ᠦᠬᠠᠶ ᠬᠤᠲᠠ ᠶᠢᠨ ᠣᠨᠴᠠ ᠬᠦᠨᠳᠦ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ | ᠳᠦᠷᠢᠮ ᠢ ᠪᠦᠷᠢᠨᠰᠢᠭᠦᠯᠬᠦ ᠶᠢ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠦᠬᠠᠶ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠦᠬᠠᠶ ᠵᠠᠰᠠᠭ ᠠᠯᠪᠠᠨ ᠲᠠᠷᠬᠠᠭᠠᠭᠰᠠᠨ︹2022︺42 ᠳ᠋ᠤᠭᠠᠷ ᠲᠣᠭᠠᠲᠤ | ᠡᠯ᠎ᠡ ᠲᠤᠭᠤᠷᠢᠭ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ᠂ | ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠦᠬᠠᠶ ᠬᠤᠲᠠ ᠶᠢᠨ ᠣᠨᠴᠠ ᠬᠦᠨᠳᠦ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ | ᠳᠦᠷᠢᠮ ᠢ ᠪᠦᠷᠢᠨᠰᠢᠭᠦᠯᠬᠦ ᠶᠢ ᠬᠡᠷᠡᠭᠵᠢᠭᠦᠯᠬᠦ ᠲᠥᠰᠦᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ | ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | 2022 ᠣᠨ ᠤ 11 ᠰᠠᠷ᠎ᠠ ᠶᠢᠨ 25 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠳᠡᠯᠡᠨ᠎ᠡ︶ | ᠦᠬᠠᠶ ᠬᠤᠲᠠ ᠶᠢᠨ ᠣᠨᠴᠠ ᠬᠦᠨᠳᠦ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ | ᠳᠦᠷᠢᠮ ᠢ ᠪᠦᠷᠢᠨᠰᠢᠭᠦᠯᠬᠦ ᠶᠢ ᠬᠡᠷᠡᠭᠵᠢᠭᠦᠯᠬᠦ ᠲᠥᠰᠦᠯ | ︽ᠬᠦᠨᠳᠦ ᠣᠨᠴᠠ ᠶᠡᠭᠡ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ ᠳᠦᠷᠢᠮ ᠢ | ᠪᠦᠷᠢᠨᠰᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ | ᠲᠠᠷᠬᠠᠭᠠᠭᠰᠠᠨ︹2021︺42 ᠳ᠋ᠤᠭᠠᠷ ᠲᠣᠭᠠᠲᠤ︶ ᠪᠠ ︽ᠣᠨᠴᠠ ᠬᠦᠨᠳᠦ ᠶᠡᠭᠡ ᠡᠪᠡᠳᠴᠢᠨ ᠤ ᠡᠮᠴᠢᠯᠡᠭᠡᠨ ᠤ | ᠳᠠᠭᠠᠳᠬᠠᠯ ᠪᠠ ᠠᠪᠤᠷᠠᠨ ᠲᠤᠰᠠᠯᠠᠬᠤ ᠳᠦᠷᠢᠮ ᠢ ᠪᠦᠷᠢᠨᠰᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ | ᠵᠠᠰᠠᠭ ᠠᠯᠪᠠᠨ ᠲᠠᠷᠬᠠᠭᠠᠭᠰᠠᠨ︹2022︺41 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠦᠨᠳᠦᠰᠦᠯᠡᠵᠤ᠂ ᠬᠦᠴᠢᠷᠳᠡᠯᠲᠡᠶ ᠣᠯᠠᠨ ᠲᠦᠮᠡᠨ ᠪᠠ ᠬᠦᠨᠳᠦ ᠡᠪᠡᠳᠴᠢᠨ ᠲᠠᠢ ᠡᠪᠡᠳᠴᠢᠲᠡᠨ ᠤ | ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠵᠦ᠂ ᠡᠪᠡᠳᠴᠢᠨ ᠠᠴᠠ ᠪᠣᠯᠵᠣ | ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ | ᠱᠤᠭᠤᠮ ᠢ ᠪᠠᠲᠤ ᠪᠠᠬᠢ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ | ᠵᠣᠯᠭᠠᠭᠤᠯᠬᠤ ᠠᠵᠢᠯ ᠢᠶᠠᠨ ᠣᠯᠠᠮ ᠰᠠᠶᠢᠲᠤᠷ ᠬᠢᠬᠦ ᠶᠢᠨ ᠲᠤᠰᠠᠳᠠ᠂ ᠦᠬᠠᠶ ᠬᠤᠲᠠ ᠶᠢᠨ ᠪᠣᠳᠠᠲᠠᠶ ᠲᠠᠢ ᠪᠠᠨ | ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠳᠠᠭᠠᠳᠬᠠᠯ ᠳᠤ | ᠣᠷᠣᠯᠴᠠᠬᠤ ᠶᠤᠰᠣᠳᠠᠢ ᠶᠢ ᠨᠢ ᠪᠦᠬᠦᠨ ᠢ ᠳᠠᠭᠠᠳᠬᠠᠯ ᠤᠷᠤᠯᠴᠠᠭᠤᠯᠬᠤ᠂ ᠦᠨᠳᠦᠰᠦᠨ ᠵᠦᠢᠯ ᠢ ᠪᠠᠲᠤᠯᠠᠬᠤ᠂ | ᠴᠢᠳᠠᠯ ᠤᠨ ᠢᠶᠠᠨ ᠬᠢᠷᠢ ᠪᠠᠷ ᠴᠢᠷᠮᠠᠶᠢᠬᠤ ᠶᠢ ᠪᠠᠲᠤᠯᠠᠵᠤ᠂ ᠬᠦᠴᠢᠷᠳᠡᠯᠲᠡᠢ ᠤᠯᠠᠨ ᠲᠦᠮᠡᠨ ᠤ ᠡᠮᠴᠢᠯᠡᠭᠡᠨ ᠤ | ᠵᠠᠷᠤᠯᠭ᠎ᠠ ᠶᠢᠨ ᠳᠠᠷᠤᠭᠠᠰᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠷᠠᠳ ᠤᠨ ᠠᠮᠢᠳᠤᠷᠠᠯ ᠢ ᠨᠡᠩ | ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ | ᠬᠤᠶᠠᠷ᠂ ᠠᠵᠢᠯ ᠤᠨ ᠬᠠᠷᠠᠯᠲᠠ | ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ | ᠲᠤᠰᠠᠯᠠᠬᠤ ᠭᠤᠷᠪᠠᠨ ᠴᠢᠬᠤᠯᠠ ᠳᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠪᠠᠨ ᠴᠢᠩᠭᠠᠳᠬᠠᠵᠤ᠂ ᠬᠦᠴᠢᠷᠳᠡᠯᠲᠡᠢ | ᠤᠯᠠᠨ ᠲᠦᠮᠡᠨ ᠤ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠦᠨᠡᠨ ᠢ ᠪᠠᠷᠢᠮᠲᠠᠯᠠᠨ | ᠲᠣᠭᠲᠠᠭᠠᠵᠤ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠡᠮᠴᠢᠯᠡᠭᠡ ᠳᠤ ᠪᠠᠲᠤᠯᠠᠭ᠎ᠠ ᠲᠠᠢ᠂ ᠬᠦᠨᠳᠦ ᠶᠡᠭᠡ | ᠡᠪᠡᠳᠴᠢᠨ ᠡᠮᠭᠡᠭ ᠲᠤ ᠨᠡᠷᠪᠡᠭᠳᠡᠭᠰᠡᠨ ᠠᠴᠠ ᠪᠤᠯᠵᠤ ᠦᠨᠳᠦᠰᠦᠨ ᠠᠮᠢᠳᠤᠷᠠᠯ ᠢ ᠨᠥᠯᠥᠭᠡᠯᠡᠬᠦ ᠦᠭᠡᠢ ᠪᠠᠶᠢᠬᠤ ᠶᠢ | ᠪᠠᠲᠤᠯᠠᠬᠤ ᠶᠢᠨ ᠬᠠᠮᠲᠤ ᠪᠠᠲᠤᠯᠠᠭ᠎ᠠ ᠬᠡᠲᠤᠷᠡᠬᠦ ᠠᠴᠠ ᠵᠠᠶᠢᠯᠠᠰᠬᠢᠨ᠎ᠠ᠃ ᠭᠤᠷᠪᠠᠨ ᠪᠠᠲᠤᠯᠠᠭ᠎ᠠ ᠶᠢᠨ ᠪᠠ | ᠨᠢᠭᠦᠯᠡᠰᠦᠩᠭᠦᠶ ᠶᠢᠨ ᠠᠪᠤᠷᠠᠨ ᠲᠤᠰᠠᠯᠠᠬᠤ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠵᠡᠷᠭᠡ ᠶᠢᠨ | ᠬᠠᠮᠵᠢᠯᠴᠠᠨ ᠬᠥᠭᠵᠢᠬᠦ᠂ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠵᠠᠰᠠᠭ ᠤᠨ ᠣᠷᠳᠣᠨ ᠢᠶᠠᠷ | ᠭᠤᠤᠯᠯᠠᠭᠤᠯᠤᠭᠰᠠᠨ᠂ ᠣᠯᠠᠨ ᠲᠠᠯ᠎ᠠ ᠶᠢᠨ ᠬᠢᠨ ᠣᠷᠣᠯᠴᠠᠭᠰᠠᠨ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ | ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ | ᠭᠤᠷᠪᠠ᠂ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ | ︵ᠨᠢᠭᠡ︶ ᠠᠪᠤᠷᠠᠨ ᠲᠤᠰᠠᠯᠠᠬᠤ ᠡᠲᠡᠭᠡᠳ ᠤᠨ ᠬᠡᠪᠴᠢᠶ᠎ᠡ᠃ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ ᠪᠠᠨ ᠴᠢᠩᠭᠠᠳᠬᠠᠵᠤ᠂ ᠠᠪᠤᠷᠠᠨ ᠲᠤᠰᠠᠯᠠᠬᠤ ᠡᠲᠡᠭᠡᠳ ᠢ ᠴᠠᠭ ᠲᠤᠬᠠᠶ ᠳᠤᠨᠢ ᠨᠠᠷᠢᠯᠢᠭ | ᠣᠨᠣᠴᠠᠲᠠᠶ ᠪᠠᠷ ᠢᠯᠭᠠᠨ ᠲᠠᠨᠢᠬᠤ ᠲᠣᠭᠲᠠᠴᠠ ᠶᠢ ᠪᠠᠶᠢᠭᠤᠯᠵᠤ᠂ ᠠᠪᠤᠷᠠᠨ ᠲᠤᠰᠠᠯᠠᠬᠤ ᠡᠲᠡᠭᠡᠳ ᠤᠨ ᠲᠥᠷᠥᠯ | ᠢᠯᠭᠠᠯ ᠢ ᠦᠨᠳᠦᠰᠦᠯᠡᠨ ᠲᠥᠷᠥᠯ ᠬᠤᠪᠢᠶᠠᠨ ᠠᠪᠤᠷᠠᠨ ᠲᠤᠰᠠᠯᠠᠬᠤ ᠶᠢ ᠬᠡᠷᠡᠭᠵᠢᠭᠦᠯᠦᠨ᠎ᠡ᠃ ᠣᠨᠴᠠ ᠬᠦᠴᠢᠷᠳᠡᠯᠲᠡᠶ | ᠬᠥᠮᠦᠰ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ | ᠬᠡᠷ ᠪᠦᠯᠢ ᠶᠢᠨ ᠪᠦᠷᠢᠯᠳᠦᠬᠦᠨ ᠪᠠ ᠬᠢᠨᠠᠨ ᠰᠢᠨᠵᠢᠬᠦ ᠬᠡᠪᠴᠢᠶᠡᠨ ᠳᠤ ᠣᠷᠣᠭᠤᠯᠤᠭᠰᠠᠨ ᠠᠮᠠᠷᠬᠠᠨ ᠳᠠᠬᠢᠨ | ᠶᠠᠳᠠᠭᠤᠷᠠᠬᠤ ᠪᠠ ᠶᠠᠳᠠᠭᠤᠷᠠᠬᠤ ᠬᠥᠮᠦᠨ ᠠᠮᠠ ᠶᠢ ᠲᠣᠭᠲᠠᠭᠠᠯ ᠶᠣᠰᠣᠭᠠᠷ ᠠᠪᠤᠷᠠᠨ ᠲᠤᠰᠠᠯᠠᠨ᠎ᠠ᠃ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ | ᠪᠤᠶᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠬᠡᠷ ᠪᠦᠯᠢ ᠶᠢᠨ ᠨᠥᠬᠦᠴᠡᠯ ᠳᠤ ᠨᠡᠶᠢᠴᠡᠬᠦ ᠪᠣᠯᠪᠠᠴᠤ | ᠶᠡᠭᠡ ᠲᠣᠭᠠᠨ ᠤ ᠡᠮᠴᠢᠯᠡᠭᠡᠨ ᠤ ᠵᠠᠷᠤᠳᠠᠯ ᠤᠨ ᠵᠠᠷᠤᠯᠭ᠎ᠠ ᠠᠴᠠ ᠪᠣᠯᠵᠣ ᠬᠡᠷ ᠪᠦᠯᠢ ᠶᠢᠨ ᠦᠨᠳᠦᠰᠦᠨ ᠠᠮᠢᠳᠤᠷᠠᠯ ᠳᠤ | ᠬᠦᠨᠳᠦ ᠨᠣᠴᠢᠲᠠᠶ ᠬᠦᠴᠢᠷᠳᠡᠯᠲᠡᠶ ᠪᠣᠯᠤᠭᠰᠠᠨ ᠬᠦᠨᠳᠦ ᠡᠪᠡᠳᠴᠢᠲᠡᠨ ︵ᠳᠣᠷᠣᠭᠰᠢ ︽ᠡᠪᠡᠳᠴᠢᠨ ᠠᠴᠠ ᠪᠣᠯᠵᠣ | ᠶᠠᠳᠠᠭᠤᠷᠠᠭᠰᠠᠨ ᠬᠦᠨᠳᠦ ᠡᠪᠡᠳᠴᠢᠲᠡᠨ ᠭᠡᠵᠦ ᠲᠣᠪᠴᠢᠯᠠᠨ᠎ᠠ᠂ ᠦᠬᠠᠶ ᠬᠤᠲᠠ ᠶᠢᠨ ᠡᠷᠦᠬᠡ ᠠᠮᠠ ᠶᠢᠨ ᠲᠠᠩᠰᠠ ᠲᠠᠢ᠂ | ᠬᠡᠷ ᠪᠦᠯᠢ ᠶᠢᠨ ᠬᠥᠮᠦᠨ ᠳᠤᠮᠳᠠᠴᠢ ᠵᠢᠯ ᠤᠨ ᠣᠷᠣᠯᠭ᠎ᠠ ᠨᠢ ᠳᠡᠭᠡᠷ᠎ᠡ ᠵᠢᠯ ᠤᠨ ᠦᠬᠠᠶ ᠬᠤᠲᠠ ᠶᠢᠨ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠴᠠ ᠳᠣᠤᠷ᠎ᠠ᠂ | ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠡᠷᠭᠡ ᠪᠠᠷ ᠳᠥᠯᠥᠵᠦ ᠪᠣᠯᠬᠤ ᠬᠤᠪᠢ | ᠬᠥᠮᠦᠨ ᠤ ᠵᠠᠷᠤᠳᠠᠯ ᠢ ᠬᠠᠰᠤᠭᠰᠠᠨ ᠤ ᠳᠠᠷᠠᠭ᠎ᠠ᠂ ᠬᠡᠷ ᠪᠦᠯᠢ ᠶᠢᠨ ᠬᠥᠮᠦᠨ ᠳᠤᠮᠳᠠᠴᠢ ᠶᠢᠨ ᠣᠷᠣᠯᠭ᠎ᠠ ᠨᠢ ᠦᠬᠠᠶ | ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 1.5 ᠳᠠᠬᠢᠨ ᠠᠴᠠ ᠳᠣᠤᠷ᠎ᠠ | ᠪᠣᠯᠤᠭᠰᠠᠨ ᠪᠥᠭᠡᠳ ᠬᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠨᠢ ᠬᠤᠯᠪᠤᠭᠳᠠᠯ ᠪᠥᠬᠦᠶ ᠲᠣᠭᠲᠠᠭᠠᠯ ᠳᠤ | ᠨᠡᠶᠢᠴᠡᠭᠰᠡᠨ ᠬᠦᠨᠳᠦ ᠡᠪᠡᠳᠴᠢᠲᠡᠨ ᠢ ᠵᠢᠭᠠᠵᠤ ᠪᠣᠶ︶ ᠳᠤ ᠪᠤᠲᠠᠲᠠᠢ ᠶᠢ ᠨᠢ ᠦᠨᠳᠦᠰᠦᠯᠡᠵᠦ ᠪᠠᠢᠭᠠᠳ ᠵᠣᠬᠢᠬᠤ | ᠲᠤᠰᠠᠯᠠᠮᠵᠢ ᠣᠯᠭᠤᠨ᠎ᠠ᠃ | ᠲᠤᠭᠤᠷᠢᠭ ᠤᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠤᠰᠤᠳ | ᠣᠨᠴᠣᠭᠤᠶ ᠬᠦᠴᠢᠷᠳᠡᠯᠲᠡᠶ ᠬᠥᠮᠦᠰ ᠲᠤ ᠳᠡᠭᠡᠷ᠎ᠡ ᠳᠤᠷᠠᠳᠤᠭᠰᠠᠨ ᠠᠪᠤᠷᠠᠨ ᠲᠤᠰᠠᠯᠠᠬᠤ ᠡᠲᠡᠭᠡᠳ ᠤᠨ ᠲᠥᠷᠥᠯ | ᠢᠯᠭᠠᠯ ᠤᠨ ᠶᠣᠰᠣᠭᠠᠷ ᠵᠣᠬᠢᠴᠠᠩᠭᠤᠶ ᠲᠤᠰᠠᠯᠠᠮᠵᠢ ᠣᠯᠭᠤᠨ᠎ᠠ᠃ | ︵ᠬᠤᠶᠠᠷ︶ ᠲᠥᠷᠥᠯ ᠬᠤᠪᠢᠶᠠᠨ ᠲᠤᠰᠠᠯᠠᠵᠤ ᠳᠠᠭᠠᠳᠬᠠᠯ ᠳᠤ ᠣᠷᠣᠯᠴᠠᠭᠤᠯᠬᠤ᠃ ᠬᠤᠳᠠ ᠭᠦᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠲᠠᠭᠠᠳᠬᠠᠯ ᠳᠤ ᠤᠷᠤᠯᠴᠠᠬᠤ ᠳᠤ ᠡᠳ᠋ ᠤᠨ ᠵᠠᠰᠠᠭ ᠤᠨ | ᠨᠦᠭᠦᠪᠦᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠬᠤᠪᠢ ᠭᠦᠮᠦᠨ ᠤ ᠰᠦᠢᠳᠬᠡᠯ ᠲᠤᠰᠢᠶᠠᠬᠤ ᠳᠤ | ᠦᠨᠡᠨᠬᠦ ᠭᠦᠴᠢᠷᠳᠡᠯᠳᠡᠢ ᠤᠯᠠᠨ ᠲᠦᠮᠡᠨ ᠳᠤ ᠲᠦᠷᠦᠯ ᠬᠤᠪᠢᠶᠠᠵᠦ ᠵᠤᠭᠤᠰ ᠢᠶᠠᠷ ᠲᠤᠰᠠᠯᠠᠨ᠎ᠠ᠃ 2023 ᠣᠨ ᠳᠤ | ᠦᠬᠠᠶ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠰᠦᠢᠳᠬᠡᠯ ᠲᠤᠰᠢᠶᠠᠬᠤ ᠬᠤᠭᠤᠴᠠᠭ᠎ᠠ ᠠᠴᠠ ᠡᠬᠢᠯᠡᠨ᠂ ᠡᠩ ᠤᠨ ᠰᠠᠭᠤᠭᠠᠯᠢ ᠠᠷᠠᠳ ᠤᠨ ᠡᠮᠴᠢᠯᠡᠭᠡᠨ ᠤ | ᠳᠠᠭᠠᠳᠬᠠᠯ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠣᠰᠣᠭᠠᠷ᠂ ᠣᠨᠴᠠ ᠬᠦᠴᠢᠷᠳᠡᠯᠲᠡᠶ | ᠬᠥᠮᠦᠰ ᠲᠤ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠠᠴᠠ ᠪᠥᠬᠦ ᠲᠤᠭᠠᠨ ᠤ ᠲᠤᠰᠠᠯᠠᠮᠵᠢ ᠣᠯᠭᠤᠨ᠎ᠠ᠃ | ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠳᠠᠬᠢᠨ ᠶᠠᠳᠠᠭᠤᠷᠠᠭᠰᠠᠨ ᠬᠥᠮᠦᠨ ᠠᠮᠠ ᠳᠤ ᠡᠮᠴᠢᠯᠡᠭᠡᠨ ᠤ ᠠᠪᠤᠷᠠᠨ | ᠲᠤᠰᠠᠯᠠᠬᠤ ᠰᠠᠭᠤᠷᠢ ᠮᠥᠩᠭᠦ ᠠᠴᠠ ᠲᠣᠭᠲᠠᠭᠰᠠᠨ ᠲᠣᠭᠠᠨ ᠤ ᠲᠤᠰᠠᠯᠠᠮᠵᠢ ᠣᠯᠭᠤᠨ᠎ᠠ᠃ ᠲᠣᠭᠲᠠᠭᠰᠠᠨ ᠲᠤᠭ᠎ᠠ ᠪᠠᠷ | ᠲᠤᠰᠠᠯᠠᠬᠤ ᠪᠠᠷᠢᠮᠵᠢᠶ᠎ᠠ ᠶᠢ ᠲᠣᠰ ᠬᠤᠭᠤᠴᠠᠭᠠᠨ ᠤ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠤᠪᠢ | ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢᠨ 45% ᠠᠴᠠ ᠳᠣᠤᠷ᠎ᠠ ᠦᠭᠡᠢ ᠪᠠᠶᠢᠵᠤ᠂ ᠪᠣᠳᠠᠲᠠᠶ | ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ | ᠮᠥᠴᠢᠷ ᠠᠴᠠ ᠬᠤᠯᠪᠤᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠮᠴᠢᠯᠡᠭᠡᠨ ᠤ ᠠᠪᠤᠷᠠᠨ ᠲᠤᠰᠠᠯᠠᠬᠤ | ᠰᠠᠭᠤᠷᠢ ᠮᠥᠩᠭᠦ ᠶᠢᠨ ᠠᠵᠢᠯᠯᠠᠭᠠᠨ ᠤ ᠪᠠᠶᠢᠳᠠᠯ ᠢ ᠦᠨᠳᠦᠰᠦᠯᠡᠨ ᠵᠢᠯ ᠪᠦᠷᠢ ᠶᠢᠨ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠬᠤᠭᠤᠴᠠᠭ᠎ᠠ ᠠᠴᠠ ᠡᠮᠦᠨ᠎ᠡ | ᠠᠰ ᠲᠤᠨᠢ ᠮᠡᠳᠡᠭᠳᠡᠨ᠎ᠡ᠃ ᠰᠢᠨ᠎ᠡ ᠪᠠᠷ ᠨᠡᠮᠡᠭᠳᠡᠭᠰᠡᠨ ᠡᠮᠴᠢᠯᠡᠬᠡᠨ ᠤ ᠠᠪᠤᠷᠠᠨ ᠲᠤᠰᠠᠯᠠᠬᠤ ᠶᠢ ᠬᠦᠷᠲᠡᠭᠰᠡᠳ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠴᠠᠭ ᠳᠤᠬᠠᠢ ᠳᠤ ᠨᠢ | ᠤᠷᠤᠯᠴᠠᠵᠤ ᠪᠤᠯᠤᠨ᠎ᠠ᠃ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠬᠦᠴᠢᠷᠳᠡᠯ ᠲᠠᠢ ᠬᠥᠮᠦᠰ ᠤᠨ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢᠶᠠᠨ ᠰᠠᠶᠢᠲᠤᠷ ᠬᠢᠵᠦ᠂ ᠴᠢᠬᠤᠯᠠ ᠲᠠᠢ ᠦᠶ᠎ᠡ ᠳᠤ | ᠬᠦᠴᠢᠷᠳᠡᠯᠲᠡᠶ ᠣᠯᠠᠨ ᠲᠦᠮᠡᠨ ᠪᠠ ᠬᠢᠨᠠᠨ ᠰᠢᠯᠭᠠᠬᠤ ᠡᠲᠡᠭᠡᠳ ᠢ ᠳᠠᠶᠢᠴᠢᠯᠠᠨ ᠤᠷᠢᠳᠠᠪᠠᠷ ᠲᠤᠰᠢᠶᠠᠵᠤ ᠳᠠᠷᠠᠭ᠎ᠠ ᠨᠢ | ᠨᠥᠬᠦᠪᠥᠷᠢᠯᠡᠬᠦ᠂ ᠵᠠᠰᠠᠭ ᠤᠨ ᠣᠷᠳᠣᠨ ᠤᠷᠢᠳᠠᠪᠠᠷ ᠣᠷᠣᠯᠠᠨ ᠥᠭᠭᠦᠭᠰᠡᠨ ᠤ ᠳᠠᠷᠠᠭ᠎ᠠ ᠭᠠᠴᠠᠭᠠᠨ ᠤ ᠬᠠᠮᠲᠤ ᠶᠢᠨ | ᠠᠵᠤ ᠠᠬᠤᠶ ᠶᠢᠨ ᠠᠰᠢᠭ ᠣᠷᠣᠯᠭ᠎ᠠ ᠪᠤᠶᠤ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠠᠰᠢᠭ ᠣᠷᠣᠯᠭ᠎ᠠ ᠶᠢ | ᠠᠰᠢᠭᠯᠠᠨ ᠣᠷᠣᠯᠠᠨ ᠲᠤᠰᠢᠶᠠᠬᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ | ᠪᠠᠶᠢᠭᠤᠯᠤᠯᠲᠠ ᠠᠴᠠ ᠬᠠᠪᠰᠤᠷᠤᠨ ᠣᠷᠣᠯᠠᠨ ᠲᠤᠰᠢᠶᠠᠬᠤ ᠶᠢ ᠲᠡᠮᠡᠴᠡᠨ ᠣᠯᠬᠤ ᠵᠡᠷᠭᠡ ᠪᠦᠲᠦᠮᠵᠢᠲᠡᠶ ᠠᠷᠭ᠎ᠠ | ᠬᠡᠮᠵᠢᠶ᠎ᠡ ᠠᠪᠴᠤ᠂ ︽ᠳᠠᠭᠠᠳᠬᠠᠯ ᠳᠤ ᠣᠷᠣᠯᠴᠠᠬᠤ ᠶᠤᠰᠣᠳᠠᠢ ᠶᠢ ᠨᠢ ᠪᠦᠬᠦᠨ ᠢ ᠳᠠᠭᠠᠳᠬᠠᠯ ᠤᠷᠤᠯᠴᠠᠭᠤᠯᠬᠤ︾ ᠶᠢ | ᠪᠡᠶᠡᠯᠡᠭᠦᠯᠦᠨ᠎ᠡ᠃ ᠬᠦᠴᠢᠷᠳᠡᠯᠲᠡᠶ ᠣᠯᠠᠨ ᠲᠦᠮᠡᠨ ᠣᠯᠠᠨ ᠳᠠᠪᠬᠤᠷ ᠣᠨᠴᠠᠭᠠᠶ ᠪᠡᠶ᠎ᠡ ᠶᠢᠨ ᠭᠠᠷᠤᠯ ᠤᠨ ᠰᠢᠨᠵᠢ | ᠴᠢᠨᠠᠷ ᠲᠠᠢ ᠪᠠᠶᠢᠪᠠᠯ᠂ ︽ᠥᠨᠳᠥᠷ ᠢᠶᠠᠷ ᠨᠢ ᠪᠠᠷᠢᠮᠵᠢᠶ᠎ᠠ ᠪᠤᠯᠭᠠᠬᠤ︾ ᠵᠠᠷᠴᠢᠮ ᠢᠶᠠᠷ ᠳᠠᠭᠠᠳᠬᠠᠯ ᠳᠤ ᠣᠷᠣᠯᠴᠠᠬᠤ | ᠲᠤᠰᠠᠯᠠᠮᠵᠢ ᠬᠦᠷᠳᠡᠭᠡᠵᠦ᠂ ᠳᠠᠪᠬᠤᠷᠳᠠᠭᠤᠯᠤᠨ ᠲᠤᠰᠠᠯᠠᠮᠵᠢ ᠬᠦᠷᠳᠡᠭᠡᠵᠦ ᠪᠣᠯᠬᠤ ᠥᠬᠡᠶ᠃ | ︵ᠭᠤᠷᠪᠠ︶ ᠡᠮᠴᠢᠯᠡᠭᠡᠨ ᠤ ᠠᠪᠤᠷᠠᠨ ᠲᠤᠰᠠᠯᠠᠬᠤ ᠪᠠᠷᠢᠮᠵᠢᠶ᠎ᠠ᠃ ᠡᠮᠨᠡᠯᠭᠡ ᠳᠤ ᠰᠠᠭᠤᠬᠤ᠂ ᠡᠩ ᠤᠨ ᠡᠭᠦᠳᠡᠨ | ᠡᠮᠨᠡᠯᠭᠡ᠂ ᠡᠭᠦᠳᠡᠨ ᠡᠮᠨᠡᠯᠭᠡ ᠶᠢᠨ ᠤᠵᠢᠭ ᠡᠪᠡᠳᠴᠢᠨ ᠢ ᠲᠡᠩᠬᠡᠷᠡᠭᠦᠯᠦᠨ ᠲᠤᠰᠠᠯᠠᠬᠤ ᠪᠠᠲᠤᠯᠠᠭ᠎ᠠ ᠪᠠᠨ ᠴᠢᠩᠭᠠᠳᠬᠠᠨ᠎ᠠ᠃ | ᠠᠪᠤᠷᠠᠨ ᠲᠤᠰᠠᠯᠠᠬᠤ ᠡᠲᠡᠭᠡᠳ ᠤᠨ ᠭᠡᠷ ᠪᠦᠯᠢ ᠶᠢᠨ ᠬᠦᠴᠢᠷᠳᠡᠯ ᠤᠨ ᠪᠠᠶᠢᠳᠠᠯ ᠢ ᠨᠢ ᠦᠨᠳᠦᠰᠦᠯᠡᠨ᠂ ᠣᠨ ᠤ | ᠠᠪᠤᠷᠠᠨ ᠲᠤᠰᠠᠯᠠᠬᠤ ᠶᠢᠨ ᠡᠬᠢᠯᠡᠵᠦ ᠲᠤᠰᠢᠶᠠᠬᠤ ᠪᠠᠷᠢᠮᠵᠢᠶ᠎ᠠ ᠪᠣᠯᠣᠨ ᠠᠪᠤᠷᠠᠨ ᠲᠤᠰᠠᠯᠠᠬᠤ ᠬᠢᠵᠠᠭᠠᠷ ᠲᠤᠭ᠎ᠠ ᠶᠢ ᠨᠢ | ᠲᠦᠷᠦᠯ ᠬᠤᠪᠢᠶᠠᠨ ᠲᠣᠭᠲᠠᠭᠠᠨ᠎ᠠ᠃ ᠣᠨᠴᠠ ᠬᠦᠴᠢᠷᠳᠡᠯᠲᠡᠶ ᠬᠥᠮᠦᠰ ᠪᠠ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠶᠢᠨ ᠡᠲᠡᠭᠡᠳ ᠲᠤ ᠡᠬᠢᠯᠡᠵᠦ ᠥᠭᠬᠦ ᠪᠠᠷᠢᠮᠵᠢᠶ᠎ᠠ ᠲᠣᠭᠲᠠᠭᠠᠬᠤ ᠦᠭᠡᠢ᠂ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠳᠤ ᠵᠠᠬ᠎ᠠ ᠬᠢᠵᠠᠭᠠᠷ ᠤᠨ ᠭᠡᠷ ᠪᠦᠯᠢ ᠶᠢᠨ ᠪᠦᠷᠢᠯᠳᠦᠬᠦᠨ ᠤ ᠡᠬᠢᠯᠡᠵᠦ ᠲᠤᠰᠢᠶᠠᠬᠤ | ᠪᠠᠷᠢᠮᠵᠢᠶ᠎ᠠ ᠶᠢ ᠦᠬᠠᠶ ᠬᠤᠲᠠ ᠶᠢᠨ ᠳᠡᠭᠡᠷ᠎ᠡ ᠵᠢᠯ ᠤᠨ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢᠨ 10% ᠣᠷᠴᠢᠮ ᠪᠠᠶᠢᠯᠭᠠᠵᠤ᠂ ᠡᠪᠡᠳᠴᠢᠨ ᠠᠴᠠ ᠪᠣᠯᠵᠤ ᠶᠠᠳᠠᠭᠤᠷᠠᠭᠰᠠᠨ | ᠬᠦᠨᠳᠦ ᠡᠪᠡᠳᠴᠢᠲᠡᠨ ᠤ ᠡᠬᠢᠯᠡᠵᠦ ᠲᠤᠰᠢᠶᠠᠬᠤ ᠪᠠᠷᠢᠮᠵᠢᠶ᠎ᠠ ᠶᠢ ᠦᠬᠠᠶ ᠬᠤᠲᠠ ᠶᠢᠨ ᠳᠡᠭᠡᠷ᠎ᠡ ᠵᠢᠯ ᠤᠨ ᠪᠦᠬᠦ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 25% ᠣᠷᠴᠢᠮ ᠪᠠᠶᠢᠯᠭᠠᠵᠤ᠂ | ᠵᠢᠯ ᠤᠨ ᠳᠣᠲᠣᠷ᠎ᠠ ᠡᠬᠢᠯᠡᠵᠦ ᠲᠤᠰᠢᠶᠠᠬᠤ ᠪᠠᠷᠢᠮᠵᠢᠶ᠎ᠠ ᠶᠢ ᠨᠡᠶᠢᠲᠡ ᠪᠤᠳᠤᠨ᠎ᠠ᠃ ᠡᠬᠢᠯᠡᠵᠦ ᠲᠤᠰᠢᠶᠠᠬᠤ ᠪᠠᠷᠢᠮᠵᠢᠶ᠎ᠠ ᠶᠢ | ᠦᠬᠠᠶ ᠬᠤᠲᠠ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠬᠢᠷᠢ | ᠲᠦᠪᠰᠢᠨ ᠪᠣᠯᠤᠨ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠠᠵᠢᠯᠯᠠᠭᠠᠨ ᠤ ᠪᠠᠶᠢᠳᠠᠯ ᠢ | ᠳᠠᠭᠠᠯᠳᠤᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠴᠠᠭ ᠲᠤᠬᠠᠶ ᠳᠤᠨᠢ | ᠲᠣᠬᠢᠷᠠᠭᠤᠯᠤᠯᠲᠠ ᠬᠢᠵᠦ ᠪᠣᠯᠤᠨ᠎ᠠ᠃ ︽ᠤᠷᠢᠳᠠᠪᠠᠷ ᠳᠠᠭᠠᠳᠬᠠᠯ ᠳᠤ ᠣᠷᠣᠭᠤᠯᠵᠤ ᠳᠠᠷᠠᠭ᠎ᠠ ᠨᠢ ᠠᠪᠤᠷᠠᠨ ᠲᠤᠰᠠᠯᠠᠬᠤ︾ | ᠵᠠᠷᠴᠢᠮ ᠶᠣᠰᠣᠭᠠᠷ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠡᠷᠭᠡ ᠶᠢ | ᠲᠤᠰᠢᠶᠠᠭᠰᠠᠨ ᠤ ᠳᠠᠷᠠᠭᠠᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠬᠤᠪᠢ ᠬᠥᠮᠦᠨ ᠤ ᠥᠪᠡᠰᠦᠪᠡᠨ | ᠲᠤᠰᠢᠶᠠᠬᠤ ᠡᠮᠴᠢᠯᠡᠭᠡᠨ ᠤ ᠵᠠᠷᠤᠳᠠᠯ ᠢ ᠮᠥᠨ ᠬᠦ ᠨᠡᠯᠢᠶᠡᠳ ᠬᠦᠨᠳᠦ ᠠᠪᠤᠷᠠᠨ ᠲᠤᠰᠠᠯᠠᠬᠤ ᠡᠲᠡᠭᠡᠳ ᠲᠤ ᠲᠣᠭᠲᠠᠭᠠᠯ | ᠶᠣᠰᠣᠭᠠᠷ ᠠᠪᠤᠷᠠᠨ ᠲᠤᠰᠠᠯᠠᠬᠤ ᠶᠢ ᠬᠡᠷᠡᠭᠵᠢᠭᠦᠯᠦᠨ᠎ᠡ᠃ ᠣᠨ ᠤ ᠠᠪᠤᠷᠠᠨ ᠲᠤᠰᠠᠯᠠᠬᠤ ᠬᠢᠵᠠᠭᠠᠷ ᠲᠤᠭ᠎ᠠ ᠶᠢᠨ | ᠳᠣᠲᠣᠷ᠎ᠠ᠂ ᠣᠨᠴᠠ ᠬᠦᠴᠢᠷᠳᠡᠯᠲᠡᠶ ᠬᠥᠮᠦᠰ ᠢ ᠪᠥᠬᠦ ᠲᠤᠭ᠎ᠠ ᠪᠠᠷ ᠠᠪᠤᠷᠠᠨ ᠲᠤᠰᠠᠯᠠᠨ᠎ᠠ᠃ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠡᠲᠡᠭᠡᠳ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠵᠠᠷᠤᠳᠠᠯ ᠢ 75% ᠶᠢᠨ | ᠬᠠᠷᠢᠴᠠᠯ ᠢᠶᠠᠷ ᠠᠪᠤᠷᠠᠨ ᠲᠤᠰᠠᠯᠠᠨ᠎ᠠ᠃ ᠪᠤᠰᠤᠳ ᠠᠪᠤᠷᠠᠨ ᠲᠤᠰᠠᠯᠠᠬᠤ ᠡᠲᠡᠭᠡᠳ ᠤᠨ ᠲᠥᠷᠥ ᠶᠢᠨ ᠪᠣᠳᠣᠯᠭ᠎ᠠ ᠶᠢᠨ | ᠬᠡᠪᠴᠢᠶᠡᠨ ᠳᠠᠬᠢ ᠵᠠᠷᠤᠳᠠᠯ ᠢ 70% ᠶᠢᠨ ᠬᠠᠷᠢᠴᠠᠯ ᠢᠶᠠᠷ ᠠᠪᠤᠷᠠᠨ ᠲᠤᠰᠠᠯᠠᠨ᠎ᠠ᠃ ᠡᠭᠦᠳᠡᠨ ᠡᠮᠨᠡᠯᠭᠡ ᠶᠢᠨ | ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠪᠣᠳᠠᠲᠠᠶ ᠬᠠᠷᠠᠭᠠᠯᠵᠠᠯ ᠤᠨ | ᠪᠠᠷᠢᠮᠵᠢᠶ᠎ᠠ ᠶᠢ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠰᠠᠭᠤᠷᠢ ᠮᠥᠩᠭᠦᠨ ᠤ ᠠᠵᠢᠯᠯᠠᠭᠠᠨ ᠤ | ᠪᠠᠶᠢᠳᠠᠯ ᠢ ᠦᠨᠳᠦᠰᠦᠯᠡᠨ ᠲᠥᠰᠦᠭᠡᠯᠡᠨ ᠪᠤᠳᠤᠵᠤ ᠲᠣᠭᠲᠠᠭᠠᠨ᠎ᠠ᠃ ᠠᠪᠤᠷᠠᠨ ᠲᠤᠰᠠᠯᠠᠬᠤ ᠬᠢᠵᠠᠭᠠᠷ ᠲᠤᠭ᠎ᠠ ᠨᠢ 8 | ᠲᠦᠮᠡᠨ ᠲᠥᠭᠦᠷᠢᠭ᠂ ᠡᠭᠦᠳᠡᠨ ᠡᠮᠨᠡᠯᠭᠡ ᠪᠠ ᠡᠮᠨᠡᠯᠭᠡ ᠳᠤ ᠰᠠᠭᠤᠬᠤ ᠠᠪᠤᠷᠠᠨ ᠲᠤᠰᠠᠯᠠᠬᠤ ᠳᠤ ᠨᠡᠶᠢᠲᠡ ᠬᠡᠷᠡᠭᠯᠡᠬᠦ | ᠣᠨ ᠤ ᠠᠪᠤᠷᠠᠨ ᠲᠤᠰᠠᠯᠠᠬᠤ ᠬᠢᠵᠠᠭᠠᠷ ᠲᠤᠭ᠎ᠠ ᠪᠣᠯᠤᠨ᠎ᠠ᠃ ᠬᠦᠴᠢᠷᠳᠡᠯᠲᠡᠶ ᠣᠯᠠᠨ ᠲᠦᠮᠡᠨ ᠳᠤ ᠣᠯᠠᠨ ᠳᠠᠪᠬᠤᠷ | ᠣᠨᠴᠠᠭᠠᠶ ᠪᠡᠶ᠎ᠡ ᠶᠢᠨ ᠭᠠᠷᠤᠯ ᠤᠨ ᠰᠢᠨᠵᠢ ᠴᠢᠨᠠᠷ ᠲᠠᠢ ᠪᠠᠶᠢᠪᠠᠯ᠂ ︽ᠥᠨᠳᠥᠷ ᠢᠶᠠᠷ ᠨᠢ ᠪᠠᠷᠢᠮᠵᠢᠶ᠎ᠠ ᠪᠤᠯᠭᠠᠬᠤ︾ | ᠵᠠᠷᠴᠢᠮ ᠢᠶᠠᠷ ᠠᠪᠤᠷᠠᠨ ᠲᠤᠰᠠᠯᠠᠵᠦ᠂ ᠳᠠᠪᠬᠤᠷᠳᠠᠭᠤᠯᠤᠨ ᠠᠪᠤᠷᠠᠨ ᠲᠤᠰᠠᠯᠠᠵᠤ ᠪᠣᠯᠬᠤ ᠥᠬᠡᠶ᠃ | ︵ᠳᠥᠷᠪᠡ︶ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠪᠠᠨ ᠲᠡᠭᠦᠯᠳᠡᠷᠵᠢᠭᠦᠯᠬᠦ᠃ ᠥᠪᠡᠷᠲᠡᠭᠡᠨ ᠵᠠᠰᠠᠬᠤ | ᠣᠷᠣᠨ ᠤ ᠳᠣᠲᠣᠷ᠎ᠠ ᠡᠮᠨᠡᠯᠭᠡ ᠳᠤ ᠰᠠᠭᠤᠭᠰᠠᠨ ᠠᠪᠤᠷᠠᠨ ᠲᠤᠰᠠᠯᠠᠬᠤ ᠡᠲᠡᠭᠡᠳ ᠲᠤ ᠭᠤᠷᠪᠠᠨ ᠴᠢᠬᠤᠯᠠ ᠳᠦᠷᠢᠮ | ᠢᠶᠠᠷ ᠶᠡᠷᠦᠩᠬᠡᠶᠢᠯᠡᠭᠰᠡᠨ ᠪᠠᠲᠤᠯᠠᠭᠰᠠᠨ ᠤ ᠳᠠᠷᠠᠭᠠᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠬᠤᠪᠢ | ᠬᠥᠮᠦᠨ ᠤ ᠳᠠᠷᠤᠭᠠᠰᠤ ᠮᠥᠨ ᠬᠦ ᠨᠡᠯᠢᠶᠡᠳ ᠬᠦᠨᠳᠦ ᠪᠠᠶᠢᠭᠰᠠᠭᠠᠷ ᠪᠤᠯ ᠬᠡᠯᠪᠠᠶᠢᠬᠦ ᠬᠠᠷᠠᠭᠠᠯᠵᠠᠯ ᠬᠦᠷᠳᠡᠭᠡᠵᠦ᠂ ᠡᠭᠢᠯᠡᠨ | ᠲᠤᠰᠢᠶᠠᠬᠤ ᠪᠠᠷᠢᠮᠵᠢᠶ᠎ᠠ ᠨᠢ 7000 ᠲᠥᠭᠦᠷᠢᠭ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ | ᠵᠠᠷᠤᠳᠠᠯ ᠤᠨ ᠠᠪᠤᠷᠠᠨ ᠲᠤᠰᠠᠯᠠᠬᠤ ᠬᠠᠷᠢᠴᠠᠯ ᠨᠢ 60% ᠪᠣᠯᠤᠨ᠎ᠠ᠂ ᠬᠡᠯᠪᠠᠶᠢᠬᠦ ᠬᠠᠷᠠᠭᠠᠯᠵᠠᠯ ᠬᠦᠷᠳᠡᠭᠡᠬᠦ ᠳᠤ ᠳᠡᠭᠡᠷ᠎ᠡ | ᠲᠠᠯ᠎ᠠ ᠶᠢᠨ ᠱᠤᠭᠤᠮ ᠭᠠᠷᠭᠠᠬᠤ ᠦᠭᠡᠶ᠃ | ︵ᠲᠠᠪᠤ︶ ᠳᠦ᠋ᠷᠢᠮ ᠤᠨ ᠬᠠᠷᠢᠯᠴᠠᠨ ᠨᠥᠬᠦᠪᠥᠷᠢᠯᠡᠬᠦ ᠶᠢ ᠠᠬᠢᠭᠤᠯᠬᠤ᠃ ᠡᠮᠴᠢᠯᠡᠭᠡᠨ ᠤ ᠪᠠᠲᠤᠯᠠᠭ᠎ᠠ ᠶᠢᠨ | ᠬᠠᠷᠠᠭᠠᠯᠵᠠᠯ ᠤᠨ ᠨᠠᠷᠢᠨ ᠬᠠᠭᠤᠳᠠᠰᠤ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠤᠯᠤᠰ᠂ ᠥᠪᠡᠷᠲᠡᠭᠡᠨ | ᠵᠠᠰᠠᠬᠤ ᠣᠷᠣᠨ ᠤ ᠲᠣᠭᠲᠠᠭᠠᠭᠰᠠᠨ ᠡᠮᠴᠢᠯᠡᠭᠡᠨ ᠤ ᠳᠠᠭᠠᠳᠬᠠᠯ ᠤᠨ ᠦᠨᠳᠦᠰᠦᠨ ᠲᠥᠷᠥ ᠶᠢᠨ ᠪᠣᠳᠣᠯᠭ᠎ᠠ ᠶᠢ | ᠴᠢᠩᠭ᠎ᠠ ᠬᠡᠷᠡᠭᠵᠢᠭᠦᠯᠦᠨ᠎ᠡ᠃ ᠦᠨᠳᠦᠰᠦᠨ ᠡᠮᠴᠢᠯᠡᠭᠡᠨ ᠤ ᠳᠠᠭᠠᠳᠬᠠᠯ ᠤᠨ ᠭᠤᠤᠯ ᠴᠣᠭᠴᠠ ᠶᠢᠨ ᠪᠠᠲᠤᠯᠠᠭ᠎ᠠ ᠶᠢᠨ | ᠴᠢᠳᠠᠮᠵᠢ ᠶᠢ ᠭᠦᠢᠴᠡᠳ ᠪᠠᠳᠠᠷᠠᠭᠤᠯᠵᠤ᠂ ᠡᠮᠨᠡᠯᠭᠡ ᠳᠤ ᠰᠠᠭᠤᠬᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠠᠬᠢᠵᠢᠭᠦᠯᠦᠨ᠂ | ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠭᠤᠤᠯᠴᠢ ᠪᠥᠭᠡᠳ ᠵᠣᠬᠢᠰᠲᠠᠶ | ᠪᠠᠲᠤᠯᠠᠭ᠎ᠠ ᠶᠢ ᠦᠨᠡᠨᠬᠦ ᠪᠠᠲᠤᠯᠠᠨ᠎ᠠ᠃ ᠬᠦᠨᠳᠦ ᠡᠪᠡᠳᠴᠢᠨ ᠤ ᠳᠠᠭᠠᠳᠬᠠᠯ ᠤᠨ ᠳᠠᠷᠤᠭᠠᠰᠤ ᠶᠢ ᠬᠥᠩᠭᠡᠷᠡᠭᠦᠯᠬᠦ | ᠴᠢᠳᠠᠮᠵᠢ ᠶᠢ ᠴᠢᠩᠭᠠᠷᠠᠭᠤᠯᠵᠤ᠂ ᠣᠨ ᠢᠶᠠᠷ ᠪᠤᠳᠤᠵᠤ᠂ ᠬᠡᠰᠡᠭ ᠬᠤᠪᠢᠶᠠᠨ ᠠᠬᠢᠭᠤᠯᠤᠨ ᠪᠤᠳᠤᠵᠤ ᠪᠠᠶᠢᠭᠠᠳ ᠪᠤᠳᠤᠵᠤ | ᠦᠭᠬᠦ᠂ ᠣᠨᠴᠠ ᠬᠦᠴᠢᠷᠳᠡᠯᠲᠡᠶ ᠬᠥᠮᠦᠰ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠳᠠᠬᠢᠨ ᠶᠠᠳᠠᠭᠤᠷᠠᠬᠤ | ᠬᠥᠮᠦᠨ ᠠᠮᠠ ᠶᠢᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠶᠢ 50% ᠪᠠᠷ | ᠪᠠᠭᠤᠷᠠᠭᠤᠯᠵᠤ᠂ ᠲᠣᠭᠠᠴᠠᠭ᠎ᠠ ᠬᠢᠬᠦ ᠬᠠᠷᠢᠴᠠᠯ ᠢ ᠨᠢ ᠲᠣᠰ ᠲᠣᠰ 5 ᠵᠠᠭᠤᠨ ᠤ ᠨᠢᠭᠡᠴᠢ ᠳᠡᠭᠡᠭᠰᠢᠯᠡᠭᠦᠯᠵᠦ᠂ | ᠬᠠᠮᠤᠭ ᠤᠨ ᠥᠨᠳᠥᠷ ᠲᠣᠭᠠᠴᠠᠭ᠎ᠠ ᠬᠢᠬᠦ ᠬᠢᠵᠠᠭᠠᠷ ᠲᠤᠭ᠎ᠠ ᠭᠠᠷᠭᠠᠬᠤ ᠥᠬᠡᠶ᠃ ᠡᠮᠴᠢᠯᠡᠭᠡᠨ ᠤ ᠠᠪᠤᠷᠠᠨ ᠲᠤᠰᠠᠯᠠᠬᠤ | ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠴᠢᠳᠠᠮᠵᠢ ᠪᠠᠨ ᠪᠠᠬᠢᠵᠢᠭᠦᠯᠵᠦ᠂ ᠲᠣᠭᠲᠠᠭᠠᠯ ᠶᠣᠰᠣᠭᠠᠷ ᠲᠥᠷᠥᠯ | ᠬᠤᠪᠢᠶᠠᠨ ᠠᠪᠤᠷᠠᠨ ᠲᠤᠰᠠᠯᠠᠬᠤ ᠠᠵᠢᠯ ᠢᠶᠠᠨ ᠰᠠᠶᠢᠲᠤᠷ ᠬᠢᠵᠦ᠂ ᠡᠪᠡᠳᠴᠢᠨ ᠠᠴᠠ ᠪᠣᠯᠵᠣ ᠶᠠᠳᠠᠭᠤᠷᠠᠬᠤ ᠪᠠ ᠳᠠᠬᠢᠨ | ᠶᠠᠳᠠᠭᠤᠷᠠᠬᠤ ᠲᠦᠭᠰᠢᠭᠦᠷᠢ ᠶᠢ ᠬᠦᠴᠦ ᠪᠠᠨ ᠬᠠᠮᠲᠤᠳᠬᠠᠨ ᠰᠡᠷᠭᠡᠶᠢᠯᠡᠨ᠎ᠡ᠃ ᠠᠮᠠᠷᠬᠠᠨ ᠳᠠᠬᠢᠨ ᠶᠠᠳᠠᠭᠤᠷᠠᠬᠤ ᠪᠠ | ᠶᠠᠳᠠᠭᠤᠷᠠᠬᠤ ᠬᠥᠮᠦᠨ ᠠᠮᠠ ᠶᠢᠨ ᠡᠮᠴᠢᠯᠡᠭᠡᠨ ᠤ ᠪᠠᠲᠤᠯᠠᠭ᠎ᠠ ᠶᠢᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ | ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠶ ᠵᠣᠯᠭᠠᠭᠤᠯᠤᠨ᠎ᠠ᠃ | ︵ᠵᠢᠷᠭᠤᠭ᠎ᠠ︶ ᠪᠡᠯᠡ ᠴᠤᠭᠯᠠᠭᠤᠯᠬᠤ ᠲᠣᠭᠲᠠᠴᠠ ᠪᠠᠨ ᠪᠦᠷᠢᠨᠰᠢᠬᠦᠯᠬᠦ᠃ ᠡᠮᠴᠢᠯᠡᠭᠡᠨ ᠤ ᠠᠪᠤᠷᠠᠨ ᠲᠤᠰᠠᠯᠠᠬᠤ | ᠰᠠᠭᠤᠷᠢ ᠮᠥᠩᠭᠦ ᠨᠢ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ᠂ ᠱᠠᠩᠨᠠᠯᠲᠤ ᠰᠤᠭᠤᠯᠤᠭ᠎ᠠ ᠶᠢᠨ | ᠨᠡᠶᠢᠲᠡ ᠶᠢᠨ ᠠᠰᠠᠷᠠᠮᠵᠢ ᠶᠢᠨ ᠮᠥᠩᠭᠦ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠲᠤᠰᠠᠯᠠᠮᠵᠢ ᠦᠵᠡᠭᠦᠯᠬᠦ ᠵᠡᠷᠭᠡ | ᠠᠷᠭ᠎ᠠ ᠮᠠᠶ᠋ᠢᠭ ᠢᠶᠠᠷ ᠪᠡᠯᠡ ᠴᠤᠭᠯᠠᠭᠤᠯᠵᠤ᠂ ᠢᠯᠡ ᠲᠤᠲᠤ᠂ ᠣᠯᠠᠨ ᠨᠡᠶᠢᠲᠡ᠂ ᠲᠥᠪ ᠭᠤᠤᠯᠴᠢ᠂ ᠲᠤᠰᠬᠠᠶ ᠵᠣᠭᠤᠰ ᠢ | ᠲᠤᠰᠬᠠᠶ ᠵᠦᠢᠯ ᠳᠤᠨᠢ ᠬᠡᠷᠡᠭᠯᠡᠬᠦ᠂ ᠣᠷᠣᠯᠭ᠎ᠠ ᠵᠠᠷᠤᠯᠭ᠎ᠠ ᠶᠢ ᠲᠡᠩᠴᠡᠭᠦᠯᠬᠦ ᠵᠠᠷᠴᠢᠮ ᠤᠨ ᠶᠣᠰᠣᠭᠠᠷ ᠬᠠᠮᠢᠶᠠᠷᠤᠨ | ᠬᠡᠷᠡᠭᠯᠡᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠤ ᠣᠷᠣᠭᠤᠯᠤᠯᠲᠠ ᠶᠢᠨ ᠪᠠᠲᠤᠯᠠᠭ᠎ᠠ ᠶᠢᠨ ᠬᠠᠷᠢᠭᠤᠴᠠᠯᠭ᠎ᠠ ᠶᠢ | ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠡᠮᠴᠢᠯᠡᠭᠡᠨ ᠤ ᠠᠪᠤᠷᠠᠨ ᠲᠤᠰᠠᠯᠠᠬᠤ ᠨᠥᠬᠦᠪᠥᠷᠢ ᠪᠠᠯᠠ | ᠮᠥᠩᠭᠦ ᠶᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠬᠦᠷᠦᠯᠴᠡᠬᠦ ᠥᠬᠡᠶ ᠬᠡᠰᠡᠭ ᠢ ᠬᠤᠲᠠ᠂ ᠲᠣᠭᠤᠷᠢᠭ ᠤᠨ | ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠦᠨᠳᠦᠰᠦᠨ ᠠᠴᠠ ᠨᠢ ᠪᠠᠲᠤᠯᠠᠨ᠎ᠠ᠃ ᠪᠡᠯᠡ ᠬᠤᠷᠠᠮᠳᠤᠭᠤᠯᠬᠤ ᠠᠷᠭ᠎ᠠ | ᠵᠠᠮ ᠢᠶᠠᠨ ᠥᠷᠭᠡᠳᠬᠡᠵᠦ᠂ ᠨᠡᠶᠢᠭᠡᠮ ᠤᠨ ᠬᠦᠴᠦᠨ ᠢ ᠳᠠᠶᠢᠴᠢᠯᠠᠨ᠂ ᠨᠢᠭᠦᠯᠡᠰᠦᠩᠭᠦᠶ ᠦᠢᠯᠡᠰ ᠪᠣᠯᠤᠨ ᠨᠡᠶᠢᠭᠡᠮ ᠤᠨ | ᠲᠤᠰᠠᠯᠠᠮᠵᠢ ᠵᠡᠷᠭᠡ ᠣᠯᠠᠨ ᠠᠷᠭ᠎ᠠ ᠵᠠᠮ ᠢᠶᠠᠷ ᠳᠠᠮᠵᠢᠭᠤᠯᠤᠨ ᠪᠡᠯᠡ ᠮᠥᠩᠭᠦ ᠬᠤᠷᠠᠮᠳᠤᠭᠤᠯᠤᠨ᠎ᠠ᠃ | ︵ᠳᠣᠯᠤᠭ᠎ᠠ︶ ᠵᠠᠷᠤᠳᠠᠯ ᠢ ᠪᠠᠲᠤᠯᠠᠬᠤ ᠬᠦᠷᠢᠶ᠎ᠡ ᠬᠡᠪᠴᠢᠶ᠎ᠡ᠃ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ | ᠮᠥᠩᠭᠦ ᠶᠢᠨ ᠲᠣᠭᠠᠴᠠᠭ᠎ᠠ ᠬᠢᠬᠦ ᠬᠡᠪᠴᠢᠶ᠎ᠡ ᠶᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠦᠬᠦᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶ᠎ᠡ ᠶᠢᠨ ᠲᠣᠭᠲᠠᠭᠠᠯ ᠶᠣᠰᠣᠭᠠᠷ᠂ | ᠠᠪᠤᠷᠠᠨ ᠲᠤᠰᠠᠯᠠᠬᠤ ᠵᠠᠷᠤᠳᠠᠯ ᠢ ᠨᠢ ᠭᠤᠤᠯᠳᠠᠭᠤ ᠠᠪᠤᠷᠠᠨ ᠲᠤᠰᠠᠯᠠᠬᠤ ᠡᠲᠡᠭᠡᠳ ᠤᠨ ᠲᠣᠭᠲᠠᠭᠰᠠᠨ ᠡᠮᠴᠢᠯᠡᠭᠡᠨ ᠤ | ᠪᠠᠶᠢᠭᠤᠯᠤᠮᠵᠢ ᠳᠤ ᠡᠭᠦᠰᠦᠭᠰᠡᠨ ᠡᠮᠨᠡᠯᠭᠡ ᠳᠤ ᠰᠠᠭᠤᠭᠰᠠᠨ ᠵᠠᠷᠤᠳᠠᠯ᠂ ᠤᠵᠢᠭ ᠡᠪᠡᠳᠴᠢᠨ ᠳᠤ ᠤᠷᠲᠤ | ᠬᠤᠭᠤᠴᠠᠭ᠎ᠠ ᠪᠠᠷ ᠡᠮ ᠤᠤᠭᠤᠬᠤ ᠴᠢᠬᠤᠯᠠᠲᠠᠢ ᠪᠤᠶᠤ ᠬᠦᠨᠳᠦ ᠣᠨᠴᠠ ᠶᠡᠭᠡ ᠡᠪᠡᠳᠴᠢᠨ ᠳᠤ ᠨᠡᠷᠪᠡᠭᠳᠡᠭᠰᠡᠳ ᠲᠤ | ᠤᠷᠲᠤ ᠬᠤᠭᠤᠴᠠᠭ᠎ᠠ ᠪᠠᠷ ᠡᠭᠦᠳᠡᠨ ᠡᠮᠨᠡᠯᠭᠡ ᠳᠤ ᠡᠮᠨᠡᠭᠦᠯᠬᠦ ᠴᠢᠬᠤᠯᠠᠲᠠᠶ ᠵᠠᠷᠤᠳᠠᠯ ᠢ ᠪᠠᠭᠲᠠᠭᠠᠨ᠎ᠠ᠃ ᠦᠨᠳᠦᠰᠦᠨ | ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠱᠤᠭᠤᠮ ᠠᠴᠠ | ᠳᠣᠷᠣᠭᠰᠢᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠬᠤᠪᠢ ᠬᠥᠮᠦᠨ ᠤ ᠥᠪᠡᠷ ᠢᠶᠠᠨ ᠲᠣᠭᠠᠴᠠᠭ᠎ᠠ | ᠬᠢᠬᠦ ᠵᠠᠷᠤᠳᠠᠯ ᠢ ᠲᠣᠭᠲᠠᠭᠠᠯ ᠶᠣᠰᠣᠭᠠᠷ ᠡᠮᠴᠢᠯᠡᠭᠡᠨ ᠤ ᠠᠪᠤᠷᠠᠨ ᠲᠤᠰᠠᠯᠠᠬᠤ ᠳᠤ ᠣᠷᠣᠭᠤᠯᠤᠨ᠎ᠠ᠃ | ᠳᠥᠷᠪᠡ᠂ ᠡᠪᠡᠳᠴᠢᠨ ᠠᠴᠠ ᠪᠣᠯᠵᠣ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠᠨ ᠪᠦᠷᠢᠨᠰᠢᠭᠦᠯᠦᠨ᠎ᠡ | ︵ᠨᠢᠭᠡ︶ ᠡᠮᠴᠢᠯᠡᠭᠡᠨ ᠤ ᠬᠦᠨᠳᠦ ᠶᠡᠭᠡ ᠵᠠᠷᠤᠳᠠᠯ ᠤᠨ ᠵᠠᠷᠤᠯᠭ᠎ᠠ ᠶᠢ ᠤᠷᠢᠳᠴᠢᠯᠠᠨ ᠰᠡᠷᠡᠮᠵᠢᠯᠡᠭᠦᠯᠵᠦ ᠬᠢᠨᠠᠨ | ᠰᠢᠨᠵᠢᠬᠦ ᠪᠠᠨ ᠴᠢᠩᠭᠠᠳᠬᠠᠨ᠎ᠠ᠃ ᠡᠮᠴᠢᠯᠡᠭᠡᠨ ᠤ ᠠᠪᠤᠷᠠᠨ ᠲᠤᠰᠠᠯᠠᠬᠤ ᠡᠲᠡᠭᠡᠳ ᠤᠨ ᠮᠡᠳᠡᠭᠡ ᠵᠠᠩᠭᠢ ᠶᠢᠨ | ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠡᠪᠡᠳᠴᠢᠨ ᠠᠴᠠ ᠪᠣᠯᠵᠣ ᠶᠠᠳᠠᠭᠤᠷᠠᠬᠤ ᠪᠠ ᠡᠪᠡᠳᠴᠢᠨ ᠠᠴᠠ | ᠪᠣᠯᠵᠣ ᠳᠠᠬᠢᠨ ᠶᠠᠳᠠᠭᠤᠷᠠᠬᠤ ᠬᠤᠶᠠᠷ ᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠪᠠᠨ ᠪᠦᠷᠢᠨᠰᠢᠬᠦᠯᠵᠦ᠂ | ᠨᠥᠬᠦᠴᠡᠯ ᠳᠤ ᠨᠡᠶᠢᠴᠡᠪᠡᠯ ᠴᠠᠭ ᠲᠤᠬᠠᠶ ᠳᠤᠨᠢ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠤᠨ᠎ᠠ᠃ ᠣᠨ ᠤ | ᠡᠮᠴᠢᠯᠡᠭᠡᠨ ᠤ ᠵᠠᠷᠤᠳᠠᠯ ᠢ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠡᠷᠭᠡ ᠪᠠᠷ | ᠲᠤᠰᠢᠶᠠᠭᠰᠠᠨ ᠤ ᠳᠠᠷᠠᠭ᠎ᠠ᠂ ᠬᠤᠪᠢ ᠬᠥᠮᠦᠨ ᠤ ᠲᠤᠭᠠᠴᠠᠭ᠎ᠠ ᠬᠢᠭᠰᠡᠨ ᠲᠤᠭ᠎ᠠ ᠨᠢ ᠦᠬᠠᠶ ᠬᠤᠲᠠ ᠶᠢᠨ ᠲᠦᠷᠦᠭᠦᠤ | ᠵᠢᠯ ᠤᠨ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠠᠴᠠ ᠳᠠᠪᠠᠭᠰᠠᠨ ᠪᠠᠶᠢᠪᠠᠯ᠂ ᠡᠪᠡᠳᠴᠢᠨ ᠠᠴᠠ ᠪᠣᠯᠵᠣ ᠶᠠᠳᠠᠭᠤᠷᠠᠭᠰᠠᠨ ᠢᠶᠠᠷ ᠦᠵᠡᠵᠦ | ᠬᠢᠨᠠᠨ ᠬᠡᠮᠵᠢᠬᠦ ᠳᠤ ᠣᠷᠣᠭᠤᠯᠤᠨ᠎ᠠ᠃ ᠬᠤᠪᠢ ᠬᠥᠮᠦᠨ ᠤ ᠲᠤᠭᠠᠴᠠᠭ᠎ᠠ ᠬᠢᠭᠰᠡᠨ ᠲᠤᠭ᠎ᠠ ᠨᠢ ᠦᠬᠠᠶ ᠬᠤᠲᠠ ᠶᠢᠨ | ᠲᠦᠷᠦᠭᠦᠤ ᠵᠢᠯ ᠤᠨ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠴᠠ 50% ᠳᠠᠪᠠᠭᠰᠠᠨ ᠪᠠᠶᠢᠪᠠᠯ᠂ ᠡᠪᠡᠳᠴᠢᠨ ᠠᠴᠠ ᠪᠣᠯᠵᠣ ᠳᠠᠬᠢᠨ | ᠶᠠᠳᠠᠭᠤᠷᠠᠭᠰᠠᠨ ᠢᠶᠠᠷ ᠦᠵᠡᠵᠦ ᠬᠢᠨᠠᠨ ᠬᠡᠮᠵᠢᠬᠦ ᠳᠤ ᠣᠷᠣᠭᠤᠯᠤᠨ᠎ᠠ᠃ ᠭᠤᠣᠯᠳᠠᠯᠭ᠎ᠠ ᠪᠠᠨ ᠳᠤᠪᠤᠶᠢᠯᠭᠠᠵᠤ᠂ ᠴᠠᠭ | ᠲᠤᠬᠠᠢ ᠳᠤᠨᠢ ᠤᠷᠢᠳᠴᠢᠯᠠᠨ ᠰᠡᠷᠡᠮᠵᠢᠯᠡᠭᠦᠯᠬᠦ ᠬᠡᠷᠡᠭᠲᠡᠢ᠃ ᠡᠮᠴᠢᠯᠡᠭᠡᠨ ᠤ ᠳᠠᠭᠠᠳᠬᠠᠯ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠡᠮᠳᠡᠭᠴᠦᠳ ᠤᠨ | ᠬᠤᠯᠪᠣᠭ᠎ᠠ ᠵᠡᠷᠭᠡ ᠬᠤᠯᠪᠤᠭᠳᠠᠯ ᠪᠥᠬᠦᠶ ᠰᠠᠯᠠᠭ᠎ᠠ ᠮᠥᠴᠢᠷ ᠤᠳ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ | ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠰᠢᠢᠳᠪᠤᠷᠢᠯᠡᠬᠦ ᠠᠵᠢᠯ ᠢᠶᠠᠨ ᠰᠠᠶᠢᠲᠤᠷ ᠬᠢᠵᠦ᠂ ᠬᠦᠴᠢᠷᠳᠡᠯᠲᠡᠶ ᠣᠯᠠᠨ | ᠲᠦᠮᠡᠨ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ᠂ ᠬᠥᠳᠡᠯᠦᠩᠭᠦᠶ ᠪᠠᠷ ᠬᠢᠨᠠᠨ ᠬᠡᠮᠵᠢᠬᠦ᠂ ᠬᠠᠷᠭᠤᠭᠤᠯᠤᠨ ᠪᠠᠶᠢᠴᠠᠭᠠᠵᠤ | ᠬᠠᠷᠢᠴᠠᠭᠤᠯᠬᠤ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠᠨ ᠴᠢᠩᠭᠠᠳᠬᠠᠬᠤ ᠬᠡᠷᠡᠭᠲᠡᠶ᠃ | ︵ᠬᠤᠶᠠᠷ︶ ᠶᠡᠷᠦᠩᠬᠡᠶᠢᠯᠡᠭᠰᠡᠨ ᠪᠠᠳᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠨᠠᠢᠳᠠᠪᠤᠷᠢᠵᠢᠭᠤᠯᠤᠨ᠎ᠠ᠃ | ᠭᠤᠶᠤᠴᠢᠯᠠᠯ ᠢᠶᠠᠷ ᠠᠪᠤᠷᠠᠨ ᠲᠤᠰᠠᠯᠠᠬᠤ ᠲᠣᠭᠲᠠᠴᠠ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠵᠤ᠂ ᠨᠠᠭᠠᠳᠤ | ᠵᠠᠬ᠎ᠠ ᠶᠢᠨ ᠪᠠᠲᠤᠯᠠᠭ᠎ᠠ ᠳᠤ ᠵᠠᠬ᠎ᠠ ᠬᠢᠵᠠᠭᠠᠷ ᠤᠨ ᠬᠡᠷ ᠪᠦᠯᠢ ᠶᠢᠨ ᠪᠦᠷᠢᠯᠳᠦᠬᠦᠨ ᠪᠠ ᠳᠠᠬᠢᠨ ᠶᠠᠳᠠᠭᠤᠷᠠᠵᠤ | ᠶᠠᠳᠠᠭᠤᠷᠠᠭᠰᠠᠨ ᠬᠥᠮᠦᠨ ᠠᠮᠠ᠂ ᠡᠪᠡᠳᠴᠢᠨ ᠠᠴᠠ ᠪᠣᠯᠵᠣ ᠶᠠᠳᠠᠭᠤᠷᠠᠭᠰᠠᠨ ᠬᠦᠨᠳᠦ ᠡᠪᠡᠳᠴᠢᠲᠡᠨ ᠢ ᠠᠪᠤᠷᠠᠨ | ᠲᠤᠰᠠᠯᠠᠬᠤ ᠪᠠᠷ ᠭᠤᠶᠤᠴᠢᠯᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠭᠤᠶᠤᠴᠢᠯᠠᠬᠤ ᠲᠠᠰ ᠳᠠᠷᠠᠭᠠᠯᠠᠯ | ᠢᠶᠠᠨ ᠳᠥᠭᠦᠮᠴᠢᠯᠡᠨ᠂ ᠠᠪᠤᠷᠠᠨ ᠲᠤᠰᠠᠯᠠᠬᠤ ᠴᠠᠭ ᠬᠤᠭᠤᠴᠠᠭᠠᠲᠤ ᠴᠢᠨᠠᠷ ᠢᠶᠠᠨ ᠴᠢᠩᠭᠠᠳᠬᠠᠨ᠎ᠠ᠃ ᠨᠢᠭᠡᠨᠲᠡ ᠣᠨᠴᠠ | ᠬᠦᠴᠢᠷᠳᠡᠯᠲᠡᠶ ᠬᠥᠮᠦᠰ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢᠶᠠᠷ ᠮᠠᠭᠠᠳᠯᠠᠨ ᠲᠣᠭᠲᠠᠭᠠᠭᠰᠠᠨ ᠪᠠᠶᠢᠪᠠᠯ᠂ | ᠡᠮᠴᠢᠯᠡᠭᠡᠨ ᠤ ᠠᠪᠤᠷᠠᠨ ᠲᠤᠰᠠᠯᠠᠬᠤ ᠶᠢ ᠰᠢᠭᠤᠳ ᠬᠦᠷᠳᠡᠭᠡᠨ᠎ᠡ᠃ ᠨᠡᠶᠢᠭᠡᠮ ᠤᠨ ᠬᠦᠴᠦᠨ ᠤ ᠣᠷᠣᠯᠴᠠᠬᠤ ᠶᠢ | ᠬᠥᠲᠥᠯᠥᠨ ᠵᠢᠯᠣᠭᠤᠳᠴᠤ᠂ ᠡᠮᠴᠢᠯᠡᠭᠡᠨ ᠤ ᠠᠪᠤᠷᠠᠨ ᠲᠤᠰᠠᠯᠠᠬᠤ᠂ ᠲᠦᠷ ᠴᠠᠭ ᠤᠨ ᠠᠪᠤᠷᠠᠨ ᠲᠤᠰᠠᠯᠠᠬᠤ᠂ | ᠨᠢᠭᠦᠯᠡᠰᠦᠩᠭᠦᠶ ᠶᠢᠨ ᠠᠪᠤᠷᠠᠨ ᠲᠤᠰᠠᠯᠠᠬᠤ ᠵᠡᠷᠭᠡ ᠶᠡᠷᠦᠩᠬᠡᠶᠢᠯᠡᠭᠰᠡᠨ ᠴᠢᠨᠠᠷᠲᠠᠶ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠨ | ᠴᠢᠩᠭᠠᠷᠠᠭᠤᠯᠤᠨ᠂ ︽ᠨᠢᠭᠡ ᠬᠡᠷᠡᠭ ᠢ ᠨᠢᠭᠡ ᠵᠥᠪᠯᠡᠬᠦ︾ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠱᠠᠲᠤ ᠬᠤᠪᠢᠶᠠᠨ | ᠲᠥᠷᠥᠯ ᠬᠤᠪᠢᠶᠠᠨ ᠬᠠᠪᠰᠤᠷᠤᠨ ᠲᠡᠳᠬᠦᠬᠦ ᠶᠢ ᠲᠦᠢᠯ ᠤᠨ ᠣᠨᠣᠪᠴᠢᠲᠠᠶ ᠪᠠᠷ ᠥᠷᠨᠢᠭᠦᠯᠬᠦ ᠬᠡᠷᠡᠭᠳᠡᠢ᠃ | ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠬᠢᠷᠢ ᠬᠡᠮᠵᠢᠶ᠎ᠡ ᠶᠢ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ᠂ ᠬᠤᠪᠢ | ᠬᠥᠮᠦᠨ ᠤ ᠲᠤᠭᠠᠴᠠᠭ᠎ᠠ ᠬᠢᠬᠦ ᠪᠣᠳᠠᠲᠠᠶ ᠵᠠᠷᠤᠳᠠᠯ ᠤᠨ ᠪᠠᠶᠢᠳᠠᠯ ᠢ ᠨᠢ ᠦᠨᠳᠦᠰᠦᠯᠡᠨ ᠵᠦᠢ ᠵᠣᠬᠢᠰᠲᠠᠶ ᠲᠣᠭᠲᠠᠭᠠᠬᠤ | ᠬᠡᠷᠡᠭᠲᠡᠶ᠃ | ᠲᠠᠪᠤ᠂ ᠨᠡᠶᠢᠭᠡᠮ ᠤᠨ ᠬᠦᠴᠦᠨ ᠤ ᠤᠷᠤᠯᠴᠠᠯᠭ᠎ᠠ ᠶᠢ ᠬᠦᠲᠦᠯᠦᠨ ᠵᠢᠯᠤᠭᠤᠳᠤᠨ᠎ᠠ | ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠪᠤᠰᠤᠳ ᠵᠣᠬᠢᠶᠠᠨ ᠪᠠᠶᠢᠭᠤᠯᠤᠯᠲᠠ ᠶᠢᠨ | ᠨᠦᠬᠦᠪᠦᠷᠢᠯᠡᠬᠦ ᠴᠢᠨᠠᠷᠳᠠᠢ ᠠᠪᠤᠷᠠᠨ ᠲᠤᠰᠠᠯᠠᠬᠤ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠵᠤ᠂ ᠡᠮᠴᠢᠯᠡᠭᠡᠨ ᠤ | ᠳᠠᠭᠠᠳᠬᠠᠯ ᠤᠨ ᠭᠠᠷᠴᠠᠭ ᠠᠴᠠ ᠭᠠᠳᠠᠨᠠᠬᠢ ᠵᠠᠷᠤᠳᠠᠯ ᠢ ᠭᠤᠤᠯᠳᠠᠯᠭ᠎ᠠ ᠲᠠᠢ ᠪᠠᠲᠤᠯᠠᠨ᠎ᠠ᠃ ᠢᠨᠲ᠋ᠧᠷ ᠰᠦᠯᠵᠢᠶᠡᠨ ᠤ | ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠤᠨ ᠳᠠᠪᠠᠭᠤᠯᠢᠭ ᠢᠶᠠᠨ ᠪᠠᠳᠠᠷᠠᠭᠤᠯᠵᠤ᠂ ᠢᠯᠡ ᠪᠠᠷ ᠠᠪᠤᠷᠠᠨ | ᠲᠤᠰᠠᠯᠠᠬᠤ ᠶᠢ ᠢᠯᠡ ᠪᠣᠯᠭᠠᠨ᠎ᠠ᠃ ᠬᠤᠯᠪᠤᠭᠳᠠᠯ ᠪᠥᠬᠦᠶ ᠨᠡᠶᠢᠭᠡᠮ ᠤᠨ ᠠᠵᠢᠯ ᠤᠨ ᠦᠢᠯᠡᠴᠢᠯᠡᠭᠡ ᠪᠠ ᠰᠠᠶᠢᠨ | ᠳᠤᠷ᠎ᠠ ᠶᠢᠨ ᠦᠢᠯᠡᠴᠢᠯᠡᠭᠡᠨ ᠤ ᠬᠥᠭᠵᠢᠯᠲᠡ ᠶᠢ ᠳᠡᠮᠵᠢᠵᠦ᠂ ᠠᠪᠤᠷᠠᠨ ᠲᠤᠰᠠᠯᠠᠬᠤ ᠦᠢᠯᠡᠴᠢᠯᠡᠭᠡᠨ ᠤ ᠠᠭᠤᠯᠭ᠎ᠠ ᠪᠠᠨ | ᠥᠷᠭᠡᠳᠬᠡᠨ᠎ᠡ᠃ ᠦᠬᠠᠶ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠪᠠ ᠡᠯ᠎ᠡ | ᠲᠠᠯ᠎ᠠ ᠶᠢᠨ ᠳᠠᠭᠠᠭᠠᠬᠤ ᠴᠢᠳᠠᠪᠤᠷᠢ ᠶᠢ ᠦᠨᠳᠦᠰᠦᠯᠡᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠶᠡᠷᠦᠩᠬᠡᠶᠢᠯᠡᠭᠰᠡᠨ | ᠪᠠᠲᠤᠯᠠᠭ᠎ᠠ ᠶᠢ ᠬᠡᠷᠡᠭᠵᠢᠭᠦᠯᠦᠨ᠎ᠡ᠃ ᠠᠵᠢᠯᠲᠠᠨ ᠠᠵᠢᠯᠴᠢᠨ ᠤ ᠡᠮᠴᠢᠯᠡᠭᠡᠨ ᠤ ᠬᠠᠷᠢᠯᠴᠠᠨ ᠬᠠᠪᠰᠤᠷᠤᠯᠴᠠᠵᠤ ᠠᠵᠢᠯ | ᠥᠷᠨᠢᠭᠦᠯᠬᠦ ᠶᠢ ᠳᠡᠮᠵᠢᠵᠦ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠬᠤᠯᠠᠴᠢᠯᠠᠨ ᠴᠢᠩᠭᠠᠳᠬᠠᠨ᠎ᠠ᠃ | ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠨᠤᠭᠤᠳ ᠢ ᠵᠣᠷᠢᠬᠵᠢᠭᠤᠯᠬᠤ ᠪᠠ ᠬᠦᠲᠦᠯᠦᠨ ᠵᠢᠯᠤᠭᠤᠳᠴᠤ | ᠪᠠᠶᠢᠭᠠᠳ ᠡᠮᠴᠢᠯᠡᠭᠡᠨ ᠤ ᠳᠠᠭᠠᠳᠬᠠᠯ ᠤᠨ ᠭᠤᠷᠪᠠᠨ ᠴᠢᠬᠤᠯᠠ ᠳᠦᠷᠢᠮ ᠤᠨ ᠪᠠᠲᠤᠯᠠᠭ᠎ᠠ ᠯᠤᠭ᠎ᠠ ᠬᠠᠷᠢᠯᠴᠠᠨ | ᠵᠣᠯᠭᠠᠯᠳᠤᠭᠰᠠᠨ ᠲᠦᠭᠡᠮᠡᠯ ᠬᠠᠷᠠᠭᠠᠯᠵᠠᠯ ᠦᠵᠡᠭᠦᠯᠬᠦ ᠬᠡᠯᠪᠡᠷᠢ ᠶᠢᠨ ᠬᠤᠳᠠᠯᠳᠤᠭᠠᠨ ᠤ ᠡᠷᠡᠭᠦᠯ ᠮᠡᠨᠳᠦ ᠶᠢᠨ | ᠳᠠᠭᠠᠳᠬᠠᠯ ᠢ ᠰᠦᠪᠡᠭᠴᠢᠯᠡᠨ ᠬᠡᠷᠡᠭᠵᠢᠭᠦᠯᠵᠦ᠂ ᠡᠮᠴᠢᠯᠡᠭᠡᠨ ᠤ ᠰᠢᠨ᠎ᠡ ᠮᠡᠷᠭᠡᠵᠢᠯ᠂ ᠰᠢᠨ᠎ᠡ ᠡᠮ ᠤᠨ ᠵᠦᠢᠯ᠂ ᠰᠢᠨ᠎ᠡ | ᠪᠠᠭᠠᠵᠢ ᠬᠡᠷᠡᠭᠰᠡᠯ ᠤᠨ ᠬᠡᠷᠡᠭᠯᠡᠭᠡ ᠶᠢ ᠪᠠᠲᠤᠯᠠᠭ᠎ᠠ ᠶᠢᠨ ᠬᠡᠪᠴᠢᠶᠡᠨ ᠳᠤ ᠣᠷᠤᠭᠤᠯᠵᠤ᠂ ᠪᠠᠲᠤᠯᠠᠬᠤ ᠬᠢᠷᠢ ᠬᠡᠮᠵᠢᠶ᠎ᠡ ᠶᠢ | ᠬᠦᠴᠢᠷᠳᠡᠯᠲᠡᠢ ᠣᠯᠠᠨ ᠲᠦᠮᠡᠨ ᠲᠡᠰᠢ ᠵᠣᠬᠢᠬᠤ ᠬᠡᠮᠵᠢᠶ᠎ᠡ ᠪᠠᠷ ᠬᠡᠯᠪᠠᠶᠢᠯᠭᠡᠵᠦ᠂ ᠣᠯᠠᠨ ᠲᠦᠮᠡᠨ ᠤ ᠦᠨᠳᠦᠰᠦᠨ | ᠡᠮᠴᠢᠯᠡᠭᠡᠨ ᠤ ᠪᠠᠲᠤᠯᠠᠭ᠎ᠠ ᠠᠴᠠ ᠭᠠᠳᠠᠨᠠᠬᠢ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ᠵᠢᠷᠭᠤᠭ᠎ᠠ᠂ ᠭᠠᠷᠲᠠᠨ ᠭᠦᠢᠴᠡᠳᠬᠡᠬᠦ ᠦᠢᠯᠡᠴᠢᠯᠡᠭᠡ | ︵ᠨᠢᠭᠡ︶ ᠨᠢᠭᠡ ᠴᠣᠭᠴᠠᠵᠢᠭᠤᠯᠤᠨ ᠭᠦᠢᠴᠡᠳᠬᠡᠬᠦ ᠠᠵᠢᠯ ᠢᠶᠠᠨ ᠲᠦᠯᠬᠢᠨ ᠠᠬᠢᠭᠤᠯᠬᠤ ᠬᠡᠷᠡᠭᠳᠡᠢ᠃ | ᠡᠮᠴᠢᠯᠡᠬᠡᠨ ᠤ ᠠᠪᠤᠷᠠᠨ ᠲᠤᠰᠠᠯᠠᠬᠤ ᠶᠢ ᠭᠠᠷᠳᠠᠨ ᠭᠦᠢᠴᠡᠳᠭᠡᠬᠦ ᠦᠢᠯᠡᠴᠢᠯᠡᠭᠡ ᠪᠠᠨ ᠤᠯᠠᠮ ᠨᠢᠭᠡ ᠠᠯᠬᠤᠮ | ᠪᠦᠷᠢᠨᠰᠢᠭᠦᠯᠦᠨ ᠲᠡᠭᠦᠯᠳᠡᠷᠵᠢᠭᠦᠯᠵᠦ᠂ ᠡᠮᠴᠢᠯᠡᠭᠡᠨ ᠤ ᠠᠪᠤᠷᠠᠨ ᠲᠤᠰᠠᠯᠠᠬᠤ ᠶᠢ ᠳ᠋ᠦᠩᠨᠡᠨ ᠪᠤᠳᠤᠬᠤ | ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠳᠡᠢ᠃ ᠪᠥᠬᠦ ᠤᠯᠤᠰ ᠤᠨ | ᠨᠢᠭᠡᠳᠦᠯᠲᠡᠶ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠲᠤᠭ᠎ᠠ ᠪᠠᠷᠢᠮᠲᠠ ᠶᠢ | ᠰᠢᠰᠲ᠋ᠧᠮᠵᠢᠭᠦᠯᠦᠨ ᠬᠠᠮᠢᠶᠠᠷᠬᠤ ᠪᠠᠨ ᠴᠢᠩᠭᠠᠳᠬᠠᠵᠤ᠂ ︽ᠨᠢᠭᠡ ᠪᠠᠷᠢᠮᠳᠠ ᠶᠢᠨ ᠲᠦᠷᠢᠮ︾ ᠢᠶᠠᠷ ᠳ᠋ᠦᠩᠨᠡᠨ ᠪᠤᠳᠤᠬᠤ ᠶᠢ | ᠬᠡᠷᠡᠭᠵᠢᠭᠦᠯᠬᠦ ᠬᠡᠷᠡᠭᠳᠡᠢ᠃ ᠭᠡᠯᠡᠯᠴᠡᠭᠡᠷ ᠲᠤᠭᠳᠠᠬᠤ ᠪᠠ ᠬᠠᠮᠢᠶᠡᠷᠬᠤ ᠪᠠᠨ ᠨᠢᠭᠡᠳᠭᠡᠨ᠂ ᠡᠮᠴᠢᠯᠡᠭᠡ ᠪᠠᠷ ᠠᠪᠤᠷᠡᠨ | ᠲᠣᠰᠠᠯᠠᠬᠤ ᠶᠢ ᠬᠡᠯᠡᠯᠴᠡᠭᠡᠷ ᠤᠨ ᠬᠦᠷᠢᠶ᠎ᠠ ᠭᠡᠪᠴᠢᠶ᠎ᠠ ᠳᠤ ᠣᠷᠣᠭᠤᠯᠥᠨ᠂ ᠭᠡᠯᠡᠯᠴᠡᠭᠡᠷ ᠲᠣᠠᠠᠳᠠᠨ ᠬᠦᠢᠴᠡᠳᠭᠡᠭᠰᠡᠨ | ᠠᠵᠢᠯ ᠤᠨ ᠠᠮᠵᠢᠯᠳᠡ ᠪᠦᠳᠦᠮᠵᠢ ᠶᠢ ᠰᠢᠯᠭᠠᠨ ᠬᠢᠨᠠᠬᠤ ᠠᠷᠭ᠎ᠠ ᠪᠠᠨ ᠳᠡᠬᠦᠯᠳᠡᠷᠵᠢᠬᠦᠯᠵᠦ᠂ ᠰᠢᠯᠭᠠᠨ ᠬᠢᠨᠠᠬᠤ | ᠬᠦᠢᠴᠡᠳᠭᠡᠯ ᠲᠤᠭ᠎ᠠ ᠪᠠᠨ ᠲᠣᠳᠣᠷᠬᠠᠶᠢᠯᠠᠨ᠂ ᠡᠳᠣᠷ ᠲᠤᠳᠣᠮ ᠤᠨ ᠬᠢᠨᠡᠯᠳᠡ ᠳᠡᠯᠪᠢᠵᠦ ᠪᠠᠶᠢᠴᠠᠭᠠᠬᠤ ᠪᠠᠨ | ᠴᠢᠩᠭᠠᠳᠬᠠᠬᠤ ᠬᠡᠷᠡᠭᠳᠡᠢ᠃ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠬᠡᠷᠡᠭ ᠤᠨ ᠡᠮᠦᠨ᠎ᠡ ᠰᠠᠨᠠᠭᠤᠯᠬᠤ᠂ ᠬᠡᠷᠡᠭ ᠤᠨ ᠳᠤᠮᠳᠠ ᠤᠷᠢᠳᠴᠢᠯᠠᠨ ᠰᠡᠷᠡᠮᠵᠢᠯᠡᠭᠦᠯᠬᠦ᠂ ᠬᠡᠷᠡᠭ ᠤᠨ | ᠳᠠᠷᠠᠭ᠎ᠠ ᠬᠢᠨᠠᠨ ᠬᠠᠮᠢᠶᠠᠷᠬᠤ ᠶᠢ ᠨᠢᠭᠡ ᠴᠣᠭᠴᠠᠵᠢᠭᠤᠯᠤᠨ ᠣᠶᠤᠨᠴᠢ ᠪᠠᠷ ᠬᠢᠨᠠᠨ ᠡᠵᠡᠮᠳᠡᠬᠦ ᠪᠠᠨ ᠲᠡᠭᠦᠯᠳᠡᠷᠵᠢᠭᠦᠯᠵᠦ᠂ | ᠪᠠᠶᠢᠴᠠᠭᠠᠨ ᠬᠠᠷᠭᠤᠭᠤᠯᠬᠤ ᠠᠵᠢᠯ ᠢᠶᠠᠨ ᠰᠠᠶᠢᠲᠤᠷ ᠬᠢᠵᠦ᠂ ᠰᠠᠭᠤᠷᠢ ᠮᠥᠩᠭᠦ ᠶᠢᠨ ᠠᠮᠤᠷ ᠲᠦᠪᠰᠢᠨ ᠥᠨᠳᠥᠷ | ᠪᠦᠲᠦᠮᠵᠢᠲᠡᠶ᠂ ᠵᠦᠶ ᠵᠣᠬᠢᠰᠲᠠᠶ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠰᠠᠯᠠᠭ᠎ᠠ ᠮᠦᠴᠢᠷ ᠤᠳ ᠠᠵᠢᠯ ᠤᠨ | ᠬᠠᠮᠵᠢᠯᠴᠠᠭ᠎ᠠ ᠪᠠᠨ ᠴᠢᠩᠭᠠᠳᠬᠠᠵᠦ᠂ ᠨᠡᠶᠢᠭᠡᠮ ᠤᠨ ᠠᠪᠤᠷᠠᠨ ᠲᠤᠰᠠᠯᠠᠬᠤ ᠶᠢᠨ ᠭᠠᠷᠳᠠᠨ ᠭᠦᠢᠴᠡᠳᠭᠡᠬᠦ ᠦᠢᠯᠡᠴᠢᠯᠡᠭᠡ | ᠯᠦᠭᠡ ᠵᠤᠯᠭᠠᠭᠤᠯᠵᠦ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠦᠴᠢᠷᠳᠡᠯᠲᠡᠢ ᠣᠯᠠᠨ | ᠲᠦᠮᠡᠨ ᠤ ᠨᠡᠶᠢᠭᠡᠮ ᠤᠨ ᠠᠪᠤᠷᠠᠨ ᠲᠤᠰᠠᠯᠠᠬᠤ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠪᠠ ᠬᠤᠪᠢᠳᠠᠨ | ᠭᠦᠢᠴᠡᠳᠭᠡᠬᠦ ᠵᠢᠴᠢ ᠦᠷ᠎ᠡ ᠳ᠋ᠦᠩ ᠤᠨ ᠬᠠᠷᠢᠭᠤ ᠲᠤᠰᠬᠠᠯ ᠢᠶᠠᠨ ᠰᠠᠶᠢᠲᠤᠷ ᠬᠢᠬᠦ ᠬᠡᠷᠡᠭᠲᠡᠢ᠃ | ︵ᠬᠤᠶᠠᠷ︶ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ | ᠬᠡᠷᠡᠭᠲᠡᠶ᠃ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠢ ᠨᠠᠶᠢᠳᠠᠪᠤᠷᠢᠵᠢᠭᠤᠯᠵᠤ᠂ ᠡᠮᠬᠢ ᠵᠢᠷᠤᠮ ᠲᠠᠢ ᠵᠦᠢ | ᠵᠣᠬᠢᠰᠲᠠᠢ ᠡᠮᠨᠡᠭᠦᠯᠬᠦ ᠶᠢ ᠬᠦᠲᠦᠯᠦᠨ ᠵᠢᠯᠤᠭᠤᠳᠬᠤ ᠬᠡᠷᠡᠭᠲᠡᠢ᠃ ᠵᠦᠶ ᠵᠣᠬᠢᠰ ᠦᠭᠡᠢ ᠡᠮᠴᠢᠯᠡᠭᠡᠨ ᠤ ᠵᠠᠷᠤᠳᠠᠯ ᠤᠨ | ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠡᠮᠴᠢᠯᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ᠂ ᠬᠤᠶᠠᠳᠤᠭᠠᠷ | ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠭᠠᠷᠴᠠᠭ ᠠᠴᠠ ᠭᠠᠳᠠᠨᠠᠬᠢ ᠵᠠᠷᠤᠳᠠᠯ ᠤᠨ ᠬᠠᠷᠢᠴᠠᠯ ᠢ 5% ᠠᠴᠠ | ᠬᠡᠲᠦᠷᠡᠭᠦᠯᠬᠦ ᠦᠭᠡᠢ᠂ ᠭᠤᠷᠪᠠᠳᠣᠭᠠᠷ ᠲᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠭᠠᠷᠴᠠᠭ ᠠᠴᠠ ᠭᠠᠳᠠᠨᠠᠬᠢ | ᠵᠠᠷᠤᠳᠠᠯ ᠤᠨ ᠬᠠᠷᠢᠴᠠᠯ ᠢ 10% ᠠᠴᠠ ᠬᠡᠲᠦᠷᠡᠭᠦᠯᠬᠦ ᠦᠭᠡᠢ᠂ ᠬᠦᠴᠢᠷᠳᠡᠯᠲᠡᠢ ᠣᠯᠠᠨ ᠲᠦᠮᠡᠨ ᠤ ᠲᠥᠷᠥ ᠶᠢᠨ | ᠪᠣᠳᠣᠯᠭ᠎ᠠ ᠶᠢᠨ ᠬᠡᠪᠴᠢᠶᠡᠨ ᠳᠣᠲᠣᠷᠠᠬᠢ ᠦᠪᠡᠷ ᠢᠶᠠᠨ ᠲᠤᠭᠠᠴᠠᠭ᠎ᠠ ᠬᠢᠬᠦ ᠵᠠᠷᠤᠳᠠᠯ ᠤᠨ ᠬᠠᠷᠢᠴᠠᠯ ᠢ ᠵᠦᠢ ᠵᠣᠬᠢᠰᠲᠠᠢ | ᠬᠢᠵᠠᠭᠠᠷᠯᠠᠵᠤ᠂ ᠠᠪᠤᠷᠠᠨ ᠲᠤᠰᠠᠯᠠᠬᠤ ᠡᠲᠡᠭᠡᠳ ᠤᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠦᠩᠭᠡᠷᠡᠭᠦᠯᠦᠨ᠎ᠡ᠃ | ᠬᠤᠲᠠ ᠶᠢᠨ ᠲᠣᠭᠲᠠᠭᠰᠠᠨ ᠴᠢᠭ ᠪᠦᠬᠦᠢ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠳᠤ ᠰᠠᠭᠤᠭᠰᠠᠨ | ᠬᠦᠴᠢᠷᠳᠡᠯᠲᠡᠶ ᠣᠯᠠᠨ ᠲᠦᠮᠡᠨ ᠳᠤ ︽ᠤᠷᠢᠳᠠᠪᠠᠷ ᠡᠮᠨᠡᠨ ᠵᠠᠰᠠᠭᠠᠳ ᠳᠠᠷᠠᠭ᠎ᠠ ᠨᠢ ᠰᠦᠢᠳᠬᠡᠯ ᠲᠤᠰᠢᠶᠠᠬᠤ︾ ᠶᠢ | ᠬᠡᠷᠡᠭᠵᠢᠭᠦᠯᠵᠦ᠂ ᠡᠮᠨᠡᠯᠭᠡ ᠳᠤ ᠰᠠᠭᠤᠬᠤ ᠳᠡᠨᠵᠢ ᠶᠢᠨ ᠮᠥᠩᠭᠦ ᠶᠢ ᠨᠢ ᠬᠡᠯᠲᠦᠷᠢᠭᠦᠯᠬᠦ ᠬᠡᠷᠡᠭᠲᠡᠶ᠃ | ᠲᠤᠯᠤᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠳᠡᠭᠡᠳᠣ ᠭᠡᠮᠵᠢᠶ᠎ᠠ ᠪᠠᠷ ᠴᠢᠬᠤᠯᠠᠴᠢᠯᠠᠵᠦ᠂ ᠣᠳᠣᠷᠢᠳᠣᠯᠭ᠎ᠠ ᠪᠠᠨ ᠴᠢᠩᠭᠠᠳᠬᠠᠬᠤ ᠭᠡᠷᠡᠭᠳᠡᠢ᠃ | ᠨᠠᠮ ᠤᠨ ᠬᠤᠷᠢᠶ᠎ᠠ ᠤᠳᠤᠷᠢᠳᠴᠤ᠂ ᠵᠠᠰᠠᠭ ᠤᠨ ᠣᠷᠳᠤᠨ ᠭᠤᠣᠯᠯᠠᠨ ᠵᠢᠯᠤᠭᠤᠳᠬᠤ᠂ ᠰᠠᠯᠠᠭ᠎ᠠ ᠮᠥᠴᠢᠷ ᠬᠠᠮᠵᠢᠯᠴᠠᠬᠤ᠂ | ᠨᠡᠶᠢᠭᠡᠮ ᠠᠴᠠ ᠣᠷᠤᠯᠴᠠᠭᠰᠠᠨ ᠣᠨᠴᠠ ᠶᠡᠭᠡ ᠡᠪᠡᠳᠴᠢᠨ ᠡᠮᠬᠡᠭ ᠤᠨ ᠪᠠᠲᠤᠯᠠᠭ᠎ᠠ ᠶᠢᠨ ᠠᠵᠢᠯ ᠤᠨ ᠲᠣᠭᠲᠠᠴᠠ ᠪᠠᠨ | ᠴᠢᠩᠭᠠᠳᠬᠠᠬᠤ ᠬᠡᠷᠡᠭᠳᠡᠢ᠃ ᠬᠦᠴᠢᠷᠳᠡᠯᠲᠡᠶ ᠣᠯᠠᠨ ᠲᠦᠮᠡᠨ ᠤ ᠣᠨᠴᠠ ᠬᠦᠨᠳᠦ ᠡᠪᠡᠳᠴᠢᠨ ᠳᠤ ᠡᠮᠴᠢᠯᠡᠭᠡᠨ ᠤ | ᠠᠪᠤᠷᠠᠨ ᠲᠤᠰᠠᠯᠠᠬᠤ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠷᠠᠳ ᠤᠨ ᠠᠮᠢᠳᠤᠷᠠᠯ ᠢ ᠴᠢᠩᠭᠠᠳᠬᠠᠬᠤ ᠪᠠ ᠰᠠᠶᠢᠵᠢᠷᠠᠭᠤᠯᠬᠤ ᠶᠢᠨ ᠴᠢᠬᠤᠯᠠ | ᠬᠦᠢᠴᠡᠳᠭᠡᠯ ᠲᠤᠭ᠎ᠠ ᠪᠣᠯᠭᠠᠵᠤ᠂ ᠡᠮᠴᠢᠯᠡᠭᠡᠨ ᠤ ᠠᠪᠤᠷᠠᠨ ᠲᠤᠰᠠᠯᠠᠬᠤ ᠠᠵᠢᠯ ᠤᠨ ᠠᠮᠵᠢᠯᠲᠠ ᠪᠦᠲᠦᠮᠵᠢ ᠶᠢ | ᠦᠨᠡᠯᠡᠬᠦ ᠳᠤ ᠣᠷᠣᠭᠤᠯᠬᠤ ᠬᠡᠷᠡᠭᠳᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠲᠥᠷᠥ ᠶᠢᠨ ᠪᠣᠳᠣᠯᠭ᠎ᠠ ᠶᠢ | ᠪᠣᠳᠠᠲᠠᠶᠢᠵᠢᠭᠤᠯᠬᠤ᠂ ᠬᠠᠷᠠᠭᠠᠯᠵᠠᠯ ᠢ ᠨᠠᠶᠢᠳᠠᠪᠤᠷᠢᠵᠢᠭᠤᠯᠬᠤ᠂ ᠣᠯᠠᠨ ᠲᠦᠮᠡᠨ ᠳᠤ ᠪᠣᠳᠠᠲᠤ ᠠᠰᠢᠭ ᠬᠦᠷᠲᠡᠭᠡᠬᠦ ᠶᠢ | ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠮᠵᠢᠯᠴᠠᠨ ᠠᠬᠢᠭᠤᠯᠬᠤ ᠬᠡᠷᠡᠭᠳᠡᠢ᠃ ᠪᠦᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠪᠠ ᠬᠠᠤᠯᠢ ᠶᠣᠰᠣᠭᠠᠷ ᠳᠠᠭᠠᠳᠬᠠᠯ ᠳᠤ ᠣᠷᠣᠯᠴᠠᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠴᠠᠭ ᠲᠤᠬᠠᠶ ᠳᠤᠨᠢ ᠳᠠᠭᠠᠳᠬᠠᠯ ᠳᠤ ᠣᠷᠣᠯᠴᠠᠬᠤ᠂ ᠳᠠᠭᠠᠳᠬᠠᠯ ᠳᠤ | ᠣᠷᠣᠯᠴᠠᠬᠤ ᠶᠤᠰᠣᠳᠠᠢ ᠶᠢ ᠨᠢ ᠪᠦᠬᠦᠨ ᠢ ᠳᠠᠭᠠᠳᠬᠠᠯ ᠤᠷᠤᠯᠴᠠᠭᠤᠯᠬᠤ ᠶᠢ ᠦᠨᠡᠨᠬᠦ ᠪᠠᠲᠤᠯᠠᠬᠤ ᠬᠡᠷᠡᠭᠳᠡᠢ᠃ | ᠡᠮᠴᠢᠯᠡᠭᠡᠨ ᠤ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠬᠤ᠂ ᠡᠮᠴᠢᠯᠡᠭᠡ ᠡᠷᠡᠭᠦᠯ ᠬᠠᠮᠠᠭᠠᠯᠠᠯ ᠤᠨ ᠳᠦᠷᠢᠮ | ᠲᠥᠷᠥ ᠶᠢᠨ ᠪᠣᠳᠣᠯᠭ᠎ᠠ ᠬᠢᠭᠡᠳ ᠡᠷᠬᠢᠯᠡᠨ ᠭᠦᠢᠴᠡᠳᠬᠡᠬᠦ ᠦᠢᠯᠡᠴᠢᠯᠡᠭᠡ ᠪᠠᠨ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠪᠠᠨ ᠴᠢᠩᠭᠠᠳᠬᠠᠬᠤ ᠬᠡᠷᠡᠭᠳᠡᠢ᠃ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ | ᠡᠮᠴᠢᠯᠡᠭᠡᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠬᠤ ᠳᠦᠷᠢᠮ ᠤᠨ ᠥᠭᠡᠷᠡᠴᠢᠯᠡᠯᠲᠡ ᠪᠣᠯᠤᠨ | ᠬᠠᠮᠢᠶᠠᠷᠤᠯᠲᠠ ᠶᠢᠨ ᠠᠵᠢᠯ ᠢᠶᠠᠨ ᠨᠢᠭᠡᠳᠦᠯᠲᠡᠶ ᠲᠥᠯᠥᠪᠯᠡᠨ ᠠᠬᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ | ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ | ᠤᠨ ᠬᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠵᠠᠬ᠎ᠠ ᠬᠢᠵᠠᠭᠠᠷ ᠤᠨ ᠭᠡᠷ ᠪᠦᠯᠢ ᠶᠢᠨ ᠪᠦᠷᠢᠯᠳᠦᠬᠦᠨ ᠵᠡᠷᠭᠡ ᠠᠪᠤᠷᠠᠨ ᠲᠤᠰᠠᠯᠠᠬᠤ ᠡᠲᠡᠭᠡᠳ ᠢ | ᠮᠠᠭᠠᠳᠯᠠᠨ ᠲᠣᠭᠲᠠᠭᠠᠬᠤ ᠠᠵᠢᠯ ᠢᠶᠠᠨ ᠰᠠᠶᠢᠲᠤᠷ ᠬᠢᠵᠦ᠂ ᠨᠡᠶᠢᠭᠡᠮ ᠤᠨ ᠠᠪᠤᠷᠠᠨ ᠲᠤᠰᠠᠯᠠᠬᠤ ᠶᠢ ᠵᠣᠯᠭᠠᠯᠳᠤᠭᠤᠯᠬᠤ | ᠪᠠᠨ ᠴᠢᠩᠭᠠᠳᠬᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠪᠡᠳᠴᠢᠨ ᠠᠴᠠ ᠪᠣᠯᠵᠤ | ᠶᠠᠳᠠᠭᠤᠷᠠᠭᠰᠠᠨ ᠬᠦᠨᠳᠦ ᠡᠪᠡᠳᠴᠢᠲᠡᠨ ᠢ ᠮᠠᠭᠠᠳᠯᠠᠨ ᠲᠣᠭᠲᠠᠭᠠᠬᠤ ᠪᠠ ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ | ᠠᠵᠢᠯ ᠢᠶᠠᠨ ᠰᠠᠶᠢᠲᠤᠷ ᠬᠢᠵᠦ᠂ ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢ ᠳᠡᠮᠵᠢᠬᠦ ᠬᠡᠷᠡᠭᠲᠡᠶ᠃ ᠡᠳ᠋ ᠤᠨ | ᠵᠠᠰᠠᠭ ᠤᠨ ᠰᠠᠯᠠᠭ᠎ᠠ ᠮᠥᠴᠢᠷ ᠤᠨ ᠬᠢᠨ ᠲᠣᠭᠲᠠᠭᠠᠯ ᠶᠣᠰᠣᠭᠠᠷ ᠪᠡᠯᠡ ᠮᠥᠩᠭᠦ ᠶᠢᠨ ᠳᠡᠮᠵᠢᠯᠭᠡ ᠪᠠᠨ ᠰᠠᠶᠢᠲᠤᠷ ᠬᠢᠬᠦ | ᠬᠡᠷᠡᠭᠲᠡᠶ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠢᠨ ᠡᠮᠴᠢᠯᠡᠭᠡᠨ ᠤ ᠪᠠᠶᠢᠭᠤᠯᠤᠮᠵᠢ ᠶᠢᠨ | ᠠᠵᠢᠯ ᠲᠥᠷᠥᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠣᠨᠣᠰᠢᠯᠠᠨ ᠡᠮᠨᠡᠬᠦ ᠠᠷᠭ᠎ᠠ ᠵᠠᠮ ᠢ ᠵᠢᠷᠤᠮᠵᠢᠭᠤᠯᠤᠨ᠂ | ᠱᠠᠲᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠬᠤ ᠬᠡᠷᠡᠭᠲᠡᠶ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ | ᠤᠨ ᠬᠢᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠬᠤᠯᠪᠣᠭᠳᠠᠯ | ᠪᠦᠬᠦᠢ ᠠᠵᠢᠯ ᠢᠶᠠᠨ ᠰᠠᠶᠢᠲᠤᠷ ᠬᠢᠵᠦ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠯᠦᠭᠡ ᠨᠢᠭᠲᠠ | ᠬᠠᠮᠵᠢᠯᠴᠠᠨ᠂ ᠡᠮᠴᠢᠯᠡᠭᠡᠨ ᠤ ᠳᠠᠭᠠᠳᠬᠠᠯ ᠢ ᠭᠠᠷᠲᠠᠨ ᠭᠦᠢᠴᠡᠳᠬᠡᠬᠦ ᠪᠠ ᠰᠦᠢᠳᠬᠡᠯ ᠲᠤᠰᠢᠶᠠᠬᠤ ᠲᠤᠬᠠᠶᠢᠯᠠᠭᠰᠠᠨ | ᠠᠵᠢᠯ ᠤᠨ ᠴᠤᠪᠤᠷᠠᠯ ᠢᠶᠠᠨ ᠰᠢᠯᠢᠳᠡᠭᠵᠢᠭᠦᠯᠵᠦ᠂ ᠳᠥᠭᠦᠮ ᠳᠥᠲᠡ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠬᠤ | ᠬᠡᠷᠡᠭᠲᠡᠶ᠃ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠳᠠᠭᠠᠳᠬᠠᠯ ᠤᠨ | ᠪᠠᠶᠢᠭᠤᠯᠤᠮᠵᠢ ᠶᠢᠨ ᠬᠦᠨᠳᠦ ᠡᠪᠡᠳᠴᠢᠨ ᠤ ᠳᠠᠭᠠᠳᠬᠠᠯ ᠢ ᠳᠠᠭᠠᠭᠠᠨ ᠭᠦᠢᠴᠡᠳᠬᠡᠬᠦ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠳᠠᠭᠠᠳᠬᠠᠯ ᠤᠨ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ | ᠬᠦᠴᠢᠷᠳᠡᠯᠲᠡᠶ ᠣᠯᠠᠨ ᠲᠦᠮᠡᠨ ᠲᠡᠰᠢ ᠬᠡᠯᠪᠠᠶᠢᠯᠭᠡᠵᠦ᠂ ᠲᠥᠯᠥᠪᠦᠷᠢ ᠶᠢᠨ ᠭᠠᠷᠳᠠᠮ ᠢᠶᠠᠨ ᠳᠥᠭᠦᠮᠴᠢᠯᠡᠨ᠂ ᠰᠠᠭᠠᠳ | ᠦᠭᠡᠶ ᠨᠡᠪᠲᠡᠷᠡᠬᠦ ᠵᠠᠮ ᠢ ᠨᠡᠪᠲᠡᠷᠡᠭᠦᠯᠵᠦ᠂ ᠬᠦᠴᠢᠷᠳᠡᠯᠲᠡᠶ ᠣᠯᠠᠨ ᠲᠦᠮᠡᠨ ᠤ ᠴᠠᠭ ᠲᠤᠬᠠᠶ ᠳᠤᠨᠢ᠂ ᠳᠥᠭᠦᠮ ᠳᠥᠲᠡ | ᠪᠥᠭᠡᠳ ᠬᠠᠷᠠᠭᠠᠯᠵᠠᠯ ᠬᠦᠷᠲᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠠᠯᠠᠭ᠎ᠠ ᠮᠥᠴᠢᠷ ᠤᠨ ᠬᠢᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ | ᠠᠵᠢᠯ ᠢᠶᠠᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠳᠤ ᠲᠣᠭᠲᠠᠭᠤᠨ ᠪᠤᠰᠤ ᠡᠷᠦᠬᠡ᠂ ᠵᠠᠬ᠎ᠠ | ᠬᠢᠵᠠᠭᠠᠷ ᠤᠨ ᠠᠮᠠᠷᠬᠠᠨ ᠡᠭᠦᠰᠬᠦ ᠶᠠᠳᠠᠭᠤ ᠬᠦᠴᠢᠷᠳᠡᠯᠲᠡᠢ ᠡᠷᠦᠬᠡ ᠪᠣᠯᠤᠨ ᠭᠡᠨᠡᠳᠲᠡ ᠶᠢᠨ ᠬᠦᠨᠳᠦ ᠨᠣᠴᠢᠲᠠᠢ | ᠬᠦᠴᠢᠷᠳᠡᠯᠲᠡᠢ ᠡᠷᠦᠬᠡ ᠵᠡᠷᠭᠡ ᠭᠤᠣᠯᠳᠠᠯᠭ᠎ᠠ ᠲᠠᠢ ᠬᠥᠮᠦᠰ ᠲᠤ ᠭᠤᠣᠯᠳᠠᠯᠭ᠎ᠠ ᠲᠠᠢ ᠪᠠᠷ ᠬᠥᠳᠡᠯᠦᠩᠭᠦᠢ ᠬᠢᠨᠠᠨ | ᠬᠡᠮᠵᠢᠬᠦ ᠪᠠ ᠬᠠᠪᠰᠤᠷᠤᠨ ᠲᠡᠳᠬᠦᠬᠦ ᠶᠢ ᠥᠷᠨᠢᠭᠦᠯᠵᠦ᠂ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠮᠲᠤᠪᠠᠷ ᠡᠳ᠋ᠯᠡᠬᠦ | ᠬᠡᠷᠡᠭᠲᠡᠢ᠃ ᠠᠵᠢᠯᠴᠢᠨ ᠤ ᠡᠪᠯᠡᠯ ᠤᠨ ᠬᠢᠨ ᠶᠠᠳᠠᠭᠤ ᠬᠦᠴᠢᠷᠳᠡᠯᠲᠡᠶ ᠠᠵᠢᠯᠲᠠᠨ ᠠᠵᠢᠯᠴᠢᠨ ᠢ ᠬᠠᠪᠰᠤᠷᠤᠨ ᠲᠡᠳᠬᠦᠬᠦ | ᠲᠣᠭᠲᠠᠴᠠ ᠶᠢᠨ ᠦᠢᠯᠡᠳᠦᠯ ᠢᠶᠠᠨ ᠪᠠᠳᠠᠷᠠᠭᠤᠯᠵᠤ᠂ ᠬᠦᠨᠳᠦ ᠡᠪᠡᠳᠴᠢᠨ ᠳᠤ ᠨᠡᠷᠪᠡᠭᠳᠡᠭᠰᠡᠨ᠂ ᠨᠥᠬᠦᠴᠡᠯ ᠳᠤ ᠨᠡᠶᠢᠴᠡᠬᠦ | ᠬᠦᠴᠢᠷᠳᠡᠯᠲᠡᠶ ᠠᠵᠢᠯᠲᠠᠨ ᠠᠵᠢᠯᠴᠢᠨ ᠢ ᠬᠠᠪᠰᠤᠷᠤᠨ ᠲᠡᠳᠬᠦᠬᠦ ᠠᠵᠢᠯ ᠢᠶᠠᠨ ᠰᠠᠶᠢᠲᠤᠷ ᠬᠢᠵᠦ᠂ ᠠᠵᠢᠯᠲᠠᠨ | ᠠᠵᠢᠯᠴᠢᠨ ᠤ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠡᠷᠡᠭᠦᠯ ᠬᠥᠭᠵᠢᠯᠲᠡ ᠶᠢ ᠢᠳᠡᠪᠬᠢᠲᠡᠶ ᠳᠡᠮᠵᠢᠬᠦ ᠬᠡᠷᠡᠭᠲᠡᠶ᠃ | ᠵᠡᠮᠳᠡᠭᠴᠦᠳ ᠤᠨ ᠬᠤᠯᠪᠣᠭᠠᠲᠤ ᠬᠤᠷᠠᠯ ᠤᠨ ᠰᠠᠯᠠᠭ᠎ᠠ ᠮᠥᠴᠢᠷ ᠤᠨ ᠬᠢᠨ ᠬᠦᠨᠳᠦ ᠵᠡᠮᠳᠡᠭᠴᠦᠳ ᠢ ᠮᠠᠭᠠᠳᠯᠠᠨ | ᠲᠣᠭᠲᠠᠭᠠᠬᠤ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠᠨ ᠰᠠᠶᠢᠲᠤᠷ ᠬᠢᠬᠦ ᠬᠡᠷᠡᠭᠲᠡᠢ᠃ ᠳᠣᠲᠣᠭᠠᠳᠤ ᠶᠢ | ᠬᠠᠮᠠᠭᠠᠯᠠᠬᠤ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠤᠨ ᠬᠢᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ | ᠮᠥᠴᠢᠷ ᠲᠠᠢ ᠬᠠᠮᠵᠢᠯᠴᠠᠨ ᠠᠵᠢᠯᠲᠠᠨ ᠤ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠪᠠᠨ ᠰᠠᠶᠢᠲᠤᠷ ᠬᠢᠬᠦ ᠬᠡᠷᠡᠭᠲᠡᠶ᠃ | ︵ᠭᠤᠷᠪᠠ︶ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠳᠡᠢ᠃ | ᠡᠮᠴᠢᠯᠡᠭᠡᠨ ᠤ ᠠᠪᠤᠷᠠᠨ ᠲᠤᠰᠠᠯᠠᠬᠤ ᠶᠢᠨ ᠣᠷᠣᠭᠤᠯᠤᠯᠲᠠ ᠶᠢ ᠪᠠᠲᠤᠯᠠᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ | ᠡᠳ᠋ᠯᠡᠬᠦ ᠪᠠᠨ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠲᠥᠰᠦᠪ ᠢ ᠰᠢᠨᠵᠢᠯᠡᠬᠦ | ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠲᠥᠰᠦᠪ ᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ | ᠡᠳ᠋ᠯᠡᠬᠦ ᠪᠠᠨ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠠᠶᠤᠯ ᠦᠭᠡᠶ ᠠᠵᠢᠯᠯᠠᠭᠠᠨ ᠢ ᠦᠨᠡᠨᠬᠦ ᠪᠠᠲᠤᠯᠠᠬᠤ | ᠬᠡᠷᠡᠭᠲᠡᠶ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠠᠮᠵᠢᠯᠲᠠ ᠪᠦᠲᠦᠮᠵᠢ ᠶᠢ | ᠬᠢᠨᠠᠨ ᠡᠵᠡᠮᠳᠡᠬᠦ᠂ ᠦᠨᠡᠯᠡᠬᠦ ᠪᠠ ᠦᠷ᠎ᠡ ᠳ᠋ᠦᠩ ᠢ ᠬᠡᠷᠡᠭᠯᠡᠬᠦ ᠪᠠᠨ ᠴᠢᠩᠭᠠᠷᠠᠭᠤᠯᠤᠨ᠂ ᠠᠪᠤᠷᠠᠨ ᠲᠤᠰᠠᠯᠠᠬᠤ ᠰᠠᠭᠤᠷᠢ | ᠮᠥᠩᠭᠦ ᠶᠢ ᠬᠡᠷᠡᠭᠯᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠳᠡᠢ᠃ | ︵ᠳᠥᠷᠪᠡ︶ ᠦᠨᠳᠦᠰᠦᠨ ᠱᠠᠲᠤᠨ ᠤ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠬᠤ ᠬᠡᠷᠡᠭᠳᠡᠢ᠃ | ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠳᠠᠨ ᠬᠢᠬᠦ ᠡᠩᠨᠡᠭᠡᠨ ᠤ ᠪᠠᠶᠢᠭᠤᠯᠤᠯᠲᠠ ᠪᠠᠨ | ᠴᠢᠩᠭᠠᠳᠬᠠᠵᠤ᠂ ᠬᠤᠲᠠ᠂ ᠲᠣᠭᠤᠷᠢᠭ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠢ ᠬᠠᠮᠤᠷᠤᠭᠰᠠᠨ ᠡᠮᠴᠢᠯᠡᠭᠡᠨ ᠤ | ᠪᠠᠲᠤᠯᠠᠭ᠎ᠠ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠪᠠᠶᠢᠭᠤᠯᠬᠤ ᠬᠡᠷᠡᠭᠳᠡᠢ᠃ ᠦᠢᠯᠡᠴᠢᠯᠡᠭᠡᠨ ᠤ ᠴᠢᠳᠠᠪᠤᠷᠢ ᠶᠢᠨ | ᠲᠣᠬᠢᠷᠠᠭᠤᠯᠤᠯᠲᠠ ᠪᠠᠨ ᠰᠢᠯᠢᠳᠡᠭᠵᠢᠭᠦᠯᠵᠦ᠂ ᠡᠮᠴᠢᠯᠡᠭᠡᠨ ᠤ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠪᠠ | ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢᠶᠠᠨ ᠴᠢᠩᠭᠠᠳᠬᠠᠨ᠂ ᠦᠨᠳᠦᠰᠦᠨ ᠱᠠᠲᠤᠨ ᠤ | ᠡᠷᠬᠢᠯᠡᠨ ᠭᠦᠢᠴᠡᠳᠬᠡᠬᠦ ᠡᠩᠨᠡᠭᠡ ᠶᠢᠨ ᠴᠢᠳᠠᠪᠤᠷᠢ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃ | ︵ᠲᠠᠪᠤ︶ ᠲᠥᠷᠥ ᠶᠢᠨ ᠪᠣᠳᠣᠯᠭ᠎ᠠ ᠶᠢ ᠤᠬᠠᠭᠤᠯᠵᠤ ᠬᠥᠲᠥᠯᠥᠨ ᠵᠢᠯᠣᠭᠤᠳᠬᠤ ᠪᠠᠨ ᠰᠠᠶᠢᠲᠤᠷ ᠬᠢᠬᠦ ᠬᠡᠷᠡᠭᠳᠡᠢ᠃ | ᠡᠷᠬᠡ ᠰᠦᠷᠳᠦ ᠮᠡᠳᠡᠭᠡ ᠵᠠᠩᠬᠢ ᠶᠢ ᠴᠠᠭ ᠲᠤᠬᠠᠢ ᠳᠤᠨᠢ ᠵᠦᠪ ᠤᠨᠤᠪᠴᠢᠳᠠᠢ ᠨᠡᠶᠢᠳᠡᠯᠡᠵᠦ᠂ ᠲᠦᠷᠦ ᠶᠢᠨ | ᠪᠤᠳᠤᠯᠭ᠎ᠠ ᠶᠢ ᠤᠩᠰᠢᠨ ᠲᠠᠶᠢᠯᠪᠤᠷᠢᠯᠠᠬᠤ ᠪᠠᠨ ᠰᠠᠶᠢᠳᠤᠷ ᠬᠢᠵᠦ᠂ ᠨᠡᠶᠢᠬᠡᠮ ᠤᠨ ᠶᠠᠷᠢᠶ᠎ᠠ ᠬᠡᠯᠡᠯᠴᠡᠭᠡ ᠶᠢ ᠬᠦᠳᠦᠯᠦᠨ | ᠵᠢᠯᠤᠭᠤᠳᠴᠦ᠂ ᠡᠯ᠎ᠡ ᠲᠠᠯ᠎ᠠ ᠶᠢᠨ ᠬᠠᠮᠳᠤ ᠶᠢᠨ ᠲᠠᠨᠢᠯᠳᠠ ᠶᠢ ᠨᠡᠮᠡᠭᠳᠡᠬᠦᠯᠬᠦ ᠬᠡᠷᠡᠭᠳᠡᠢ᠃ ᠣᠯᠠᠨ ᠵᠦᠢᠯ ᠤᠨ | ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ | ᠨᠢ ᠳᠡᠭᠡᠭᠰᠢᠯᠡᠭᠦᠯᠦᠨ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠬᠤ ᠬᠡᠷᠡᠭᠳᠡᠢ᠃ | ᠲᠤᠰ ᠲᠥᠰᠦᠯ ᠢ 2023 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠤᠤᠯ ᠤᠨ ᠡᠮᠴᠢᠯᠡᠭᠡᠨ ᠤ ᠠᠪᠤᠷᠠᠨ ᠲᠤᠰᠠᠯᠠᠬᠤ ᠬᠤᠯᠪᠤᠭᠳᠠᠯ ᠪᠦᠬᠦᠢ ᠳᠦᠷᠢᠮ ᠲᠥᠷᠥ ᠶᠢᠨ ᠪᠣᠳᠣᠯᠭ᠎ᠠ ᠶᠢᠨ | ᠲᠣᠭᠲᠠᠭᠠᠯ ᠨᠢ ᠲᠤᠰ ᠲᠥᠰᠦᠯ ᠲᠠᠢ ᠨᠢᠭᠡᠳᠦᠯ ᠦᠭᠡᠶ ᠪᠠᠶᠢᠪᠠᠯ᠂ ᠲᠤᠰ ᠲᠥᠰᠦᠯ ᠤᠨ ᠶᠣᠰᠣᠭᠠᠷ ᠬᠡᠷᠡᠭᠵᠢᠭᠦᠯᠦᠨ᠎ᠡ᠃ |