ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠢᠭᠤᠯᠵᠤ ᠠᠷᠠᠳ ᠲᠦᠮᠡᠨ ᠤ ᠵᠣᠯ ᠵᠢᠷᠭᠠᠯᠲᠤ ᠬᠤᠲᠠ ᠶᠢ ᠴᠣᠭᠴᠠᠯᠠᠨ ᠪᠠᠢᠭᠤᠯᠤᠶ᠎ᠠ
ᠨᠡᠶᠢᠲᠡᠯᠡᠭᠰᠡᠨ ᠴᠠᠭ᠄
2023/3/30
     — ᠦᠬᠠᠶ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠶᠢ ᠰᠤᠷᠪᠤᠯᠵᠢᠯᠠᠭᠰᠠᠨ ᠨᠢ      ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠬᠤᠤ ᠪᠢᠶᠤᠤ    【ᠨᠠᠶᠢᠷᠠᠭᠤᠯᠤᠭᠴᠢ ᠶᠢᠨ ᠦᠭᠡ】 3 ᠰᠠᠷ᠎ᠠ ᠶᠢᠨ 29 ᠤ ᠡᠳᠦᠷ᠂ ︽ᠥᠪᠥᠷ ᠮᠣᠩᠭᠤᠯ ᠤᠨ ᠡᠳᠦᠷ ᠤᠨ ᠰᠣᠨᠢᠨ︾ ᠤ ︽ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠤᠬᠠᠶ ᠣᠯᠠᠨ ᠢᠶᠠᠷ ᠢᠶᠠᠨ ᠶᠠᠷᠢᠯᠴᠠᠶ᠎ᠠ︾ ᠬᠡᠬᠦ ᠪᠤᠯᠤᠩ ᠳᠤ᠂ ᠰᠤᠷᠪᠤᠯᠵᠢᠯᠠᠭᠴᠢ ᠶᠢᠨ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠶᠢᠨ ᠲᠤᠰᠬᠠᠶ ᠰᠤᠷᠪᠤᠯᠵᠢᠯᠠᠭ᠎ᠠ ᠶᠢ ᠨᠡᠶᠢᠲᠡᠯᠡᠪᠡ᠃ ᠲᠠᠩ ᠢ ᠮᠠᠨ ᠤ ᠬᠤᠲᠠ ᠶᠢᠨ ︽ᠪᠥᠬᠦ ᠤᠯᠤᠰ ᠤᠨ ᠪᠣᠯᠪᠠᠰᠤᠨ ᠬᠤᠲᠠ ᠶᠢ ᠪᠠᠶᠢᠩᠭᠤᠵᠢᠭᠤᠯᠤᠨ ᠡᠭᠦᠳᠦᠨ ᠪᠠᠶᠢᠭᠤᠯᠬᠤ ᠶᠠᠪᠤᠴᠠ ᠳᠤ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠪᠣᠳᠠᠲᠤ ᠪᠠᠶᠢᠳᠠᠯ ᠳᠤ ᠬᠡᠷᠬᠢᠨ ᠰᠠᠭᠤᠷᠢᠯᠠᠵᠤ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠷᠠᠯᠲᠠ ᠶᠢᠨ ᠴᠢᠭᠯᠡᠯ ᠢᠶᠠᠷ ᠬᠦᠴᠦᠯᠡᠵᠦ᠂ ᠬᠤᠲᠠ ᠶᠢᠨ ᠪᠣᠯᠪᠠᠰᠤᠨ ᠤ ᠬᠡᠮᠵᠢᠶ᠎ᠡ ᠪᠠ ᠬᠤᠲᠠ ᠶᠢᠨ ᠠᠷᠠᠳ ᠤᠨ ᠪᠣᠯᠪᠠᠰᠤᠨ ᠤ ᠬᠡᠪ ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ︾ ᠠᠰᠠᠭᠤᠳᠠᠯ ᠤᠨ ᠲᠤᠬᠠᠶ ᠰᠢᠰᠲ᠋ᠧᠮ ᠲᠠᠢ ᠲᠣᠳᠣᠷᠬᠠᠶᠢᠯᠠᠨ ᠦᠬᠦᠯᠡᠭᠰᠡᠨ ᠢ ᠲᠣᠰ ᠰᠦᠯᠵᠢᠶ᠎ᠡ ᠣᠨᠴᠠ ᠰᠢᠯᠵᠢᠭᠦᠯᠦᠨ ᠪᠠᠭᠤᠯᠭᠠᠵᠤ ᠣᠷᠴᠢᠭᠤᠯᠪᠠ᠃      ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠬᠡᠯᠪᠡᠷᠢ ᠶᠢᠨ ᠣᠳᠣᠬᠢᠴᠢᠯᠠᠯᠲᠠ ᠪᠣᠯ ᠪᠣᠳᠠᠰ ᠤᠨ ᠪᠣᠯᠪᠠᠰᠤᠨ ᠪᠣᠯᠤᠨ ᠤᠶᠤᠨ ᠤ ᠪᠣᠯᠪᠠᠰᠤᠨ ᠢ ᠵᠤᠬᠢᠴᠠᠭᠤᠯᠤᠭᠰᠠᠨ ᠣᠳᠣᠬᠢᠴᠢᠯᠠᠯᠲᠠ ᠮᠥᠨ ᠭᠡᠵᠦ ᠴᠢᠬᠤᠯᠠᠴᠢᠯᠠᠪᠠ᠃ ᠦᠬᠠᠶ ᠬᠤᠲᠠ ᠪᠦᠬᠦ ᠤᠯᠤᠰ ᠤᠨ ᠪᠣᠯᠪᠠᠰᠤᠨ ᠬᠤᠲᠠ ᠶᠢ ᠪᠠᠶᠢᠩᠭᠤᠵᠢᠭᠤᠯᠤᠨ ᠡᠭᠦᠳᠦᠨ ᠪᠠᠶᠢᠭᠤᠯᠬᠤ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠳᠠᠲᠠᠶ ᠦᠢᠯᠡᠳᠦᠯᠭᠡ ᠪᠣᠯᠭᠠᠵᠤ᠂ ᠡᠨᠡᠬᠦ ᠶᠠᠪᠤᠴᠠ ᠳᠤ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠪᠣᠳᠠᠲᠤ ᠪᠠᠶᠢᠳᠠᠯ ᠳᠤ ᠬᠡᠷᠬᠢᠨ ᠰᠠᠭᠤᠷᠢᠯᠠᠵᠤ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠷᠠᠯᠲᠠ ᠶᠢᠨ ᠴᠢᠭᠯᠡᠯ ᠢᠶᠠᠷ ᠬᠦᠴᠦᠯᠡᠵᠦ᠂ ᠬᠤᠲᠠ ᠶᠢᠨ ᠪᠣᠯᠪᠠᠰᠤᠨ ᠤ ᠬᠡᠮᠵᠢᠶ᠎ᠡ ᠪᠠ ᠬᠤᠲᠠ ᠶᠢᠨ ᠠᠷᠠᠳ ᠤᠨ ᠪᠣᠯᠪᠠᠰᠤᠨ ᠤ ᠬᠡᠪ ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠪᠣᠶ︖ ᠣᠶᠢᠷ᠎ᠠ ᠳᠤ᠂ ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠦᠬᠠᠶ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠶᠢ ᠲᠤᠰᠬᠠᠶ ᠰᠤᠷᠪᠤᠯᠵᠢᠯᠠᠪᠠ᠃      ᠲᠠᠩ ᠢ ᠬᠡᠯᠡᠭᠰᠡᠨ ᠨᠢ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠣᠯ ᠠᠷᠠᠳ ᠤᠯᠠᠨ ᠳᠤ ᠪᠤᠶᠠᠨ ᠦᠢᠯᠡᠳᠬᠦ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ ᠪᠠᠶᠢᠩᠭᠤᠵᠢᠭᠤᠯᠤᠨ ᠡᠭᠦᠳᠦᠨ ᠪᠠᠶᠢᠭᠤᠯᠬᠤ ᠶᠠᠪᠤᠴᠠ ᠳᠤ᠂ ᠦᠬᠠᠢ ᠬᠤᠳᠠ ᠶᠢᠨ ᠬᠢᠨ ︽ᠠᠷᠠᠳ ᠤᠨ ᠲᠥᠯᠥᠭᠡ ᠡᠬᠦᠲᠦᠨ ᠪᠠᠶᠢᠭᠤᠯᠬᠤ᠂ ᠠᠷᠠᠳ ᠲᠤ ᠠᠰᠢᠭ ᠬᠦᠷᠲᠡᠭᠡᠬᠦ᠂ ᠠᠷᠠᠳ ᠲᠤ ᠲᠦᠰᠢᠭᠯᠡᠵᠤ ᠡᠭᠦᠳᠦᠨ ᠪᠠᠶᠢᠭᠤᠯᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ︽ᠪᠢ ᠶᠠᠭᠤ ᠬᠢᠬᠦ ᠬᠡᠵᠦ ᠪᠠᠶᠢᠭ᠎ᠠ ᠪᠢᠰᠢ᠂ ᠬᠠᠷᠢᠨ ᠤᠯᠠᠨ ᠲᠦᠮᠡᠨ ᠨᠠᠳᠠ ᠪᠠᠷ ᠶᠠᠭᠤ ᠬᠢᠯᠭᠡᠬᠦ︾ ᠶᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠤ ᠪᠤᠳᠤᠯ ᠬᠦᠰᠡᠯ ᠡᠷᠡᠮᠡᠯᠵᠡᠯ ᠤᠨ ᠲᠤᠬᠠᠢ ᠳᠤᠲᠠᠭᠤᠳᠠᠯ ᠢ ᠨᠢ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠡᠭᠦᠳᠦᠨ ᠪᠠᠶᠢᠭᠤᠯᠬᠤ ᠠᠵᠢᠯ ᠢ ᠦᠨᠡᠨᠬᠦ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠤᠯᠠᠨ ᠲᠦᠮᠡᠨ ᠳᠤ ᠪᠣᠳᠠᠲᠠᠢ ᠠᠰᠢᠭ ᠬᠦᠷᠲᠡᠭᠡᠵᠦ᠂ ᠪᠤᠶᠠᠨ ᠵᠢᠷᠭᠠᠯ ᠤᠯᠭᠤᠬᠤ ᠪᠤᠯᠤᠨ᠎ᠠ᠃ ᠰᠠᠶᠢᠨ ᠰᠠᠶᠢᠬᠠᠨ ᠠᠮᠢ ᠠᠬᠤᠶ ᠣᠷᠴᠢᠨ ᠲᠣᠭᠤᠷᠢᠨ ᠪᠣᠯ ᠬᠠᠮᠤᠭ ᠤᠨ ᠲᠦᠭᠡᠮᠡᠯ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠮᠥᠨ᠂ ᠬᠥᠮᠦᠰ ᠲᠤ ᠭᠠᠷ ᠲᠤ ᠪᠠᠷᠢᠭᠳᠠᠮᠠᠷ ᠵᠣᠯ ᠵᠢᠷᠭᠠᠯᠲᠤ ᠲᠥᠷᠥᠭᠳᠡᠯ ᠢ ᠠᠪᠴᠢᠷᠠᠵᠤ ᠦᠭᠬᠦ ᠪᠤᠯᠤᠨ᠎ᠠ᠃ ᠦᠬᠠᠶ ᠬᠤᠲᠠ ᠪᠣᠯ ᠡᠬᠢ ᠪᠠᠶᠠᠯᠢᠭ ᠤᠨ ᠬᠡᠯᠪᠡᠷᠢ ᠶᠢᠨ ᠨᠡᠶᠢᠲᠡᠯᠢᠭ ᠬᠤᠲᠠ ᠪᠣᠯᠤᠨ᠎ᠠ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠶᠠᠨ ᠰᠠᠶᠢᠵᠢᠷᠠᠭᠤᠯᠵᠤ᠂ ᠬᠤᠲᠠ ᠶᠢᠨ ᠦᠢᠯᠡᠴᠢᠯᠡᠭᠡᠨ ᠤ ᠴᠢᠳᠠᠮᠵᠢ ᠪᠠᠨ ᠲᠡᠭᠦᠯᠳᠡᠷᠵᠢᠭᠦᠯᠬᠦ ᠪᠣᠯ ᠥᠷᠭᠡᠨ ᠣᠯᠠᠨ ᠲᠦᠮᠡᠨ ᠤ ᠬᠠᠮᠤᠭ ᠤᠨ ᠬᠦᠰᠡᠵᠦ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠪᠣᠯᠬᠤ ᠪᠥᠭᠡᠳ ᠦᠬᠠᠶ ᠬᠤᠲᠠ ᠶᠢᠨ ᠪᠥᠬᠦ ᠤᠯᠤᠰ ᠤᠨ ᠪᠣᠯᠪᠠᠰᠤᠨ ᠬᠤᠲᠠ ᠶᠢ ᠪᠠᠶᠢᠩᠭᠤᠵᠢᠭᠤᠯᠤᠨ ᠡᠭᠦᠳᠦᠨ ᠪᠠᠶᠢᠭᠤᠯᠬᠤ ᠭᠤᠤᠯ ᠰᠢᠪᠲᠤᠯᠤᠯᠲᠠ ᠶᠢᠨ ᠴᠢᠭᠯᠡᠯ ᠪᠣᠯᠤᠨ᠎ᠠ᠃ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ︽ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢ ᠡᠭᠦᠲᠦᠨ ᠪᠠᠶᠢᠭᠤᠯᠬᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠬᠤᠳᠠ ᠬᠥᠳᠡᠭᠡ ᠶᠢᠨ ᠳᠦᠷᠰᠦ ᠪᠠᠶᠢᠳᠠᠯ ᠤᠨ ︽ᠨᠢᠭᠤᠷ ᠲᠠᠯ᠎ᠠ︾ ᠠᠴᠠ ︽ᠳᠣᠲᠣᠷ ᠲᠠᠯ᠎ᠠ︾ ᠳᠤ ᠬᠦᠷᠲᠡᠯ᠎ᠡ ᠴᠢᠨᠠᠷ ᠤᠨ ᠬᠤᠪᠢᠷᠠᠯᠲᠠ ᠭᠠᠷᠬᠤ ᠶᠢ ᠪᠠᠲᠤᠯᠠᠵᠤ᠂ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠨᠡᠩ ᠤᠯᠠᠨ ᠨᠡᠩ ᠡᠷᠬᠡ ᠲᠡᠭᠰᠢ ᠪᠠᠷ ᠥᠷᠭᠡᠨ ᠤᠯᠠᠨ ᠲᠦᠮᠡᠨ ᠳᠤ ᠬᠦᠷᠳᠡᠭᠡᠨ᠎ᠡ ᠭᠡᠵᠡᠢ᠃      ᠲᠠᠩ ᠢ ᠬᠡᠯᠡᠭᠰᠡᠨ ᠨᠢ᠂ ᠬᠥᠮᠦᠨ ᠨᠢ ᠬᠤᠲᠠ ᠪᠠᠷ ᠬᠡᠷ ᠪᠣᠯᠭᠠᠵᠤ᠂ ᠬᠤᠲᠠ ᠨᠢ ᠬᠦᠮᠦᠨ ᠢᠶᠠᠷ ᠦᠨᠳᠦᠰᠦ ᠪᠣᠯᠭᠠᠨ᠎ᠠ᠃ ︽ᠪᠣᠯᠪᠠᠰᠤᠨ ᠬᠤᠲᠠ︾ ᠶᠢ ᠡᠭᠦᠳᠦᠨ ᠪᠠᠶᠢᠭᠤᠯᠬᠤ ᠭᠡᠪᠡᠯ᠂ ᠤᠷᠢᠳᠠᠪᠡᠷ ︽ᠪᠣᠯᠪᠠᠰᠤᠨ ᠬᠥᠮᠦᠨ︾ ᠢ ᠬᠥᠮᠦᠵᠢᠭᠦᠯᠬᠦ ᠬᠡᠷᠡᠭᠳᠡᠢ᠂ ᠶᠣᠰᠣ ᠰᠤᠷᠲᠠᠬᠤᠨ ᠢ ᠡᠷᠬᠢᠮᠯᠡᠨ ᠪᠤᠶᠠᠨ ᠦᠢᠯᠡᠳᠬᠦ ᠪᠣᠯ ᠪᠣᠯᠪᠠᠰᠤᠨ ᠬᠤᠳᠠ ᠶᠢᠨ ᠴᠢᠬᠤᠯᠠ ᠡᠯᠧᠮᠧᠨ᠋ᠲ ᠪᠣᠯᠤᠨ᠎ᠠ᠃ ᠦᠬᠠᠢ ᠬᠤᠳᠠ ᠠᠷᠠᠳ ᠤᠨ ᠪᠣᠯᠪᠠᠰᠤᠨ ᠤ ᠬᠡᠪ ᠴᠢᠨᠠᠷ ᠢ ᠳᠡᠭᠡᠭᠰᠢᠯᠡᠭᠦᠯᠬᠦ ᠶᠢ ᠢᠮᠠᠭᠲᠠ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢᠨ ᠵᠠᠩᠭᠢᠯᠠᠭ᠎ᠠ ᠶᠢᠨ ᠭᠤᠣᠯᠳᠠᠯᠭ᠎ᠠ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠶᠡᠬᠡᠪᠡᠷ ᠪᠤᠶᠢᠵᠢᠭᠤᠯᠤᠨ ᠦᠢᠯᠡᠳᠦᠯᠭᠡᠵᠢᠭᠦᠯᠵᠦ᠂ ᠤᠶᠤᠨ ᠤ ᠪᠣᠯᠪᠠᠰᠤᠨ ᠤ ︽ᠵᠢᠷᠭᠤᠭᠠᠨ ᠶᠡᠭᠡ ᠡᠭᠦᠳᠦᠨ ᠪᠠᠶᠢᠭᠤᠯᠤᠯᠲᠠ︾ ᠪᠣᠯᠤᠨ ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢᠨ ︽ᠠᠷᠪᠠᠨ ᠶᠡᠭᠡ ᠠᠵᠢᠯᠯᠠᠭ᠎ᠠ︾ ᠶᠢ ᠰᠢᠨ᠎ᠡ ᠶᠢ ᠡᠭᠦᠳᠦᠨ ᠥᠷᠨᠢᠭᠦᠯᠵᠦ᠂ ᠬᠥᠮᠦᠨ ᠪᠦᠬᠦᠨ ᠪᠣᠯᠪᠠᠰᠤᠨ ᠬᠤᠳᠠ ᠶᠢᠨ ︽ᠣᠷᠣᠯᠠᠨ ᠥᠭᠦᠯᠡᠭᠴᠢ︾ ᠪᠣᠯᠤᠭᠰᠠᠨ ᠪᠠᠶᠢᠨ᠎ᠠ᠃ ᠰᠠᠶᠢᠨ ᠳᠤᠷ᠎ᠠ ᠶᠢᠨ ᠦᠢᠯᠡᠴᠢᠯᠡᠭᠡ ᠨᠢ ᠬᠡᠪ ᠵᠠᠩᠰᠢᠯ ᠲᠠᠢ᠂ ᠣᠯᠠᠨ ᠨᠡᠶᠢᠲᠡ ᠶᠢᠨ ᠲᠠᠯᠠᠪᠤᠷ ᠤᠨ ᠡᠮᠬᠢ ᠳᠢᠭᠯᠢᠮ ᠡᠮᠬᠢ ᠵᠢᠷᠤᠮ ᠲᠠᠢ᠂ ᠣᠷᠴᠢᠨ ᠲᠣᠭᠤᠷᠢᠨ ᠴᠡᠪᠡᠷ ᠲᠡᠭᠰᠢ᠂ ᠲᠡᠷᠭᠡ ᠬᠥᠰᠬᠡ ᠶᠠᠪᠠᠭᠠᠨ ᠬᠦᠮᠦᠨ ᠳᠤ ᠨᠠᠶᠢᠷ ᠲᠠᠯᠪᠢᠵᠤ᠂ ᠪᠦᠬᠦ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠯᠪᠠᠰᠤᠨ ᠬᠠᠮᠲᠤ ᠶᠢᠨ ᠢᠷᠠᠭᠤ ᠠᠯᠳᠠᠷ ᠤᠨ ᠴᠣᠯᠠ ᠶᠢ 93 ᠬᠦᠷᠲᠡᠵᠦ᠂ 49 ᠬᠥᠮᠦᠨ ᠥᠪᠡᠷᠲᠡᠭᠡᠨ ᠵᠠᠰᠠᠬᠤ ᠣᠷᠣᠨ ᠤ ᠶᠣᠰᠣ ᠰᠤᠷᠲᠠᠬᠤᠨ ᠤ ᠵᠢᠱᠢᠶᠡᠴᠢ ᠪᠠᠷ ᠦᠨᠡᠯᠡᠭᠳᠡᠵᠦ᠂ 12 ᠬᠥᠮᠦᠨ ︽ᠳᠤᠮᠳᠠᠳᠤ ᠤᠯᠤᠰ ᠤᠨ ᠰᠠᠶᠢᠨ ᠬᠥᠮᠦᠨ ᠤ ᠵᠢᠭᠰᠠᠭᠠᠯᠲᠠ︾ ᠳᠤ ᠰᠣᠩᠭᠤᠭᠳᠠᠵᠤ᠂ ᠢᠲᠡᠭᠡᠮᠵᠢ ᠶᠢᠨ ᠶᠡᠷᠦᠩᠬᠡᠶᠢᠯᠡᠭᠰᠡᠨ ᠵᠢᠭᠠᠯᠲᠠ ᠲᠤᠭ᠎ᠠ ᠶᠢᠨ ᠲᠤᠰᠬᠠᠶ ᠣᠷᠣᠨ ᠤ ᠲᠠᠰ ᠤᠨ ᠬᠤᠲᠠ ᠶᠢᠨ ᠨᠡᠷᠡᠰ ᠤᠨ ᠵᠢᠭᠰᠠᠭᠠᠯᠲᠠ ᠳᠤ ᠪᠥᠬᠦ ᠤᠯᠤᠰ ᠤᠨ 7 ᠳ᠋ᠤᠭᠠᠷ ᠪᠠ ᠥᠪᠡᠷᠲᠡᠭᠡᠨ ᠵᠠᠰᠠᠬᠤ ᠣᠷᠣᠨ ᠤ 1 ᠳ᠋ᠦ᠋ᠭᠡᠷ ᠲᠤ ᠵᠢᠭᠰᠠᠭᠠᠭᠳᠠᠪᠠ᠃ ᠡᠳᠡᠭᠡᠷ ᠪᠣᠯ ᠴᠥᠮ ᠦᠬᠠᠶ ᠬᠤᠲᠠ ᠶᠢᠨ ᠠᠷᠠᠳ ᠤᠨ ᠪᠣᠯᠪᠠᠰᠤᠨ ᠤ ᠬᠡᠪ ᠴᠢᠨᠠᠷ ᠳᠡᠭᠡᠭᠰᠢᠯᠡᠭᠰᠡᠨ ᠰᠠᠶᠢᠨ ᠰᠠᠶᠢᠬᠠᠨ ᠬᠤᠷᠢᠶᠠᠩᠭᠤᠢ ᠳᠦᠷᠰᠦ ᠪᠣᠯᠤᠨ᠎ᠠ ᠭᠡᠵᠡᠢ᠃      ᠲᠠᠩ ᠢ ᠬᠡᠯᠡᠭᠰᠡᠨ ᠨᠢ᠂ ᠪᠣᠯᠪᠠᠰᠤᠨ ᠪᠣᠯ ᠨᠢᠭᠡᠨ ᠬᠤᠲᠠ ᠶᠢᠨ ᠳᠣᠲᠣᠭᠠᠳᠤ ᠬᠡᠪ ᠪᠠᠶᠢᠳᠠᠯ ᠮᠥᠨ᠂ ᠪᠠᠰᠠ ᠴᠤ ᠬᠤᠲᠠ ᠶᠢᠨ ᠵᠣᠯ ᠵᠢᠷᠭᠠᠯ ᠤᠨ ᠰᠠᠭᠤᠷᠢ ᠥᠩᠭᠡ ᠮᠥᠨ᠃ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠤᠷᠤᠭᠰᠢᠯᠠᠬᠤ ᠠᠴᠠ ᠪᠢᠰᠢ ᠵᠣᠭᠰᠣᠩᠭᠤᠶᠢᠷᠠᠵᠤ ᠪᠤᠯᠬᠤ ᠦᠭᠡᠢ᠃ ᠲᠠᠷᠠᠭᠠᠴᠢ ᠶᠢᠨ ᠠᠯᠬᠤᠮ ᠳᠤ᠂ ᠦᠬᠠᠶ ᠬᠤᠲᠠ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠯᠤᠭ᠎ᠠ ᠣᠷᠭᠠᠨᠢᠭ ᠢᠶᠠᠷ ᠤᠶᠠᠯᠳᠤᠭᠤᠯᠵᠤ᠂ ᠴᠢᠨᠠᠷ ᠰᠠᠶᠢᠲᠠᠶ ᠬᠥᠭᠵᠢᠯᠲᠡ᠂ ᠴᠢᠨᠠᠷ ᠰᠠᠶᠢᠲᠠᠶ ᠠᠮᠢᠳᠤᠷᠠᠯ᠂ ᠴᠢᠨᠠᠷ ᠰᠠᠶᠢᠳᠠᠢ ᠵᠠᠰᠠᠯᠲᠠ ᠶᠢ ᠪᠡᠶᠡᠯᠡᠭᠦᠯᠬᠦ ᠶᠢ ᠠᠬᠢᠭᠤᠯᠬᠤ ᠴᠢᠬᠤᠯᠠ ᠠᠴᠢᠶᠠᠯᠠᠪᠤᠷᠢ ᠪᠣᠯᠭᠠᠵᠤ᠂ ᠡᠯ᠎ᠡ ᠵᠦᠢᠯ ᠤᠨ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠬᠦ᠂ ᠪᠠᠷᠢᠮᠵᠢᠶ᠎ᠠ ᠪᠠᠨ ᠳᠡᠭᠡᠭᠰᠢᠯᠡᠭᠦᠯᠬᠦ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠢᠨ᠎ᠡ ᠦᠨᠳᠦᠷᠴᠡ᠂ ᠰᠢᠨ᠎ᠡ ᠭᠦᠨᠴᠡ ᠶᠢ ᠴᠢᠷᠮᠠᠶᠢᠨ ᠡᠭᠦᠳᠴᠦ᠂ ᠠᠵᠤ ᠦᠢᠯᠡᠰ ᠤᠨ ᠬᠤᠲᠠ᠂ ᠨᠡᠭᠡᠭᠡᠯᠲᠡ ᠶᠢᠨ ᠬᠤᠲᠠ᠂ ᠰᠣᠶᠣᠯ ᠤᠨ ᠬᠤᠲᠠ᠂ ᠵᠣᠯ ᠵᠢᠷᠭᠠᠯ ᠤᠨ ᠬᠤᠲᠠ ᠶᠢᠨ ︽ᠬᠤᠲᠠ ᠶᠢᠨ ᠨᠡᠷ᠎ᠡ ᠶᠢᠨ ᠬᠠᠭᠤᠳᠠᠰᠤ︾ ᠶᠢ ᠨᠠᠩ ᠭᠡᠷᠡᠯᠳᠦᠬᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠦᠬᠠᠶ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号