᠯᠴᠠᠨ ᠨᠥᠬᠦᠪᠥᠷᠢᠯᠡᠬᠦ ᠶᠢ ᠠᠬᠢᠭᠤᠯᠬᠤ᠃ ᠡᠮᠴᠢᠯᠡᠭᠡᠨ ᠤ ᠪᠠᠲᠤᠯᠠᠭ᠎ᠠ ᠶᠢᠨ | ᠬᠠᠷᠠᠭᠠᠯᠵᠠᠯ ᠤᠨ ᠨᠠᠷᠢᠨ ᠬᠠᠭᠤᠳᠠᠰᠤ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠤᠯᠤᠰ᠂ ᠥᠪᠡᠷᠲᠡᠭᠡᠨ | ᠵᠠᠰᠠᠬᠤ ᠣᠷᠣᠨ ᠤ ᠲᠣᠭᠲᠠᠭᠠᠭᠰᠠᠨ ᠡᠮᠴᠢᠯᠡᠭᠡᠨ ᠤ ᠳᠠᠭᠠᠳᠬᠠᠯ ᠤᠨ ᠦᠨᠳᠦᠰᠦᠨ ᠲᠥᠷᠥ ᠶᠢᠨ ᠪᠣᠳᠣᠯᠭ᠎ᠠ ᠶᠢ | ᠴᠢᠩᠭ᠎ᠠ ᠬᠡᠷᠡᠭᠵᠢᠭᠦᠯᠦᠨ᠎ᠡ᠃ ᠦᠨᠳᠦᠰᠦᠨ ᠡᠮᠴᠢᠯᠡᠭᠡᠨ ᠤ ᠳᠠᠭᠠᠳᠬᠠᠯ ᠤᠨ ᠭᠤᠤᠯ ᠴᠣᠭᠴᠠ ᠶᠢᠨ ᠪᠠᠲᠤᠯᠠᠭ᠎ᠠ ᠶᠢᠨ | ᠴᠢᠳᠠᠮᠵᠢ ᠶᠢ ᠭᠦᠢᠴᠡᠳ ᠪᠠᠳᠠᠷᠠᠭᠤᠯᠵᠤ᠂ ᠡᠮᠨᠡᠯᠭᠡ ᠳᠤ ᠰᠠᠭᠤᠬᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠠᠬᠢᠵᠢᠭᠦᠯᠦᠨ᠂ | ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠭᠤᠤᠯᠴᠢ ᠪᠥᠭᠡᠳ ᠵᠣᠬᠢᠰᠲᠠᠶ | ᠪᠠᠲᠤᠯᠠᠭ᠎ᠠ ᠶᠢ ᠦᠨᠡᠨᠬᠦ ᠪᠠᠲᠤᠯᠠᠨ᠎ᠠ᠃ ᠬᠦᠨᠳᠦ ᠡᠪᠡᠳᠴᠢᠨ ᠤ ᠳᠠᠭᠠᠳᠬᠠᠯ ᠤᠨ ᠳᠠᠷᠤᠭᠠᠰᠤ ᠶᠢ ᠬᠥᠩᠭᠡᠷᠡᠭᠦᠯᠬᠦ | ᠴᠢᠳᠠᠮᠵᠢ ᠶᠢ ᠴᠢᠩᠭᠠᠷᠠᠭᠤᠯᠵᠤ᠂ ᠣᠨ ᠢᠶᠠᠷ ᠪᠤᠳᠤᠵᠤ᠂ ᠬᠡᠰᠡᠭ ᠬᠤᠪᠢᠶᠠᠨ ᠠᠬᠢᠭᠤᠯᠤᠨ ᠪᠤᠳᠤᠵᠤ ᠪᠠᠶᠢᠭᠠᠳ | ᠪᠤᠳᠤᠵᠤ ᠦᠭᠬᠦ᠂ ᠣᠨᠴᠠ ᠬᠦᠴᠢᠷᠳᠡᠯᠲᠡᠶ ᠬᠥᠮᠦᠰ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠳᠠᠬᠢᠨ | ᠶᠠᠳᠠᠭᠤᠷᠠᠬᠤ ᠬᠥᠮᠦᠨ ᠠᠮᠠ ᠶᠢᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠶᠢ | 50% ᠪᠠᠷ ᠪᠠᠭᠤᠷᠠᠭᠤᠯᠵᠤ᠂ ᠲᠣᠭᠠᠴᠠᠭ᠎ᠠ ᠬᠢᠬᠦ ᠬᠠᠷᠢᠴᠠᠯ ᠢ ᠨᠢ ᠲᠣᠰ ᠲᠣᠰ 5 ᠵᠠᠭᠤᠨ ᠤ ᠨᠢᠭᠡᠴᠢ | ᠳᠡᠭᠡᠭᠰᠢᠯᠡᠭᠦᠯᠵᠦ᠂ ᠬᠠᠮᠤᠭ ᠤᠨ ᠥᠨᠳᠥᠷ ᠲᠣᠭᠠᠴᠠᠭ᠎ᠠ ᠬᠢᠬᠦ ᠬᠢᠵᠠᠭᠠᠷ ᠲᠤᠭ᠎ᠠ ᠭᠠᠷᠭᠠᠬᠤ ᠥᠬᠡᠶ᠃ ᠡᠮᠴᠢᠯᠡᠭᠡᠨ ᠤ | ᠠᠪᠤᠷᠠᠨ ᠲᠤᠰᠠᠯᠠᠬᠤ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠴᠢᠳᠠᠮᠵᠢ ᠪᠠᠨ ᠪᠠᠬᠢᠵᠢᠭᠦᠯᠵᠦ᠂ ᠲᠣᠭᠲᠠᠭᠠᠯ | ᠶᠣᠰᠣᠭᠠᠷ ᠲᠥᠷᠥᠯ ᠬᠤᠪᠢᠶᠠᠨ ᠠᠪᠤᠷᠠᠨ ᠲᠤᠰᠠᠯᠠᠬᠤ ᠠᠵᠢᠯ ᠢᠶᠠᠨ ᠰᠠᠶᠢᠲᠤᠷ ᠬᠢᠵᠦ᠂ ᠡᠪᠡᠳᠴᠢᠨ ᠠᠴᠠ ᠪᠣᠯᠵᠣ | ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠶᠢ ᠬᠦᠴᠦ ᠪᠠᠨ ᠬᠠᠮᠲᠤᠳᠬᠠᠨ ᠰᠡᠷᠭᠡᠶᠢᠯᠡᠨ᠎ᠡ᠃ ᠠᠮᠠᠷᠬᠠᠨ | ᠳᠠᠬᠢᠨ ᠶᠠᠳᠠᠭᠤᠷᠠᠬᠤ ᠪᠠ ᠶᠠᠳᠠᠭᠤᠷᠠᠬᠤ ᠬᠥᠮᠦᠨ ᠠᠮᠠ ᠶᠢᠨ ᠡᠮᠴᠢᠯᠡᠭᠡᠨ ᠤ ᠪᠠᠲᠤᠯᠠᠭ᠎ᠠ ᠶᠢᠨ ᠬᠠᠪᠰᠤᠷᠤᠨ ᠲᠡᠳᠬᠦᠬᠦ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠤᠭᠰᠠᠨ | ᠰᠢᠪᠲᠤᠯᠤᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠤᠨ᠎ᠠ᠃ | ︵ᠵᠢᠷᠭᠤᠭ᠎ᠠ︶ ᠪᠡᠯᠡ ᠴᠤᠭᠯᠠᠭᠤᠯᠬᠤ ᠲᠣᠭᠲᠠᠴᠠ ᠪᠠᠨ ᠪᠦᠷᠢᠨᠰᠢᠬᠦᠯᠬᠦ᠃ ᠡᠮᠴᠢᠯᠡᠭᠡᠨ ᠤ ᠠᠪᠤᠷᠠᠨ | ᠲᠤᠰᠠᠯᠠᠬᠤ ᠰᠠᠭᠤᠷᠢ ᠮᠥᠩᠭᠦ ᠨᠢ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ᠂ ᠱᠠᠩᠨᠠᠯᠲᠤ | ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠲᠤᠰᠠᠯᠠᠮᠵᠢ | ᠦᠵᠡᠭᠦᠯᠬᠦ ᠵᠡᠷᠭᠡ ᠠᠷᠭ᠎ᠠ ᠮᠠᠶ᠋ᠢᠭ ᠢᠶᠠᠷ ᠪᠡᠯᠡ ᠴᠤᠭᠯᠠᠭᠤᠯᠵᠤ᠂ ᠢᠯᠡ ᠲᠤᠲᠤ᠂ ᠣᠯᠠᠨ ᠨᠡᠶᠢᠲᠡ᠂ ᠲᠥᠪ ᠭᠤᠤᠯᠴᠢ | ᠂ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠬᠦ᠂ ᠣᠷᠣᠯᠭ᠎ᠠ ᠵᠠᠷᠤᠯᠭ᠎ᠠ ᠶᠢ ᠲᠡᠩᠴᠡᠭᠦᠯᠬᠦ ᠵᠠᠷᠴᠢᠮ ᠤᠨ | ᠶᠣᠰᠣᠭᠠᠷ ᠬᠠᠮᠢᠶᠠᠷᠤᠨ ᠬᠡᠷᠡᠭᠯᠡᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠤ ᠣᠷᠣᠭᠤᠯᠤᠯᠲᠠ ᠶᠢᠨ | ᠪᠠᠲᠤᠯᠠᠭ᠎ᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠡᠮᠴᠢᠯᠡᠭᠡᠨ ᠤ ᠠᠪᠤᠷᠠᠨ | ᠲᠤᠰᠠᠯᠠᠬᠤ ᠨᠥᠬᠦᠪᠥᠷᠢ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠬᠦᠷᠦᠯᠴᠡᠬᠦ ᠥᠬᠡᠶ ᠬᠡᠰᠡᠭ ᠢ | ᠬᠤᠲᠠ᠂ ᠲᠣᠭᠤᠷᠢᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠦᠨᠳᠦᠰᠦᠨ ᠠᠴᠠ ᠨᠢ ᠪᠠᠲᠤᠯᠠᠨ᠎ᠠ᠃ ᠪᠡᠯᠡ | ᠬᠤᠷᠠᠮᠳᠤᠭᠤᠯᠬᠤ ᠠᠷᠭ᠎ᠠ ᠵᠠᠮ ᠢᠶᠠᠨ ᠥᠷᠭᠡᠳᠬᠡᠵᠦ᠂ ᠨᠡᠶᠢᠭᠡᠮ ᠤᠨ ᠬᠦᠴᠦᠨ ᠢ ᠳᠠᠶᠢᠴᠢᠯᠠᠨ᠂ ᠨᠢᠭᠦᠯᠡᠰᠦᠩᠭᠦᠶ | ᠦᠢᠯᠡᠰ ᠪᠣᠯᠤᠨ ᠨᠡᠶᠢᠭᠡᠮ ᠤᠨ ᠲᠤᠰᠠᠯᠠᠮᠵᠢ ᠵᠡᠷᠭᠡ ᠣᠯᠠᠨ ᠠᠷᠭ᠎ᠠ ᠵᠠᠮ ᠢᠶᠠᠷ ᠳᠠᠮᠵᠢᠭᠤᠯᠤᠨ ᠪᠡᠯᠡ ᠮᠥᠩᠭᠦ | ᠬᠤᠷᠠᠮᠳᠤᠭᠤᠯᠤᠨ᠎ᠠ᠃ | ︵ᠳᠣᠯᠤᠭ᠎ᠠ︶ ᠵᠠᠷᠤᠳᠠᠯ ᠢ ᠪᠠᠲᠤᠯᠠᠬᠤ ᠬᠦᠷᠢᠶ᠎ᠡ ᠬᠡᠪᠴᠢᠶ᠎ᠡ᠃ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ | ᠮᠥᠩᠭᠦ ᠶᠢᠨ ᠲᠣᠭᠠᠴᠠᠭ᠎ᠠ ᠬᠢᠬᠦ ᠬᠡᠪᠴᠢᠶ᠎ᠡ ᠶᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠦᠬᠦᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶ᠎ᠡ ᠶᠢᠨ ᠲᠣᠭᠲᠠᠭᠠᠯ ᠶᠣᠰᠣᠭᠠᠷ᠂ | ᠠᠪᠤᠷᠠᠨ ᠲᠤᠰᠠᠯᠠᠬᠤ ᠵᠠᠷᠤᠳᠠᠯ ᠢ ᠨᠢ ᠭᠤᠤᠯᠳᠠᠭᠤ ᠠᠪᠤᠷᠠᠨ ᠲᠤᠰᠠᠯᠠᠬᠤ ᠡᠲᠡᠭᠡᠳ ᠤᠨ ᠲᠣᠭᠲᠠᠭᠰᠠᠨ ᠡᠮᠴᠢᠯᠡᠭᠡᠨ ᠤ | ᠪᠠᠶᠢᠭᠤᠯᠤᠮᠵᠢ ᠳᠤ ᠡᠭᠦᠰᠦᠭᠰᠡᠨ ᠡᠮᠨᠡᠯᠭᠡ ᠳᠤ ᠰᠠᠭᠤᠭᠰᠠᠨ ᠵᠠᠷᠤᠳᠠᠯ᠂ ᠤᠵᠢᠭ ᠡᠪᠡᠳᠴᠢᠨ ᠳᠤ ᠤᠷᠲᠤ | ᠬᠤᠭᠤᠴᠠᠭ᠎ᠠ ᠪᠠᠷ ᠡᠮ ᠤᠤᠭᠤᠬᠤ ᠴᠢᠬᠤᠯᠠᠲᠠᠢ ᠪᠤᠶᠤ ᠬᠦᠨᠳᠦ ᠣᠨᠴᠠ ᠶᠡᠭᠡ ᠡᠪᠡᠳᠴᠢᠨ ᠳᠤ ᠨᠡᠷᠪᠡᠭᠳᠡᠭᠰᠡᠳ ᠲᠤ | ᠤᠷᠲᠤ ᠬᠤᠭᠤᠴᠠᠭ᠎ᠠ ᠪᠠᠷ ᠡᠭᠦᠳᠡᠨ ᠡᠮᠨᠡᠯᠭᠡ ᠳᠤ ᠡᠮᠨᠡᠭᠦᠯᠬᠦ ᠴᠢᠬᠤᠯᠠᠲᠠᠶ ᠵᠠᠷᠤᠳᠠᠯ ᠢ ᠪᠠᠭᠲᠠᠭᠠᠨ᠎ᠠ᠃ ᠦᠨᠳᠦᠰᠦᠨ | ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠱᠤᠭᠤᠮ ᠠᠴᠠ | ᠳᠣᠷᠣᠭᠰᠢᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠬᠤᠪᠢ ᠬᠥᠮᠦᠨ ᠤ ᠥᠪᠡᠷ ᠢᠶᠠᠨ ᠲᠣᠭᠠᠴᠠᠭ᠎ᠠ | ᠬᠢᠬᠦ ᠵᠠᠷᠤᠳᠠᠯ ᠢ ᠲᠣᠭᠲᠠᠭᠠᠯ ᠶᠣᠰᠣᠭᠠᠷ ᠡᠮᠴᠢᠯᠡᠭᠡᠨ ᠤ ᠠᠪᠤᠷᠠᠨ ᠲᠤᠰᠠᠯᠠᠬᠤ ᠳᠤ ᠣᠷᠣᠭᠤᠯᠤᠨ᠎ᠠ᠃ | ᠳᠥᠷᠪᠡ᠂ ᠡᠪᠡᠳᠴᠢᠨ ᠠᠴᠠ ᠪᠣᠯᠵᠣ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠᠨ ᠪᠦᠷᠢᠨᠰᠢᠭᠦᠯᠦᠨ᠎ᠡ | ︵ᠨᠢᠭᠡ︶ ᠡᠮᠴᠢᠯᠡᠭᠡᠨ ᠤ ᠬᠦᠨᠳᠦ ᠶᠡᠭᠡ ᠵᠠᠷᠤᠳᠠᠯ ᠤᠨ ᠵᠠᠷᠤᠯᠭ᠎ᠠ ᠶᠢ ᠤᠷᠢᠳᠴᠢᠯᠠᠨ ᠰᠡᠷᠡᠮᠵᠢᠯᠡᠭᠦᠯᠵᠦ ᠬᠢᠨᠠᠨ | ᠰᠢᠨᠵᠢᠬᠦ ᠪᠠᠨ ᠴᠢᠩᠭᠠᠳᠬᠠᠨ᠎ᠠ᠃ ᠡᠮᠴᠢᠯᠡᠭᠡᠨ ᠤ ᠠᠪᠤᠷᠠᠨ ᠲᠤᠰᠠᠯᠠᠬᠤ ᠡᠲᠡᠭᠡᠳ ᠤᠨ ᠮᠡᠳᠡᠭᠡ ᠵᠠᠩᠭᠢ ᠶᠢᠨ | ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠡᠪᠡᠳᠴᠢᠨ ᠠᠴᠠ ᠪᠣᠯᠵᠣ ᠶᠠᠳᠠᠭᠤᠷᠠᠬᠤ ᠪᠠ ᠡᠪᠡᠳᠴᠢᠨ ᠠᠴᠠ | ᠪᠣᠯᠵᠣ ᠳᠠᠬᠢᠨ ᠶᠠᠳᠠᠭᠤᠷᠠᠬᠤ ᠬᠤᠶᠠᠷ ᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠪᠠᠨ ᠪᠦᠷᠢᠨᠰᠢᠬᠦᠯᠵᠦ᠂ | ᠨᠥᠬᠦᠴᠡᠯ ᠳᠤ ᠨᠡᠶᠢᠴᠡᠪᠡᠯ ᠴᠠᠭ ᠲᠤᠬᠠᠶ ᠳᠤᠨᠢ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠤᠨ᠎ᠠ᠃ ᠣᠨ ᠤ | ᠡᠮᠴᠢᠯᠡᠭᠡᠨ ᠤ ᠵᠠᠷᠤᠳᠠᠯ ᠢ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠡᠷᠭᠡ ᠪᠠᠷ | ᠲᠤᠰᠢᠶᠠᠭᠰᠠᠨ ᠤ ᠳᠠᠷᠠᠭ᠎ᠠ᠂ ᠬᠤᠪᠢ ᠬᠥᠮᠦᠨ ᠤ ᠲᠤᠭᠠᠴᠠᠭ᠎ᠠ ᠬᠢᠭᠰᠡᠨ ᠲᠤᠭ᠎ᠠ ᠨᠢ ᠦᠬᠠᠶ ᠬᠤᠲᠠ ᠶᠢᠨ ᠲᠦᠷᠦᠭᠦᠤ | ᠵᠢᠯ ᠤᠨ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠠᠴᠠ ᠳᠠᠪᠠᠭᠰᠠᠨ ᠪᠠᠶᠢᠪᠠᠯ᠂ ᠡᠪᠡᠳᠴᠢᠨ ᠠᠴᠠ ᠪᠣᠯᠵᠣ ᠶᠠᠳᠠᠭᠤᠷᠠᠭᠰᠠᠨ ᠢᠶᠠᠷ ᠦᠵᠡᠵᠦ | ᠬᠢᠨᠠᠨ ᠬᠡᠮᠵᠢᠬᠦ ᠳᠤ ᠣᠷᠣᠭᠤᠯᠤᠨ᠎ᠠ︔ ᠬᠤᠪᠢ ᠬᠥᠮᠦᠨ ᠤ ᠲᠤᠭᠠᠴᠠᠭ᠎ᠠ ᠬᠢᠭᠰᠡᠨ ᠲᠤᠭ᠎ᠠ ᠨᠢ ᠦᠬᠠᠶ ᠬᠤᠲᠠ ᠶᠢᠨ | ᠲᠦᠷᠦᠭᠦᠤ ᠵᠢᠯ ᠤᠨ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠴᠠ 50% ᠳᠠᠪᠠᠭᠰᠠᠨ ᠪᠠᠶᠢᠪᠠᠯ᠂ ᠡᠪᠡᠳᠴᠢᠨ ᠠᠴᠠ ᠪᠣᠯᠵᠣ | ᠳᠠᠬᠢᠨ ᠶᠠᠳᠠᠭᠤᠷᠠᠭᠰᠠᠨ ᠢᠶᠠᠷ ᠦᠵᠡᠵᠦ ᠬᠢᠨᠠᠨ ᠬᠡᠮᠵᠢᠬᠦ ᠳᠤ ᠣᠷᠣᠭᠤᠯᠤᠨ᠎ᠠ᠃ ᠭᠤᠣᠯᠳᠠᠯᠭ᠎ᠠ ᠪᠠᠨ ᠳᠤᠪᠤᠶᠢᠯᠭᠠᠵᠤ᠂ | ᠴᠠᠭ ᠲᠤᠬᠠᠢ ᠳᠤᠨᠢ ᠤᠷᠢᠳᠴᠢᠯᠠᠨ ᠰᠡᠷᠡᠮᠵᠢᠯᠡᠭᠦᠯᠬᠦ ᠬᠡᠷᠡᠭᠲᠡᠢ᠃ ᠡᠮᠴᠢᠯᠡᠭᠡᠨ ᠤ ᠳᠠᠭᠠᠳᠬᠠᠯ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠡᠮᠳᠡᠭᠴᠦᠳ ᠤᠨ | ᠬᠤᠯᠪᠣᠭ᠎ᠠ ᠵᠡᠷᠭᠡ ᠬᠤᠯᠪᠤᠭᠳᠠᠯ ᠪᠥᠬᠦᠶ ᠰᠠᠯᠠᠭ᠎ᠠ ᠮᠥᠴᠢᠷ ᠤᠳ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ | ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠰᠢᠢᠳᠪᠤᠷᠢᠯᠡᠬᠦ ᠠᠵᠢᠯ ᠢᠶᠠᠨ ᠰᠠᠶᠢᠲᠤᠷ ᠬᠢᠵᠦ᠂ ᠬᠦᠴᠢᠷᠳᠡᠯᠲᠡᠶ | ᠣᠯᠠᠨ ᠲᠦᠮᠡᠨ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ᠂ ᠬᠥᠳᠡᠯᠦᠩᠭᠦᠶ ᠪᠠᠷ ᠬᠢᠨᠠᠨ ᠬᠡᠮᠵᠢᠬᠦ᠂ ᠬᠠᠷᠭᠤᠭᠤᠯᠤᠨ | ᠪᠠᠶᠢᠴᠠᠭᠠᠵᠤ ᠬᠠᠷᠢᠴᠠᠭᠤᠯᠬᠤ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠᠨ ᠴᠢᠩᠭᠠᠳᠬᠠᠬᠤ ᠬᠡᠷᠡᠭᠲᠡᠶ᠃ | ︵ᠬᠤᠶᠠᠷ︶ ᠶᠡᠷᠦᠩᠬᠡᠶᠢᠯᠡᠭᠰᠡᠨ ᠪᠠᠳᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠨᠠᠢᠳᠠᠪᠤᠷᠢᠵᠢᠭᠤᠯᠤᠨ᠎ᠠ᠃ | ᠭᠤᠶᠤᠴᠢᠯᠠᠯ ᠢᠶᠠᠷ ᠠᠪᠤᠷᠠᠨ ᠲᠤᠰᠠᠯᠠᠬᠤ ᠲᠣᠭᠲᠠᠴᠠ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠵᠤ᠂ ᠨᠠᠭᠠᠳᠤ | ᠵᠠᠬ᠎ᠠ ᠶᠢᠨ ᠪᠠᠲᠤᠯᠠᠭ᠎ᠠ ᠳᠤ ᠵᠠᠬ᠎ᠠ ᠬᠢᠵᠠᠭᠠᠷ ᠤᠨ ᠬᠡᠷ ᠪᠦᠯᠢ ᠶᠢᠨ ᠪᠦᠷᠢᠯᠳᠦᠬᠦᠨ ᠪᠠ ᠳᠠᠬᠢᠨ ᠶᠠᠳᠠᠭᠤᠷᠠᠵᠤ | ᠶᠠᠳᠠᠭᠤᠷᠠᠭᠰᠠᠨ ᠬᠥᠮᠦᠨ ᠠᠮᠠ᠂ ᠡᠪᠡᠳᠴᠢᠨ ᠠᠴᠠ ᠪᠣᠯᠵᠣ ᠶᠠᠳᠠᠭᠤᠷᠠᠭᠰᠠᠨ ᠬᠦᠨᠳᠦ ᠡᠪᠡᠳᠴᠢᠲᠡᠨ ᠢ ᠠᠪᠤᠷᠠᠨ | ᠲᠤᠰᠠᠯᠠᠬᠤ ᠪᠠᠷ ᠭᠤᠶᠤᠴᠢᠯᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠭᠤᠶᠤᠴᠢᠯᠠᠬᠤ ᠲᠠᠰ ᠳᠠᠷᠠᠭᠠᠯᠠᠯ | ᠢᠶᠠᠨ ᠳᠥᠭᠦᠮᠴᠢᠯᠡᠨ᠂ ᠠᠪᠤᠷᠠᠨ ᠲᠤᠰᠠᠯᠠᠬᠤ ᠴᠠᠭ ᠬᠤᠭᠤᠴᠠᠭᠠᠲᠤ ᠴᠢᠨᠠᠷ ᠢᠶᠠᠨ ᠴᠢᠩᠭᠠᠳᠬᠠᠨ᠎ᠠ᠃ ᠨᠢᠭᠡᠨᠲᠡ | ᠣᠨᠴᠠ ᠬᠦᠴᠢᠷᠳᠡᠯᠲᠡᠶ ᠬᠥᠮᠦᠰ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢᠶᠠᠷ ᠮᠠᠭᠠᠳᠯᠠᠨ ᠲᠣᠭᠲᠠᠭᠠᠭᠰᠠᠨ | ᠪᠠᠶᠢᠪᠠᠯ᠂ ᠡᠮᠴᠢᠯᠡᠭᠡᠨ ᠤ ᠠᠪᠤᠷᠠᠨ ᠲᠤᠰᠠᠯᠠᠬᠤ ᠶᠢ ᠰᠢᠭᠤᠳ ᠬᠦᠷᠳᠡᠭᠡᠨ᠎ᠡ᠃ ᠨᠡᠶᠢᠭᠡᠮ ᠤᠨ ᠬᠦᠴᠦᠨ ᠤ | ᠣᠷᠣᠯᠴᠠᠬᠤ ᠶᠢ ᠬᠥᠲᠥᠯᠥᠨ ᠵᠢᠯᠣᠭᠤᠳᠴᠤ᠂ ᠡᠮᠴᠢᠯᠡᠭᠡᠨ ᠤ ᠠᠪᠤᠷᠠᠨ ᠲᠤᠰᠠᠯᠠᠬᠤ᠂ ᠲᠦᠷ ᠴᠠᠭ ᠤᠨ ᠠᠪᠤᠷᠠᠨ | ᠲᠤᠰᠠᠯᠠᠬᠤ᠂ ᠨᠢᠭᠦᠯᠡᠰᠦᠩᠭᠦᠶ ᠶᠢᠨ ᠠᠪᠤᠷᠠᠨ ᠲᠤᠰᠠᠯᠠᠬᠤ ᠵᠡᠷᠭᠡ ᠶᠡᠷᠦᠩᠬᠡᠶᠢᠯᠡᠭᠰᠡᠨ ᠴᠢᠨᠠᠷᠲᠠᠶ ᠪᠠᠲᠤᠯᠠᠭ᠎ᠠ ᠶᠢᠨ ᠠᠷᠭ᠎ᠠ | ᠬᠡᠮᠵᠢᠶ᠎ᠡ ᠪᠠᠨ ᠴᠢᠩᠭᠠᠷᠠᠭᠤᠯᠤᠨ᠂ ︽ᠨᠢᠭᠡ ᠬᠡᠷᠡᠭ ᠢ ᠨᠢᠭᠡ ᠵᠥᠪᠯᠡᠬᠦ︾ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ | ᠱᠠᠲᠤ ᠬᠤᠪᠢᠶᠠᠨ ᠲᠥᠷᠥᠯ ᠬᠤᠪᠢᠶᠠᠨ ᠬᠠᠪᠰᠤᠷᠤᠨ ᠲᠡᠳᠬᠦᠬᠦ ᠶᠢ ᠲᠦᠢᠯ ᠤᠨ ᠣᠨᠣᠪᠴᠢᠲᠠᠶ ᠪᠠᠷ ᠥᠷᠨᠢᠭᠦᠯᠬᠦ | ᠬᠡᠷᠡᠭᠳᠡᠢ᠃ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠬᠢᠷᠢ ᠬᠡᠮᠵᠢᠶ᠎ᠡ ᠶᠢ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ | ᠂ ᠬᠤᠪᠢ ᠬᠥᠮᠦᠨ ᠤ ᠲᠤᠭᠠᠴᠠᠭ᠎ᠠ ᠬᠢᠬᠦ ᠪᠣᠳᠠᠲᠠᠶ ᠵᠠᠷᠤᠳᠠᠯ ᠤᠨ ᠪᠠᠶᠢᠳᠠᠯ ᠢ ᠨᠢ ᠦᠨᠳᠦᠰᠦᠯᠡᠨ ᠵᠦᠢ ᠵᠣᠬᠢᠰᠲᠠᠶ | ᠲᠣᠭᠲᠠᠭᠠᠬᠤ ᠬᠡᠷᠡᠭᠲᠡᠶ᠃ | ᠲᠠᠪᠤ᠂ ᠨᠡᠶᠢᠭᠡᠮ ᠤᠨ ᠬᠦᠴᠦᠨ ᠤ ᠤᠷᠤᠯᠴᠠᠯᠭ᠎ᠠ ᠶᠢ ᠬᠦᠲᠦᠯᠦᠨ ᠵᠢᠯᠤᠭᠤᠳᠤᠨ᠎ᠠ | ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠪᠤᠰᠤᠳ ᠵᠣᠬᠢᠶᠠᠨ ᠪᠠᠶᠢᠭᠤᠯᠤᠯᠲᠠ ᠶᠢᠨ | ᠨᠦᠬᠦᠪᠦᠷᠢᠯᠡᠬᠦ ᠴᠢᠨᠠᠷᠳᠠᠢ ᠠᠪᠤᠷᠠᠨ ᠲᠤᠰᠠᠯᠠᠬᠤ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠵᠤ᠂ | ᠡᠮᠴᠢᠯᠡᠭᠡᠨ ᠤ ᠳᠠᠭᠠᠳᠬᠠᠯ ᠤᠨ ᠭᠠᠷᠴᠠᠭ ᠠᠴᠠ ᠭᠠᠳᠠᠨᠠᠬᠢ ᠵᠠᠷᠤᠳᠠᠯ ᠢ ᠭᠤᠤᠯᠳᠠᠯᠭ᠎ᠠ ᠲᠠᠢ ᠪᠠᠲᠤᠯᠠᠨ᠎ᠠ᠃ ᠢᠨᠲ᠋ᠧᠷ | ᠰᠦᠯᠵᠢᠶᠡᠨ ᠤ ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠤᠨ ᠳᠠᠪᠠᠭᠤᠯᠢᠭ ᠢᠶᠠᠨ ᠪᠠᠳᠠᠷᠠᠭᠤᠯᠵᠤ᠂ ᠢᠯᠡ ᠪᠠᠷ | ᠠᠪᠤᠷᠠᠨ ᠲᠤᠰᠠᠯᠠᠬᠤ ᠶᠢ ᠢᠯᠡ ᠪᠣᠯᠭᠠᠨ᠎ᠠ᠃ ᠬᠤᠯᠪᠤᠭᠳᠠᠯ ᠪᠥᠬᠦᠶ ᠨᠡᠶᠢᠭᠡᠮ ᠤᠨ ᠠᠵᠢᠯ ᠤᠨ ᠦᠢᠯᠡᠴᠢᠯᠡᠭᠡ ᠪᠠ | ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠭᠵᠢᠯᠲᠡ ᠶᠢ ᠳᠡᠮᠵᠢᠵᠦ᠂ ᠠᠪᠤᠷᠠᠨ ᠲᠤᠰᠠᠯᠠᠬᠤ ᠦᠢᠯᠡᠴᠢᠯᠡᠭᠡᠨ ᠤ | ᠠᠭᠤᠯᠭ᠎ᠠ ᠪᠠᠨ ᠥᠷᠭᠡᠳᠬᠡᠨ᠎ᠡ᠃ ᠦᠬᠠᠶ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ | ᠲᠦᠪᠰᠢᠨ ᠪᠠ ᠡᠯ᠎ᠡ ᠲᠠᠯ᠎ᠠ ᠶᠢᠨ ᠳᠠᠭᠠᠭᠠᠬᠤ ᠴᠢᠳᠠᠪᠤᠷᠢ ᠶᠢ ᠦᠨᠳᠦᠰᠦᠯᠡᠨ᠂ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠶᠡᠷᠦᠩᠬᠡᠶᠢᠯᠡᠭᠰᠡᠨ ᠪᠠᠲᠤᠯᠠᠭ᠎ᠠ ᠶᠢ ᠬᠡᠷᠡᠭᠵᠢᠭᠦᠯᠦᠨ᠎ᠡ᠃ ᠠᠵᠢᠯᠲᠠᠨ ᠠᠵᠢᠯᠴᠢᠨ ᠤ ᠡᠮᠴᠢᠯᠡᠭᠡᠨ ᠤ | ᠬᠠᠷᠢᠯᠴᠠᠨ ᠬᠠᠪᠰᠤᠷᠤᠯᠴᠠᠵᠤ ᠠᠵᠢᠯ ᠥᠷᠨᠢᠭᠦᠯᠬᠦ ᠶᠢ ᠳᠡᠮᠵᠢᠵᠦ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ | ᠴᠢᠬᠤᠯᠠᠴᠢᠯᠠᠨ ᠴᠢᠩᠭᠠᠳᠬᠠᠨ᠎ᠠ᠃ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠨᠤᠭᠤᠳ ᠢ ᠵᠣᠷᠢᠬᠵᠢᠭᠤᠯᠬᠤ | ᠪᠠ ᠬᠦᠲᠦᠯᠦᠨ ᠵᠢᠯᠤᠭᠤᠳᠴᠤ ᠪᠠᠶᠢᠭᠠᠳ ᠡᠮᠴᠢᠯᠡᠭᠡᠨ ᠤ ᠳᠠᠭᠠᠳᠬᠠᠯ ᠤᠨ ᠭᠤᠷᠪᠠᠨ ᠴᠢᠬᠤᠯᠠ ᠳᠦᠷᠢᠮ ᠤᠨ | ᠪᠠᠲᠤᠯᠠᠭ᠎ᠠ ᠯᠤᠭ᠎ᠠ ᠬᠠᠷᠢᠯᠴᠠᠨ ᠵᠣᠯᠭᠠᠯᠳᠤᠭᠰᠠᠨ ᠲᠦᠭᠡᠮᠡᠯ ᠬᠠᠷᠠᠭᠠᠯᠵᠠᠯ ᠦᠵᠡᠭᠦᠯᠬᠦ ᠬᠡᠯᠪᠡᠷᠢ ᠶᠢᠨ ᠬᠤᠳᠠᠯᠳᠤᠭᠠᠨ ᠤ | ᠡᠷᠡᠭᠦᠯ ᠮᠡᠨᠳᠦ ᠶᠢᠨ ᠳᠠᠭᠠᠳᠬᠠᠯ ᠢ ᠰᠦᠪᠡᠭᠴᠢᠯᠡᠨ ᠬᠡᠷᠡᠭᠵᠢᠭᠦᠯᠵᠦ᠂ ᠡᠮᠴᠢᠯᠡᠭᠡᠨ ᠤ ᠰᠢᠨ᠎ᠡ ᠮᠡᠷᠭᠡᠵᠢᠯ᠂ ᠰᠢᠨ᠎ᠡ | ᠡᠮ ᠤᠨ ᠵᠦᠢᠯ᠂ ᠰᠢᠨ᠎ᠡ ᠪᠠᠭᠠᠵᠢ ᠬᠡᠷᠡᠭᠰᠡᠯ ᠤᠨ ᠬᠡᠷᠡᠭᠯᠡᠭᠡ ᠶᠢ ᠪᠠᠲᠤᠯᠠᠭ᠎ᠠ ᠶᠢᠨ ᠬᠡᠪᠴᠢᠶᠡᠨ ᠳᠤ ᠣᠷᠤᠭᠤᠯᠵᠤ᠂ | ᠪᠠᠲᠤᠯᠠᠬᠤ ᠬᠢᠷᠢ ᠬᠡᠮᠵᠢᠶ᠎ᠡ ᠶᠢ ᠬᠦᠴᠢᠷᠳᠡᠯᠲᠡᠢ ᠣᠯᠠᠨ ᠲᠦᠮᠡᠨ ᠲᠡᠰᠢ ᠵᠣᠬᠢᠬᠤ ᠬᠡᠮᠵᠢᠶ᠎ᠡ ᠪᠠᠷ ᠬᠡᠯᠪᠠᠶᠢᠯᠭᠡᠵᠦ᠂ ᠣᠯᠠᠨ | ᠲᠦᠮᠡᠨ ᠤ ᠦᠨᠳᠦᠰᠦᠨ ᠡᠮᠴᠢᠯᠡᠭᠡᠨ ᠤ ᠪᠠᠲᠤᠯᠠᠭ᠎ᠠ ᠠᠴᠠ ᠭᠠᠳᠠᠨᠠᠬᠢ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ᠵᠢᠷᠭᠤᠭ᠎ᠠ᠂ ᠭᠠᠷᠲᠠᠨ ᠭᠦᠢᠴᠡᠳᠬᠡᠬᠦ ᠦᠢᠯᠡᠴᠢᠯᠡᠭᠡ | ︵ᠨᠢᠭᠡ︶ ᠨᠢᠭᠡ ᠴᠣᠭᠴᠠᠵᠢᠭᠤᠯᠤᠨ ᠭᠦᠢᠴᠡᠳᠬᠡᠬᠦ ᠠᠵᠢᠯ ᠢᠶᠠᠨ ᠲᠦᠯᠬᠢᠨ ᠠᠬᠢᠭᠤᠯᠬᠤ ᠬᠡᠷᠡᠭᠳᠡᠢ᠃ | ᠡᠮᠴᠢᠯᠡᠬᠡᠨ ᠤ ᠠᠪᠤᠷᠠᠨ ᠲᠤᠰᠠᠯᠠᠬᠤ ᠶᠢ ᠭᠠᠷᠳᠠᠨ ᠭᠦᠢᠴᠡᠳᠭᠡᠬᠦ ᠦᠢᠯᠡᠴᠢᠯᠡᠭᠡ ᠪᠠᠨ ᠤᠯᠠᠮ ᠨᠢᠭᠡ ᠠᠯᠬᠤᠮ | ᠪᠦᠷᠢᠨᠰᠢᠭᠦᠯᠦᠨ ᠲᠡᠭᠦᠯᠳᠡᠷᠵᠢᠭᠦᠯᠵᠦ᠂ ᠡᠮᠴᠢᠯᠡᠭᠡᠨ ᠤ ᠠᠪᠤᠷᠠᠨ ᠲᠤᠰᠠᠯᠠᠬᠤ ᠶᠢ ᠳ᠋ᠦᠩᠨᠡᠨ ᠪᠤᠳᠤᠬᠤ | ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠳᠡᠢ᠃ ᠪᠥᠬᠦ ᠤᠯᠤᠰ ᠤᠨ | ᠨᠢᠭᠡᠳᠦᠯᠲᠡᠶ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠲᠤᠭ᠎ᠠ ᠪᠠᠷᠢᠮᠲᠠ ᠶᠢ | ᠰᠢᠰᠲ᠋ᠧᠮᠵᠢᠭᠦᠯᠦᠨ ᠬᠠᠮᠢᠶᠠᠷᠬᠤ ᠪᠠᠨ ᠴᠢᠩᠭᠠᠳᠬᠠᠵᠤ᠂ ︽ᠨᠢᠭᠡ ᠪᠠᠷᠢᠮᠳᠠ ᠶᠢᠨ ᠲᠦᠷᠢᠮ︾ ᠢᠶᠠᠷ ᠳ᠋ᠦᠩᠨᠡᠨ | ᠪᠤᠳᠤᠬᠤ ᠶᠢ ᠬᠡᠷᠡᠭᠵᠢᠭᠦᠯᠬᠦ ᠬᠡᠷᠡᠭᠳᠡᠢ᠃ ᠭᠡᠯᠡᠯᠴᠡᠭᠡᠷ ᠲᠤᠭᠳᠠᠬᠤ ᠪᠠ ᠬᠠᠮᠢᠶᠡᠷᠬᠤ ᠪᠠᠨ ᠨᠢᠭᠡᠳᠭᠡᠨ᠂ ᠡᠮᠴᠢᠯᠡᠭᠡ ᠪᠠᠷ | ᠠᠪᠤᠷᠡᠨ ᠲᠣᠰᠠᠯᠠᠬᠤ ᠶᠢ ᠬᠡᠯᠡᠯᠴᠡᠭᠡᠷ ᠤᠨ ᠬᠦᠷᠢᠶ᠎ᠠ ᠭᠡᠪᠴᠢᠶ᠎ᠠ ᠳᠤ ᠣᠷᠣᠭᠤᠯᠥᠨ᠂ ᠭᠡᠯᠡᠯᠴᠡᠭᠡᠷ ᠲᠣᠠᠠᠳᠠᠨ | ᠬᠦᠢᠴᠡᠳᠭᠡᠭᠰᠡᠨ ᠠᠵᠢᠯ ᠤᠨ ᠠᠮᠵᠢᠯᠳᠡ ᠪᠦᠳᠦᠮᠵᠢ ᠶᠢ ᠰᠢᠯᠭᠠᠨ ᠬᠢᠨᠠᠬᠤ ᠠᠷᠭ᠎ᠠ ᠪᠠᠨ ᠳᠡᠬᠦᠯᠳᠡᠷᠵᠢᠬᠦᠯᠵᠦ᠂ | ᠰᠢᠯᠭᠠᠨ ᠬᠢᠨᠠᠬᠤ ᠬᠦᠢᠴᠡᠳᠭᠡᠯ ᠲᠤᠭ᠎ᠠ ᠪᠠᠨ ᠲᠣᠳᠣᠷᠬᠠᠶᠢᠯᠠᠨ᠂ ᠡᠳᠣᠷ ᠲᠤᠳᠣᠮ ᠤᠨ ᠬᠢᠨᠡᠯᠳᠡ ᠳᠡᠯᠪᠢᠵᠦ | ᠪᠠᠶᠢᠴᠠᠭᠠᠬᠤ ᠪᠠᠨ ᠴᠢᠩᠭᠠᠳᠬᠠᠬᠤ ᠬᠡᠷᠡᠭᠳᠡᠢ᠃ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠬᠡᠷᠡᠭ ᠤᠨ ᠡᠮᠦᠨ᠎ᠡ ᠰᠠᠨᠠᠭᠤᠯᠬᠤ᠂ ᠬᠡᠷᠡᠭ ᠤᠨ ᠳᠤᠮᠳᠠ ᠤᠷᠢᠳᠴᠢᠯᠠᠨ | ᠰᠡᠷᠡᠮᠵᠢᠯᠡᠭᠦᠯᠬᠦ᠂ ᠬᠡᠷᠡᠭ ᠤᠨ ᠳᠠᠷᠠᠭ᠎ᠠ ᠬᠢᠨᠠᠨ ᠬᠠᠮᠢᠶᠠᠷᠬᠤ ᠶᠢ ᠨᠢᠭᠡ ᠴᠣᠭᠴᠠᠵᠢᠭᠤᠯᠤᠨ ᠣᠶᠤᠨᠴᠢ ᠪᠠᠷ ᠬᠢᠨᠠᠨ | ᠡᠵᠡᠮᠳᠡᠬᠦ ᠪᠠᠨ ᠲᠡᠭᠦᠯᠳᠡᠷᠵᠢᠭᠦᠯᠵᠦ᠂ ᠪᠠᠶᠢᠴᠠᠭᠠᠨ ᠬᠠᠷᠭᠤᠭᠤᠯᠬᠤ ᠠᠵᠢᠯ ᠢᠶᠠᠨ ᠰᠠᠶᠢᠲᠤᠷ ᠬᠢᠵᠦ᠂ ᠰᠠᠭᠤᠷᠢ | ᠮᠥᠩᠭᠦ ᠶᠢᠨ ᠠᠮᠤᠷ ᠲᠦᠪᠰᠢᠨ ᠥᠨᠳᠥᠷ ᠪᠦᠲᠦᠮᠵᠢᠲᠡᠶ᠂ ᠵᠦᠶ ᠵᠣᠬᠢᠰᠲᠠᠶ ᠬᠡᠷᠡᠭᠯᠡᠬᠦ ᠶᠢ ᠦᠨᠡᠨᠬᠦ ᠪᠠᠲᠤᠯᠠᠬᠤ | ᠬᠡᠷᠡᠭᠲᠡᠶ᠃ ᠰᠠᠯᠠᠭ᠎ᠠ ᠮᠦᠴᠢᠷ ᠤᠳ ᠠᠵᠢᠯ ᠤᠨ ᠬᠠᠮᠵᠢᠯᠴᠠᠭ᠎ᠠ ᠪᠠᠨ ᠴᠢᠩᠭᠠᠳᠬᠠᠵᠦ᠂ ᠨᠡᠶᠢᠭᠡᠮ ᠤᠨ ᠠᠪᠤᠷᠠᠨ | ᠲᠤᠰᠠᠯᠠᠬᠤ ᠶᠢᠨ ᠭᠠᠷᠳᠠᠨ ᠭᠦᠢᠴᠡᠳᠭᠡᠬᠦ ᠦᠢᠯᠡᠴᠢᠯᠡᠭᠡ ᠯᠦᠭᠡ ᠵᠤᠯᠭᠠᠭᠤᠯᠵᠦ᠂ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠤᠰᠤᠭᠠᠷ ᠬᠦᠴᠢᠷᠳᠡᠯᠲᠡᠢ ᠣᠯᠠᠨ ᠲᠦᠮᠡᠨ ᠤ ᠨᠡᠶᠢᠭᠡᠮ ᠤᠨ ᠠᠪᠤᠷᠠᠨ ᠲᠤᠰᠠᠯᠠᠬᠤ | ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠪᠠ ᠬᠤᠪᠢᠳᠠᠨ ᠭᠦᠢᠴᠡᠳᠭᠡᠬᠦ ᠵᠢᠴᠢ ᠦᠷ᠎ᠡ ᠳ᠋ᠦᠩ ᠤᠨ ᠬᠠᠷᠢᠭᠤ | ᠲᠤᠰᠬᠠᠯ ᠢᠶᠠᠨ ᠰᠠᠶᠢᠲᠤᠷ ᠬᠢᠬᠦ ᠬᠡᠷᠡᠭᠲᠡᠢ᠃ | ︵ᠬᠤᠶᠠᠷ︶ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ | ᠬᠡᠷᠡᠭᠲᠡᠶ᠃ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠢ ᠨᠠᠶᠢᠳᠠᠪᠤᠷᠢᠵᠢᠭᠤᠯᠵᠤ᠂ ᠡᠮᠬᠢ ᠵᠢᠷᠤᠮ ᠲᠠᠢ ᠵᠦᠢ | ᠵᠣᠬᠢᠰᠲᠠᠢ ᠡᠮᠨᠡᠭᠦᠯᠬᠦ ᠶᠢ ᠬᠦᠲᠦᠯᠦᠨ ᠵᠢᠯᠤᠭᠤᠳᠬᠤ ᠬᠡᠷᠡᠭᠲᠡᠢ᠃ ᠵᠦᠶ ᠵᠣᠬᠢᠰ ᠦᠭᠡᠢ ᠡᠮᠴᠢᠯᠡᠭᠡᠨ ᠤ ᠵᠠᠷᠤᠳᠠᠯ ᠤᠨ | ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠡᠮᠴᠢᠯᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ᠂ ᠬᠤᠶᠠᠳᠤᠭᠠᠷ | ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠭᠠᠷᠴᠠᠭ ᠠᠴᠠ ᠭᠠᠳᠠᠨᠠᠬᠢ ᠵᠠᠷᠤᠳᠠᠯ ᠤᠨ ᠬᠠᠷᠢᠴᠠᠯ ᠢ 5% ᠠᠴᠠ | ᠬᠡᠲᠦᠷᠡᠭᠦᠯᠬᠦ ᠦᠭᠡᠢ᠂ ᠭᠤᠷᠪᠠᠳᠣᠭᠠᠷ ᠲᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠭᠠᠷᠴᠠᠭ ᠠᠴᠠ ᠭᠠᠳᠠᠨᠠᠬᠢ | ᠵᠠᠷᠤᠳᠠᠯ ᠤᠨ ᠬᠠᠷᠢᠴᠠᠯ ᠢ 10% ᠠᠴᠠ ᠬᠡᠲᠦᠷᠡᠭᠦᠯᠬᠦ ᠦᠭᠡᠢ᠂ ᠬᠦᠴᠢᠷᠳᠡᠯᠲᠡᠢ ᠣᠯᠠᠨ ᠲᠦᠮᠡᠨ ᠤ ᠲᠥᠷᠥ ᠶᠢᠨ | ᠪᠣᠳᠣᠯᠭ᠎ᠠ ᠶᠢᠨ ᠬᠡᠪᠴᠢᠶᠡᠨ ᠳᠣᠲᠣᠷᠠᠬᠢ ᠦᠪᠡᠷ ᠢᠶᠠᠨ ᠲᠤᠭᠠᠴᠠᠭ᠎ᠠ ᠬᠢᠬᠦ ᠵᠠᠷᠤᠳᠠᠯ ᠤᠨ ᠬᠠᠷᠢᠴᠠᠯ ᠢ ᠵᠦᠢ ᠵᠣᠬᠢᠰᠲᠠᠢ | ᠬᠢᠵᠠᠭᠠᠷᠯᠠᠵᠤ᠂ ᠠᠪᠤᠷᠠᠨ ᠲᠤᠰᠠᠯᠠᠬᠤ ᠡᠲᠡᠭᠡᠳ ᠤᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠦᠩᠭᠡᠷᠡᠭᠦᠯᠦᠨ᠎ᠡ᠃ | ᠬᠤᠲᠠ ᠶᠢᠨ ᠲᠣᠭᠲᠠᠭᠰᠠᠨ ᠴᠢᠭ ᠪᠦᠬᠦᠢ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠳᠤ ᠰᠠᠭᠤᠭᠰᠠᠨ | ᠬᠦᠴᠢᠷᠳᠡᠯᠲᠡᠶ ᠣᠯᠠᠨ ᠲᠦᠮᠡᠨ ᠳᠤ ︽ᠤᠷᠢᠳᠠᠪᠠᠷ ᠡᠮᠨᠡᠨ ᠵᠠᠰᠠᠭᠠᠳ ᠳᠠᠷᠠᠭ᠎ᠠ ᠨᠢ ᠰᠦᠢᠳᠬᠡᠯ ᠲᠤᠰᠢᠶᠠᠬᠤ︾ ᠶᠢ | ᠬᠡᠷᠡᠭᠵᠢᠭᠦᠯᠵᠦ᠂ ᠡᠮᠨᠡᠯᠭᠡ ᠳᠤ ᠰᠠᠭᠤᠬᠤ ᠳᠡᠨᠵᠢ ᠶᠢᠨ ᠮᠥᠩᠭᠦ ᠶᠢ ᠨᠢ ᠬᠡᠯᠲᠦᠷᠢᠭᠦᠯᠬᠦ ᠬᠡᠷᠡᠭᠲᠡᠶ᠃ | ᠲᠤᠯᠤᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠳᠡᠭᠡᠳᠣ ᠭᠡᠮᠵᠢᠶ᠎ᠠ ᠪᠠᠷ ᠴᠢᠬᠤᠯᠠᠴᠢᠯᠠᠵᠦ᠂ ᠣᠳᠣᠷᠢᠳᠣᠯᠭ᠎ᠠ ᠪᠠᠨ ᠴᠢᠩᠭᠠᠳᠬᠠᠬᠤ ᠭᠡᠷᠡᠭᠳᠡᠢ᠃ | ᠨᠠᠮ ᠤᠨ ᠬᠤᠷᠢᠶ᠎ᠠ ᠤᠳᠤᠷᠢᠳᠴᠤ᠂ ᠵᠠᠰᠠᠭ ᠤᠨ ᠣᠷᠳᠤᠨ ᠭᠤᠣᠯᠯᠠᠨ ᠵᠢᠯᠤᠭᠤᠳᠬᠤ᠂ ᠰᠠᠯᠠᠭ᠎ᠠ ᠮᠥᠴᠢᠷ | ᠬᠠᠮᠵᠢᠯᠴᠠᠬᠤ᠂ ᠨᠡᠶᠢᠭᠡᠮ ᠠᠴᠠ ᠣᠷᠤᠯᠴᠠᠭᠰᠠᠨ ᠣᠨᠴᠠ ᠶᠡᠭᠡ ᠡᠪᠡᠳᠴᠢᠨ ᠡᠮᠬᠡᠭ ᠤᠨ ᠪᠠᠲᠤᠯᠠᠭ᠎ᠠ ᠶᠢᠨ ᠠᠵᠢᠯ ᠤᠨ | ᠲᠣᠭᠲᠠᠴᠠ ᠪᠠᠨ ᠴᠢᠩᠭᠠᠳᠬᠠᠬᠤ ᠬᠡᠷᠡᠭᠳᠡᠢ᠃ ᠬᠦᠴᠢᠷᠳᠡᠯᠲᠡᠶ ᠣᠯᠠᠨ ᠲᠦᠮᠡᠨ ᠤ ᠣᠨᠴᠠ ᠬᠦᠨᠳᠦ ᠡᠪᠡᠳᠴᠢᠨ ᠳᠤ | ᠡᠮᠴᠢᠯᠡᠭᠡᠨ ᠤ ᠠᠪᠤᠷᠠᠨ ᠲᠤᠰᠠᠯᠠᠬᠤ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠷᠠᠳ ᠤᠨ ᠠᠮᠢᠳᠤᠷᠠᠯ ᠢ ᠴᠢᠩᠭᠠᠳᠬᠠᠬᠤ ᠪᠠ ᠰᠠᠶᠢᠵᠢᠷᠠᠭᠤᠯᠬᠤ ᠶᠢᠨ ᠴᠢᠬᠤᠯᠠ | ᠬᠦᠢᠴᠡᠳᠭᠡᠯ ᠲᠤᠭ᠎ᠠ ᠪᠣᠯᠭᠠᠵᠤ᠂ ᠡᠮᠴᠢᠯᠡᠭᠡᠨ ᠤ ᠠᠪᠤᠷᠠᠨ ᠲᠤᠰᠠᠯᠠᠬᠤ ᠠᠵᠢᠯ ᠤᠨ ᠠᠮᠵᠢᠯᠲᠠ ᠪᠦᠲᠦᠮᠵᠢ ᠶᠢ | ᠦᠨᠡᠯᠡᠬᠦ ᠳᠤ ᠣᠷᠣᠭᠤᠯᠬᠤ ᠬᠡᠷᠡᠭᠳᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠲᠥᠷᠥ ᠶᠢᠨ ᠪᠣᠳᠣᠯᠭ᠎ᠠ ᠶᠢ | ᠪᠣᠳᠠᠲᠠᠶᠢᠵᠢᠭᠤᠯᠬᠤ᠂ ᠬᠠᠷᠠᠭᠠᠯᠵᠠᠯ ᠢ ᠨᠠᠶᠢᠳᠠᠪᠤᠷᠢᠵᠢᠭᠤᠯᠬᠤ᠂ ᠣᠯᠠᠨ ᠲᠦᠮᠡᠨ ᠳᠤ ᠪᠣᠳᠠᠲᠤ ᠠᠰᠢᠭ ᠬᠦᠷᠲᠡᠭᠡᠬᠦ ᠶᠢ | ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠮᠵᠢᠯᠴᠠᠨ ᠠᠬᠢᠭᠤᠯᠬᠤ ᠬᠡᠷᠡᠭᠳᠡᠢ᠃ ᠪᠦᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠪᠠ ᠬᠠᠤᠯᠢ ᠶᠣᠰᠣᠭᠠᠷ ᠳᠠᠭᠠᠳᠬᠠᠯ ᠳᠤ ᠣᠷᠣᠯᠴᠠᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠴᠠᠭ ᠲᠤᠬᠠᠶ ᠳᠤᠨᠢ ᠳᠠᠭᠠᠳᠬᠠᠯ ᠳᠤ ᠣᠷᠣᠯᠴᠠᠬᠤ᠂ ᠳᠠᠭᠠᠳᠬᠠᠯ ᠳᠤ | ᠣᠷᠣᠯᠴᠠᠬᠤ ᠶᠤᠰᠣᠳᠠᠢ ᠶᠢ ᠨᠢ ᠪᠦᠬᠦᠨ ᠢ ᠳᠠᠭᠠᠳᠬᠠᠯ ᠤᠷᠤᠯᠴᠠᠭᠤᠯᠬᠤ ᠶᠢ ᠦᠨᠡᠨᠬᠦ ᠪᠠᠲᠤᠯᠠᠬᠤ ᠬᠡᠷᠡᠭᠳᠡᠢ᠃ | ᠡᠮᠴᠢᠯᠡᠭᠡᠨ ᠤ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠬᠤ᠂ ᠡᠮᠴᠢᠯᠡᠭᠡ ᠡᠷᠡᠭᠦᠯ ᠬᠠᠮᠠᠭᠠᠯᠠᠯ ᠤᠨ ᠳᠦᠷᠢᠮ | ᠲᠥᠷᠥ ᠶᠢᠨ ᠪᠣᠳᠣᠯᠭ᠎ᠠ ᠬᠢᠭᠡᠳ ᠡᠷᠬᠢᠯᠡᠨ ᠭᠦᠢᠴᠡᠳᠬᠡᠬᠦ ᠦᠢᠯᠡᠴᠢᠯᠡᠭᠡ ᠪᠠᠨ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠪᠠᠨ ᠴᠢᠩᠭᠠᠳᠬᠠᠬᠤ ᠬᠡᠷᠡᠭᠳᠡᠢ᠃ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ | ᠡᠮᠴᠢᠯᠡᠭᠡᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠬᠤ ᠳᠦᠷᠢᠮ ᠤᠨ ᠥᠭᠡᠷᠡᠴᠢᠯᠡᠯᠲᠡ ᠪᠣᠯᠤᠨ | ᠬᠠᠮᠢᠶᠠᠷᠤᠯᠲᠠ ᠶᠢᠨ ᠠᠵᠢᠯ ᠢᠶᠠᠨ ᠨᠢᠭᠡᠳᠦᠯᠲᠡᠶ ᠲᠥᠯᠥᠪᠯᠡᠨ ᠠᠬᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ | ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠤᠨ ᠬᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠭᠡᠷ ᠪᠦᠯᠢ ᠶᠢᠨ ᠪᠦᠷᠢᠯᠳᠦᠬᠦᠨ ᠵᠡᠷᠭᠡ ᠠᠪᠤᠷᠠᠨ ᠲᠤᠰᠠᠯᠠᠬᠤ | ᠡᠲᠡᠭᠡᠳ ᠢ ᠮᠠᠭᠠᠳᠯᠠᠨ ᠲᠣᠭᠲᠠᠭᠠᠬᠤ ᠠᠵᠢᠯ ᠢᠶᠠᠨ ᠰᠠᠶᠢᠲᠤᠷ ᠬᠢᠵᠦ᠂ ᠨᠡᠶᠢᠭᠡᠮ ᠤᠨ ᠠᠪᠤᠷᠠᠨ ᠲᠤᠰᠠᠯᠠᠬᠤ ᠶᠢ | ᠵᠣᠯᠭᠠᠯᠳᠤᠭᠤᠯᠬᠤ ᠪᠠᠨ ᠴᠢᠩᠭᠠᠳᠬᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠪᠡᠳᠴᠢᠨ ᠠᠴᠠ | ᠪᠣᠯᠵᠤ ᠶᠠᠳᠠᠭᠤᠷᠠᠭᠰᠠᠨ ᠬᠦᠨᠳᠦ ᠡᠪᠡᠳᠴᠢᠲᠡᠨ ᠢ ᠮᠠᠭᠠᠳᠯᠠᠨ ᠲᠣᠭᠲᠠᠭᠠᠬᠤ ᠪᠠ ᠮᠡᠳᠡᠭᠡ ᠵᠠᠩᠭᠢ ᠶᠢ ᠬᠠᠮᠲᠤ ᠳᠠᠭᠠᠨ | ᠡᠳ᠋ᠯᠡᠬᠦ ᠠᠵᠢᠯ ᠢᠶᠠᠨ ᠰᠠᠶᠢᠲᠤᠷ ᠬᠢᠵᠦ᠂ ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢ ᠳᠡᠮᠵᠢᠬᠦ ᠬᠡᠷᠡᠭᠲᠡᠶ᠃ | ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠲᠣᠭᠲᠠᠭᠠᠯ ᠶᠣᠰᠣᠭᠠᠷ ᠪᠡᠯᠡ ᠮᠥᠩᠭᠦ ᠶᠢᠨ ᠳᠡᠮᠵᠢᠯᠭᠡ ᠪᠠᠨ | ᠰᠠᠶᠢᠲᠤᠷ ᠬᠢᠬᠦ ᠬᠡᠷᠡᠭᠲᠡᠶ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠢᠨ ᠡᠮᠴᠢᠯᠡᠭᠡᠨ ᠤ | ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠣᠨᠣᠰᠢᠯᠠᠨ ᠡᠮᠨᠡᠬᠦ ᠠᠷᠭ᠎ᠠ ᠵᠠᠮ ᠢ | ᠵᠢᠷᠤᠮᠵᠢᠭᠤᠯᠤᠨ᠂ ᠱᠠᠲᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠬᠤ ᠬᠡᠷᠡᠭᠲᠡᠶ᠃ ᠭᠠᠶᠢᠯᠢ ᠶᠢᠨ ᠶᠠᠪᠤᠳᠠᠯ ᠤᠨ | ᠰᠠᠯᠠᠭ᠎ᠠ ᠮᠥᠴᠢᠷ ᠤᠨ ᠬᠢᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ | ᠬᠤᠯᠪᠣᠭᠳᠠᠯ ᠪᠦᠬᠦᠢ ᠠᠵᠢᠯ ᠢᠶᠠᠨ ᠰᠠᠶᠢᠲᠤᠷ ᠬᠢᠵᠦ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠯᠦᠭᠡ | ᠨᠢᠭᠲᠠ ᠬᠠᠮᠵᠢᠯᠴᠠᠨ᠂ ᠡᠮᠴᠢᠯᠡᠭᠡᠨ ᠤ ᠳᠠᠭᠠᠳᠬᠠᠯ ᠢ ᠭᠠᠷᠲᠠᠨ ᠭᠦᠢᠴᠡᠳᠬᠡᠬᠦ ᠪᠠ ᠰᠦᠢᠳᠬᠡᠯ ᠲᠤᠰᠢᠶᠠᠬᠤ | ᠲᠤᠬᠠᠶᠢᠯᠠᠭᠰᠠᠨ ᠠᠵᠢᠯ ᠤᠨ ᠴᠤᠪᠤᠷᠠᠯ ᠢᠶᠠᠨ ᠰᠢᠯᠢᠳᠡᠭᠵᠢᠭᠦᠯᠵᠦ᠂ ᠳᠥᠭᠦᠮ ᠳᠥᠲᠡ ᠥᠨᠳᠥᠷ ᠪᠦᠲᠦᠮᠵᠢᠲᠡᠶ | ᠦᠢᠯᠡᠴᠢᠯᠡᠭᠡ ᠬᠠᠩᠭᠠᠬᠤ ᠬᠡᠷᠡᠭᠲᠡᠶ᠃ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ | ᠤᠨ ᠬᠢᠨ ᠳᠠᠭᠠᠳᠬᠠᠯ ᠤᠨ ᠪᠠᠶᠢᠭᠤᠯᠤᠮᠵᠢ ᠶᠢᠨ ᠬᠦᠨᠳᠦ ᠡᠪᠡᠳᠴᠢᠨ ᠤ ᠳᠠᠭᠠᠳᠬᠠᠯ ᠢ ᠳᠠᠭᠠᠭᠠᠨ ᠭᠦᠢᠴᠡᠳᠬᠡᠬᠦ ᠠᠵᠢᠯ | ᠲᠥᠷᠥᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠳᠠᠭᠠᠳᠬᠠᠯ ᠤᠨ ᠪᠠᠶᠢᠭᠤᠯᠤᠮᠵᠢ ᠶᠢ ᠬᠥᠲᠥᠯᠥᠨ | ᠵᠢᠯᠣᠭᠤᠳᠴᠤ ᠪᠠᠶᠢᠭᠠᠳ ᠬᠦᠴᠢᠷᠳᠡᠯᠲᠡᠶ ᠣᠯᠠᠨ ᠲᠦᠮᠡᠨ ᠲᠡᠰᠢ ᠬᠡᠯᠪᠠᠶᠢᠯᠭᠡᠵᠦ᠂ ᠲᠥᠯᠥᠪᠦᠷᠢ ᠶᠢᠨ ᠭᠠᠷᠳᠠᠮ ᠢᠶᠠᠨ | ᠳᠥᠭᠦᠮᠴᠢᠯᠡᠨ᠂ ᠰᠠᠭᠠᠳ ᠦᠭᠡᠶ ᠨᠡᠪᠲᠡᠷᠡᠬᠦ ᠵᠠᠮ ᠢ ᠨᠡᠪᠲᠡᠷᠡᠭᠦᠯᠵᠦ᠂ ᠬᠦᠴᠢᠷᠳᠡᠯᠲᠡᠶ ᠣᠯᠠᠨ ᠲᠦᠮᠡᠨ ᠤ ᠴᠠᠭ | ᠲᠤᠬᠠᠶ ᠳᠤᠨᠢ᠂ ᠳᠥᠭᠦᠮ ᠳᠥᠲᠡ ᠪᠥᠭᠡᠳ ᠬᠠᠷᠠᠭᠠᠯᠵᠠᠯ ᠬᠦᠷᠲᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠬᠢᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ | ᠬᠥᠳᠡᠯᠦᠩᠭᠦᠢ ᠬᠢᠨᠠᠨ ᠬᠡᠮᠵᠢᠬᠦ ᠠᠵᠢᠯ ᠢᠶᠠᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠳᠤ ᠲᠣᠭᠲᠠᠭᠤᠨ | ᠪᠤᠰᠤ ᠡᠷᠦᠬᠡ᠂ ᠵᠠᠬ᠎ᠠ ᠬᠢᠵᠠᠭᠠᠷ ᠤᠨ ᠠᠮᠠᠷᠬᠠᠨ ᠡᠭᠦᠰᠬᠦ ᠶᠠᠳᠠᠭᠤ ᠬᠦᠴᠢᠷᠳᠡᠯᠲᠡᠢ ᠡᠷᠦᠬᠡ ᠪᠣᠯᠤᠨ ᠭᠡᠨᠡᠳᠲᠡ ᠶᠢᠨ | ᠬᠦᠨᠳᠦ ᠨᠣᠴᠢᠲᠠᠢ ᠬᠦᠴᠢᠷᠳᠡᠯᠲᠡᠢ ᠡᠷᠦᠬᠡ ᠵᠡᠷᠭᠡ ᠭᠤᠣᠯᠳᠠᠯᠭ᠎ᠠ ᠲᠠᠢ ᠬᠥᠮᠦᠰ - ᠲᠤ ᠭᠤᠣᠯᠳᠠᠯᠭ᠎ᠠ ᠲᠠᠢ ᠪᠠᠷ | ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠶᠢ ᠥᠷᠨᠢᠭᠦᠯᠵᠦ᠂ ᠮᠡᠳᠡᠭᠡ ᠵᠠᠩᠭᠢ ᠶᠢ ᠴᠠᠭ | ᠲᠤᠬᠠᠢ ᠳᠤᠨᠢ ᠬᠠᠮᠲᠤᠪᠠᠷ ᠡᠳ᠋ᠯᠡᠬᠦ ᠬᠡᠷᠡᠭᠲᠡᠢ᠃ ᠠᠵᠢᠯᠴᠢᠨ ᠤ ᠡᠪᠯᠡᠯ ᠤᠨ ᠬᠢᠨ ᠶᠠᠳᠠᠭᠤ ᠬᠦᠴᠢᠷᠳᠡᠯᠲᠡᠶ ᠠᠵᠢᠯᠲᠠᠨ | ᠠᠵᠢᠯᠴᠢᠨ ᠢ ᠬᠠᠪᠰᠤᠷᠤᠨ ᠲᠡᠳᠬᠦᠬᠦ ᠲᠣᠭᠲᠠᠴᠠ ᠶᠢᠨ ᠦᠢᠯᠡᠳᠦᠯ ᠢᠶᠠᠨ ᠪᠠᠳᠠᠷᠠᠭᠤᠯᠵᠤ᠂ ᠬᠦᠨᠳᠦ ᠡᠪᠡᠳᠴᠢᠨ ᠳᠤ | ᠨᠡᠷᠪᠡᠭᠳᠡᠭᠰᠡᠨ᠂ ᠨᠥᠬᠦᠴᠡᠯ ᠳᠤ ᠨᠡᠶᠢᠴᠡᠬᠦ ᠬᠦᠴᠢᠷᠳᠡᠯᠲᠡᠶ ᠠᠵᠢᠯᠲᠠᠨ ᠠᠵᠢᠯᠴᠢᠨ ᠢ ᠬᠠᠪᠰᠤᠷᠤᠨ ᠲᠡᠳᠬᠦᠬᠦ ᠠᠵᠢᠯ | ᠢᠶᠠᠨ ᠰᠠᠶᠢᠲᠤᠷ ᠬᠢᠵᠦ᠂ ᠠᠵᠢᠯᠲᠠᠨ ᠠᠵᠢᠯᠴᠢᠨ ᠤ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠡᠷᠡᠭᠦᠯ | ᠬᠥᠭᠵᠢᠯᠲᠡ ᠶᠢ ᠢᠳᠡᠪᠬᠢᠲᠡᠶ ᠳᠡᠮᠵᠢᠬᠦ ᠬᠡᠷᠡᠭᠲᠡᠶ᠃ ᠵᠡᠮᠳᠡᠭᠴᠦᠳ ᠤᠨ ᠬᠤᠯᠪᠣᠭᠠᠲᠤ ᠬᠤᠷᠠᠯ ᠤᠨ ᠰᠠᠯᠠᠭ᠎ᠠ | ᠮᠥᠴᠢᠷ ᠤᠨ ᠬᠢᠨ ᠬᠦᠨᠳᠦ ᠵᠡᠮᠳᠡᠭᠴᠦᠳ ᠢ ᠮᠠᠭᠠᠳᠯᠠᠨ ᠲᠣᠭᠲᠠᠭᠠᠬᠤ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ | ᠪᠠᠨ ᠰᠠᠶᠢᠲᠤᠷ ᠬᠢᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠤᠨ | ᠬᠢᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠠᠢ ᠬᠠᠮᠵᠢᠯᠴᠠᠨ ᠠᠵᠢᠯᠲᠠᠨ ᠤ ᠮᠡᠳᠡᠭᠡ ᠵᠠᠩᠭᠢ ᠶᠢ | ᠬᠠᠮᠲᠤᠪᠠᠷ ᠡᠳ᠋ᠯᠡᠬᠦ ᠪᠠᠨ ᠰᠠᠶᠢᠲᠤᠷ ᠬᠢᠬᠦ ᠬᠡᠷᠡᠭᠲᠡᠶ᠃ | ︵ᠭᠤᠷᠪᠠ︶ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠳᠡᠢ᠃ | ᠡᠮᠴᠢᠯᠡᠭᠡᠨ ᠤ ᠠᠪᠤᠷᠠᠨ ᠲᠤᠰᠠᠯᠠᠬᠤ ᠶᠢᠨ ᠣᠷᠣᠭᠤᠯᠤᠯᠲᠠ ᠶᠢ ᠪᠠᠲᠤᠯᠠᠬᠤ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠵᠤ᠂ ᠡᠳ᠋ᠯᠡᠬᠦ ᠪᠠᠨ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ | ᠲᠥᠰᠦᠪ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠲᠥᠰᠦᠪ ᠢ ᠬᠡᠷᠡᠭᠵᠢᠭᠦᠯᠬᠦ ᠳᠤ ᠬᠢᠨᠠᠯᠲᠠ | ᠲᠠᠯᠪᠢᠬᠤ ᠪᠠᠨ ᠴᠢᠩᠭᠠᠳᠬᠠᠵᠤ᠂ ᠡᠳ᠋ᠯᠡᠬᠦ ᠪᠠᠨ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠠᠶᠤᠯ ᠦᠭᠡᠶ | ᠠᠵᠢᠯᠯᠠᠭᠠᠨ ᠢ ᠦᠨᠡᠨᠬᠦ ᠪᠠᠲᠤᠯᠠᠬᠤ ᠬᠡᠷᠡᠭᠲᠡᠶ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ | ᠬᠡᠷᠡᠭᠵᠢᠭᠦᠯᠵᠦ᠂ ᠠᠮᠵᠢᠯᠲᠠ ᠪᠦᠲᠦᠮᠵᠢ ᠶᠢ ᠬᠢᠨᠠᠨ ᠡᠵᠡᠮᠳᠡᠬᠦ᠂ ᠦᠨᠡᠯᠡᠬᠦ ᠪᠠ ᠦᠷ᠎ᠡ ᠳ᠋ᠦᠩ ᠢ ᠬᠡᠷᠡᠭᠯᠡᠬᠦ ᠪᠠᠨ | ᠴᠢᠩᠭᠠᠷᠠᠭᠤᠯᠤᠨ᠂ ᠠᠪᠤᠷᠠᠨ ᠲᠤᠰᠠᠯᠠᠬᠤ ᠰᠠᠭᠤᠷᠢ ᠮᠥᠩᠭᠦ ᠶᠢ ᠬᠡᠷᠡᠭᠯᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ | ᠬᠡᠷᠡᠭᠳᠡᠢ᠃ | ︵ᠳᠥᠷᠪᠡ︶ ᠦᠨᠳᠦᠰᠦᠨ ᠱᠠᠲᠤᠨ ᠤ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠬᠤ ᠬᠡᠷᠡᠭᠳᠡᠢ᠃ | ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠳᠠᠨ ᠬᠢᠬᠦ ᠡᠩᠨᠡᠭᠡᠨ ᠤ ᠪᠠᠶᠢᠭᠤᠯᠤᠯᠲᠠ ᠪᠠᠨ | ᠴᠢᠩᠭᠠᠳᠬᠠᠵᠤ᠂ ᠬᠤᠲᠠ᠂ ᠲᠣᠭᠤᠷᠢᠭ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠢ ᠬᠠᠮᠤᠷᠤᠭᠰᠠᠨ ᠡᠮᠴᠢᠯᠡᠭᠡᠨ ᠤ | ᠪᠠᠲᠤᠯᠠᠭ᠎ᠠ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠪᠠᠶᠢᠭᠤᠯᠬᠤ ᠬᠡᠷᠡᠭᠳᠡᠢ᠃ ᠦᠢᠯᠡᠴᠢᠯᠡᠭᠡᠨ ᠤ | ᠴᠢᠳᠠᠪᠤᠷᠢ ᠶᠢᠨ ᠲᠣᠬᠢᠷᠠᠭᠤᠯᠤᠯᠲᠠ ᠪᠠᠨ ᠰᠢᠯᠢᠳᠡᠭᠵᠢᠭᠦᠯᠵᠦ᠂ ᠡᠮᠴᠢᠯᠡᠭᠡᠨ ᠤ ᠠᠪᠤᠷᠠᠨ ᠲᠤᠰᠠᠯᠠᠬᠤ ᠲᠥᠷᠥ ᠶᠢᠨ | ᠪᠣᠳᠣᠯᠭ᠎ᠠ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢᠶᠠᠨ ᠴᠢᠩᠭᠠᠳᠬᠠᠨ᠂ ᠦᠨᠳᠦᠰᠦᠨ | ᠱᠠᠲᠤᠨ ᠤ ᠡᠷᠬᠢᠯᠡᠨ ᠭᠦᠢᠴᠡᠳᠬᠡᠬᠦ ᠡᠩᠨᠡᠭᠡ ᠶᠢᠨ ᠴᠢᠳᠠᠪᠤᠷᠢ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃ | ︵ᠲᠠᠪᠤ︶ ᠲᠥᠷᠥ ᠶᠢᠨ ᠪᠣᠳᠣᠯᠭ᠎ᠠ ᠶᠢ ᠤᠬᠠᠭᠤᠯᠵᠤ ᠬᠥᠲᠥᠯᠥᠨ ᠵᠢᠯᠣᠭᠤᠳᠬᠤ ᠪᠠᠨ ᠰᠠᠶᠢᠲᠤᠷ ᠬᠢᠬᠦ | ᠬᠡᠷᠡᠭᠳᠡᠢ᠃ ᠡᠷᠬᠡ ᠰᠦᠷᠳᠦ ᠮᠡᠳᠡᠭᠡ ᠵᠠᠩᠬᠢ ᠶᠢ ᠴᠠᠭ ᠲᠤᠬᠠᠢ ᠳᠤᠨᠢ ᠵᠦᠪ ᠤᠨᠤᠪᠴᠢᠳᠠᠢ ᠨᠡᠶᠢᠳᠡᠯᠡᠵᠦ᠂ | ᠲᠦᠷᠦ ᠶᠢᠨ ᠪᠤᠳᠤᠯᠭ᠎ᠠ ᠶᠢ ᠤᠩᠰᠢᠨ ᠲᠠᠶᠢᠯᠪᠤᠷᠢᠯᠠᠬᠤ ᠪᠠᠨ ᠰᠠᠶᠢᠳᠤᠷ ᠬᠢᠵᠦ᠂ ᠨᠡᠶᠢᠬᠡᠮ ᠤᠨ ᠶᠠᠷᠢᠶ᠎ᠠ ᠬᠡᠯᠡᠯᠴᠡᠭᠡ ᠶᠢ | ᠬᠦᠳᠦᠯᠦᠨ ᠵᠢᠯᠤᠭᠤᠳᠴᠦ᠂ ᠡᠯ᠎ᠡ ᠲᠠᠯ᠎ᠠ ᠶᠢᠨ ᠬᠠᠮᠳᠤ ᠶᠢᠨ ᠲᠠᠨᠢᠯᠳᠠ ᠶᠢ ᠨᠡᠮᠡᠭᠳᠡᠬᠦᠯᠬᠦ ᠬᠡᠷᠡᠭᠳᠡᠢ᠃ ᠣᠯᠠᠨ | ᠵᠦᠢᠯ ᠤᠨ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠲᠥᠷᠥ ᠶᠢᠨ ᠪᠣᠳᠣᠯᠭ᠎ᠠ ᠶᠢ ᠣᠶᠢᠯᠠᠭᠠᠬᠤ | ᠬᠡᠮᠵᠢᠶ᠎ᠡ ᠶᠢ ᠨᠢ ᠳᠡᠭᠡᠭᠰᠢᠯᠡᠭᠦᠯᠦᠨ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠬᠤ | ᠬᠡᠷᠡᠭᠳᠡᠢ᠃ | ᠲᠤᠰ ᠲᠥᠰᠦᠯ ᠢ 2023 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠤᠤᠯ ᠤᠨ ᠡᠮᠴᠢᠯᠡᠭᠡᠨ ᠤ ᠠᠪᠤᠷᠠᠨ ᠲᠤᠰᠠᠯᠠᠬᠤ ᠬᠤᠯᠪᠤᠭᠳᠠᠯ ᠪᠦᠬᠦᠢ ᠳᠦᠷᠢᠮ ᠲᠥᠷᠥ ᠶᠢᠨ ᠪᠣᠳᠣᠯᠭ᠎ᠠ ᠶᠢᠨ | ᠲᠣᠭᠲᠠᠭᠠᠯ ᠨᠢ ᠲᠤᠰ ᠲᠥᠰᠦᠯ ᠲᠠᠢ ᠨᠢᠭᠡᠳᠦᠯ ᠦᠭᠡᠶ ᠪᠠᠶᠢᠪᠠᠯ᠂ ᠲᠤᠰ ᠲᠥᠰᠦᠯ ᠤᠨ ᠶᠣᠰᠣᠭᠠᠷ ᠬᠡᠷᠡᠭᠵᠢᠭᠦᠯᠦᠨ᠎ᠡ᠃ | | | | | | |