10 ᠵᠦᠢᠯ ᠤᠨ ᠬᠤᠣᠷ ᠶᠡᠬᠡᠲᠡᠢ ᠲᠠᠷᠢᠶᠠᠨ ᠡᠮ ᠢ ᠬᠡᠷᠡᠭᠯᠡᠭᠡᠨ ᠠᠴᠠ ᠭᠠᠷᠭᠠᠪᠠ
ᠨᠡᠶᠢᠲᠡᠯᠡᠭᠰᠡᠨ ᠴᠠᠭ᠄
2023/3/20
     ᠬᠥᠳᠡᠭᠡ ᠠᠵᠤ ᠠᠬᠤᠢ ᠶᠢᠨ ᠶᠠᠮᠤᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠠᠴᠠ ᠣᠶᠢᠯᠠᠭᠠᠵᠤ ᠮᠡᠳᠡᠭᠰᠡᠨ ᠨᠢ᠄ ᠡᠨᠡ ᠵᠢᠯ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠠᠷᠢᠶᠠᠨ ᠡᠮ ᠤᠨ ᠬᠠᠮᠢᠶᠠᠷᠤᠯᠲᠠ ᠶᠢᠨ ᠳᠦᠷᠢᠮ︾ ᠢ ᠬᠡᠷᠡᠭᠵᠢᠭᠦᠯᠦᠭᠰᠡᠨ ᠬᠠᠭᠠᠰ ᠵᠢᠯ ᠤᠨ ᠲᠤᠷᠰᠢ᠂ ᠬᠦᠳᠡᠭᠡ ᠠᠵᠤ ᠠᠬᠤᠢ ᠶᠢᠨ ᠶᠠᠮᠤᠨ ᠲᠠᠷᠢᠶᠠᠨ ᠡᠮ ᠢ ᠳᠠᠩᠰᠠᠯᠠᠬᠤ᠂ ᠦᠢᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ ᠵᠡᠷᠭᠡ ᠡᠯ᠎ᠡ ᠵᠠᠩᠭᠢᠯᠠᠭ᠎ᠠ ᠶᠢᠨ ᠪᠦᠬᠦ ᠶᠠᠪᠤᠴᠠ ᠶᠢ ᠬᠢᠨᠠᠨ ᠬᠠᠮᠢᠶᠠᠷᠴᠤ᠂ ᠬᠤᠣᠷ ᠶᠡᠬᠡᠲᠡᠢ ᠠᠶᠤᠯ ᠲᠦᠭᠰᠢᠭᠦᠷᠢ ᠶᠡᠬᠡᠲᠡᠢ ᠲᠠᠷᠢᠶᠠᠨ ᠡᠮ ᠢ ᠬᠡᠷᠡᠭᠯᠡᠬᠦ ᠶᠢ ᠴᠠᠭᠠᠵᠠᠯᠠᠬᠤ ᠪᠠ  ᠬᠤᠷᠢᠭᠯᠠᠬᠤ ᠠᠷᠭ᠎ᠠ ᠬᠡᠮᠵᠢᠶ᠎ᠡ ᠠᠪᠴᠤ᠂ ᠣᠳᠣᠬᠠᠨ ᠳᠤ ᠨᠢᠭᠡᠨᠲᠡ 22 ᠲᠦᠷᠦᠯ ᠤᠨ ᠬᠤᠣᠷ ᠶᠡᠬᠡᠲᠡᠢ ᠲᠠᠷᠢᠶᠠᠨ ᠡᠮ ᠢ ᠬᠡᠷᠡᠭᠯᠡᠭᠦᠯᠬᠦ ᠦᠭᠡᠢ ᠪᠤᠯᠭᠠᠵᠠᠢ᠃ ᠣᠳᠣ ᠶᠢᠨ ᠬᠡᠷᠡᠭᠯᠡᠵᠦ ᠪᠠᠶᠢᠭ᠎ᠠ 10 ᠵᠥᠢᠯ   ᠤᠨ ᠬᠤᠣᠷ ᠶᠡᠬᠡᠲᠡᠢ ᠲᠠᠷᠢᠶᠠᠨ ᠡᠮ ᠢ ᠲᠤᠰᠬᠠᠢ ᠯᠠᠩᠭᠦᠢ ᠪᠠᠷ ᠬᠤᠳᠠᠯᠳᠤᠬᠤ᠂ ᠪᠣᠳᠠᠲᠤ ᠨᠡᠷ᠎ᠡ ᠪᠠᠷ ᠬᠤᠳᠠᠯᠳᠤᠨ ᠠᠪᠬᠤ᠂ ᠡᠬᠢ ᠡᠭᠦᠰᠦᠯ ᠤᠨ ᠬᠠᠮᠢᠶᠠᠷᠤᠯᠲᠠ ᠵᠡᠷᠭᠡ ᠬᠡᠷᠡᠭᠯᠡᠬᠦ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠠᠪᠴᠤ᠂ ᠵᠢᠮᠢᠰ ᠨᠣᠭᠤᠭ᠎ᠠ ᠴᠠᠢ ᠦᠢᠯᠡᠳᠪᠦᠷᠢᠯᠡᠬᠦ ᠳᠤ  ᠬᠡᠷᠡᠭᠯᠡᠬᠦ ᠶᠢ ᠴᠠᠭᠠᠵᠠᠯᠠᠬᠤ ᠶᠢᠨ ᠬᠠᠮᠲᠤ᠂ 5 ᠵᠢᠯ ᠤᠨ ᠳᠣᠲᠤᠷ᠎ᠠ ᠪᠦᠬᠦᠨ ᠢ ᠬᠡᠷᠡᠭᠯᠡᠭᠡᠨ ᠠᠴᠠ ᠭᠠᠷᠭᠠᠬᠤ ᠪᠠᠷ ᠬᠦᠴᠦᠯᠡᠨ ᠴᠢᠷᠮᠠᠶᠢᠵᠦ ᠪᠠᠶᠢᠨ᠎ᠠ᠃      ᠬᠥᠳᠡᠭᠡ ᠠᠵᠤ ᠠᠬᠤᠢ ᠶᠢᠨ ᠶᠠᠮᠤᠨ ᠤ ᠲᠠᠷᠢᠮᠠᠯ ᠤᠨ ᠦᠢᠯᠡᠰ ᠤᠨ ᠵᠤᠷᠭᠠᠨ ᠤ ᠳᠠᠷᠤᠭ᠎ᠠ ᠽᠧᠩ ᠶᠠᠨ ᠳ᠋ᠧ   ᠶᠢᠨ ᠲᠠᠨᠢᠯᠴᠠᠭᠤᠯᠤᠭᠰᠠᠨ ᠢᠶᠠᠷ᠂ ᠬᠥᠳᠡᠭᠡ ᠠᠵᠤ ᠠᠬᠤᠢ ᠶᠢᠨ ᠶᠠᠮᠤᠨ  ᠪᠣᠳᠠᠲᠤ  ᠲᠣᠭᠲᠠᠭᠠᠯ ᠢ ᠤᠯᠠᠮ ᠨᠢᠭᠡ ᠠᠯᠬᠤᠮ ᠨᠠᠷᠢᠯᠢᠭᠵᠢᠭᠤᠯᠤᠨ᠂ ᠲᠠᠷᠢᠶᠠᠨ ᠤ ᠡᠮ ᠤᠨ ᠬᠠᠮᠢᠶᠠᠷᠤᠯᠲᠠ ᠶᠢ ᠨᠡᠩ ᠴᠢᠩᠭ᠎ᠠ ᠪᠣᠯᠭᠠᠪᠠ᠃ ᠭᠤᠣᠯᠳᠠᠯᠭ᠎ᠠ ᠨᠢ ︽ᠭᠤᠷᠪᠠ ᠶᠢ ᠳᠡᠭᠡᠭᠰᠢᠯᠡᠭᠦᠯᠬᠦ᠂ ᠨᠢᠭᠡ ᠶᠢ ᠴᠢᠩᠭᠠᠳᠬᠠᠬᠤ︾ ᠳᠡᠭᠡᠷ᠎ᠡ ᠢᠯᠡᠷᠡᠵᠦ ᠪᠠᠶᠢᠨ᠎ᠠ᠃ ᠲᠠᠷᠢᠶᠠᠨ ᠡᠮ ᠢ ᠳᠠᠩᠰᠠᠯᠠᠬᠤ᠂ ᠡᠵᠡᠩᠨᠡᠬᠦ ᠵᠡᠷᠭᠡ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ  ᠳᠡᠭᠡᠭᠰᠢᠯᠡᠭᠦᠯᠵᠦ᠂ ᠪᠤᠴᠠᠭᠠᠨ ᠭᠠᠷᠭᠠᠬᠤ ᠲᠣᠭᠲᠠᠴᠠ ᠶᠢ  ᠪᠠᠶᠢᠭᠤᠯᠤᠨ᠂ ᠳᠠᠩᠰᠠᠯᠠᠭᠠᠳ 15 ᠵᠢᠯ ᠠᠴᠠ ᠳᠡᠭᠡᠭᠰᠢ ᠪᠣᠯᠣᠭᠰᠠᠨ ᠲᠠᠷᠢᠶᠠᠨ ᠡᠮ ᠤᠨ ᠲᠦᠷᠦᠯ ᠵᠦᠢᠯ ᠳᠤ ᠦᠶᠡᠯᠡᠯ ᠤᠨ  ᠴᠢᠨᠠᠷᠲᠠᠢ ᠦᠨᠡᠯᠡᠯᠲᠡ ᠥᠷᠨᠢᠭᠦᠯᠵᠦ᠂ ᠠᠶᠤᠯ ᠲᠦᠭᠰᠢᠭᠦᠷᠢ ᠶᠡᠬᠡᠲᠡᠢ ᠲᠠᠷᠢᠶᠠᠨ ᠡᠮ ᠢ ᠬᠠᠶᠠᠭᠳᠠᠭᠤᠯᠬᠤ ᠪᠠᠨ ᠲᠦᠷᠭᠡᠳᠬᠡᠵᠡᠢ᠃ ᠲᠠᠷᠢᠶᠠᠨ ᠡᠮ ᠤᠨ ᠠᠵᠤ ᠠᠬᠤᠶᠢᠯᠠᠯ ᠤᠨ ᠲᠦᠪᠯᠡᠷᠡᠯ ᠤᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠬᠠᠮᠲᠤ᠂ ᠡᠷᠬᠡᠪᠰᠢ ᠪᠤᠵᠠᠷᠳᠤᠯ ᠶᠡᠬᠡᠲᠡᠢ᠂ ᠠᠶᠤᠯ ᠲᠦᠭᠰᠢᠭᠦᠷᠢ ᠶᠡᠬᠡᠲᠡᠢ ᠬᠤᠴᠣᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠡᠷᠬᠡᠪᠰᠢ  ᠲᠠᠶᠠᠭᠳᠠᠬᠤ ᠬᠡᠷᠡᠭᠲᠡᠢ ᠭᠡᠵᠦ ᠦᠢᠯᠡᠳᠪᠦᠷᠢᠯᠡᠬᠦ ᠠᠵᠤ ᠠᠬᠤᠶᠢᠯᠠᠯ ᠢ ᠱᠠᠭᠠᠷᠳᠠᠵᠠᠢ᠃ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠂ ᠰᠢᠨ᠎ᠡ ᠲᠠᠷᠢᠶᠠᠨ ᠡᠮ ᠢ ᠰᠤᠳᠤᠯᠤᠨ ᠦᠢᠯᠡᠳᠦᠭᠴᠢ ᠡᠷᠡᠮᠡᠯᠵᠡᠯᠡᠨ ᠳᠠᠩᠰᠠᠯᠠᠬᠤ ᠶᠢ ᠲᠡᠮᠵᠢᠵᠦ᠂ ᠠᠵᠤ ᠠᠬᠤᠶᠢᠯᠠᠯ ᠬᠠᠮᠲᠤᠷᠠᠨ ᠰᠢᠨ᠎ᠡ ᠲᠠᠷᠢᠶᠠᠨ ᠡᠮ ᠦᠢᠯᠡᠳᠬᠦ ᠶᠢ ᠵᠥᠪᠰᠢᠶᠡᠷᠡᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ  ᠴᠢᠩᠭᠠᠳᠬᠠᠨ᠂ ︽ᠨᠡᠷ᠎ᠡ ᠶᠢᠨ ᠬᠠᠷ᠎ᠠ ᠳᠠᠩᠰᠠ︾ ᠵᠡᠷᠭᠡ ᠢᠲᠡᠭᠡᠮᠵᠢ ᠶᠢᠨ ᠵᠠᠯᠬᠠᠭᠠᠨ ᠰᠢᠳᠭᠡᠬᠦ ᠠᠷᠭ᠎ᠠ ᠬᠡᠮᠵᠢᠶ᠎ᠡ ᠵᠡᠷᠭᠡ ᠶᠢ ᠨᠡᠮᠡᠵᠦ ᠣᠷᠣᠭᠤᠯᠵᠠᠢ᠃
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号