2023 ᠣᠨ ᠤ 1 ᠰᠠᠷ᠎ᠠ ᠶᠢᠨ 1 ᠤ ᠡᠳᠦᠷ ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠡᠭᠡᠷ᠎ᠡ | ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠶᠠᠩ ᠶᠢᠨ | | ᠲᠦᠯᠦᠬᠡᠯᠡᠭᠴᠢᠳ ᠡ᠄ | ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠣᠨ | ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2022 ᠣᠨ ᠤ ᠠᠵᠢᠯ ᠤᠨ ᠡᠷᠭᠢᠴᠡᠭᠦᠯᠦᠯ | ᠰᠠᠶ᠋ᠢᠬᠠᠨ ᠥᠩᠭᠡᠷᠡᠭᠰᠡᠨ 2022 ᠣᠨ ᠪᠣᠯ ᠨᠠᠮ ᠪᠣᠯᠤᠨ ᠤᠯᠤᠰ ᠤᠨ ᠲᠡᠦᠬᠡᠨ ᠳᠡᠭᠡᠷᠡᠬᠢ ᠬᠥᠰᠢᠶ᠎ᠡ | ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠤᠨ᠎ᠠ᠂ ᠮᠥᠨᠴᠦ ᠲᠤᠰ ᠬᠤᠭᠤᠴᠠᠭᠠᠨ ᠤ ᠵᠠᠰᠠᠭ ᠤᠨ | ᠣᠷᠳᠣᠨ ᠤ ᠡᠬᠢᠯᠡᠯᠲᠡ ᠦᠷ᠎ᠡ ᠪᠦᠲᠦᠮᠵᠢ ᠣᠯᠣᠭᠰᠠᠨ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠪᠢᠳᠡ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠪᠦᠯᠬᠦᠮᠳᠡᠨ ᠲᠡᠮᠡᠴᠡᠵᠦ ᠨᠠᠮ ᠤᠨ ᠬᠤᠷᠢᠳᠤᠭᠠᠷ ᠶᠡᠭᠡ | ᠬᠤᠷᠠᠯ ᠢ ᠤᠭᠲᠤᠬᠤ᠂ ᠨᠠᠮ ᠤᠨ ᠬᠤᠷᠢᠳᠤᠭᠠᠷ ᠶᠡᠭᠡ ᠬᠤᠷᠠᠯ ᠢ ᠭᠦᠨᠵᠡᠭᠡᠢ ᠰᠤᠷᠤᠯᠴᠠᠨ ᠲᠤᠤᠱᠯᠠᠭᠤᠯᠬᠤ᠂ ᠨᠠᠮ ᠤᠨ | ᠲᠥᠪ ᠬᠤᠷᠢᠶᠠᠨ ᠤ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ | ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠡᠷᠡᠰ ᠲᠤᠤᠱᠯᠠᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠯᠦᠭᠡ ᠨᠢᠭᠲᠠ | ᠤᠶᠠᠯᠳᠤᠭᠤᠯᠤᠨ ᠠᠵᠢᠯ ᠦᠢᠯᠡᠰ ᠢᠶᠠᠨ ᠲᠥᠯᠥᠪᠵᠢᠭᠦᠯᠵᠦ᠂ ᠬᠥᠭᠵᠢᠯᠲᠡ ᠶᠢ ᠠᠬᠢᠭᠤᠯᠵᠤ᠂ ᠬᠤᠳᠠ ᠶᠢᠨ | ᠨᠠᠢᠮᠠᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠬᠥᠭᠵᠢᠯᠲᠡ ᠶᠢᠨ | ᠰᠡᠳᠬᠢᠴᠡ ᠯᠦᠭᠡ ᠨᠢᠭᠲᠠ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠦᠨᠳᠦ ᠡᠭᠦᠷᠭᠡ ᠶᠢ | ᠡᠭᠦᠷᠭᠡᠯᠡᠨ ᠳᠠᠭᠠᠭᠠᠵᠤ᠂ ᠲᠣᠭᠲᠠᠭᠤᠨ ᠤ ᠳᠤᠮᠳᠠ ᠤᠷᠤᠭᠰᠢᠯᠠᠵᠤ᠂ ᠪᠦᠬᠦ ᠵᠢᠯ ᠤᠨ ᠡᠯ᠎ᠡ ᠵᠦᠢᠯ ᠤᠨ | ᠬᠥᠭᠵᠢᠯᠲᠡ ᠶᠢᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃ ᠵᠢᠱᠢᠯᠲᠡ ᠪᠠᠷ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠢ 4% ᠣᠷᠴᠢᠮ ᠨᠡᠮᠡᠭᠳᠡᠭᠦᠯᠪᠡ︔ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠢ 5% ᠣᠷᠴᠢᠮ ᠨᠡᠮᠡᠭᠳᠡᠭᠦᠯᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 2% ᠣᠷᠴᠢᠮ ᠨᠡᠮᠡᠭᠳᠡᠭᠦᠯᠪᠡ︔ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢ 25% ᠣᠷᠴᠢᠮ ᠢᠶᠠᠷ ᠨᠡᠮᠡᠭᠳᠡᠭᠦᠯᠵᠦ᠂ ᠨᠡᠮᠡᠭᠳᠡᠯ ᠤᠨ ᠬᠤᠷᠳᠤᠴᠠ ᠶᠢ ᠡᠯ᠎ᠡ ᠠᠶᠢᠮᠠᠭ | ᠬᠤᠲᠠ ᠶᠢᠨ ᠲᠤᠲᠤᠷ᠎ᠠ ᠬᠤᠶᠠᠳᠤᠭᠠᠷ ᠲᠤ ᠣᠷᠣᠭᠤᠯᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ | 46% ᠠᠴᠠ ᠳᠡᠭᠡᠭᠰᠢ ᠨᠡᠮᠡᠭᠳᠡᠭᠦᠯᠵᠦ᠂ ᠨᠡᠮᠡᠭᠳᠡᠯ ᠤᠨ ᠬᠤᠷᠳᠤᠴᠠ ᠪᠠᠨ ᠡᠯ᠎ᠡ ᠠᠶᠢᠮᠠᠭ ᠬᠤᠲᠠ ᠶᠢᠨ ᠲᠤᠲᠤᠷ᠎ᠠ | ᠲᠡᠷᠢᠭᠦᠨ ᠳᠤ ᠣᠷᠣᠭᠤᠯᠪᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 6% ᠪᠠ 7 % ᠪᠠᠷ ᠨᠡᠮᠡᠭᠳᠡᠭᠦᠯᠪᠡ᠃ | ︵ᠨᠢᠭᠡ︶ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠦᠴᠢᠷ ᠢ ᠲᠤᠭᠤᠯᠤᠨ | ᠪᠡᠷᠬᠡ ᠶᠢ ᠳᠠᠪᠠᠭ᠋ᠤ ᠳᠤᠮᠳᠠ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠪᠡ᠃ ︽ᠤᠯᠤᠰ ᠤᠨ ᠶᠡᠭᠡ | ᠶᠠᠪᠤᠳᠠᠯ︾ ᠢ ᠪᠠᠲᠤ ᠴᠡᠭᠡᠵᠢᠯᠡᠵᠦ᠂ ᠬᠢᠵᠢᠭ ᠤᠨ ᠪᠠᠶᠢᠳᠠᠯ ᠤᠨ ᠬᠡᠯᠪᠡᠯᠵᠡᠯ᠂ ᠠᠵᠤ ᠠᠬᠤᠢ ᠶᠢᠨ ᠪᠠᠭᠤᠷᠠᠯᠲᠠ ᠶᠢᠨ | ᠳᠠᠷᠤᠯᠲᠠ ᠶᠢ ᠡᠷᠡᠰ ᠡᠰᠡᠷᠭᠦᠴᠡᠵᠦ᠂ ᠲᠦᠷᠦ ᠶᠢᠨ ᠶᠠᠪᠤᠳᠠᠯ ᠤᠨ ᠬᠤᠷᠢᠶᠠᠨ ᠤ 33 ᠵᠦᠢᠯ᠂ ᠥᠪᠡᠷᠲᠡᠭᠡᠨ ᠵᠠᠰᠠᠬᠤ | ᠣᠷᠣᠨ ᠤ 40 ᠵᠦᠢᠯ ᠤᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠲᠦᠷᠦ ᠶᠢᠨ ᠪᠤᠳᠤᠯᠭ᠎ᠠ ᠵᠢᠴᠢ ᠦᠷᠭᠦᠯᠵᠢᠯᠡᠬᠦ | ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ ᠲᠤᠬᠠᠢ | ᠢᠵᠢ ᠪᠦᠷᠢᠳᠦᠬᠦᠯᠬᠦ ᠰᠢᠷᠢᠰ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠵᠦ᠂ ᠪᠦᠬᠦ ᠬᠦᠴᠦᠨ ᠢᠶᠠᠷ ᠢᠶᠠᠨ ᠪᠡᠯᠡ | ᠣᠷᠣᠭᠤᠯᠤᠯᠲᠠ ᠶᠢ ᠥᠷᠭᠡᠳᠬᠡᠵᠦ᠂ ᠬᠡᠷᠡᠭᠯᠡᠭᠡ ᠶᠢ ᠠᠬᠢᠭᠤᠯᠵᠤ᠂ ᠭᠤᠣᠯ ᠴᠣᠭᠴᠠ ᠶᠢ ᠲᠣᠭᠲᠠᠪᠤᠷᠢᠵᠢᠭᠤᠯᠵᠤ᠂ | ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠤ ᠳᠤᠮᠳᠠ ᠰᠠᠶᠢᠵᠢᠷᠠᠬᠤ᠂ ᠰᠦᠷ ᠳᠠᠯᠠᠶᠢᠴᠠᠲᠠᠢ ᠬᠥᠭᠵᠢᠬᠦ ᠶᠢ | ᠠᠬᠢᠭᠤᠯᠪᠡ᠃ ︽2022 ᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠣᠭᠤᠮᠲᠠ ᠰᠢᠪᠲᠤᠯᠬᠤ ᠠᠵᠢᠯᠯᠠᠭ᠎ᠠ︾ | ᠶᠢ ᠬᠡᠷᠡᠭᠵᠢᠭᠦᠯᠵᠦ᠂ 186 ᠭᠤᠤᠯᠳᠠᠯᠭ᠎ᠠ ᠲᠠᠢ ᠲᠥᠷᠥᠯ ᠵᠦᠢᠯ ᠪᠦᠬᠦᠨ ᠢᠶᠠᠷ ᠢᠶᠠᠨ ᠠᠵᠢᠯ ᠢᠶᠠᠨ ᠡᠬᠢᠯᠡᠭᠦᠯᠵᠦ᠂ | ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 83.8% ᠪᠠᠷ ᠨᠡᠮᠡᠭᠳᠡᠪᠡ︔ ᠡᠭᠦᠨ ᠳᠤ ᠠᠷᠠᠳ ᠤᠨ | ᠡᠵᠡᠩᠨᠡᠯᠲᠡ ᠶᠢᠨ ᠠᠵᠤ ᠠᠬᠤᠶ 190 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 80% ᠪᠠᠷ ᠨᠡᠮᠡᠭᠳᠡᠪᠡ᠃ ︽ᠬᠡᠯᠬᠢᠶ᠎ᠡ ᠶᠢᠨ ᠳᠠᠷᠤᠭ᠎ᠠ ᠶᠢᠨ ᠲᠦᠷᠢᠮ︾ ᠢᠶᠠᠷ | ᠭᠠᠷᠳᠠᠴᠠ ᠪᠣᠯᠭᠠᠨ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ 102 ᠲᠥᠷᠥᠯ | ᠵᠦᠢᠯ ᠢ ᠰᠢᠨ᠎ᠡ ᠪᠠᠷ ᠲᠣᠭᠲᠠᠵᠤ᠂ ᠵᠢᠱᠢᠯᠲᠡ ᠪᠠᠷ 184.8 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ | ᠣᠷᠣᠭᠤᠯᠤᠨ ᠠᠪᠴᠢᠷᠠᠵᠤ᠂ ᠠᠳᠠᠯᠢ ᠬᠤᠭᠤᠴᠠᠭᠠᠨ ᠤ ᠬᠢ ᠠᠴᠠ 93.9% ᠪᠠᠷ ᠨᠡᠮᠡᠭᠳᠡᠪᠡ᠃ ︽ᠳᠥᠷᠪᠡᠨ ᠠᠵᠤ | ᠠᠬᠤᠶ︾ ᠶᠢ ᠶᠡᠬᠡᠪᠡᠷ ᠬᠥᠭᠵᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠬᠡᠷᠡᠭᠯᠡᠭᠡᠨ ᠤ | ᠢᠲᠡᠭᠡᠯ ᠵᠣᠷᠢᠭ ᠢ ᠬᠥᠭᠵᠢᠭᠡᠵᠦ᠂ 52 ᠠᠩᠬᠠᠨ ᠤ ᠳᠡᠯᠭᠡᠭᠦᠷ ᠤᠨ ᠲᠥᠷᠥᠯ ᠲᠡᠮᠳᠡᠭᠲᠦ ᠤᠷᠤᠨ ᠰᠠᠭᠤᠵᠤ᠂ ᠮᠤᠯᠤᠷ | ᠬᠤᠲᠠ ᠡᠭᠦᠳᠡ ᠪᠠᠨ ᠨᠡᠭᠡᠭᠡᠨ ᠡᠵᠡᠩᠨᠡᠵᠦ᠂ ᠨᠢᠭᠡ ᠪᠦᠯᠦᠭ ᠰᠡᠯᠡᠭᠦᠴᠡᠯ ᠤᠨ ᠵᠡᠭᠡᠯᠢ ᠲᠣᠭᠤᠷᠢᠭ ᠤᠨ ᠰᠥᠨᠢ ᠶᠢᠨ | ᠵᠠᠬ᠎ᠠ ᠲᠡᠯᠭᠡᠭᠦᠷ᠂ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠠᠪᠴᠠᠩ ᠢ ᠲᠣᠭᠲᠠᠭᠤᠨ ᠢᠶᠠᠷ ᠠᠵᠢᠯᠯᠠᠭᠤᠯᠵᠤ᠂ | ︽ᠦᠬᠠᠶ ᠶᠢᠨ ᠪᠡᠯᠡᠭ︾ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠤᠯᠠᠮ | ᠨᠢᠭᠡ ᠠᠯᠬᠤᠮ ᠥᠷᠭᠡᠳᠬᠡᠵᠦ᠂ ︽ᠦᠬᠠᠢ ᠶᠢᠨ ᠬᠢᠮᠳᠡ ᠪᠠᠷᠠᠭᠠᠨ ᠤ ᠨᠠᠶᠢᠷ︾ ︽ᠬᠤᠲᠠ ᠶᠢᠨ ᠰᠠᠶᠢᠨ ᠰᠠᠶᠢᠬᠠᠨ | ᠠᠮᠢᠳᠤᠷᠠᠯ ᠤᠨ ᠨᠠᠶᠢᠷ︾ ᠵᠡᠷᠭᠡ ᠠᠵᠢᠯᠯᠠᠭ᠎ᠠ ᠨᠢ ᠬᠤᠲᠠ ᠶᠢᠨ ︽ᠠᠮᠢᠵᠢᠷᠠᠯ ᠤᠨ ᠬᠦᠴᠦᠨ︾ ᠢ ᠦᠷᠭᠦᠯᠵᠢᠯᠡᠨ | ᠬᠥᠭᠵᠢᠭᠡᠪᠡ᠃ ︽ᠵᠢᠩᠬᠢᠨᠢ ᠪᠡᠯᠡ ᠮᠥᠩᠭᠦ︾ ᠪᠠᠷ ᠠᠵᠤ ᠠᠬᠤᠶᠢᠯᠠᠯ ᠳᠤ ᠠᠰᠢᠭ ᠬᠦᠷᠲᠡᠭᠡᠵᠦ᠂ ᠭᠠᠶᠢᠯᠢ ᠶᠢ | ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠢᠴᠢ ᠭᠠᠶᠢᠯᠢ ᠶᠢ ᠪᠤᠴᠠᠭᠠᠵᠦ ᠭᠠᠶᠢᠯᠢ ᠶᠢ ᠬᠤᠶᠢᠰᠢᠯᠠᠭᠤᠯᠤᠭᠰᠠᠨ ᠨᠢ | 36 ᠳ᠋ᠦᠩᠰᠢᠭᠤᠷ ᠲᠥᠭᠦᠷᠢᠭ ᠢ ᠳᠠᠪᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢ 317.6 | ᠳ᠋ᠦᠩᠰᠢᠭᠤᠷ ᠲᠥᠭᠦᠷᠢᠭ ᠰᠢᠬᠠᠮ ᠲᠠᠯᠪᠢᠵᠤ᠂ ᠵᠢᠭᠡᠯᠡᠯᠭᠡ ᠶᠢᠨ ᠦᠯᠡᠳᠡᠪᠦᠷᠢ 500 ᠳ᠋ᠦᠩᠰᠢᠭᠤᠷ ᠲᠥᠭᠦᠷᠢᠭ | ᠰᠢᠬᠠᠮ ᠨᠡᠮᠡᠭᠳᠡᠪᠡ᠃ ᠰᠢᠨ᠎ᠡ ᠪᠠᠷ ᠨᠡᠮᠡᠭᠳᠡᠭᠰᠡᠨ ᠵᠠᠬ᠎ᠠ ᠳᠡᠯᠭᠡᠭᠦᠷ ᠤᠨ ᠭᠤᠣᠯ ᠴᠣᠭᠴᠠ 8897 ᠪᠣᠯᠵᠤ᠂ ᠠᠳᠠᠯᠢ | ᠬᠤᠭᠤᠴᠠᠭᠠᠨ ᠤ ᠬᠢ ᠠᠴᠠ 4.2% ᠢᠶᠠᠷ ᠨᠡᠮᠡᠭᠳᠡᠵᠦ᠂ 12 ᠠᠵᠤ ᠠᠬᠤᠶᠢᠯᠠᠯ ᠥᠪᠥᠷ ᠮᠣᠩᠭᠤᠯ ᠤᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ 100 ᠬᠦᠴᠦᠷᠬᠡᠭ ᠲᠤ ᠣᠷᠣᠵᠤ᠂ ᠠᠵᠤ ᠠᠬᠤᠢ ᠶᠢᠨ ᠬᠥᠭᠵᠢᠯᠲᠡ ᠨᠠᠩ | ᠤᠶᠠᠨ ᠬᠠᠳᠠᠨ ᠴᠢᠨᠠᠷ ᠪᠠ ᠳᠠᠯᠳᠠ ᠬᠦᠴᠦᠨ ᠲᠠᠢ ᠪᠣᠯᠪᠠ᠃ | ︵ᠬᠤᠶᠠᠷ︶ ᠬᠥᠳᠡᠯᠭᠡᠬᠦ ᠡᠨᠧᠷᠭᠢ ᠶᠢᠨ ᠰᠣᠯᠢᠭᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠰᠤ ᠴᠢᠨᠠᠷ | ᠢᠶᠠᠨ ᠳᠡᠭᠡᠭᠰᠢᠯᠡᠭᠦᠯᠦᠨ ᠪᠠᠭᠲᠠᠭᠠᠮᠵᠢ ᠪᠠᠨ ᠥᠷᠭᠡᠳᠬᠡᠬᠦ ᠳᠤᠮᠳᠠ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠪᠡ᠃ ᠪᠦᠬᠦ ᠬᠦᠴᠦᠨ ᠢᠶᠠᠷ ᠢᠶᠠᠨ ᠪᠦᠲᠦᠴᠡ ᠪᠠᠨ ᠲᠣᠬᠢᠷᠠᠭᠤᠯᠬᠤ᠂ ᠴᠢᠳᠠᠮᠵᠢ ᠪᠠᠨ | ᠬᠤᠪᠢᠷᠠᠭᠤᠯᠬᠤ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠪᠡᠶᠡᠯᠡᠬᠦᠯᠵᠦ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮᠵᠢ ᠶᠢ ᠲᠦᠷᠭᠡᠳᠬᠡᠨ ᠪᠠᠶᠢᠭᠤᠯᠪᠡ᠃ ᠤᠯᠠᠮᠵᠢᠯᠠᠯᠲᠤ ᠠᠵᠤ ᠦᠢᠯᠡᠰ ᠤᠨ ᠬᠠᠳᠠᠭᠠᠯᠠᠮᠵᠢ ᠰᠢᠨ᠎ᠡ ᠪᠠᠷ | ᠬᠦᠭᠵᠢᠪᠡ᠃ ᠬᠡᠤᠷᠰᠢᠭᠦᠯᠬᠦ ᠠᠵᠤ ᠦᠢᠯᠡᠰ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠵᠤ ᠲᠠᠰ | ᠳᠡᠪᠰᠢᠭᠦᠯᠬᠦ ᠶᠢ ᠯᠠᠪᠳᠠᠭᠤᠨ ᠢᠶᠠᠷ ᠠᠬᠢᠭᠤᠯᠵᠤ᠂ 500 ᠲᠦᠮᠡᠨ ᠲᠣᠨ ᠬᠡᠣᠷᠡᠰᠦ ᠬᠤᠯᠪᠣᠭᠠᠯᠠᠨ ᠦᠢᠯᠡᠳᠪᠦᠷᠢᠯᠡᠬᠦ | ᠲᠥᠷᠥᠯ ᠵᠦᠢᠯ ᠢ ᠪᠠᠶᠢᠭᠤᠯᠵᠤ ᠳᠠᠭᠤᠰᠬᠠᠨ᠂ 300 ᠲᠦᠮᠡᠨ ᠲᠣᠨ ᠬᠡᠣᠷᠡᠰᠦ ᠬᠤᠯᠪᠣᠭᠠᠯᠠᠨ ᠦᠢᠯᠡᠳᠪᠦᠷᠢᠯᠡᠬᠦ | ᠲᠥᠷᠥᠯ ᠵᠦᠢᠯ ᠢ ᠵᠥᠪᠰᠢᠶᠡᠷᠡᠵᠦ᠂ 342 ᠲᠦᠮᠡᠨ ᠲᠣᠨ ᠬᠤᠴᠣᠷᠤᠩᠭᠤᠶ ᠬᠡᠦᠷᠡᠰᠦ ᠦᠢᠯᠡᠳᠪᠦᠷᠢᠯᠡᠬᠦ | ᠴᠢᠳᠠᠪᠤᠷᠢ ᠶᠢ ᠰᠢᠭᠰᠢᠭᠳᠡᠭᠦᠯᠪᠡ᠃ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠶᠢ ᠪᠠᠳᠠᠷᠠᠭᠤᠯᠵᠤ᠂ | ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠵᠢᠱᠢᠯᠲᠡ ᠪᠠᠷ ᠪᠣᠷᠣ ᠨᠡᠭᠦᠷᠡᠰᠦᠨ ᠤ ᠭᠠᠷᠤᠯᠲᠠ ᠶᠢᠨ | ᠬᠡᠮᠵᠢᠶ᠎ᠡ 4930 ᠲᠦᠮᠡᠨ ᠲᠣᠨ᠂ ᠴᠠᠬᠢᠯᠭᠠᠨ ᠭᠠᠷᠭᠠᠬᠤ ᠬᠡᠮᠵᠢᠶ᠎ᠡ 206 ᠳ᠋ᠦᠩᠰᠢᠭᠤᠷ ᠭᠷᠠᠳᠦ᠋ᠰ ᠬᠦᠷᠬᠦ ᠪᠣᠯᠤᠨ᠎ᠠ | ᠃ ᠲᠣᠭᠠᠴᠢᠯᠠᠭᠰᠠᠨ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ | ᠪᠡᠶᠡᠯᠡᠬᠦᠯᠵᠦ᠂ ᠤᠶᠤᠨᠲᠤ ᠠᠭᠤᠷᠬᠠᠢ᠂ ᠣᠶᠤᠨᠴᠢ ᠦᠢᠯᠡᠳᠪᠦᠷᠢ᠂ ᠪᠣᠬᠢᠷᠲᠤᠯ ᠦᠭᠡᠢ ᠦᠢᠯᠡᠳᠪᠦᠷᠢ ᠶᠢ 15 | ᠪᠠᠶᠢᠭᠤᠯᠵᠤ᠂ ︽ᠡᠭᠦᠯᠡᠨ ᠲᠠᠪᠴᠠᠩ ᠳᠤ ᠭᠠᠷᠣᠭᠰᠠᠨ︾ ᠠᠵᠤ ᠠᠬᠤᠶᠢᠯᠠᠯ 3000 ᠶᠢ ᠲᠠᠪᠠᠵᠦ᠂ 3 ᠠᠵᠤ | ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ 121.3 ᠳ᠋ᠦᠩᠰᠢᠭᠤᠷ ᠲᠥᠭᠦᠷᠢᠭ ᠤᠨ ᠠᠷᠠᠯᠵᠢᠶᠠᠨ ᠤ | ᠲᠤᠭ᠎ᠠ ᠶᠢ ᠪᠡᠶᠡᠯᠡᠭᠦᠯᠵᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠰᠢᠨ᠎ᠡ ᠪᠠᠷ ᠬᠥᠭᠵᠢᠭᠰᠡᠨ ᠠᠵᠤ | ᠦᠢᠯᠡᠰ ᠤᠨ ᠨᠡᠮᠡᠭᠳᠡᠯ ᠤᠨ ᠬᠡᠮᠵᠢᠶ᠎ᠡ ᠶᠡᠭᠡ ᠪᠠᠷ ᠨᠡᠮᠡᠭᠳᠡᠪᠡ᠃ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ | ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠠᠭᠤᠷᠢ ᠪᠠᠬᠢᠵᠢᠵᠦ ᠬᠦᠴᠦᠨ | ᠪᠤᠵᠠᠭᠠᠶᠢᠷᠠᠬᠤ ᠬᠠᠨᠳᠤᠰᠢ ᠲᠠᠢ ᠪᠤᠯᠵᠤ᠂ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠂ ︽ᠬᠡᠷᠡᠯ | ᠸᠣᠯᠲ + ᠠᠭᠤᠷᠬᠠᠶ︾ ᠪᠠᠷ ᠠᠮᠢ ᠠᠬᠤᠶ ᠶᠢ ᠰᠡᠷᠭᠦᠭᠡᠬᠦ᠂ 10 ᠲᠦᠮᠡᠨ ᠲᠣᠨ ᠯᠢᠲ᠋ᠢ ᠴᠠᠬᠢᠯᠭᠠᠨ ᠴᠡᠨᠡᠭ ᠤᠨ | ᠪᠢᠯᠢᠭ ᠲᠦᠢᠯ ᠤᠨ ᠮᠠᠲ᠋ᠧᠷᠢᠶᠠᠯ ᠵᠡᠷᠭᠡ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠶᠡᠷᠦᠩᠬᠡᠶ ᠮᠠᠰᠢᠨ | ᠴᠣᠭᠴᠠᠯᠠᠪᠤᠷᠢ ᠨᠢ 35 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠪᠠ ᠬᠡᠷᠡᠯ ᠴᠡᠨᠡᠭ ᠤᠨ ᠲᠥᠷᠥᠯ | ᠵᠦᠢᠯ ᠢ ᠠᠮᠵᠢᠯᠲᠠ ᠲᠠᠢ ᠪᠠᠷ ᠲᠣᠤᠷ ᠲᠤ ᠨᠡᠶᠢᠯᠡᠭᠦᠯᠵᠦ᠂ ᠵᠠᠳᠠᠷᠠᠵᠤ ᠪᠣᠯᠬᠤ ᠮᠠᠲ᠋ᠧᠷᠢᠶᠠᠯ᠂ ᠣᠷᠭᠠᠨᠢᠭ ᠴᠠᠬᠢᠭᠤᠷ | ᠵᠡᠷᠭᠡ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ ᠠᠬᠢᠴᠠ ᠤᠷᠤᠭᠰᠢᠲᠠᠶ ᠪᠠᠶᠢᠵᠤ᠂ ᠪᠥᠬᠦ ᠪᠥᠮᠪᠥᠷᠴᠡᠭ ᠤᠨ | ᠬᠠᠮᠤᠭ ᠤᠨ ᠶᠡᠭᠡ 1.4 - ᠪᠥᠲ᠋ᠠᠨᠳᠢᠤᠯ ᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ | ᠠᠰᠢᠭᠯᠠᠯᠲᠠ ᠳᠤ ᠣᠷᠣᠵᠤ᠂ ᠵᠠᠳᠠᠷᠠᠭᠤᠯᠵᠤ ᠪᠣᠯᠬᠤ ᠰᠦᠯᠢᠶᠣᠣ ᠶᠢᠨ ᠠᠵᠤ ᠦᠢᠯᠡᠰ ᠤᠨ ᠲᠦᠷᠦᠭᠦᠴᠦᠳ ᠤᠨ | ᠶᠠᠷᠢᠶᠠᠨ ᠤ ᠲᠠᠪᠴᠠᠩ ᠢ ᠡᠷᠭᠢᠯᠡᠵᠦ᠂ ᠠᠵᠤ ᠦᠢᠯᠡᠰ ᠤᠨ ᠨᠥᠯᠥᠭᠡᠯᠡᠬᠦ ᠬᠦᠴᠦᠨ ᠤ ᠦᠭᠡ ᠬᠡᠯᠡᠬᠦ ᠡᠷᠬᠡ ᠶᠢ ᠤᠯᠠᠮ | ᠨᠢᠭᠡ ᠠᠯᠬᠤᠮ ᠳᠡᠭᠡᠭᠰᠢᠯᠡᠭᠦᠯᠪᠡ᠃ ᠠᠵᠤ ᠦᠢᠯᠡᠰ ᠤᠨ ᠲᠠᠪᠴᠠᠩ ᠤᠨ ᠪᠠᠭᠲᠠᠭᠠᠮᠵᠢ ᠥᠷᠭᠡᠳᠪᠡ᠃ 3.67 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠳᠣᠣᠷ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ | ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠥᠨᠳᠥᠷ | ᠬᠦᠴᠦᠳᠡᠯᠲᠦ ᠰᠢᠲᠠᠮᠠᠬᠠᠢ ᠬᠡᠢ ᠳᠠᠮᠵᠢᠭᠤᠯᠬᠤ ᠬᠤᠭᠤᠯᠠᠢ ᠵᠡᠷᠭᠡ ᠲᠦᠷᠦᠯ ᠵᠦᠢᠯ ᠢ ᠪᠠᠶᠢᠭᠤᠯᠤᠨ ᠳᠠᠭᠤᠰᠬᠠᠨ | ᠠᠰᠢᠭᠯᠠᠯᠲᠠ ᠳᠤ ᠣᠷᠣᠭᠤᠯᠵᠤ᠂ ᠲᠡᠮᠦᠷ ᠵᠠᠮ ᠤᠨ ᠲᠤᠰᠬᠠᠢ ᠱᠤᠭᠤᠮ ᠵᠡᠷᠭᠡ 12 ᠲᠦᠷᠦᠯ ᠵᠦᠢᠯ ᠢ ᠲᠦᠷᠭᠡᠨ | ᠪᠦᠳᠦᠭᠡᠨ ᠪᠠᠶᠢᠭᠤᠯᠵᠤ᠂ ᠣᠷᠣᠵᠣ ᠰᠠᠭᠤᠭᠰᠠᠨ ᠠᠵᠤ ᠠᠬᠤᠶᠢᠯᠠᠯ ᠨᠡᠶᠢᠳᠡ 19 ᠪᠤᠯᠵᠤ᠂ ᠲᠦᠷᠦᠯ ᠵᠦᠢᠯ ᠤᠨ | ᠶᠡᠷᠦᠩᠬᠡᠢ ᠪᠡᠯᠡ ᠣᠷᠣᠭᠤᠯᠤᠯᠲᠠ 866 ᠳ᠋ᠦᠩᠰᠢᠭᠤᠷ ᠲᠥᠭᠦᠷᠢᠭ ᠲᠤ ᠬᠦᠷᠪᠡ᠃ ᠬᠦᠴᠦᠨ ᠵᠦᠢᠯ ᠤᠨ | ᠪᠠᠲᠤᠯᠠᠭ᠎ᠠ ᠶᠢᠨ ᠬᠦᠴᠦᠨ ᠢᠶᠠᠷ ᠬᠦᠷᠢᠶᠡᠯᠡᠩ ᠲᠣᠭᠤᠷᠢᠭ ᠤᠨ ᠳᠠᠭᠠᠭᠠᠴᠠ ᠶᠢ ᠳᠡᠭᠡᠭᠰᠢᠯᠡᠭᠦᠯᠵᠦ᠂ ᠱᠣᠷᠪᠣᠭ ᠤᠨ | ᠬᠡᠮᠵᠢᠶ᠎ᠡ ᠪᠠᠷ ᠲᠤᠤᠷ᠎ᠠ ᠤᠰᠤ ᠶᠢ ᠥᠭᠡᠷᠡᠴᠢᠯᠡᠬᠦ᠂ ᠡᠩ ᠤᠨ ᠪᠤᠰᠤ ᠤᠰᠤᠨ ᠰᠤᠷᠪᠤᠯᠵᠢ ᠶᠢ ᠶᠡᠷᠦᠩᠬᠡᠶᠢᠯᠡᠨ | ᠠᠰᠢᠭᠯᠠᠬᠤ ᠵᠡᠷᠭᠡ ᠲᠥᠷᠥᠯ ᠵᠦᠢᠯ ᠤᠨ ᠠᠬᠢᠴᠠ ᠤᠷᠤᠭᠰᠢᠲᠠᠶ ᠪᠠᠶᠢᠵᠤ᠂ 25 ᠠᠵᠤ ᠠᠬᠤᠶᠢᠯᠠᠯ ᠤᠨ ᠡᠨᠧᠷᠭᠢ | ᠠᠷᠪᠢᠯᠠᠵᠤ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠪᠡ᠃ ᠳᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠨᠡᠭᠡᠭᠡᠯᠲᠡ ᠶᠢᠨ ᠣᠷᠣᠨ ᠢ ᠪᠦᠬᠦ ᠤᠯᠤᠰ ᠤᠨ ᠮᠣᠵᠢ ᠶᠢᠨ ᠳᠡᠰ ᠤᠨ ᠨᠡᠭᠡᠭᠡᠯᠲᠡ ᠶᠢᠨ ᠣᠷᠣᠨ ᠤ | ᠴᠢᠨᠠᠷ ᠰᠠᠢᠲᠠᠢ ᠬᠥᠭᠵᠢᠯᠲᠡ ᠶᠢᠨ ᠵᠠᠭᠤᠨ ᠬᠦᠴᠦᠷᠬᠡᠭ ᠲᠤ ᠣᠷᠣᠭᠤᠯᠪᠡ᠃ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ︽ᠦᠯᠡᠳᠡᠬᠦ︾ ᠬᠡᠮᠵᠢᠶ᠎ᠡ ᠶᠢ ᠨᠡᠮᠡᠭᠳᠡᠬᠦᠯᠪᠡ᠃ ︽ᠠᠭᠤᠯᠠ᠂ ᠤᠰᠤ᠂ ᠡᠯᠡᠰᠦ᠂ ᠬᠤᠲᠠ︾ ᠶᠢᠨ | ᠥᠪᠡᠷᠮᠢᠴᠡ ᠦᠵᠡᠮᠵᠢ ᠶᠢᠨ ᠡᠬᠢ ᠪᠠᠶᠠᠯᠢᠭ ᠲᠤ ᠲᠦᠰᠢᠭᠯᠡᠨ᠂ ︽ᠦᠬᠠᠶ ᠶᠢᠨ ᠠᠷᠪᠠᠨ ᠦᠵᠡᠮᠵᠢ︾ ᠶᠢᠨ ᠰᠣᠳᠣᠨ | ᠵᠠᠮ ᠱᠤᠭᠤᠮ ᠢ ᠭᠠᠷᠭᠠᠵᠤ᠂ ᠦᠬᠠᠶ ᠨᠠᠭᠤᠷ ᠤᠨ ᠦᠵᠡᠮᠵᠢ ᠶᠢᠨ ᠣᠷᠣᠨ᠂ ᠵᠢᠵᠢᠭ ᠭᠤᠷᠪᠠᠨ ᠱᠤᠭᠤᠮ ᠴᠡᠷᠢᠭ ᠤᠨ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠠᠭᠤᠷᠢ ᠶᠢ ᠶᠠᠰᠤ ᠴᠢᠨᠠᠷ ᠢ ᠨᠢ ᠳᠡᠭᠡᠭᠰᠢᠯᠡᠭᠦᠯᠦᠨ ᠥᠭᠡᠷᠡᠴᠢᠯᠡᠵᠦ᠂ | ᠽᠧ ᠶᠤᠸᠠᠨ ᠰᠢᠨ᠎ᠡ ᠲᠣᠰᠬᠤᠨ ᠤᠯᠤᠰ ᠤᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ | ᠲᠣᠰᠬᠤᠨ ᠢᠶᠠᠷ ᠦᠨᠡᠯᠡᠭᠳᠡᠵᠦ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠲᠠᠯ᠎ᠠ ᠪᠠᠷ ᠢᠳᠡᠪᠬᠢᠲᠡᠶ ᠦᠷ᠎ᠡ | ᠪᠦᠲᠦᠮᠵᠢ ᠣᠯᠵᠤ᠂ ᠨᠠᠩ ᠣᠯᠠᠨ ︽ᠬᠢᠯᠢ ᠪᠠᠷ ᠥᠩᠭᠡᠷᠡᠬᠦ ᠵᠢᠭᠤᠯᠴᠢᠯᠠᠯ︾ ᠨᠢ ︽ᠬᠤᠨᠤᠭᠯᠠᠭᠠᠳ ᠦᠩᠭᠡᠷᠡᠬᠦ | ᠵᠢᠭᠤᠯᠴᠢᠯᠠᠯ ᠪᠣᠯᠵᠣ ᠬᠤᠪᠢᠷᠠᠪᠠ᠃ ᠣᠳᠣ ᠦᠶ᠎ᠡ ᠶᠢᠨ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠪᠡ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠡᠶᠢᠲᠡᠯᠡᠵᠦ᠂ | ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢ 1 ᠲᠦᠮᠡ ᠭᠠᠷᠤᠶ ᠮᠦ ᠰᠢᠨ᠎ᠡ ᠪᠠᠷ | ᠨᠡᠮᠡᠭᠳᠡᠭᠦᠯᠵᠦ᠂ ᠭᠠᠭ᠋ᠠᠶ᠂ ᠥᠨᠳᠡᠭᠡ᠂ ᠰᠠᠮ ᠬᠤᠷᠣᠬᠠᠢ ᠵᠡᠷᠭᠡ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠪᠠ | ᠣᠨᠴᠠᠯᠢᠭᠲᠤ ᠤᠰᠤᠨ ᠭᠠᠷᠤᠯᠲᠠ ᠶᠢ ᠲᠡᠵᠢᠭᠡᠨ ᠦᠷᠡᠵᠢᠭᠦᠯᠬᠦ ᠲᠥᠷᠥᠯ ᠵᠦᠢᠯ ᠢ ᠪᠠᠶᠢᠭᠤᠯᠤᠨ ᠳᠠᠭᠤᠰᠬᠠᠵᠤ᠂ | ᠲᠥᠬᠦᠭᠡᠷᠦᠮᠵᠢᠲᠦ ᠦᠵᠦᠮ ᠲᠠᠷᠢᠬᠤ᠂ ᠰᠤᠯᠠ ᠪᠠᠶᠢᠭ᠎ᠠ ᠬᠦᠯᠡᠮᠵᠢ ᠶᠢ ᠠᠮᠢᠳᠤᠯᠢᠭ ᠪᠣᠯᠭᠠᠬᠤ ᠵᠡᠷᠭᠡ ᠲᠥᠷᠥᠯ | ᠵᠦᠢᠯ ᠢ ᠯᠠᠪᠳᠠᠭᠤᠨ ᠢᠶᠠᠷ ᠠᠬᠢᠭᠤᠯᠵᠤ᠂ ︽ᠪᠤᠳᠠᠭᠠᠨ ᠤ ᠤᠭᠤᠲᠠ︾ ︽ᠨᠣᠭᠤᠭ᠎ᠠ ᠶᠢᠨ ᠰᠠᠭᠰᠤ︾ ᠶᠢᠨ ᠬᠤᠤᠰ | ᠡᠯᠪᠡᠭ ᠬᠤᠷᠢᠶᠠᠯᠲᠠ ᠶᠢ ᠪᠡᠶᠡᠯᠡᠭᠦᠯᠪᠡ᠃ | ︵ᠭᠤᠷᠪᠠ︶ ᠠᠮᠢ ᠠᠬᠤᠢ ᠶᠢ ᠤᠷᠢᠳᠠᠪᠡᠷ ᠪᠣᠳᠣᠯᠬᠢᠯᠠᠬᠤ ᠶᠢ ᠦᠢᠯᠡᠳᠦᠯᠭᠡᠵᠢᠭᠦᠯᠵᠦ᠂ ᠶᠡᠷᠦᠩᠬᠡᠶᠢᠯᠡᠨ | ᠵᠠᠰᠠᠬᠤ ᠳᠤᠮᠳᠠ ᠪᠣᠬᠢᠷᠲᠤᠯ ᠦᠭᠡᠢ ᠰᠠᠭᠤᠷᠢ ᠪᠠᠨ ᠪᠠᠲᠤᠳᠬᠠᠪᠡ᠃ ᠶᠡᠷᠦᠩᠬᠡᠢ ᠱᠦᠵᠢ ᠰᠢ ᠶᠢᠨ ᠫᠢᠩ ᠤᠨ | ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ | ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠬᠤ ᠬᠡᠷᠡᠭᠳᠡᠢ︾ | ᠬᠡᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ᠠᠮᠢ ᠠᠬᠤᠢ ᠶᠢᠨ ᠵᠠᠰᠠᠯᠲᠠ ᠶᠢᠨ | ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ︽ᠳᠤᠯᠤᠭ᠎ᠠ ᠶᠢ ᠵᠠᠰᠠᠬᠤ︾ ᠳᠤ ᠠᠩᠬᠠᠷᠤᠯ ᠢᠶᠠᠨ | ᠲᠥᠪᠯᠡᠷᠡᠭᠦᠯᠦᠨ ᠪᠦᠬᠦ ᠲᠠᠯ᠎ᠠ ᠪᠠᠷ ᠬᠦᠴᠦᠯᠡᠵᠦ᠂ ᠰᠢᠨ᠎ᠡ ᠨᠢᠭᠡ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠲᠦᠷᠭᠡᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ | ᠲᠠᠰᠤᠷᠠᠯᠲᠠ ᠦᠭᠡᠢ ᠳᠡᠭᠡᠭᠰᠢᠯᠡᠭᠦᠯᠪᠡ᠃ ᠬᠠᠲᠤᠨ ᠭᠤᠤᠯ ᠤᠨ ᠰᠠᠪᠠ ᠭᠠᠵᠠᠷ ᠤᠨ ᠶᠡᠭᠡ ᠬᠠᠮᠠᠭᠠᠯᠠᠯᠲᠠ ᠶᠡᠭᠡ | ᠵᠠᠰᠠᠯᠲᠠ ᠶᠢ ᠴᠢᠩᠭᠠᠳᠬᠠᠵᠤ᠂ ᠪᠥᠬᠦ ᠣᠷᠣᠨ ᠳᠤ ᠲᠠᠩ ᠭᠠᠵᠠᠷ ᠤᠨ ᠰᠠᠭᠤᠭᠠᠯᠢ ᠠᠷᠠᠳ ᠢ ᠨᠡᠭᠦᠯᠭᠡᠨ | ᠪᠠᠶᠢᠭᠤᠯᠬᠤ ᠶᠢ ᠡᠩ ᠲᠡᠷᠢᠭᠦᠨ ᠳᠤ ᠪᠡᠶᠡᠯᠡᠭᠦᠯᠵᠦ᠂ ᠬᠥᠷᠥᠰᠥ ᠰᠢᠷᠣᠶ ᠶᠢ ᠬᠠᠮᠠᠭᠠᠯᠠᠬᠤ ᠠᠵᠢᠯ ᠨᠢ ᠭᠤᠷᠪᠠᠨ ᠵᠢᠯ | ᠳᠠᠷᠠᠭᠠᠯᠠᠨ ᠪᠥᠬᠦ ᠣᠷᠣᠨ ᠤ ᠰᠢᠯᠢᠳᠡᠭ ᠳᠡᠰ ᠲᠤ ᠵᠢᠭᠰᠠᠭᠠᠭᠳᠠᠵᠤ᠂ ᠬᠠᠲᠤᠨ ᠭᠤᠤᠯ ᠤᠨ ᠦᠬᠠᠶ ᠶᠢᠨ ᠬᠡᠰᠡᠭ ᠤᠨ | ᠤᠰᠤᠨ ᠤ ᠴᠢᠨᠠᠷ ᠨᠢ ᠲᠠᠪᠤᠨ ᠵᠢᠯ ᠳᠠᠷᠠᠭᠠᠯᠠᠨ Ⅱ ᠲᠥᠷᠥᠯ ᠢᠶᠠᠷ ᠪᠠᠲᠤᠯᠠᠭᠳᠠᠪᠠ᠃ ᠠᠭᠤᠷᠬᠠᠢ ᠶᠢᠨ ᠣᠷᠣᠨ ᠤ | ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠠᠭᠤᠷᠬᠠᠢ ᠶᠢᠨ ᠣᠷᠣᠨ ᠢ | ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ ᠶᠢ 11 ᠲᠡᠭᠰᠢ ᠳᠥᠷᠪᠡᠯᠵᠢᠨ ᠺᠢᠯᠤᠮᠧᠲᠷ ᠪᠡᠶᠡᠯᠡᠭᠦᠯᠵᠦ᠂ | ᠠᠭᠤᠷᠬᠠᠢ ᠶᠢᠨ ᠡᠷᠬᠡ ᠶᠢ ᠡᠮᠬᠢᠯᠡᠨ ᠨᠡᠶᠢᠯᠡᠭᠦᠯᠬᠦ ᠠᠵᠢᠯ ᠢ ᠲᠦᠷᠭᠡᠳᠬᠡᠨ ᠠᠬᠢᠭᠤᠯᠵᠤ᠂ ᠪᠣᠬᠢᠷᠲᠤᠯ ᠦᠭᠡᠢ | ᠠᠭᠤᠷᠬᠠᠶ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠲᠠᠰᠤᠷᠠᠯᠲᠠ ᠦᠭᠡᠢ ᠪᠠᠬᠢᠵᠢᠭᠦᠯᠪᠡ᠃ ᠣᠯᠠᠨ | ᠡᠬᠢᠲᠦ ᠪᠣᠬᠢᠷᠲᠤᠯ ᠢ ᠵᠠᠰᠠᠬᠤ ᠶᠢ ᠴᠢᠩᠭᠠᠳᠬᠠᠵᠤ᠂ ᠣᠽᠣᠨ ᠪᠠ PM10 ᠶᠢ ᠲᠤᠰᠬᠠᠶ ᠴᠡᠭᠴᠡᠯᠡᠨ ᠵᠠᠰᠠᠬᠤ ᠶᠢ | ᠬᠡᠷᠡᠭᠵᠢᠭᠦᠯᠵᠦ᠂ ᠲᠣᠰᠣᠨ ᠤ ᠪᠦᠲᠦᠭᠡᠭᠳᠡᠬᠦᠨ ᠢ ᠬᠠᠳᠠᠭᠠᠯᠠᠬᠤ ᠲᠡᠭᠡᠭᠡᠪᠦᠷᠢᠯᠡᠬᠦ ᠪᠣᠷᠣᠯᠠᠭᠤᠯᠬᠤ ᠵᠡᠷᠭᠡ 10 | ᠵᠦᠢᠯ ᠤᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠵᠦ᠂ | 51 ᠠᠵᠤ ᠦᠢᠯᠡᠳᠪᠦᠷᠢ ᠶᠢᠨ ᠪᠣᠬᠢᠷᠲᠤᠯ ᠢ ᠵᠠᠰᠠᠬᠤ ᠲᠥᠷᠥᠯ ᠵᠦᠢᠯ ᠢ ᠡᠮᠬᠢ ᠵᠢᠷᠤᠮ ᠲᠠᠢ ᠠᠬᠢᠭᠤᠯᠵᠤ᠂ | ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ︾ ᠠᠵᠤ ᠠᠬᠤᠶᠢᠯᠠᠯ ᠢ 34 ᠴᠡᠪᠡᠷᠯᠡᠵᠦ᠂ | ᠪᠠᠶᠢᠭᠤᠯᠤᠭᠰᠠᠨ ᠤᠷᠤᠨ ᠤ 35 ᠠᠭᠤᠷᠰᠢᠯᠲᠠ ᠶᠢᠨ ᠲᠣᠨ ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ | ᠰᠢᠲᠠᠭᠠᠬᠤ ᠭᠦᠸᠧᠯᠦ ᠶᠢ ᠪᠦᠬᠦᠨ ᠢ ᠰᠢᠭᠰᠢᠭᠳᠡᠭᠦᠯᠪᠡ᠃ ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ | ᠪᠣᠳᠣᠯᠭ᠎ᠠ ᠶᠢ ᠨᠠᠶᠢᠳᠠᠪᠤᠷᠢᠵᠢᠭᠤᠯᠤᠨ᠂ ︽ᠲᠠᠪᠤ ᠶᠢ ᠲᠤᠶᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠶᠢ ᠬᠦᠴᠦᠲᠡᠶ | ᠠᠬᠢᠭᠤᠯᠵᠤ᠂ ᠲᠠᠷᠣᠭᠳᠠᠵᠤ ᠪᠠᠶᠢᠭ᠎ᠠ ᠪᠡᠯᠡ ᠮᠥᠩᠭᠦ᠂ ᠵᠥᠪᠰᠢᠶᠡᠷᠡᠬᠦ ᠶᠢ ᠬᠦᠯᠢᠶᠡᠵᠦ ᠪᠠᠶᠢᠭ᠎ᠠ ᠲᠥᠷᠥᠯ ᠵᠦᠢᠯ᠂ | ᠰᠤᠯᠠ ᠲᠠᠯᠪᠢᠵᠤ ᠪᠠᠶᠢᠭ᠎ᠠ ᠭᠠᠵᠠᠷ ᠰᠢᠷᠣᠶ ᠶᠢ ᠲᠤᠶᠢᠯᠪᠤᠷᠢᠳᠠᠢ ᠪᠠᠶᠢᠴᠠᠭᠠᠬᠤ ᠡᠭᠦᠷᠭᠡ ᠶᠢ ᠤᠷᠢᠳᠴᠢᠯᠠᠨ ᠪᠡᠶᠡᠯᠡᠭᠦᠯᠵᠦ | ᠂ ︽ᠬᠠᠭᠠᠰ ᠳᠤᠲᠠᠭᠤ︾ ᠢᠨᠵᠧᠨᠧᠷᠢᠩ᠂ ᠨᠡᠭᠡᠭᠡᠯᠲᠡ ᠶᠢᠨ ᠤᠷᠤᠨ ᠤ ᠪᠦᠲᠦᠭᠡᠨ ᠪᠠᠶᠢᠭᠤᠯᠤᠯᠲᠠ ᠶᠢ ᠴᠡᠭᠴᠡᠯᠡᠨ | ᠵᠠᠰᠠᠵᠤ ᠰᠠᠶᠢᠵᠢᠷᠠᠭᠤᠯᠬᠤ ᠠᠵᠢᠯ ᠤᠨ ᠠᠬᠢᠴᠠ ᠤᠷᠤᠭᠰᠢᠲᠠᠶ ᠪᠠᠶᠢᠨ᠎ᠠ᠃ ᠡᠨᠧᠷᠭᠢ ᠶᠢᠨ ᠬᠤᠷᠣᠭᠳᠠᠯ ᠤᠨ ︽ᠬᠤᠣᠰ | ᠡᠵᠡᠮᠳᠡᠯ︾ ᠤᠨ ᠱᠠᠭᠠᠷᠳᠠᠯᠭ᠎ᠠ ᠶᠢ ᠴᠢᠩᠳᠠᠯᠠᠵᠤ᠂ ᠨᠢᠭᠡᠴᠢ GDP ᠶᠢᠨ ᠡᠨᠧᠷᠭᠢ ᠶᠢᠨ ᠬᠤᠷᠣᠭᠳᠠᠯ ᠤᠨ | ᠵᠢᠱᠢᠯᠲᠡ ᠪᠠᠷ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠬᠠᠷᠠᠯᠲᠠ ᠶᠢᠨ ᠡᠭᠦᠷᠭᠡ ᠶᠢ ᠳᠠᠪᠠᠭᠤᠯᠤᠨ | ᠪᠡᠶᠡᠯᠡᠬᠦᠯᠬᠦ ᠪᠤᠯᠤᠨ᠎ᠠ᠃ ᠪᠣᠬᠢᠷᠲᠤᠯ ᠥᠬᠡᠶ ᠲᠤᠤᠷ᠎ᠠ ᠨᠡᠭᠦᠷᠡᠰᠦᠳᠦ᠋ᠷᠦᠭᠴᠢᠲᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠭᠲᠠᠯᠴᠠᠭ᠎ᠠ ᠶᠢ ᠪᠠᠶᠢᠭᠤᠯᠵᠤ᠂ 16 ᠴᠠᠭᠢᠯᠭᠠᠨ ᠴᠡᠨᠡᠭᠯᠡᠬᠦ ︵ᠰᠤᠯᠢᠬᠤ︶ ᠦᠷᠳᠡᠭᠡ ᠶᠢ ᠠᠰᠢᠭᠯᠠᠯᠲᠠ ᠳᠤ | ᠣᠷᠣᠭᠤᠯᠵᠣ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ 1650 ᠰᠠᠤᠷᠢ ᠲᠡᠯᠭᠡᠷᠡᠬᠦᠯᠦᠨ ᠬᠡᠷᠡᠭᠯᠡᠯᠳᠡ ᠳᠤ | ᠣᠷᠣᠭᠤᠯᠪᠠ᠃ ᠭᠤᠤᠯ ᠬᠤᠲᠠ ᠶᠢᠨ ᠲᠣᠭᠤᠷᠢᠭ ᠤᠨ ᠠᠭᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ 305 | ᠡᠳᠦᠷ᠂ ᠰᠢᠯᠢᠳᠡᠭ ᠰᠠᠶᠢᠨ ᠨᠣᠷᠮ᠎ᠠ 83.6% ᠬᠦᠷᠴᠦ᠂ ᠲᠡᠮᠳᠡᠭᠯᠡᠯ ᠲᠠᠢ ᠪᠠᠶᠢᠭᠰᠠᠨ ᠠᠴᠠ ᠨᠠᠰᠢ ᠬᠠᠮᠤᠭ ᠤᠨ | ᠰᠠᠶᠢᠨ ᠬᠢᠷᠢ ᠲᠦᠪᠰᠢᠨ ᠳᠤ ᠬᠦᠷᠪᠡ᠃ | ︵ᠳᠥᠷᠪᠡ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠠᠪᠤᠴᠠ ᠳᠤ ᠳᠣᠲᠣᠭᠠᠳᠤ ᠬᠥᠳᠡᠯᠭᠡᠬᠦ ᠬᠦᠴᠦᠨ | ᠢᠶᠠᠨ ᠬᠥᠭᠵᠢᠭᠡᠪᠡ᠃ ᠥᠭᠡᠷᠡᠴᠢᠯᠡᠯᠲᠡ ᠪᠠᠷ ᠠᠬᠢᠭᠤᠯᠬᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ | ᠨᠡᠭᠡᠭᠡᠯᠲᠡ ᠪᠠᠷ ᠳᠠᠶᠢᠴᠢᠯᠠᠬᠤ ᠶᠢ ᠪᠠᠷᠢᠮᠲᠠᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠦᠴᠢᠷ | ᠠᠰᠠᠭᠤᠳᠠᠯ ᠢ ᠰᠢᠢᠳᠪᠦᠷᠢᠯᠡᠵᠦ᠂ ᠲᠦᠭᠵᠢᠷᠡᠯ ᠢ ᠠᠷᠢᠯᠭᠠᠵᠤ᠂ ᠬᠢᠯᠠᠰ ᠴᠢᠭ ᠢ ᠡᠭᠦᠳᠴᠦ᠂ ᠬᠥᠭᠵᠢᠯᠲᠡ ᠶᠢᠨ ᠰᠢᠨ᠎ᠡ | ᠬᠥᠳᠡᠯᠭᠡᠬᠦ ᠬᠦᠴᠦᠨ ᠢᠶᠠᠨ ᠭᠦᠢᠴᠡᠳ ᠬᠥᠭᠵᠢᠭᠡᠪᠡ᠃ ᠨᠡᠩ ᠭᠦᠨ ᠳᠠᠪᠬᠤᠷᠭ᠎ᠠ ᠶᠢᠨ ᠥᠭᠡᠷᠡᠴᠢᠯᠡᠯᠲᠡᠡ ᠶᠢ | ᠠᠬᠢᠭᠤᠯᠪᠡ᠃ ᠠᠵᠤ ᠠᠬᠤᠢ᠂ ᠠᠮᠢ ᠠᠬᠤᠢ ᠵᠡᠷᠭᠡ ᠬᠦᠷᠢᠶ᠎ᠡ ᠴᠠᠷᠠᠭ᠎ᠠ ᠳᠠᠬᠢ 114 ᠵᠦᠢᠯ ᠤᠨ ᠭᠤᠣᠯᠳᠠᠯᠭ᠎ᠠ ᠲᠠᠢ | ᠥᠭᠡᠷᠡᠴᠢᠯᠡᠯᠲᠡ ᠶᠢᠨ ᠡᠭᠦᠷᠭᠡ ᠶᠢ ᠡᠮᠬᠢ ᠵᠢᠷᠤᠮ ᠲᠠᠢ ᠠᠬᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ | ᠥᠭᠡᠷᠡᠴᠢᠯᠡᠯᠲᠡ ᠶᠢᠨ 14 ᠵᠦᠢᠯ ᠤᠨ ᠲᠤᠷᠰᠢᠯᠲᠠ ᠶᠢᠨ ᠴᠢᠭ ᠲᠡᠭᠦᠰ ᠠᠮᠵᠢᠯᠳᠠ ᠲᠠᠢ ᠪᠠᠷ ︽ᠬᠠᠷᠢᠭᠤᠯᠲᠠ ᠶᠢᠨ | ᠬᠠᠭᠤᠳᠠᠰᠤ︾ ᠲᠤᠰᠢᠶᠠᠪᠠ᠃ ᠠᠵᠤ ᠠᠬᠤᠶᠢᠯᠠᠯ ᠪᠣᠯᠤᠨ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠪᠠᠷ ᠰᠢᠪᠲᠤᠯᠤᠯᠲᠠ ᠶᠢᠨ ᠴᠢᠭ ᠪᠣᠯᠭᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ | ᠦᠷᠭᠦᠯᠵᠢᠯᠡᠨ ᠰᠢᠯᠢᠳᠡᠭᠵᠢᠭᠦᠯᠵᠦ᠂ ︽ᠮᠦᠩᠭᠡ ᠰᠤᠪᠠᠭ · ᠲᠦᠷᠪᠡ ᠶᠢ ᠭᠦᠢᠴᠡᠳᠭᠡᠬᠦ︾ ᠦᠢᠯᠡᠴᠢᠯᠡᠭᠡ ᠶᠢ | ᠳᠡᠯᠭᠡᠷᠡᠭᠦᠯᠦᠨ ᠬᠡᠷᠡᠭᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠠᠮᠠᠯᠠᠯᠲᠠ ᠶᠢᠨ ᠴᠠᠭ ᠤᠨ | ᠬᠢᠵᠠᠭᠠᠷ ᠢ ᠬᠠᠤᠯᠢ ᠪᠠᠷ ᠲᠣᠭᠲᠠᠭᠠᠭᠰᠠᠨ ᠴᠠᠭ ᠤᠨ ᠬᠢᠵᠠᠭᠠᠷ ᠠᠴᠠ 86% ᠪᠠᠭᠠᠰᠬᠠᠵᠤ᠂ ︽ᠨᠢᠭᠡ ᠰᠦᠯᠵᠢᠶ᠎ᠡ ᠪᠠᠷ | ᠨᠡᠶᠢᠳᠡᠮ ᠬᠦᠢᠴᠡᠳᠭᠡᠬᠦ︾ ᠵᠦᠢᠯᠡᠰ ᠤᠨ ᠡᠵᠡᠯᠡᠬᠦ ᠬᠤᠪᠢ 92.6% ᠬᠦᠷᠴᠦ᠂ ᠭᠠᠷᠠᠭ ᠤᠨ ᠰᠡᠭᠦᠯᠴᠢ ᠳᠤ | ᠡᠭᠦᠳᠡ ᠪᠠᠨ ᠬᠠᠭᠠᠬᠤ ᠥᠬᠡᠶ᠂ ᠪᠠᠶᠢᠭᠠᠯᠢ ᠬᠥᠮᠦᠨ ᠤ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ | ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠵᠡᠷᠭᠡ ᠠᠷᠭ᠎ᠠ ᠬᠡᠮᠵᠢᠶ᠎ᠡ ᠬᠤᠲᠠ ᠶᠢᠨ ᠠᠷᠠᠳ ᠤᠨ | ᠮᠠᠭᠲᠠᠭᠠᠯ ᠰᠠᠶᠢᠰᠢᠶᠠᠯ ᠢ ᠣᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠰᠢᠯᠢᠳᠡᠭᠵᠢᠭᠦᠯᠦᠭᠰᠡᠨ 4 | ᠵᠦᠢᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠪᠥᠬᠦ ᠣᠷᠣᠨ ᠳᠤ ᠳᠡᠯᠭᠡᠷᠡᠭᠦᠯᠪᠡ᠃ ᠤᠯᠤᠰ ᠤᠨ ᠥᠮᠴᠢᠯᠡᠯᠲᠦ | ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠲᠡᠭᠦᠰ ᠠᠮᠵᠢᠯᠲᠠ ᠲᠠᠢ ᠲᠡᠭᠦᠰᠬᠡᠵᠦ | ᠂ 58 ᠡᠷᠦᠭᠡ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ ᠳᠠᠬᠢᠨ | ᠵᠣᠬᠢᠶᠠᠨ ᠪᠠᠶᠢᠭᠤᠯᠤᠭᠠᠳ 5 ᠡᠷᠦᠭᠡ ᠪᠦᠯᠦᠭᠯᠡᠯᠲᠤ ᠺᠣᠮᠫᠠᠨᠢ ᠪᠣᠯᠭᠠᠵᠤ᠂ ᠡᠵᠡᠩᠨᠡᠯᠲᠡ ᠶᠢᠨ ᠦᠷ᠎ᠡ ᠠᠰᠢᠭ | ᠢᠯᠡᠳᠲᠡ ᠳᠡᠭᠡᠭᠰᠢᠯᠡᠪᠡ᠃ ᠡᠳ᠋ ᠤᠨ ᠵᠠᠰᠠᠭ ᠤᠨ ᠲᠥᠰᠥᠪ ᠤᠨ ᠬᠠᠮᠢᠶᠠᠷᠤᠯᠲᠠ ᠶᠢᠨ ᠥᠭᠡᠷᠡᠴᠢᠯᠡᠯᠲᠡᠡ | ᠮᠡᠳᠡᠭᠳᠡᠬᠦ᠋ᠢᠴᠡ ᠦᠷ᠎ᠡ ᠪᠦᠲᠦᠮᠵᠢ ᠣᠯᠪᠠ᠃ ᠪᠦᠬᠦ ᠣᠷᠣᠨ ᠳᠤ ᠵᠠᠰᠠᠭ ᠵᠠᠬᠢᠷᠭᠠᠨ ᠠᠵᠢᠯ ᠦᠢᠯᠡᠰ ᠤᠨ | ᠨᠢᠭᠡᠴᠡ ᠶᠢᠨ ᠠᠳᠠᠯ ᠠᠬᠤᠶ ᠶᠢᠨ ᠲᠥᠪᠯᠡᠷᠡᠩᠭᠦᠶ ᠨᠢᠭᠡᠳᠦᠯᠲᠡᠶ ᠬᠠᠮᠢᠶᠠᠷᠤᠯᠲᠠ ᠶᠢ ᠤᠷᠢᠳᠠᠪᠠᠷ ᠪᠡᠶᠡᠯᠡᠭᠦᠯᠪᠡ᠃ ᠨᠡᠩ | ᠴᠢᠩᠭ᠎ᠠ ᠰᠢᠨᠵᠢᠯᠡᠬᠦ ᠤᠬᠠᠭᠠᠨ ᠤ ᠡᠭᠦᠳᠦᠯᠲᠡ ᠶᠢᠨ ᠬᠥᠳᠡᠯᠭᠡᠭᠦᠷ ᠢ ᠳᠠᠪᠲᠠᠨ ᠪᠣᠯᠪᠠᠰᠤᠷᠠᠭᠤᠯᠪᠡ᠃ ︽ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠳᠡ ᠶᠢᠨ | ᠣᠷᠣᠨ ᠢ ᠡᠭᠦᠳᠦᠨ ᠪᠠᠶᠢᠭᠤᠯᠬᠤ ᠶᠢ ᠪᠥᠬᠦ ᠲᠠᠯ᠎ᠠ ᠪᠠᠷ ᠡᠬᠢᠯᠡᠭᠦᠯᠵᠦ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ | ᠡᠷᠴᠢᠮ ᠪᠥᠬᠦ ᠣᠷᠣᠨ ᠳᠤ ᠭᠤᠷᠪᠠᠳᠤᠭᠠᠷ ᠲᠤ ᠣᠷᠣᠪᠠ᠃ ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ | ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠬᠡᠷᠡᠭᠯᠡᠯᠲᠡ ᠶᠢᠨ ᠭᠦᠨᠵᠡᠭᠡᠢ ᠠᠭᠤᠰᠤᠯᠴᠠᠯ ᠢ | ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠡᠪᠴᠢᠭᠦᠯᠬᠦ ᠲᠥᠪ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠤᠷᠤᠭᠰᠢᠲᠠᠢ ᠪᠠᠶᠢᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠣᠨᠴᠠ ᠲᠣᠮᠢᠯᠠᠭᠳᠠᠭᠰᠠᠳ ᠤᠨ ᠠᠵᠢᠯ ᠤᠨ ᠦᠷᠳᠡᠭᠡ ᠶᠢ ᠪᠠᠶᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ 49 ᠪᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ | 21 ᠪᠤᠯᠵᠤ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠲᠤᠭ᠎ᠠ 4 ᠳ᠋ᠦᠩᠰᠢᠭᠤᠷ ᠲᠥᠭᠦᠷᠢᠭ ᠲᠤ ᠬᠦᠷᠪᠡ᠃ | ᠤᠷ᠎ᠠ ᠮᠡᠷᠭᠡᠵᠢᠯ ᠢᠶᠠᠷ ᠠᠵᠤ ᠠᠬᠤᠶᠢᠯᠠᠯ ᠢ ᠬᠦᠴᠦᠷᠬᠡᠭᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠰᠢᠨ᠎ᠡ ᠪᠠᠷ | ᠨᠡᠮᠡᠭᠳᠡᠭᠦᠯᠦᠭᠰᠡᠨ ᠮᠡᠷᠭᠡᠵᠢᠯ ᠤᠨ ᠴᠢᠳᠠᠪᠤᠷᠢᠲᠠᠨ 1 ᠲᠦᠮᠡ ᠭᠠᠷᠤᠶ ᠬᠥᠮᠦᠨ᠂ ᠳᠡᠭᠡᠳᠦ ᠮᠡᠷᠭᠡᠵᠢᠯ ᠤᠨ ᠴᠢᠳᠠᠪᠤᠷᠢᠲᠠᠨ | 2000 ᠰᠢᠬᠠᠮ ᠬᠦᠮᠦᠨ ᠬᠦᠷᠪᠡ᠃ ᠨᠡᠩ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠶᠢ ᠠᠬᠢᠭᠤᠯᠪᠡ᠃ | ᠭᠠᠳᠠᠭᠠᠳᠤ ᠠᠷᠠᠯᠵᠢᠶᠠᠨ ᠤ ︽ᠨᠠᠶᠢᠵᠠ ᠶᠢᠨ ᠲᠣᠭᠤᠷᠢᠭ︾ ᠦᠷᠭᠡᠵᠢᠭᠡᠳ 77 ᠤᠯᠤᠰ ᠪᠣᠯᠤᠨ ᠭᠠᠵᠠᠷ ᠣᠷᠣᠨ | ᠪᠤᠯᠵᠤ᠂ ᠨᠡᠩ ᠣᠯᠠᠨ ︽ᠦᠬᠠᠢ ᠦᠢᠯᠡᠳᠦᠭᠰᠡᠨ︾ ᠦᠢᠯᠡᠳᠬᠦᠨ ᠢ ᠳᠡᠯᠡᠬᠡᠢ ᠳ᠋ᠠᠬᠢᠨ ᠳᠤ ᠬᠠᠨᠳᠤᠭᠤᠯᠪᠡ᠃ | ᠭᠠᠳᠠᠭᠠᠳᠤ ᠠᠷᠠᠯᠵᠢᠶ᠎ᠠ ᠪᠥᠬᠦ ᠵᠢᠯ ᠳᠤ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠵᠤ᠂ ᠵᠢᠱᠢᠯᠲᠡ ᠪᠠᠷ | ᠶᠡᠷᠦᠩᠬᠡᠶ ᠲᠤᠭ᠎ᠠ 20.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 36% ᠪᠠᠷ ᠨᠡᠮᠡᠭᠳᠡᠪᠡ᠃ ᠡᠷᠭᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ | ᠴᠢᠩᠭᠠᠳᠬᠠᠵᠤ᠂ ︽ᠬᠠᠳᠤᠨ ᠭᠤᠣᠯ ᠳᠠᠭᠠᠤ ᠶᠢᠨ ᠲᠠᠪᠤᠨ ᠠᠶᠢᠮᠠᠭ ᠬᠤᠳᠠ ᠶᠢᠨ ᠬᠠᠮᠵᠢᠯᠴᠠᠨ ᠬᠥᠭᠵᠢᠬᠦ ᠶᠢ | ᠠᠬᠢᠭᠤᠯᠬᠤ ᠬᠡᠷᠡᠭᠵᠢᠭᠦᠯᠬᠦ ᠲᠥᠰᠦᠯ︾ ᠢ ᠬᠠᠮᠲᠤᠪᠠᠷ ᠲᠣᠭᠲᠠᠭᠠᠵᠤ᠂ ᠶᠢᠰᠦᠨ ᠲᠠᠯ᠎ᠠ ᠶᠢᠨ ᠬᠠᠮᠲᠤᠷᠠᠯᠴᠠᠭᠠᠨ ᠤ | ᠵᠦᠢᠯᠡᠰ ᠢ ᠡᠮᠬᠢ ᠵᠢᠷᠤᠮ ᠲᠠᠢ ᠠᠬᠢᠭᠤᠯᠪᠠ᠃ | ︵ᠲᠠᠪᠤ︶ ᠠᠷᠠᠳ ᠤᠨ ᠲᠦᠯᠦᠭᠡ ᠬᠡᠬᠦ ᠤᠭ ᠰᠠᠨᠠᠭ᠎ᠠ ᠶᠢ ᠪᠠᠲᠤ ᠰᠠᠬᠢᠵᠤ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠳᠤᠮᠳᠠ ᠲᠦᠭᠡᠮᠡᠯ ᠠᠰᠢᠭ ᠬᠦᠷᠲᠡᠭᠡᠵᠦ ᠬᠠᠮᠲᠤ ᠪᠠᠷ ᠡᠳ᠋ᠯᠡᠬᠦ ᠶᠢ ᠠᠬᠢᠭᠤᠯᠪᠡ᠃ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ | ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ ᠣᠷᠣᠰᠢᠨ ᠰᠠᠭᠤᠬᠤ ᠳᠤ ᠲᠣᠬᠢᠷᠠᠮᠵᠢᠲᠠᠢ ᠴᠢᠨᠠᠷ | ᠴᠢᠨᠰᠠᠭ᠎ᠠ ᠪᠠᠨ ᠳᠡᠭᠡᠭᠰᠢᠯᠡᠭᠦᠯᠬᠦ ᠶᠢ ᠠᠬᠢᠭᠤᠯᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ | ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠤᠯᠠᠨ ᠲᠦᠮᠡᠨ ᠤ ᠪᠠᠴᠢᠮ ᠬᠦᠴᠢᠷ ᠵᠤᠪᠠᠨᠢᠯ | ᠡᠷᠡᠮᠡᠯᠵᠡᠯ ᠤᠨ ᠠᠰᠠᠭᠤᠳᠠᠯ ᠢ ᠰᠡᠳᠬᠢᠯ ᠲᠠᠯᠪᠢᠨ ᠦᠨᠡᠨ ᠰᠡᠳᠬᠢᠯ ᠠᠴᠠ ᠪᠠᠨ ᠰᠢᠢᠳᠪᠦᠷᠢᠯᠡᠵᠦ᠂ ᠠᠷᠠᠳ ᠤᠨ | ᠠᠮᠢᠳᠤᠷᠠᠯ ᠤᠨ ᠵᠠᠷᠤᠯᠭ᠎ᠠ ᠨᠢ ᠪᠦᠬᠦ ᠡᠳ᠋ ᠤᠨ ᠬᠦᠴᠦᠨ ᠤ 70% ᠠᠴᠠ ᠳᠡᠭᠡᠭᠰᠢᠬᠢ ᠶᠢ ᠡᠵᠡᠯᠡᠵᠦ᠂ ᠬᠠᠮᠲᠤᠪᠠᠷ | ᠴᠢᠨᠡᠭᠡᠯᠢᠭᠵᠢᠬᠦ ᠶᠢᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠪᠠ᠃ ᠬᠤᠲᠠ ᠶᠢᠨ ᠴᠢᠳᠠᠮᠵᠢ ᠡᠳᠦᠷ ᠢᠷᠡᠬᠦᠶ᠎ᠡ | ᠲᠡᠭᠦᠯᠳᠡᠷᠵᠢᠪᠡ᠃ 5 ᠨᠡᠶᠢᠭᠡᠮ ᠲᠣᠭᠤᠷᠢᠭ ᠢᠶᠠᠷ ᠲᠤᠷᠰᠢᠯᠲᠠ ᠶᠢᠨ ᠴᠢᠭ ᠪᠣᠯᠭᠠᠨ ᠦᠢᠯᠡᠴᠢᠯᠡᠭᠡᠨ ᠤ ᠪᠠᠶᠢᠳᠠᠯ ᠢᠶᠠᠨ | ᠲᠡᠭᠦᠯᠳᠡᠷᠵᠢᠭᠦᠯᠵᠦ᠂ ︽ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢᠨ ᠪᠦᠲᠦᠭᠡᠨ | ᠪᠠᠶᠢᠭᠤᠯᠤᠯᠲᠠ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠪᠠ᠃ ᠪᠢᠨ ᠾᠧ ᠶᠢᠨ ᠬᠤᠶᠠᠳᠤᠭᠠᠷ | ᠬᠤᠭᠤᠴᠠᠭᠠᠨ ᠤ ᠨᠡᠭᠡᠭᠡᠨ ᠬᠥᠭᠵᠢᠭᠦᠯᠦᠯᠲᠡ ᠶᠢ ᠲᠦᠷᠭᠡᠳᠬᠡᠨ ᠠᠬᠢᠭᠤᠯᠵᠤ᠂ 14.6 ᠳ᠋ᠦᠩᠰᠢᠭᠤᠷ ᠲᠥᠭᠦᠷᠢᠭ ᠤᠨ | ᠪᠡᠯᠡ ᠮᠥᠩᠭᠦ ᠣᠷᠣᠭᠤᠯᠵᠤ᠂ ᠴᠠᠬᠢᠯᠭᠠᠨ ᠬᠦᠴᠦᠨ ᠤ ᠬᠤᠭᠤᠯᠠᠢ ᠶᠢᠨ ᠬᠤᠩᠬᠢᠯ ᠵᠡᠷᠭᠡ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠᠨ ᠰᠠᠶᠢᠲᠤᠷ ᠠᠳᠬᠤᠵᠤ᠂ ᠬᠤᠳᠠ ᠶᠢᠨ ᠨᠢᠭᠡᠳᠦᠭᠡᠷ ᠳᠤᠮᠳᠠᠳᠤ | ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠢᠨ | ᠾᠧ ᠶᠢᠨ ᠰᠤᠷᠭᠠᠭᠤᠯᠢ ᠶᠢᠨ ᠲᠣᠭᠤᠷᠢᠭ᠂ ᠤᠯᠠᠨ ᠨᠡᠶᠢᠲᠡ ᠶᠢᠨ ᠰᠣᠶᠣᠯ ᠤᠨ ᠲᠥᠪ ᠢ ᠠᠵᠢᠯ ᠡᠬᠢᠯᠡᠭᠦᠯᠵᠦ᠂ ᠨᠢᠭᠡ | ᠪᠦᠯᠦᠭ ᠥᠭᠡᠷᠡᠴᠢᠯᠡᠨ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠲᠦᠷᠦᠯ ᠵᠦᠢᠯ ᠢ ᠲᠦᠷᠭᠡᠨ | ᠬᠡᠷᠡᠭᠵᠢᠭᠦᠯᠪᠡ᠃ ᠬᠤᠲᠠ ᠶᠢᠨ ᠰᠢᠨᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠵᠤ᠂ ᠬᠤᠲᠠ ᠶᠢᠨ ᠶᠠᠪᠤᠳᠠᠯ ᠤᠨ | ᠬᠤᠭᠤᠯᠠᠶ ᠶᠢᠨ ᠲᠤᠤᠷ ᠵᠡᠷᠭᠡ 83 ᠵᠦᠢᠯ ᠤᠨ ᠳᠤᠲᠠᠭᠤᠳᠠᠯ ᠢᠶᠠᠨ ᠨᠥᠬᠦᠪᠥᠷᠢᠯᠡᠬᠦ ᠢᠨᠵᠧᠨᠧᠷᠢᠩ ᠢ ᠠᠵᠢᠯ | ᠡᠬᠢᠯᠡᠭᠦᠯᠦᠨ ᠪᠥᠲᠥᠭᠡᠨ ᠪᠠᠶᠢᠭᠤᠯᠵᠤ᠂ ᠠᠷᠠᠳ ᠣᠯᠠᠨ ᠤ ᠬᠦᠰᠡᠵᠦ ᠪᠠᠶᠢᠭ᠎ᠠ 59 ᠬᠠᠭᠤᠴᠢᠨ ᠵᠢᠵᠢᠭ ᠲᠣᠭᠤᠷᠢᠭ᠂ | 2110 ᠢᠵᠢ ᠳᠥᠭᠦᠮ ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠤᠨ ᠣᠷᠣᠨ ᠰᠠᠭᠤᠴᠠ ᠶᠢ | ᠦᠭᠡᠷᠡᠴᠢᠯᠡᠵᠦ᠂ ᠠᠷᠠᠳ ᠤᠨ ᠵᠠᠮ ᠵᠡᠷᠭᠡ 10 ᠵᠤᠷᠪᠤᠰ ︽ᠬᠠᠭᠤᠴᠢᠨ ᠵᠠᠮ︾ ᠤᠨ ᠶᠠᠰᠤ ᠴᠢᠨᠠᠷ ᠢ ᠨᠢ | ᠳᠡᠭᠡᠭᠰᠢᠯᠡᠭᠦᠯᠦᠨ ᠲᠠᠰ ᠳᠡᠪᠰᠢᠭᠦᠯᠵᠦ᠂ ᠪᠦᠯᠬᠦᠮᠳᠡᠯ ᠵᠠᠮ ᠵᠡᠷᠭᠡ 4 ᠵᠤᠷᠪᠤᠰ ︽ᠮᠤᠬᠤᠷ ᠵᠠᠮ︾ ᠢ ᠪᠦᠬᠦᠨ ᠢ | ᠨᠡᠪᠲᠡᠷᠡᠭᠦᠯᠪᠡ᠃ 14 ︽ᠠᠰᠠᠭᠤᠳᠠᠯ ᠲᠠᠢ ᠠᠰᠠᠷ︾ ᠢ ᠰᠢᠢᠤᠡᠪᠤᠷᠢᠯᠡᠵᠤ᠂ ᠬᠤᠶᠢᠰᠢᠯᠠᠭᠤᠯᠤᠨ ᠲᠤᠰᠢᠶᠠᠨ ᠦᠭᠬᠦ | ᠣᠷᠣᠨ ᠰᠠᠭᠤᠴᠠ ᠶᠢ 4518 ᠢᠵᠢ ᠰᠢᠢᠳᠪᠦᠷᠢᠯᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠡᠤᠬᠡ ᠶᠢᠨ | ᠦᠯᠡᠳᠡᠭᠳᠡᠯ ᠠᠰᠠᠭᠤᠳᠠᠯ ᠤᠨ ︽ᠭᠤᠷᠪᠠᠨ ᠬᠦᠴᠢᠷ︾ ᠵᠦᠢᠯᠡᠰ ᠢ ᠰᠢᠢᠤᠡᠪᠤᠷᠢᠯᠡᠵᠤ ᠰᠢᠢᠤᠡᠪᠤᠷᠢᠯᠡᠭᠰᠡᠨ ᠨᠣᠷᠮ᠎ᠠ 99. | 8 % ᠳᠤ ᠬᠦᠷᠪᠡ᠃ ︽ᠪᠢᠴᠢᠯ ᠴᠡᠴᠡᠷᠯᠢᠭ︾ ᠢ 24 ᠰᠠᠭᠤᠷᠢ ᠰᠢᠨ᠎ᠡ ᠪᠠᠷ ᠪᠠᠶᠢᠭᠤᠯᠵᠤ᠂ ᠨᠣᠭᠤᠭᠠᠨ | ᠬᠥᠷᠥᠰᠥ ᠶᠢᠨ ᠲᠠᠯᠠᠪᠠᠢ ᠶᠢ 33.9 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠴᠣᠩᠬᠤᠨ | ᠤ ᠭᠠᠳᠠᠨ᠎ᠠ ᠨᠤᠭᠤᠭᠠᠨ᠂ ᠡᠭᠦᠳᠡ ᠪᠠᠨ ᠭᠠᠷᠤᠮᠠᠭᠴᠠ ᠦᠵᠡᠮᠵᠢ ᠶᠢᠨ ︽ᠨᠢᠭᠡ ᠮᠦᠴᠡᠲᠤ ᠬᠤᠲᠠ ᠶᠢᠨ ᠨᠣᠭᠤᠭᠠᠨ | ᠭᠠᠵᠠᠷ ᠤᠨ ᠬᠦᠷᠢᠶ᠎ᠡ︾ ᠶᠢᠨ ᠠᠩᠬ᠎ᠠ ᠠᠯᠬᠤᠮ ᠤᠨ ᠬᠡᠯᠪᠡᠷᠢ ᠪᠠᠶᠢᠳᠠᠯ ᠢ ᠪᠣᠢ ᠪᠣᠯᠭᠠᠪᠠ᠃ ᠭᠤᠣᠯ ᠬᠤᠲᠠ ᠶᠢᠨ | ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ | ᠦᠷᠨᠢᠭᠦᠯᠵᠦ᠂ ᠬᠤᠲᠠ ᠶᠢᠨ ᠳᠥᠷᠢ ᠳᠥᠷᠬᠦ ᠣᠷᠴᠢᠨ ᠲᠣᠭᠤᠷᠢᠨ᠂ ᠵᠠᠮ ᠬᠠᠷᠢᠯᠴᠠᠭᠠᠨ ᠤ ᠡᠮᠬᠢ ᠵᠢᠷᠤᠮ ᠵᠡᠷᠭᠡ ᠶᠢ | ᠪᠦᠬᠦ ᠲᠠᠯ᠎ᠠ ᠪᠠᠷ ᠰᠠᠶᠢᠵᠢᠷᠠᠭᠤᠯᠪᠡ᠃ ᠣᠳᠣᠬᠢᠴᠢᠯᠠᠭᠰᠠᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ | ᠬᠠᠷᠢᠯᠴᠠᠭᠠᠨ ᠤ ᠲᠣᠣᠷ ᠢ ᠪᠠᠶᠢᠭᠤᠯᠵᠤ᠂ S217 ᠶᠢᠨ ᠬᠠᠶᠢᠷᠤᠪ ᠤᠨ ᠲᠤᠬᠤᠢ ᠶᠢᠨ ᠬᠤᠳᠠ ᠶᠢ ᠲᠣᠭᠤᠷᠢᠭᠰᠠᠨ | ᠬᠡᠰᠡᠭ ᠤᠨ ᠭᠤᠣᠯ ᠱᠣᠭᠤᠮ ᠢ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠵᠦ᠂ ᠪᠤᠭᠤᠲᠤ ᠠᠴᠠ ᠢᠷᠭᠠᠢ ᠬᠦᠷᠬᠦ | ᠲᠡᠭᠡᠲᠤ ᠬᠤᠷᠲᠤᠴᠠᠲᠤ ᠲᠡᠮᠦᠷ ᠵᠠᠮ ᠤᠨ ᠦᠬᠠᠢ ᠶᠢᠨ ᠬᠡᠰᠡᠭ ᠵᠡᠷᠭᠡ ᠲᠦᠷᠦᠯ ᠵᠦᠢᠯ ᠢ ᠲᠦᠷᠭᠡᠨ ᠪᠦᠳᠦᠭᠡᠨ | ᠪᠠᠶᠢᠭᠤᠯᠵᠤ᠂ ᠦᠬᠠᠢ ᠶᠢᠨ ᠨᠢᠰᠬᠡᠯ ᠤᠨ ᠪᠠᠭᠤᠳᠠᠯ ᠤᠨ 14 ᠠᠭᠠᠷ ᠤᠨ ᠠᠶᠠᠯᠠᠯ ᠤᠨ ᠱᠤᠭᠤᠮ ᠤᠨ ᠨᠢᠭᠡᠳᠦᠭᠡᠷ | ᠵᠡᠷᠭᠡᠯᠡᠯ ᠤᠨ ᠬᠤᠳᠠ ᠳᠤ ᠰᠢᠭᠤᠳ ᠨᠡᠪᠳᠡᠷᠡᠵᠦ᠂ ᠵᠠᠰᠠᠮᠠᠯ ᠵᠠᠮ᠂ ᠲᠡᠮᠦᠷ ᠵᠠᠮ ᠤᠨ ᠨᠢᠭᠲᠠᠴᠠ ᠨᠢ ᠲᠤᠰ ᠲᠤᠰ | ᠪᠦᠬᠦ ᠣᠷᠣᠨ ᠤ ᠳᠤᠮᠳᠠᠴᠢ ᠬᠡᠮᠵᠢᠭᠳᠡᠯ ᠤᠨ 3.5 ᠳᠠᠬᠢᠨ᠂ 6.4 ᠳᠠᠬᠢᠨ ᠳᠤ ᠬᠦᠷᠴᠦ᠂ ᠤᠯᠠᠨ ᠨᠡᠶᠢᠲᠡ ᠶᠢᠨ ᠵᠠᠮ | ᠬᠠᠷᠢᠯᠴᠠᠭᠠᠨ ᠤ ᠶᠠᠪᠤᠵᠤ ᠰᠠᠭᠤᠬᠤ ᠶᠢ ᠬᠤᠪᠢᠶᠠᠨ ᠡᠭᠦᠷᠭᠡᠯᠡᠬᠦ ᠨᠤᠷᠮ᠎ᠠ 23.5% ᠳᠤ ᠬᠦᠷᠪᠡ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ 3 | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠢ ᠠᠵᠢᠯ ᠡᠬᠢᠯᠡᠭᠦᠯᠦᠨ ᠪᠦᠳᠦᠭᠡᠨ | ᠪᠠᠶᠢᠭᠤᠯᠵᠤ᠂ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠢ 30 ᠺᠢᠯᠤᠮᠧᠲᠷ ᠰᠢᠨ᠎ᠡ ᠪᠠᠷ ᠥᠭᠡᠷᠡᠴᠢᠯᠡᠨ | ᠪᠠᠶᠢᠭᠤᠯᠵᠤ᠂ ᠲᠠᠷᠢᠶᠠᠯᠠᠬᠤ ᠣᠷᠣᠨ ᠤ ᠠᠷᠢᠭᠤᠨ ᠴᠡᠪᠡᠷ ᠡᠷᠦᠬᠡ ᠶᠢᠨ ᠵᠣᠷᠯᠣᠩ ᠤᠨ ᠲᠦᠭᠡᠮᠡᠯᠵᠢᠭᠰᠡᠨ ᠨᠤᠷᠮ᠎ᠠ 77. | 9% ᠳᠤ ᠬᠦᠷᠪᠡ᠃ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠬᠦᠯᠵᠢᠯᠡᠨ ᠨᠡᠮᠡᠭᠳᠡᠬᠦᠯᠪᠡ᠃ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠥᠮᠦᠰ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ | ᠦᠢᠯᠡᠴᠢᠯᠡᠭᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠠᠵᠤ ᠠᠬᠤᠶᠢᠯᠠᠯ ᠢ ᠲᠤᠰᠠᠯᠠᠨ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠠᠯᠠ ᠮᠥᠩᠭᠦ᠂ ᠠᠵᠢᠯ ᠦᠯᠡᠳᠡᠭᠡᠬᠦ ᠪᠣᠯᠪᠠᠰᠤᠷᠠᠭᠤᠯᠤᠯ ᠤᠨ | ᠨᠥᠬᠦᠪᠥᠷᠢ᠂ ᠠᠳᠠᠯ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢ 1.78 ᠳ᠋ᠦᠩᠰᠢᠭᠤᠷ ᠲᠥᠭᠦᠷᠢᠭ | ᠲᠠᠷᠬᠠᠭᠠᠵᠤ᠂ ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ ᠶᠢᠨ ᠣᠨ ᠤ ᠬᠠᠷᠠᠯᠲᠠ ᠪᠠᠨ | ᠳᠠᠪᠠᠭᠤᠯᠤᠨ ᠪᠡᠶᠡᠯᠡᠭᠦᠯᠪᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ | ᠬᠡᠷᠡᠭᠵᠢᠭᠦᠯᠵᠦ᠂ ᠵᠣᠬᠢᠬᠤ ᠨᠠᠰᠤᠨ ᠤ ᠬᠥᠮᠦᠰ ᠤᠨ ︽ᠲᠠᠭᠠᠳᠬᠠᠯ ᠳᠤ ᠣᠷᠣᠯᠴᠠᠬᠤ ᠶᠣᠰᠣᠲᠠᠶ ᠶᠢ ᠨᠢ ᠴᠥᠮ | ᠲᠠᠭᠠᠳᠬᠠᠯ ᠳᠤ ᠣᠷᠣᠯᠴᠠᠭᠤᠯᠬᠤ︾ ᠶᠢ ᠠᠬᠢᠭᠤᠯᠵᠤ᠂ ᠬᠦᠴᠢᠷᠳᠡᠯᠲᠡᠶ ᠬᠥᠮᠦᠰ ᠤᠨ ᠳᠠᠭᠠᠳᠬᠠᠯ ᠳᠤ ᠣᠷᠣᠯᠴᠠᠭᠰᠠᠨ | ᠨᠣᠷᠮ᠎ᠠ ᠶᠢ 100% ᠳᠤ ᠬᠦᠷᠦᠭᠦᠯᠪᠡ᠃ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ︽ᠵᠢᠷᠭᠤᠭᠠᠨ ᠵᠢᠯ | ᠳᠠᠷᠠᠭᠠᠯᠠᠨ ᠳᠡᠭᠡᠭᠰᠢᠯᠡᠬᠦ︾᠂ ᠪᠠᠷᠢᠮᠵᠢᠶ᠎ᠠ ᠪᠠᠨ ᠳᠡᠭᠡᠭᠰᠢᠯᠡᠭᠦᠯᠬᠦ ᠨᠡᠮᠡᠭᠳᠡᠯ ᠤᠨ ᠬᠡᠮᠵᠢᠶ᠎ᠡ ᠪᠥᠬᠦ ᠣᠷᠣᠨ ᠤ ᠡᠮᠦᠨ᠎ᠡ | ᠡᠩᠨᠡᠭᠡᠨ ᠳᠤ ᠣᠷᠣᠪᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ | ᠂ ᠢ ᠾᠧ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢᠨ ᠬᠤᠶᠠᠳᠤᠭᠠᠷ ᠬᠤᠭᠤᠴᠠᠭ᠎ᠠ᠂ ᠣᠶᠤᠨᠴᠢ ᠨᠠᠰᠤᠵᠢᠯ ᠤᠨ | ᠠᠰᠠᠷᠠᠮᠵᠢ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ᠂ ︽ᠨᠢᠭᠡ ᠮᠦᠴᠡᠲᠤ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶ᠎ᠡ︾ ᠶᠢ ᠨᠡᠶᠢᠭᠡᠮ ᠲᠣᠭᠤᠷᠢᠭ ︵ᠲᠣᠰᠬᠤᠨ︶ ᠲᠤ ᠪᠦᠬᠦᠨ ᠢ | ᠪᠦᠷᠬᠦᠬᠦᠯᠵᠤ᠂ ᠪᠦᠬᠦ ᠤᠯᠤᠰ ᠤᠨ ᠭᠡᠷ ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ | ᠥᠭᠡᠷᠡᠴᠢᠯᠡᠯᠲᠡ ᠶᠢᠨ ᠲᠤᠷᠰᠢᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠨᠡᠶᠢᠭᠡᠮ ᠤᠨ ᠦᠢᠯᠡᠰ | ᠲᠠᠰᠤᠷᠠᠯᠲᠠ ᠦᠭᠡᠢ ᠳᠠᠪᠰᠢᠪᠠ᠃ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ | ︽1+N︾ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠠᠯᠪᠠᠨ ᠠᠴᠠ ᠡᠷᠭᠢᠯᠡᠭᠰᠡᠨ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠦᠯᠵᠢᠶᠡᠨ ᠳᠡᠭᠡᠷᠡᠬᠢ ᠬᠥᠮᠦᠨ ᠤ ᠲᠤᠭ᠎ᠠ ︽ᠲᠠᠪᠤ ᠳᠠᠷᠠᠭᠠᠯᠠᠨ ᠨᠡᠮᠡᠭᠳᠡᠭᠦᠯᠬᠦ︾ ᠶᠢ | ᠪᠡᠶᠡᠯᠡᠭᠦᠯᠵᠦ᠂ ᠬᠠᠶᠢᠨᠠᠨ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠣᠷᠣᠨ ᠤ ᠬᠢᠨᠠᠨ ᠵᠢᠯᠣᠭᠤᠳᠴᠤ ᠦᠨᠡᠯᠡᠨ | ᠵᠢᠱᠢᠬᠦ ᠶᠢ ᠤᠷᠤᠭᠰᠢᠲᠠᠶ ᠪᠠᠲᠤᠯᠠᠵᠤ᠂ ᠤᠳᠠ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ | ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠤᠷᠢᠳᠠᠪᠡᠷ ᠬᠡᠷᠡᠭᠵᠢᠭᠦᠯᠬᠦ ᠣᠷᠣᠨ ᠢ ᠡᠭᠦᠳᠦᠨ ᠪᠠᠶᠢᠭᠤᠯᠵᠤ ᠰᠢᠯᠭᠠᠨ | ᠠᠪᠬᠤ ᠪᠠᠷᠢᠮᠵᠢᠶ᠎ᠠ ᠳᠤ ᠬᠦᠷᠦᠭᠦᠯᠪᠡ᠃ ᠦᠬᠠᠶ ᠶᠢᠨ ᠠᠵᠢᠯ ᠮᠡᠷᠭᠡᠵᠢᠯ ᠤᠨ ᠲᠡᠭᠡᠲᠤ ᠰᠤᠷᠭᠠᠭᠤᠯᠢ ᠶᠢᠨ ᠬᠡᠷᠡᠭᠯᠡᠭᠡᠨ ᠤ | ᠬᠡᠯᠪᠡᠷᠢ ᠶᠢᠨ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠪᠤᠯᠵᠤ ᠳᠡᠰ ᠲᠡᠪᠰᠢᠬᠦ ᠠᠵᠢᠯ ᠡᠮᠬᠢ ᠵᠢᠷᠤᠮ ᠲᠠᠢ | ᠠᠬᠢᠵᠤ᠂ ᠵᠢᠭᠠᠨ ᠰᠤᠷᠭᠠᠯᠲᠠ ᠶᠢᠨ ᠠᠰᠠᠷ ᠪᠠ ᠶᠡᠷᠦᠩᠬᠡᠶᠢᠯᠡᠭᠰᠡᠨ ᠦᠢᠯᠡᠴᠢᠯᠡᠭᠡᠨ ᠤ ᠠᠰᠠᠷ ᠤᠨ ᠪᠠᠷᠢᠯᠭ᠎ᠠ | ᠳᠠᠭᠤᠰᠴᠤ ᠠᠰᠢᠭᠯᠠᠯᠲᠠ ᠳᠤ ᠣᠷᠣᠵᠣ᠂ ᠥᠪᠡᠷᠲᠡᠭᠡᠨ ᠵᠠᠰᠠᠬᠤ ᠣᠷᠣᠨ ᠤ ︽ᠭᠤᠷᠪᠠᠨ ᠪᠦᠬᠦ ᠪᠠᠷ ᠬᠥᠮᠦᠨ ᠢ | ᠬᠥᠮᠦᠵᠢᠭᠦᠯᠬᠦ︾ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠪᠣᠯᠪᠠ᠃ ᠮᠠᠨ ᠤ ᠬᠤᠲᠠ | ᠥᠪᠥᠷ ᠮᠣᠩᠭᠤᠯ ᠤᠨ ︽ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾ ᠤᠨ ᠵᠢᠱᠢᠶ᠎ᠡ ᠦᠵᠡᠭᠦᠯᠬᠦ ᠣᠷᠣᠨ ᠢᠶᠠᠷ | ᠰᠣᠩᠭᠤᠭᠳᠠᠪᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ | ︽1+N︾ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠡᠮᠴᠢᠯᠡᠭᠡ ᠪᠠ ᠰᠡᠷᠭᠡᠶᠢᠯᠡᠯᠲᠡ ᠶᠢᠨ | ᠬᠠᠮᠵᠢᠯᠴᠠᠭ᠎ᠠ ᠶᠢᠨ ᠲᠤᠷᠰᠢᠯᠲᠠ ᠶᠢᠨ ᠴᠢᠭ᠂ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ | ᠲᠤᠷᠰᠢᠯᠲᠠ ᠶᠢᠨ ᠴᠢᠭ ᠤᠨ ᠠᠵᠢᠯ ᠢ ᠥᠷᠨᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠪᠠᠶᠢᠭᠤᠯᠤᠮᠵᠢ ᠶᠢᠨ ᠪᠠᠷᠢᠮᠵᠢᠶᠠᠵᠢᠭᠤᠯᠤᠭᠰᠠᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠦᠨ᠂ ᠬᠤᠲᠠ ᠶᠢᠨ ᠠᠷᠠᠳ ᠤᠨ | ᠡᠮᠨᠡᠯᠭᠡ ᠶᠢᠨ ᠬᠤᠷᠢᠶ᠎ᠠ ᠰᠢᠨ᠎ᠡ ᠪᠠᠷ ᠪᠠᠶᠢᠭᠤᠯᠤᠭᠰᠠᠨ ᠶᠡᠷᠦᠩᠬᠡᠶᠢᠯᠡᠭᠰᠡᠨ ᠠᠰᠠᠷ ᠢᠶᠠᠨ ᠠᠰᠢᠭᠯᠠᠯᠲᠠ ᠳᠤ ᠣᠷᠣᠭᠤᠯᠵᠤ | ᠂ ᠬᠠᠯᠳᠠᠪᠤᠷᠢᠲᠤ ᠡᠪᠡᠳᠴᠢᠨ ᠤ ᠲᠣᠭᠤᠷᠢᠭ ᠠᠵᠢᠯ ᠡᠬᠢᠯᠡᠭᠦᠯᠵᠦ᠂ ᠦᠨᠳᠦᠰᠦᠨ ᠱᠠᠲᠤᠨ ᠤ 15 ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠳᠤ ᠬᠢᠲᠠᠳ ᠡᠮᠨᠡᠯᠭᠡ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠮᠤᠵᠢ ᠠᠯᠤᠰᠯᠠᠨ | ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢᠶᠠᠨ ᠰᠢᠭᠤᠳ ᠳ᠋ᠦᠩᠨᠡᠨ ᠪᠤᠳᠤᠬᠤ ᠶᠢ ᠪᠡᠶᠡᠯᠡᠭᠦᠯᠵᠦ᠂ ᠬᠤᠲᠠ ᠶᠢᠨ | ᠡᠬᠡ ᠨᠢᠯᠬᠠᠰ ᠤᠨ ᠡᠷᠡᠬᠦᠯᠵᠢᠯ ᠤᠨ ᠬᠤᠷᠢᠶ᠎ᠠ ︽ᠡᠷᠡᠭᠦᠯ ᠮᠡᠨᠳᠦ ᠳᠤᠮᠳᠠᠳᠤ ᠤᠯᠤᠰ︾ ᠤᠨ ᠰᠢᠯᠢᠳᠡᠭ ᠬᠡᠷᠡᠭ ᠤᠨ | ᠵᠢᠱᠢᠶ᠎ᠡ ᠲᠠᠢ ᠨᠢᠭᠡᠴᠡ ᠪᠠᠷ ᠦᠨᠡᠯᠡᠭᠳᠡᠵᠦ᠂ ᠡᠮᠴᠢᠯᠡᠭᠡᠨ ᠤ ᠳᠠᠭᠠᠳᠬᠠᠯ DRG ᠲᠣᠭᠠᠴᠠᠭ᠎ᠠ ᠬᠢᠬᠦ ᠠᠷᠭ᠎ᠠ | ᠮᠠᠶ᠋ᠢᠭ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠪᠥᠬᠦ ᠤᠯᠤᠰ ᠤᠨ ︽ᠰᠢᠯᠢᠳᠡᠭ︾ ᠳᠡᠰ ᠢᠶᠠᠷ | ᠦᠨᠡᠯᠡᠭᠳᠡᠪᠡ᠃ ᠡᠯ᠎ᠡ ᠵᠦᠢᠯ ᠤᠨ ᠲᠤᠬᠢᠶᠠᠯᠲᠤᠬᠤ ᠳᠤ ᠪᠡᠷᠬᠡᠲᠡᠶ ᠬᠦᠴᠢᠷᠳᠡᠯ ᠢ ᠢᠯᠠᠨ ᠳᠠᠪᠠᠵᠤ᠂ ᠣᠯᠠᠨ | ᠡᠭᠡᠯᠵᠢ ᠶᠢᠨ ᠬᠢᠵᠢᠭ ᠤᠨ ᠪᠠᠶᠢᠳᠠᠯ ᠢ ᠡᠷᠡᠰ ᠰᠢᠭᠤᠷᠬᠠᠶ ᠪᠠᠷ ᠲᠦᠷᠭᠡᠨ ᠠᠷᠭᠠᠴᠠᠭᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠠᠭ ᠲᠤᠨᠢ ᠲᠣᠬᠢᠷᠠᠭᠤᠯᠤᠨ ᠰᠢᠯᠢᠳᠡᠭᠵᠢᠭᠦᠯᠵᠦ᠂ ᠠᠷᠠᠳ ᠲᠦᠮᠡᠨ ᠤ | ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ | ᠬᠠᠮᠠᠭᠠᠯᠠᠪᠠ᠃ ᠰᠣᠶᠣᠯ ᠪᠡᠶ᠎ᠡ ᠲᠠᠮᠢᠷ ᠤᠨ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ | ᠣᠷᠠᠨᠳᠦ᠋ᠰᠢ ᠠᠭᠤᠯᠠᠨ ᠤ ᠬᠠᠳᠠᠨ ᠵᠢᠷᠤᠭ ᠤᠨ ᠰᠦᠷᠦᠭᠵᠢᠯ ᠤᠨ ᠲᠣᠭᠠᠴᠢᠯᠠᠭᠰᠠᠨ ᠬᠠᠮᠠᠭᠠᠯᠠᠯᠲᠠ᠂ ᠵᠤᠰᠣᠳᠣ ᠶᠢᠨ | ᠭᠤᠤᠯ ᠤᠨ ᠬᠠᠳᠠᠨ ᠵᠢᠷᠤᠭ ᠤᠨ ᠪᠠᠭᠤᠷᠢ ᠶᠢᠨ ᠮᠦᠽᠧᠶ ᠵᠡᠷᠭᠡ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠠᠵᠤ | ᠤᠶᠢᠯᠡᠤᠡᠪᠤᠷᠢ ᠶᠢᠨ ᠰᠣᠶᠣᠯ ᠤᠨ ᠤᠷᠲᠤ ᠬᠤᠩᠭᠢᠯ ᠢ ᠪᠠᠶᠢᠭᠤᠯᠵᠤ᠂ ︽ᠪᠢᠴᠢᠭ ᠤᠨ ᠦᠨᠦᠷ ᠠᠩᠬᠢᠯᠤᠭᠰᠠᠨ ᠦᠬᠠᠶ︾ | ᠬᠡᠬᠦ ᠭᠤᠤᠯ ᠰᠡᠳᠦᠪᠲᠦ ᠤᠩᠰᠢᠯᠭ᠎ᠠ ᠶᠢᠨ ᠠᠵᠢᠯᠯᠠᠭ᠎ᠠ ᠶᠢ 150 ᠭᠠᠷᠤᠶ ᠲᠠᠯᠠᠪᠠᠶ ᠥᠷᠨᠢᠭᠦᠯᠵᠦ᠂ ᠪᠦᠬᠦ | ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ᠂ ᠰᠣᠶᠣᠯ ᠢ ᠦᠨᠳᠦᠰᠦᠨ ᠱᠠᠲᠤᠨ ᠳᠤ ᠬᠦᠷᠭᠡᠬᠦ ᠵᠡᠷᠭᠡ | ᠤᠷᠤᠯᠳᠤᠭᠠᠨ ᠤ ᠠᠵᠢᠯᠯᠠᠭ᠎ᠠ ᠶᠢ 2200 ᠭᠠᠷᠤᠶ ᠲᠠᠯᠠᠪᠠᠶ ᠥᠷᠨᠢᠭᠦᠯᠵᠦ᠂ 90 ᠲᠦᠮᠡ ᠰᠢᠬᠠᠮ ᠬᠥᠮᠦᠨ | ᠤᠳᠠᠭ᠎ᠠ ᠳᠤ ᠠᠰᠢᠭ ᠬᠦᠷᠲᠡᠭᠡᠪᠡ᠃ ᠠᠭᠠᠷ ᠤᠨ ᠠᠶᠠᠯᠠᠯ ᠤᠨ ᠦᠪᠡᠳᠡᠭᠰᠢ ᠨᠠᠶᠢᠷ᠂ 2022 ᠣᠨ ᠤ ᠥᠪᠥᠷ | ᠮᠣᠩᠭᠤᠯ ᠤᠨ ᠠᠷᠠᠳ ᠤᠨ ᠳᠠᠭᠤᠤ ᠶᠢᠨ ᠶᠡᠭᠡ ᠨᠠᠶᠢᠷ᠂ ᠪᠥᠬᠦ ᠤᠯᠤᠰ ᠤᠨ ᠵᠠᠭᠤᠨ ᠨᠢᠰᠬᠡᠯ ᠤᠨ ᠪᠠᠭᠤᠳᠠᠯ ᠤᠨ | ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠤᠨ ᠲᠣᠭᠤᠷᠢᠨ ᠦᠵᠡᠬᠦᠯᠦᠯᠭᠡ ᠵᠡᠷᠭᠡ ᠴᠢᠬᠤᠯᠠ ᠶᠡᠭᠡ | ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ︽ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ︾ ᠶᠢᠨ | ᠪᠥᠲᠥᠭᠡᠨ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠣᠯᠵᠤ᠂ ᠬᠤᠲᠠ ᠶᠢᠨ ᠨᠥᠯᠥᠭᠡᠯᠡᠬᠦ ᠬᠦᠴᠦᠨ ᠤᠯᠠᠮ ᠨᠢᠭᠡ | ᠠᠯᠬᠤᠮ ᠳᠡᠭᠡᠭᠰᠢᠯᠡᠪᠡ᠃ | ︵ᠵᠢᠷᠭᠤᠭ᠎ᠠ︶ ᠬᠤᠲᠠ ᠶᠢᠨ ᠬᠡᠪᠴᠢᠶᠡᠨ ᠤ ᠵᠠᠰᠠᠯᠲᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ | ᠠᠷᠢᠯᠭᠠᠬᠤ ᠳᠤᠮᠳᠠ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠪᠡ᠃ ᠬᠤᠲᠠ ᠶᠢᠨ ᠬᠡᠪᠴᠢᠶᠡᠨ ᠤ | ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠢᠭ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠵᠤ᠂ ︽ᠬᠤᠲᠠ ᠶᠢᠨ ᠶᠡᠭᠡ ᠲᠠᠷᠢᠬᠢ︾ ᠶᠢ ᠪᠠᠶᠢᠭᠤᠯᠤᠨ ᠳᠠᠭᠤᠰᠬᠠᠨ ᠠᠰᠢᠭᠯᠠᠯᠲᠠ ᠳᠤ ᠣᠷᠣᠭᠤᠯᠵᠤ᠂ | ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ᠂ ᠬᠤᠲᠠ ᠶᠢᠨ ᠡᠵᠡᠩᠨᠡᠯᠲᠡ ᠬᠠᠮᠢᠶᠠᠷᠤᠯᠲᠠ ᠶᠢᠨ ︽ᠬᠤᠶᠠᠷ | ᠲᠥᠪ︾ ᠢ ᠨᠢᠭᠡ ᠴᠣᠭᠴᠠᠵᠢᠭᠤᠯᠤᠨ ᠠᠵᠢᠯᠯᠠᠭᠤᠯᠵᠤ᠂ ᠬᠤᠲᠠ ᠶᠢᠨ ᠬᠡᠪᠴᠢᠶᠡᠨ ᠤ ᠵᠠᠰᠠᠯᠲᠠ ᠶᠢᠨ ᠤᠶᠤᠨᠴᠢᠯᠠᠭᠰᠠᠨ | ᠶᠡᠷᠦᠩᠬᠡᠶᠢᠯᠡᠭᠰᠡᠨ ᠲᠠᠪᠴᠠᠩ ᠨᠢ ᠪᠥᠬᠦ ᠤᠯᠤᠰ ᠤᠨ ᠣᠶᠤᠨᠴᠢ ᠵᠠᠰᠠᠯᠲᠠ ᠶᠢᠨ ᠰᠢᠨ᠎ᠡ ᠶᠢ ᠡᠭᠦᠳᠦᠭᠰᠡᠨ ᠬᠡᠷᠡᠭ ᠤᠨ | ᠵᠢᠱᠢᠶ᠎ᠡ ᠪᠠᠷ ᠰᠣᠩᠭᠤᠭᠳᠠᠪᠠ᠃ ᠬᠤᠲᠠ ᠶᠢᠨ ︽ᠶᠡᠷᠦᠩᠭᠡᠢ ᠦᠢᠯᠡᠴᠢᠯᠡᠭᠡ︾ ᠪᠤᠯᠬᠤ 12345 ᠬᠠᠯᠠᠮᠰᠢᠯ ᠤᠳᠠᠰᠤ | ᠪᠦᠬᠦ ᠤᠯᠤᠰ ᠤᠨ ᠵᠠᠰᠠᠭ ᠤᠨ ᠶᠠᠪᠤᠳᠠᠯ ᠤᠨ ᠬᠠᠯᠠᠮᠰᠢᠯ ᠤᠳᠠᠰᠤ ᠶᠢᠨ ︽ᠦᠢᠯᠡᠴᠢᠯᠡᠭᠡᠨ ᠤ ᠰᠢᠨ᠎ᠠ ᠶᠢ ᠡᠭᠦᠳᠭᠦ | ᠱᠠᠩᠨᠠᠯ︾ ᠢ ᠬᠦᠷᠲᠡᠪᠡ᠃ ᠪᠦᠬᠦ ᠤᠯᠤᠰ ᠤᠨ ᠢᠲᠡᠭᠡᠮᠵᠢ ᠶᠢᠨ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠬᠤᠲᠠ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠭᠡᠷ᠎ᠡ ᠭᠦᠢᠴᠡᠳᠬᠡᠬᠦ ᠬᠢᠨᠠᠯᠲᠠ ᠬᠠᠮᠢᠶᠠᠷᠤᠯᠲᠠ ᠶᠢᠨ ᠰᠢᠨ᠎ᠡ ᠶᠢ | ᠡᠭᠦᠳᠬᠦ ᠠᠷᠭ᠎ᠠ ᠬᠡᠮᠵᠢᠶ᠎ᠡ ᠶᠢ ᠤᠯᠤᠰ ᠠᠴᠠ ᠨᠤᠲᠠᠯᠠᠬᠤ᠂ ᠪᠦᠬᠦ ᠣᠷᠣᠨ ᠤ ᠬᠡᠪᠴᠢᠶᠡᠨ ᠳᠤ ᠳᠡᠯᠭᠡᠷᠡᠭᠦᠯᠬᠦ ᠶᠢ | ᠴᠢᠩᠭᠠᠳᠬᠠᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡ ᠲᠣᠳᠣ | ᠪᠦᠲᠦᠮᠵᠢᠲᠡᠢ ᠪᠠᠲᠤ ᠴᠤᠭᠴᠠᠯᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠮᠬᠢ | ᠵᠢᠷᠤᠮ ᠲᠠᠢ ᠳᠡᠯᠭᠡᠷᠡᠭᠦᠯᠦᠨ ᠬᠡᠷᠡᠭᠯᠡᠵᠦ᠂ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠨᠤᠯ ᠤᠨ ᠤᠬᠠᠭᠤᠯᠭ᠎ᠠ᠂ | ᠬᠥᠮᠦᠵᠢᠯ᠂ ᠰᠤᠳᠤᠯᠭᠠᠨ᠂ ᠦᠢᠯᠡᠳᠦᠯᠭᠡ ᠶᠢᠨ ᠰᠠᠭᠤᠷᠢᠨ ᠢ 11 ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ | ᠃ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ | ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ | ᠬᠤᠲᠠ ᠶᠢᠨ ᠲᠣᠰ ᠱᠠᠲᠤ᠂ ᠬᠠᠶᠢᠨᠠᠨ ᠲᠣᠭᠤᠷᠢᠭ ᠤᠨ ᠬᠢᠨ ᠥᠷᠢ ᠥᠭᠴᠡᠭᠡ ᠶᠢᠨ ᠤᠯᠠᠭᠠᠨ ᠦᠩᠭᠡ ᠶᠢᠨ | ᠤᠷᠢᠳᠴᠢᠯᠠᠨ ᠰᠡᠷᠡᠮᠵᠢᠯᠡᠭᠦᠯᠬᠦ ᠵᠡᠷᠭᠡ ᠲᠠᠰ ᠠᠴᠠ ᠤᠬᠤᠷᠢᠨ ᠭᠠᠷᠪᠠ︔ ᠣᠷᠣᠨ ᠨᠤᠲᠤᠭ ᠤᠨ ᠬᠠᠤᠯᠢ ᠶᠢᠨ | ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ᠂ ᠭᠤᠤᠯᠳᠠᠯᠭ᠎ᠠ ᠲᠠᠢ ᠠᠵᠤ ᠠᠬᠤᠶᠢᠯᠠᠯ ᠤᠨ | ᠥᠷᠢ ᠥᠭᠴᠡᠭᠡ ᠶᠢᠨ ᠲᠦᠭᠰᠢᠭᠦᠷᠢ ᠶᠢ ᠪᠦᠲᠦᠮᠵᠢᠲᠡᠶ ᠰᠢᠢᠳᠪᠦᠷᠢᠯᠡᠪᠡ᠃ ᠦᠵᠡᠯ ᠤᠬᠠᠮᠰᠠᠷ ᠤᠨ ᠬᠡᠯᠪᠡᠷᠢ ᠶᠢᠨ | ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠪᠠᠨ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ | ᠬᠦᠷᠢᠶᠡᠨ ᠳᠠᠬᠢ ᠠᠶᠤᠯ ᠲᠦᠭᠰᠢᠭᠦᠷᠢ ᠶᠢᠨ ᠬᠡᠮ ᠰᠣᠭᠤᠭ ᠢ ᠪᠦᠲᠦᠮᠵᠢᠲᠡᠶ ᠰᠡᠷᠭᠡᠶᠢᠯᠡᠨ ᠠᠷᠢᠯᠭᠠᠪᠡ᠃ | ︽ᠳᠠᠷᠤᠭᠳᠠᠮᠠᠯ ᠬᠡᠷᠡᠭ ᠢ ᠠᠷᠢᠯᠭᠠᠬᠤ᠂ ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠶᠢ ᠵᠠᠰᠠᠬᠤ᠂ ᠲᠣᠭᠲᠠᠭᠤᠨ | ᠪᠠᠶᠢᠳᠠᠯ ᠢ ᠠᠬᠢᠭᠤᠯᠬᠤ︾ ᠪᠣᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠵᠦ᠂ ᠲᠦᠪ ᠤᠨ ᠵᠠᠬᠢᠳᠠᠯ | ᠰᠤᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ ᠤᠨ ᠠᠯᠪᠠᠨ ᠭᠡᠷ ᠠᠴᠠ ᠲᠤᠰᠢᠶᠠᠨ ᠥᠭᠴᠦ ᠰᠢᠢᠳᠪᠦᠷᠢᠯᠡᠭᠦᠯᠦᠭᠰᠡᠨ | ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠶᠡᠷᠦᠩᠬᠡᠶ ᠳᠤᠨᠢ ᠠᠷᠢᠯᠭᠠᠭᠰᠠᠨ ᠨᠣᠷᠮ᠎ᠠ 98.7% ᠳᠤ | ᠬᠦᠷᠴᠦ᠂ ᠨᠠᠮ ᠤᠨ ᠬᠤᠷᠢᠳᠤᠭᠠᠷ ᠶᠡᠭᠡ ᠬᠤᠷᠠᠯ ᠪᠠ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ | ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠵᠡᠷᠭᠡ | ᠴᠢᠬᠤᠯᠠ ᠶᠡᠭᠡ ᠬᠤᠷᠠᠯ ᠴᠤᠭᠯᠠᠭᠠᠨ ᠤ ᠠᠵᠢᠯᠯᠠᠭ᠎ᠠ ᠶᠢᠨ ᠬᠤᠭᠤᠴᠠᠭᠠᠨ ᠳᠠᠬᠢ ᠲᠣᠭᠲᠠᠭᠤᠨ ᠪᠠᠶᠢᠳᠠᠯ ᠢ ᠬᠠᠮᠠᠭᠠᠯᠠᠬᠤ | ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠠᠮᠤᠷ ᠠᠮᠤᠭᠤᠯᠠᠩ ᠦᠬᠠᠢ ᠶᠢᠨ ᠪᠦᠲᠦᠭᠡᠨ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ︽24 ᠴᠠᠭ ᠤᠨ ᠴᠠᠭᠳᠠᠭᠠᠨ ᠤ ᠲᠣᠪᠴᠢᠶ᠎ᠠ︾ ᠶᠢᠨ ᠦᠢᠯᠡᠴᠢᠯᠡᠭᠡ ᠶᠢ ᠪᠦᠬᠦᠨ ᠢ | ᠪᠦᠷᠬᠦᠭᠦᠯᠬᠦ ᠶᠢ ᠪᠡᠶᠡᠯᠡᠭᠦᠯᠪᠡ᠃ ᠠᠶᠤᠯᠲᠠᠢ ᠬᠢᠮᠢ ᠶᠢᠨ ᠪᠣᠳᠠᠰ᠂ ᠰᠢᠲᠠᠮᠠᠬᠠᠢ ᠬᠡᠢ᠂ ᠥᠪᠡᠷ ᠢᠶᠠᠨ ᠪᠠᠷᠢᠭᠰᠠᠨ ᠭᠡᠷ | ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠲᠤᠰᠬᠠᠢ ᠴᠡᠭᠴᠡᠯᠡᠨ ᠵᠠᠰᠠᠯᠲᠠ ᠯᠠᠪᠳᠠᠭᠤᠨ ᠪᠠᠲᠤᠲᠠᠢ ᠠᠬᠢᠵᠤ᠂ | ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠲᠡᠭᠦᠰ | ᠠᠮᠵᠢᠯᠲᠠ ᠲᠠᠢ ᠪᠡᠶᠡᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠶᠡᠷᠦᠩᠬᠡᠢ ᠳᠤᠨᠢ ᠲᠣᠭᠲᠠᠭᠤᠨ | ᠪᠤᠯᠭᠠᠪᠠ᠃ | ᠨᠢᠭᠡ ᠵᠢᠯ ᠤᠨ ᠲᠤᠷᠰᠢ᠂ ᠪᠢᠳᠡ ᠵᠣᠬᠢᠴᠠᠭᠤᠯᠤᠨ ᠬᠠᠮᠲᠤᠷᠠᠯᠴᠠᠬᠤ ᠪᠠᠨ ᠴᠢᠩᠭᠠᠳᠬᠠᠵᠤ᠂ ᠡᠯ᠎ᠡ ᠵᠦᠢᠯ ᠤᠨ | ᠠᠵᠢᠯ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠯ᠎ᠡ | ᠠᠷᠠᠳᠴᠢᠯᠠᠭᠰᠠᠨ ᠨᠠᠮ ᠪᠦᠯᠦᠭ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠬᠠᠩᠭᠠᠨ ᠪᠣᠷᠣᠯᠠᠭᠤᠯᠬᠤ | ᠬᠤᠷᠰᠢᠶ᠎ᠠ ᠵᠡᠷᠭᠡ ᠠᠷᠠᠳ ᠤᠨ ᠪᠦᠯᠬᠦᠮ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠥᠭᠦᠷᠭᠡ ᠬᠤᠯᠪᠣᠭᠠᠰᠤ ᠶᠢᠨ | ᠦᠢᠯᠡᠳᠦᠯ ᠢᠶᠠᠨ ᠭᠦᠢᠴᠡᠳ ᠪᠠᠳᠠᠷᠠᠭᠤᠯᠬᠤ ᠶᠢ ᠪᠦᠬᠦ ᠬᠦᠴᠦᠨ ᠢᠶᠠᠷ ᠲᠡᠮᠵᠢᠵᠦ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠬᠤᠶᠠᠷ ᠢ ᠬᠦᠷᠢᠶᠡᠯᠡᠬᠦ ᠠᠰᠠᠷᠠᠨ | ᠬᠠᠷᠠᠭᠠᠯᠵᠠᠬᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠲᠤᠭ᠎ᠠ ᠪᠦᠷᠢᠳᠬᠡᠯ ᠤᠨ ᠬᠢᠨᠠᠨ ᠪᠤᠳᠤᠯᠳᠠ᠂ | ᠭᠠᠵᠠᠷ ᠬᠥᠳᠡᠯᠦᠯᠲᠡ ᠴᠠᠭ ᠠᠭᠤᠷ᠂ ᠨᠡᠶᠢᠭᠡᠮ ᠤᠨ ᠰᠢᠨᠵᠢᠯᠡᠬᠦ ᠤᠬᠠᠭᠠᠨ᠂ ᠲᠠᠩᠰᠠ ᠡᠪᠬᠡᠮᠡᠯ ᠲᠡᠤᠬᠡ ᠤᠶᠢᠯᠠᠯᠭ᠎ᠠ᠂ | ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ᠂ ᠷᠠᠳᠢᠣ᠋ | ᠺᠢᠨᠣ᠋ ᠲᠧᠯᠸᠢᠰ ᠵᠡᠷᠭᠡ ᠬᠦᠷᠢᠶᠡᠨ ᠤ ᠠᠵᠢᠯ ᠰᠢᠨ᠎ᠡ ᠠᠮᠵᠢᠯᠲᠠ ᠤᠯᠪᠡ᠃ | ᠨᠢᠭᠡ ᠵᠢᠯ ᠤᠨ ᠲᠤᠷᠰᠢ᠂ ᠪᠢᠳᠡ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭ᠎ᠠ ᠪᠣᠳᠠᠲᠠᠢ ᠴᠢᠩᠭᠠᠳᠬᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠰᠠᠶᠢᠲᠤᠷ ᠬᠡᠷᠡᠭᠯᠡᠵᠦ᠂ | ︽ᠰᠢ ᠶᠢᠨ ᠫᠢᠩ ᠤᠨ ᠲᠦᠷᠦ ᠶᠢ ᠵᠠᠰᠠᠬᠤ ᠲᠤᠬᠠᠢ︾ ᠵᠡᠷᠭᠡ ᠴᠢᠬᠤᠯᠠ ᠤᠨᠤᠯ ᠤᠨ ᠪᠦᠲᠦᠭᠡᠯ ᠢ ᠭᠦᠨᠵᠡᠭᠡᠢ | ᠰᠤᠷᠤᠯᠴᠠᠨ ᠨᠡᠪᠲᠡᠷᠬᠡᠢ ᠣᠶᠢᠯᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠵᠤ | ᠤᠷᠳᠤ ᠬᠤᠭᠤᠴᠠᠭᠠᠨ ᠤ ᠪᠦᠲᠦᠮᠵᠢᠲᠡᠢ ᠪᠣᠯᠭᠠᠬᠤ ᠶᠢ ᠠᠬᠢᠭᠤᠯᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ | ᠴᠢᠩᠭᠠᠳᠬᠠᠬᠤ ᠳᠤᠮᠳᠠ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ | ᠦᠢᠯᠡᠳᠦᠯᠭᠡᠵᠢᠭᠦᠯᠪᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶ ᠠᠬᠢᠭᠤᠯᠵᠤ᠂ ᠵᠠᠰᠠᠭ ᠤᠨ ᠣᠷᠳᠣᠨ | ᠵᠢᠴᠢ ᠪᠦᠷᠢᠯᠳᠦᠬᠦᠨ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠬᠠᠤᠯᠢ ᠶᠢᠨ ᠮᠡᠳᠡᠬᠦᠯᠦᠯᠳᠡ ᠬᠢᠵᠦ᠂ 2 | ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠵᠦ᠂ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠨᠣᠷᠮ᠎ᠠ ᠶᠢ | 100 % ᠳᠤ ᠬᠦᠷᠭᠡᠵᠦ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ | ᠪᠠᠲᠤᠲᠠᠶ ᠥᠷᠨᠢᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ | ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠲᠤᠬᠠᠶ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠵᠡᠷᠭᠡ ᠲᠠᠯ᠎ᠠ ᠶᠢᠨ ᠨᠢᠭᠡ | ᠪᠦᠯᠦᠭ ᠴᠢᠨᠠᠷ ᠰᠠᠶᠢᠲᠠᠶ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠥᠷᠭᠡᠨ ᠢᠶᠠᠷ ᠰᠢᠩᠭᠡᠭᠡᠨ ᠠᠪᠴᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠣᠷᠮ᠎ᠠ᠂ | ᠬᠠᠨᠤᠮᠵᠢᠲᠠᠶ ᠨᠣᠷᠮ᠎ᠠ ᠨᠢ ᠴᠥᠮ 100 % ᠳᠤ ᠬᠦᠷᠪᠡ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ | ᠭᠦᠨᠵᠡᠭᠡᠶᠢᠷᠡᠭᠦᠯᠦᠨ ᠠᠬᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ 10 ᠵᠤᠷᠪᠤᠰ ︽ᠬᠠᠲᠠᠭᠤ︾ ᠠᠷᠭ᠎ᠠ | ᠬᠡᠮᠵᠢᠶ᠎ᠡ ᠶᠢ ᠨᠡᠶᠢᠲᠡᠯᠡᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ | ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠤᠯᠤᠰ | ᠲᠦᠷᠦ ᠶᠢᠨ ᠠᠮᠢ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠪᠡ᠃ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶᠠᠨ ᠤ ᠰᠤᠷᠲᠠᠯ ᠢᠶᠠᠨ | ᠰᠠᠶᠢᠵᠢᠷᠠᠭᠤᠯᠬᠤ ︽ᠠᠷᠪᠠ ᠶᠢ ᠴᠢᠩᠭ᠎ᠠ ᠴᠡᠭᠡᠷᠯᠡᠬᠦ︾ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ︽ᠰᠤᠷᠲᠠᠯ ᠢᠶᠠᠨ | ᠬᠤᠪᠢᠷᠠᠭᠤᠯᠬᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ᠂ ᠬᠥᠭᠵᠢᠯᠲᠡ ᠶᠢ ᠠᠬᠢᠭᠤᠯᠬᠤ︾ ᠰᠤᠷᠲᠠᠯ ᠤᠨ | ᠪᠠᠶᠢᠭᠤᠯᠤᠯᠲᠠ ᠶᠢ ᠲᠥᠪᠯᠡᠷᠡᠭᠦᠯᠦᠨ ᠴᠡᠭᠴᠡᠯᠡᠬᠦ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠬᠤᠶᠠᠷ ᠢ ᠢᠯᠡ | ᠪᠣᠯᠭᠠᠬᠤ︾ ᠠᠵᠢᠯᠯᠠᠭ᠎ᠠ ᠶᠢ ᠭᠦᠨᠵᠡᠭᠡᠢ ᠪᠥᠭᠡᠳ ᠪᠣᠳᠠᠲᠠᠢ ᠪᠠᠷ ᠬᠢᠵᠦ᠂ ᠥᠷᠭᠡᠨ ᠤᠯᠠᠨ ᠺᠠᠳ᠋ᠷ ᠤᠨ ᠰᠤᠷᠲᠠᠯ ᠢ ᠨᠢ | ᠦᠷᠭᠦᠯᠵᠢᠯᠡᠨ ᠬᠤᠪᠢᠷᠠᠭᠤᠯᠪᠡ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ | ᠵᠦᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ ᠵᠠᠰᠠᠵᠤ᠂ ᠠᠷᠠᠳ ᠤᠨ ᠠᠭᠠᠷ ᠤᠨ | ᠰᠡᠷᠭᠡᠶᠢᠯᠡᠯᠲᠡ᠂ ᠶᠡᠭᠡ ᠳᠡᠭᠡᠳᠦ ᠰᠤᠷᠭᠠᠭᠤᠯᠢ᠂ ᠨᠡᠭᠡᠭᠡᠯᠲᠡ ᠶᠢᠨ ᠣᠷᠣᠨ ᠵᠡᠷᠭᠡ ᠬᠦᠷᠢᠶᠡᠨ ᠳᠠᠬᠢ ᠲᠤᠰᠬᠠᠶ | ᠴᠡᠭᠴᠡᠯᠡᠨ ᠵᠠᠰᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠪᠠ᠃ | ᠨᠢᠭᠡ ᠵᠢᠯ ᠤᠨ ᠲᠤᠷᠰᠢ᠂ ᠪᠢᠳᠡ ᠬᠢᠮᠤᠷᠠᠯ ᠤᠨ ᠳᠤᠮᠳᠠ ᠰᠢᠨ᠎ᠡ ᠲᠤᠬᠢᠶᠠᠯ ᠢ ᠪᠤᠶᠢᠵᠢᠭᠤᠯᠵᠤ᠂ | ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠨᠡᠭᠡᠭᠡᠵᠦ᠂ ᠠᠯᠢᠪᠠ ᠬᠦᠴᠦᠨ ᠵᠦᠢᠯ ᠢ ᠲᠠᠶᠢᠴᠢᠯᠠᠨ᠂ ᠴᠤᠭ | ᠪᠠᠳᠠᠷᠠᠩᠭᠤᠢ ᠲᠡᠮᠡᠴᠡᠯ ᠤᠨ ᠵᠣᠷᠢᠭ ᠢ ᠬᠥᠭᠵᠢᠭᠡᠵᠦ᠂ ᠵᠢᠱᠢᠯᠲᠡ ᠪᠠᠷ ᠬᠥᠮᠦᠨ ᠳᠤᠮᠳᠠᠴᠢ ᠶᠢᠨ GDP 14 | ᠲᠦᠮᠡᠨ ᠲᠥᠭᠦᠷᠢᠭ ᠣᠷᠴᠢᠮ ᠬᠦᠷᠴᠦ᠂ ᠪᠦᠬᠦ ᠣᠷᠣᠨ ᠤ ᠡᠮᠦᠨ᠎ᠡ ᠡᠩᠨᠡᠭᠡᠨ ᠳᠤ ᠤᠷᠤᠵᠤ᠂ ᠮᠠᠨ ᠤ ᠬᠤᠲᠠ ᠪᠦᠬᠦ | ᠤᠯᠤᠰ ᠤᠨ ᠬᠤᠲᠠ ᠶᠢᠨ ᠨᠢᠭᠡᠨ ᠮᠦᠴᠡᠲᠤ ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ ᠬᠦᠷᠢᠶ᠎ᠡ ᠶᠢᠨ | ᠲᠤᠷᠰᠢᠯᠲᠠ ᠶᠢᠨ ᠴᠢᠭ᠂ ᠪᠦᠬᠦ ᠤᠯᠤᠰ ᠤᠨ ᠡᠷᠡᠭᠦᠯ ᠮᠡᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠦᠯᠢᠭᠡᠷ | ᠳᠠᠭᠤᠷᠢᠶᠠᠯ ᠬᠤᠳᠠ᠂ ᠪᠦᠬᠦ ᠣᠷᠣᠨ ᠤ ᠦᠢᠯᠡᠴᠢᠯᠡᠭᠡᠨ ᠤ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠬᠤ | ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠢᠶᠠᠷ ᠦᠨᠡᠯᠡᠭᠳᠡᠵᠦ᠂ ᠥᠪᠡᠷᠲᠡᠭᠡᠨ ᠵᠠᠰᠠᠬᠤ ᠣᠷᠣᠨ ᠠᠴᠠ ᠪᠦᠬᠦ | ᠤᠯᠤᠰ ᠤᠨ ᠲᠤᠰᠬᠠᠶ ᠣᠷᠣᠨ ᠤ ᠲᠠᠰ ᠤᠨ ᠬᠤᠲᠠ ᠶᠢᠨ ᠢᠲᠡᠭᠡᠮᠵᠢ ᠶᠢᠨ ᠶᠡᠷᠦᠩᠬᠡᠶᠢᠯᠡᠭᠰᠡᠨ ᠵᠢᠭᠠᠯᠲᠠ ᠲᠤᠭ᠎ᠠ ᠶᠢᠨ | 7 ᠳ᠋ᠤᠭᠠᠷ᠂ ᠠᠷᠠᠳ ᠤᠨ ᠠᠮᠢᠳᠤᠷᠠᠯ ᠤᠨ ᠬᠥᠭᠵᠢᠯᠲᠡ ᠶᠢᠨ ᠵᠠᠭᠤᠨ ᠬᠦᠴᠦᠷᠬᠡᠭ ᠤᠨ 11 ᠳ᠋ᠣᠭᠡᠷ ᠲᠤ ᠪᠠᠶᠢᠷᠢᠯᠠᠵᠤ | ᠂ ᠬᠤᠲᠠ ᠶᠢᠨ ᠢᠷᠠᠭᠤ ᠠᠯᠳᠠᠷ ᠤᠨ ᠲᠤᠭ᠎ᠠ ᠬᠡᠮᠵᠢᠶ᠎ᠡ ᠪᠠᠷ ᠣᠯᠠᠨ᠂ ᠶᠠᠰᠣ ᠴᠢᠨᠠᠷ ᠢᠶᠠᠷ ᠰᠠᠶᠢᠨ ᠪᠤᠯᠵᠤ᠂ ᠵᠢᠩᠬᠢᠨᠢ | ᠴᠢᠨᠠᠷ ᠴᠢᠨᠰᠠᠭ᠎ᠠ ᠪᠠᠷ ᠦᠩᠭᠡᠷᠡᠭᠰᠡᠨ ᠵᠢᠯ ᠤᠳ ᠤᠨ ᠬᠠᠮᠤᠭ ᠢ ᠡᠭᠦᠳᠦᠭᠰᠡᠨ ᠪᠠᠶᠢᠨ᠎ᠠ᠃ | ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠳᠤ᠂ ᠬᠢᠵᠢᠭ ᠤᠨ ᠪᠠᠶᠢᠳᠠᠯ ᠳᠠᠬᠢᠨ ᠲᠠᠪᠳᠠᠵᠦ᠂ ᠠᠵᠤ | ᠠᠬᠤᠢ ᠶᠢᠨ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠤᠯᠵᠤ᠂ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠭᠦᠯᠬᠦ ᠳᠤ ᠥᠷᠢᠰᠥᠯᠳᠦᠭᠡᠨ ᠬᠡᠴᠡᠬᠦᠦ ᠪᠠᠶᠢᠭ᠎ᠠ ᠪᠠᠶᠢᠳᠠᠯ ᠳᠣᠣᠷ᠎ᠠ᠂ ᠪᠢᠳᠡ ᠬᠠᠮᠤᠭ ᠤᠨ ᠬᠦᠴᠢᠷᠲᠡᠶ | ᠲᠠᠯ᠎ᠠ ᠠᠴᠠ ᠭᠠᠷᠳᠠᠵᠤ᠂ ᠬᠠᠮᠤᠭ ᠠᠴᠠ ᠬᠦᠴᠦᠲᠡᠶ ᠠᠷᠭᠠᠴᠠᠭᠠᠵᠤ᠂ ᠬᠠᠮᠤᠭ ᠤᠨ ᠰᠠᠶᠢᠨ ᠴᠢᠭᠯᠡᠯ ᠲᠡᠰᠢ ᠴᠢᠷᠮᠠᠶᠢᠵᠤ | ᠂ ᠬᠦᠴᠢᠷ ᠢ ᠰᠦᠷᠦᠨ ᠤᠷᠤᠭᠰᠢᠯᠠᠵᠤ᠂ ᠨᠢᠭᠡ ᠪᠦᠯᠦᠭ ᠠᠵᠤ ᠠᠬᠤᠶ ᠶᠢᠨ ᠬᠦᠢᠴᠡᠳᠭᠡᠯ ᠲᠤᠭ᠎ᠠ ᠵᠢᠱᠢᠭᠰᠡᠨ | ᠬᠡᠮᠵᠢᠶᠡᠨ ᠳᠤ ᠬᠥᠷᠥᠭᠰᠡᠨ ᠦᠭᠡᠶ ᠪᠣᠯᠪᠠᠴᠤ ᠠᠵᠤ ᠠᠬᠤᠶ ᠶᠢᠨ ᠠᠵᠢᠯᠯᠠᠭᠠᠨ ᠦᠷᠭᠦᠯᠵᠢᠯᠡᠨ ᠲᠣᠭᠲᠠᠭᠤᠨ ᠢᠶᠠᠷ | ᠰᠠᠶᠢᠵᠢᠷᠠᠵᠤ᠂ ᠪᠣᠳᠠᠲᠤ ᠨᠥᠬᠦᠴᠡᠯ ᠤᠨ ᠳᠣᠣᠷ᠎ᠠ ᠬᠦᠷᠴᠦ ᠳᠡᠶᠢᠯᠬᠦ ᠨᠡᠯᠢᠶᠡᠳ ᠰᠠᠶᠢᠨ ᠦᠷ᠎ᠡ ᠳ᠋ᠦᠩ ᠢ ᠪᠡᠶᠡᠯᠡᠭᠦᠯᠪᠡ | ᠃ ᠦᠵᠡᠬᠦ ᠳᠤ ᠬᠢᠯᠪᠡᠷ ᠪᠤᠯᠪᠠᠴᠦ ᠪᠦᠲᠦᠭᠡᠬᠦ ᠳᠤ ᠬᠢᠯᠪᠠᠷ ᠪᠤᠰᠣ ᠪᠠᠶᠢᠳᠠᠭ᠃ ᠡᠨᠡ ᠨᠢ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ | ᠤᠬᠠᠭᠠᠨᠴᠢ ᠪᠠᠷ ᠵᠢᠯᠣᠭᠤᠳᠤᠭᠰᠠᠨ ᠤ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠲᠠᠯᠪᠢᠨ | ᠳᠡᠮᠵᠢᠭᠰᠡᠨ ᠤ ᠦᠷ᠎ᠡ ᠳ᠋ᠦᠩ ᠮᠥᠨ᠂ ᠥᠷᠭᠡᠨ ᠣᠯᠠᠨ ᠺᠠᠳ᠋ᠷ ᠣᠯᠠᠨ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ | ᠳ᠋ᠦᠩ ᠮᠥᠨ᠃ ᠠᠳᠡ᠂ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠥᠬᠦ ᠬᠤᠲᠠ ᠶᠢᠨ | ᠦᠨᠳᠦᠰᠦᠲᠡᠨ ᠨᠦᠭᠦᠳ ᠤᠨ ᠠᠷᠠᠳ ᠲᠦᠮᠡᠨ᠂ ᠲᠥᠯᠥᠭᠡᠯᠡᠭᠴᠢᠳ᠂ ᠭᠡᠰᠢᠭᠦᠳ᠂ ᠦᠬᠠᠶ ᠶᠢᠨ ᠬᠥᠭᠵᠢᠯᠲᠡ ᠶᠢ | ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ | ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠡ︕ ᠠᠶᠤᠯ ᠲᠦᠭᠰᠢᠭᠦᠷᠢ ᠶᠢ ᠪᠣᠳᠤᠯᠬᠢᠯᠠᠪᠠᠯ ᠰᠠᠶ᠋ᠢ ᠠᠮᠤᠷ ᠲᠠᠶᠢᠪᠤᠩ ᠪᠠᠶᠢᠵᠤ | ᠴᠢᠳᠠᠨ᠎ᠠ᠂ ᠵᠣᠪᠠᠨᠢᠯ ᠢ ᠮᠡᠳᠡᠪᠡᠯ ᠰᠠᠶ᠋ᠢ ᠪᠡᠷᠭᠡ ᠶᠢ ᠲᠠᠪᠠᠵᠦ ᠴᠢᠳᠡᠨ᠎ᠡ᠃ ᠣᠳᠣᠬᠠᠨ ᠳᠤ ᠮᠠᠨ ᠤ ᠬᠤᠲᠠ ᠶᠢᠨ ᠠᠵᠤ | ᠠᠬᠤᠶ ᠨᠡᠶᠢᠭᠡᠮ ᠤᠨ ᠬᠥᠭᠵᠢᠯᠲᠡ ᠳᠤ ᠮᠥᠨ ᠬᠦ ᠮᠠᠰᠢ ᠣᠯᠠᠨ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ | ᠪᠠᠶᠢᠨ᠎ᠠ ᠬᠡᠰᠡᠨ ᠢ ᠡᠷᠭᠡᠪᠰᠢ ᠰᠡᠷᠭᠡᠭ ᠢᠶᠠᠷ ᠲᠠᠨᠢᠵᠤ ᠣᠯᠬᠤ ᠬᠡᠷᠡᠭᠳᠡᠢ᠄ ᠠᠵᠤ ᠠᠬᠤᠢ ᠶᠢᠨ ᠦᠷᠭᠦᠯᠵᠢᠯᠡᠨ | ᠲᠣᠭᠲᠠᠭᠤᠨ ᠢᠶᠠᠷ ᠰᠠᠶᠢᠵᠢᠷᠠᠬᠤ ᠶᠢᠨ ᠰᠠᠭᠤᠷᠢ ᠲᠡᠶᠢᠮᠦ ᠪᠠᠲᠤ ᠪᠠᠬᠢ ᠪᠢᠰᠢ᠂ ᠲᠣᠭᠲᠠᠭᠤᠨ ᠨᠡᠮᠡᠭᠳᠡᠯ ᠮᠥᠨ ᠯᠡ | ᠨᠡᠯᠢᠶᠡᠳ ᠶᠡᠭᠡ ᠳᠠᠷᠤᠯᠲᠠ ᠳᠤ ᠲᠤᠯᠭᠠᠷᠠᠵᠤ ᠪᠠᠶᠢᠨ᠎ᠠ︔ ︽ᠳᠥᠷᠪᠡᠨ ᠣᠯᠠᠨ ᠳᠥᠷᠪᠡᠨ ᠴᠥᠭᠡᠨ︾ ᠠᠵᠤ | ᠦᠢᠯᠡᠰ ᠤᠨ ᠪᠦᠲᠦᠴᠡ ᠶᠢ ᠬᠠᠷᠠᠬᠠᠨ ᠦᠨᠳᠦᠰᠦᠨ ᠠᠴᠠ ᠨᠢ ᠬᠤᠪᠢᠷᠠᠭᠤᠯᠬᠤ ᠴᠢᠬᠤᠯᠠᠲᠠᠢ ᠪᠠᠶᠢᠨ᠎ᠠ᠂ ᠰᠢᠨ᠎ᠡ | ᠬᠥᠳᠡᠯᠭᠡᠬᠦ ᠬᠦᠴᠦᠨ ᠢ ᠪᠤᠶᠢᠵᠢᠭᠤᠯᠬᠤ ᠶᠢ ᠴᠢᠩᠭᠠᠳᠬᠠᠬᠤ ᠴᠢᠬᠤᠯᠠᠲᠠᠢ ᠪᠠᠶᠢᠨ᠎ᠠ︔ ᠡᠬᠢ ᠪᠠᠶᠠᠯᠢᠭ ᠣᠷᠴᠢᠨ | ᠲᠣᠭᠤᠷᠢᠨ ᠤ ᠡᠯᠧᠮᠧᠨ᠋ᠲ ᠤᠨ ᠬᠢᠵᠠᠭᠠᠷᠯᠠᠯ ᠴᠢᠩᠭᠠᠷᠠᠵᠤ᠂ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ | ᠬᠥᠭᠵᠢᠯᠲᠡ ᠳᠤ ᠪᠠᠰᠠ ᠮᠠᠰᠢ ᠣᠯᠠᠨ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ︔ ᠠᠮᠢ | ᠠᠬᠤᠶ ᠶᠢ ᠵᠠᠰᠠᠬᠤ ᠡᠭᠦᠷᠭᠡ ᠮᠥᠨ ᠬᠦ ᠬᠠᠲᠠᠭᠤ ᠪᠡᠷᠬᠡ ᠪᠠᠶᠢᠵᠤ᠂ ᠠᠭᠤᠷᠬᠠᠢ ᠶᠢᠨ ᠣᠷᠣᠨ ᠢ ᠴᠡᠭᠴᠡᠯᠡᠨ ᠵᠠᠰᠠᠬᠤ | ᠵᠡᠷᠭᠡ ᠠᠵᠢᠯ ᠳᠤ ᠪᠠᠰᠠ ᠦᠷᠭᠦᠯᠵᠢᠯᠡᠨ ᠬᠦᠴᠦᠯᠡᠬᠦ ᠴᠢᠬᠤᠯᠠᠲᠠᠢ ᠪᠠᠶᠢᠨ᠎ᠠ︔ ᠠᠷᠠᠳ ᠤᠨ ᠠᠮᠢᠳᠤᠷᠠᠯ ᠤᠨ | ᠬᠦᠷᠢᠶᠡᠨ ᠳᠤ ᠪᠠᠰᠠ ᠳᠤᠲᠠᠭᠤᠳᠠᠯ ᠪᠠᠭᠤᠷᠠᠢ ᠲᠠᠯ᠎ᠠ ᠪᠣᠢ᠂ ᠰᠤᠷᠭᠠᠨ ᠬᠥᠮᠦᠵᠢᠯ᠂ ᠡᠮᠴᠢᠯᠡᠭᠡ᠂ ᠣᠷᠣᠨ ᠰᠠᠭᠤᠴᠠ | ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠴᠢᠬᠤᠯᠠ ᠲᠠᠢ | ᠪᠠᠶᠢᠨ᠎ᠠ︔ ᠬᠡᠰᠡᠭ ᠬᠦᠷᠢᠶᠡᠨ ᠳᠤ ᠠᠶᠤᠯ ᠲᠦᠭᠰᠢᠭᠦᠷᠢ ᠶᠢᠨ ᠲᠠᠯᠳᠠ ᠭᠡᠮ ᠲᠣᠪᠣᠶᠢᠮ᠎ᠠ ᠣᠷᠣᠰᠢᠵᠤ᠂ ᠨᠡᠶᠢᠭᠡᠮ ᠤᠨ | ᠵᠠᠰᠠᠯᠲᠠ ᠶᠢᠨ ᠪᠠᠭᠤᠷᠠᠢ ᠵᠦᠢᠯᠡᠰ ᠢ ᠴᠢᠩᠭᠠᠳᠬᠠᠬᠤ ᠴᠢᠬᠤᠯᠠᠲᠠᠢ ᠪᠠᠶᠢᠨ᠎ᠠ︔ ᠵᠠᠷᠢᠮ ᠺᠠᠳ᠋ᠷ ᠤᠨ ᠰᠤᠷᠲᠠᠯ ᠴᠢᠳᠠᠪᠤᠷᠢ | ᠪᠠᠰᠠ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠵᠣᠬᠢᠴᠠᠬᠤ ᠦᠭᠡᠢ᠂ ︽ᠭᠤᠷᠪᠠ ᠢᠯᠡᠭᠦᠦ ᠭᠤᠷᠪᠠᠨ ᠴᠥᠭᠡᠨ | ᠭᠤᠷᠪᠠᠨ ᠤᠳᠠᠭᠠᠨ︾ ᠠᠰᠠᠭᠤᠳᠠᠯ ᠮᠥᠨ ᠬᠦ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠨ᠎ᠠ᠃ ᠡᠭᠦᠨ ᠳᠤ ᠪᠢᠳᠡ | ᠬᠦᠴᠦᠨ ᠲᠡᠭᠦᠯᠳᠡᠷ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠵᠦ᠂ ᠠᠷᠠᠳ ᠣᠯᠠᠨ ᠤ ᠬᠦᠰᠡᠯ ᠡᠷᠡᠮᠡᠯᠵᠡᠯ ᠢ | ᠶᠠᠭᠠᠬᠢᠭᠰᠠᠨ ᠴᠤ ᠬᠥᠰᠡᠷᠳᠡᠭᠦᠯᠬᠦ ᠦᠭᠡᠶ︕ | ᠬᠤᠶᠠᠷ᠂ 2023 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠱᠠᠭᠠᠷᠳᠠᠯᠭ᠎ᠠ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠳᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ | ᠵᠠᠩᠭᠢᠯᠠᠭ᠎ᠠ ᠶᠢᠨ ᠨᠢᠭᠡ ᠵᠢᠯ ᠮᠥᠨ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢᠶᠠᠨ | ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠴᠢᠬᠤᠯᠠ ᠶᠡᠭᠡ ᠬᠠᠷᠢᠭᠤᠴᠠᠯᠭ᠎ᠠ ᠲᠠᠢ ᠶᠤᠮ᠃ | ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ | ᠲᠥᠯᠥᠪᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ | ᠡᠭᠦᠷᠭᠡ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠨᠡᠭᠡᠭᠡᠯᠳᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠢᠶᠠᠨ ᠶᠡᠬᠡᠪᠡᠷ ᠬᠥᠭᠵᠢᠭᠡᠵᠦ᠂ ᠨᠡᠮᠡᠭᠳᠡᠯ ᠢ | ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ | ᠲᠣᠭᠲᠠᠪᠤᠷᠢᠵᠢᠭᠤᠯᠬᠤ ᠠᠵᠢᠯ ᠢᠶᠠᠨ ᠰᠠᠶᠢᠲᠤᠷ ᠬᠢᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠰᠠᠭᠤᠷᠢᠨ ᠳᠡᠭᠡᠷ᠎ᠡ ᠲᠦᠷᠭᠡᠨ ᠤᠷᠤᠭᠰᠢᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠳᠤᠮᠳᠠ | ᠰᠢᠯᠢᠳᠡᠭᠵᠢᠭᠦᠯᠵᠦ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢᠨ | ᠵᠦᠢ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠵᠤ᠂ ᠠᠮᠢ ᠠᠬᠤᠢ ᠶᠢ ᠤᠷᠢᠳᠠᠪᠡᠷ ᠪᠤᠲᠤᠯᠭᠢᠯᠠᠭᠰᠠᠨ᠂ | ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠵᠠᠮ ᠢᠶᠠᠷ ᠡᠷᠡᠰ ᠰᠠᠶᠢᠲᠤᠷ ᠵᠠᠮᠨᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠳᠠ ᠶᠢᠨ ᠬᠡᠯᠪᠡᠷᠢ | ᠪᠠᠨ ᠬᠤᠪᠢᠷᠠᠭᠤᠯᠬᠤ ᠰᠢᠨ᠎ᠡ ᠠᠯᠬᠤᠮ ᠢ ᠠᠯᠬᠤᠬᠤ ᠶᠢ ᠠᠬᠢᠭᠤᠯᠵᠤ᠂ ᠰᠢᠨ᠎ᠡ ᠠᠶᠠᠨ ᠵᠠᠮ ᠳᠤ ᠦᠬᠠᠢ ᠶᠢᠨ ᠴᠢᠨᠠᠷ | ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠲᠠᠢ ᠵᠠᠰᠠᠯᠲᠠ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠨ᠎ᠡ᠃ | ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠠᠴᠠ ᠳᠡᠭᠡᠭᠰᠢ ᠨᠡᠮᠡᠭᠳᠡᠭᠦᠯᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 8% ᠣᠷᠴᠢᠮ ᠨᠡᠮᠡᠭᠳᠡᠭᠦᠯᠦᠨ᠂ | ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 30% ᠣᠷᠴᠢᠮ ᠨᠡᠮᠡᠭᠳᠡᠭᠦᠯᠵᠦ᠂ ᠡᠩ ᠤᠨ ᠣᠯᠠᠨ | ᠨᠡᠶᠢᠲᠡ ᠶᠢᠨ ᠲᠥᠰᠥᠪ ᠤᠨ ᠣᠷᠣᠯᠭ᠎ᠠ ᠶᠢ 8% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠰᠢᠨ᠎ᠡ ᠪᠠᠷ | ᠨᠡᠮᠡᠭᠳᠡᠭᠰᠡᠨ ᠠᠵᠢᠯ ᠣᠯᠣᠭᠰᠠᠳ ᠢ 4000 ᠬᠥᠮᠥᠨ ᠠᠴᠠ ᠳᠡᠭᠡᠭᠰᠢ ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ | ᠬᠡᠷᠡᠭᠯᠡᠭᠡᠨ ᠤ ᠦᠨ᠎ᠡ ᠬᠠᠩᠰᠢ ᠶᠢᠨ ᠨᠡᠮᠡᠭᠳᠡᠯ ᠢ 3% ᠶᠢᠨ ᠳᠣᠲᠣᠷ᠎ᠠ ᠬᠢᠵᠠᠭᠠᠷᠯᠠᠨ᠎ᠠ︔ ᠰᠠᠭᠤᠭᠠᠯᠢ ᠠᠷᠠᠳ ᠤᠨ | ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠡᠭᠡᠨ ᠠᠳᠠᠯᠢ ᠠᠯᠬᠤᠮ ᠪᠣᠯᠭᠠᠨ᠎ᠠ︔ | ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠬᠤ ᠶᠢ ᠦᠷᠭᠦᠯᠵᠢᠯᠡᠨ ᠰᠠᠶᠢᠵᠢᠷᠠᠭᠤᠯᠵᠤ᠂ ᠡᠨᠧᠷᠭᠢ ᠶᠢᠨ | ᠬᠤᠷᠣᠭᠳᠠᠯ ᠤᠨ ᠡᠷᠴᠢᠮ ᠪᠠ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠦᠢᠴᠡᠳᠭᠡᠯ ᠲᠤᠭ᠎ᠠ ᠶᠢ | ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃ ᠡᠳᠡᠭᠡᠷ | ᠬᠠᠷᠠᠯᠲᠠ ᠶᠢᠨ ᠲᠣᠬᠢᠷᠠᠭᠤᠯᠤᠯᠲᠠ ᠨᠢ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠱᠠᠭᠠᠷᠳᠠᠯᠭ᠎ᠠ ᠶᠢ ᠲᠤᠤᠱᠯᠠᠭᠤᠯᠵᠤ᠂ ᠬᠥᠳᠡᠯᠭᠡᠬᠦ ᠬᠦᠴᠦᠨ ᠤ | ᠲᠤᠯᠭᠠᠭᠤᠷᠢᠯᠠᠯ᠂ ᠳᠠᠷᠤᠯᠲᠠ ᠳᠠᠭᠠᠭᠠᠬᠤ ᠬᠡᠮᠵᠢᠶ᠎ᠡ ᠶᠢ ᠪᠣᠳᠣᠯᠬᠢᠯᠠᠭᠠᠳ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠬᠠᠷᠠᠯᠲᠠ ᠯᠤᠭ᠎ᠠ ᠭᠦᠢᠴᠡᠳ ᠵᠣᠯᠭᠠᠭᠤᠯᠵᠤ᠂ ᠪᠦᠲᠦᠴᠡ ᠶᠢᠨ ᠲᠣᠬᠢᠷᠠᠭᠤᠯᠤᠯᠲᠠ᠂ | ᠴᠢᠳᠠᠮᠵᠢ ᠪᠠᠨ ᠬᠤᠪᠢᠷᠠᠭᠤᠯᠬᠤ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠳᠤ ᠠᠰᠢᠭᠲᠠᠶ ᠪᠠᠶᠢᠵᠤ᠂ ᠵᠢᠱᠢᠯᠲᠡ ᠶᠢ | ᠬᠥᠲᠥᠯᠥᠨ ᠵᠢᠯᠣᠭᠤᠳᠬᠤ᠂ ᠢᠲᠡᠭᠡᠯ ᠵᠣᠷᠢᠭ ᠢᠶᠠᠨ ᠬᠥᠪᠴᠢᠯᠡᠬᠦ᠂ ᠡᠯ᠎ᠡ ᠲᠠᠯ᠎ᠠ ᠶᠢᠨ ᠢᠳᠡᠪᠬᠢᠵᠢᠯ ᠢ | ᠳᠠᠶᠢᠴᠢᠯᠠᠬᠤ ᠳᠤ ᠠᠰᠢᠭᠲᠠᠶ ᠪᠠᠶᠢᠵᠤ᠂ ᠢᠳᠡᠪᠬᠢᠲᠡᠶ ᠪᠥᠭᠡᠳ ᠯᠠᠪᠳᠠᠭᠤᠨ ᠪᠠᠲᠤᠲᠠᠶ᠂ ᠦᠨᠡᠨ ᠬᠦ ᠬᠡᠷᠡᠭᠵᠢᠬᠦᠯᠵᠦ | ᠪᠤᠯᠬᠤ ᠶᠤᠮ᠃ | ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠪᠢᠳᠡ ᠬᠥᠭᠵᠢᠯᠲᠡ ᠶᠢᠨ ᠦᠵᠡᠯᠲᠡ ᠪᠠᠨ ᠡᠷᠡᠰ ᠲᠥᠪ | ᠪᠣᠯᠭᠠᠵᠤ᠂ ︽ᠳᠤᠯᠤᠭ᠎ᠠ ᠶᠢ ᠲᠠᠶᠠᠭᠳᠠᠬᠤ︾ ᠶᠢ ᠪᠡᠶᠡᠯᠡᠭᠦᠯᠵᠦ᠂ ︽ᠲᠤᠯᠤᠭᠠᠨ ᠵᠦᠢᠯ ᠤᠨ ᠤᠬᠠᠮᠰᠠᠷ︾ ᠢᠶᠠᠨ | ᠴᠢᠩᠭᠠᠳᠬᠠᠵᠤ᠂ ︽ᠲᠠᠪᠤᠨ ᠬᠠᠷᠢᠴᠠᠭ᠎ᠠ︾ ᠶᠢ ᠡᠵᠡᠮᠳᠡᠵᠦ᠂ ᠬᠠᠷᠠᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠪᠦᠬᠦ | ᠬᠦᠴᠦᠨ ᠢᠶᠠᠷ ᠢᠶᠠᠨ ᠴᠢᠬᠤᠯᠠᠴᠢᠯᠠᠨ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠢ ᠶᠢᠨ ᠶᠡᠷᠦᠩᠬᠡᠢ | ᠬᠡᠮᠵᠢᠶ᠎ᠡ ᠶᠢ ᠪᠤᠵᠠᠭᠠᠶᠢᠷᠠᠭᠤᠯᠵᠤ᠂ ᠬᠥᠭᠵᠢᠯᠲᠡ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠠᠮᠢ ᠠᠬᠤᠢ ᠶᠢ | ᠣᠷᠢᠳᠠᠪᠡᠷ ᠪᠣᠳᠤᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃ ᠪᠣᠳᠠᠲᠠᠶ ᠠᠵᠢᠯ ᠤᠨ | ᠳᠤᠮᠳᠠ ᠪᠠᠨ ᠡᠷᠬᠡᠪᠰᠢ ︽ᠲᠠᠪᠤᠨ ᠨᠠᠩ ᠶᠡᠭᠡ︾ ᠪᠠᠶᠢᠬᠤ ᠶᠢ ᠪᠡᠶᠡᠯᠡᠭᠦᠯᠬᠦ ᠬᠡᠷᠡᠭᠲᠡᠶ᠄ ᠨᠢᠭᠡ ᠳᠤ᠂ | ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠨᠠᠩ ᠶᠡᠭᠡ ᠦᠷ᠎ᠡ ᠪᠦᠲᠦᠮᠵᠢ ᠤᠯᠬᠤ | ᠬᠡᠷᠡᠭᠲᠡᠶ᠃ ᠦᠬᠠᠢ ᠶᠢᠨ ᠣᠷᠣᠰᠢᠵᠤ ᠪᠠᠶᠢᠭ᠎ᠠ ᠲᠡᠦᠬᠡᠨ ᠣᠷᠣᠨ ᠪᠠᠶᠢᠷᠢ ᠶᠢ ᠲᠣᠳᠣᠷᠬᠠᠢ ᠲᠠᠨᠢᠵᠤ᠂ ᠪᠦᠬᠦ ᠣᠷᠣᠨ ᠤ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠳᠤᠮᠳᠠᠬᠢ ᠡᠭᠦᠷᠭᠡ ᠬᠠᠷᠢᠭᠤᠴᠠᠯᠭ᠎ᠠ ᠶᠢ ᠪᠠᠲᠤ | ᠡᠵᠡᠮᠳᠡᠵᠦ᠂ ᠶᠡᠭᠡ ᠲᠠᠯ᠎ᠠ ᠳᠤ ᠦᠢᠯᠡᠴᠢᠯᠡᠬᠦ ᠶᠢᠨ ᠤᠶᠠᠯᠳᠤᠯ ᠤᠨ ᠬᠦᠴᠦᠯᠡᠬᠦ ᠴᠢᠭ ᠢᠶᠠᠨ ᠣᠨᠣᠪᠴᠢᠲᠠᠢ ᠣᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ | ᠲᠣᠭᠤᠷᠢᠨ ᠳᠤ ᠪᠠᠶᠢᠷᠢ ᠲᠣᠭᠲᠠᠭᠠᠯᠲᠠ ᠬᠢᠵᠦ᠂ ᠬᠤᠪᠢ ᠨᠡᠮᠡᠷᠢ ᠦᠵᠡᠭᠦᠯᠵᠦ᠂ ᠬᠤᠳᠠ ᠶᠢᠨ ᠨᠠᠮ ᠤᠨ ᠬᠤᠷᠢᠶᠠᠨ ᠤ | ᠶᠡᠷᠦᠩᠬᠡᠢ ᠬᠥᠭᠵᠢᠯᠲᠡ ᠶᠢᠨ ᠰᠡᠳᠬᠢᠴᠡ ᠪᠠᠷ ᠬᠦᠨᠳᠦ ᠡᠭᠦᠷᠭᠡ ᠶᠢ ᠡᠭᠦᠷᠭᠡᠯᠡᠵᠦ᠂ ᠭᠤᠣᠯ ᠬᠠᠷᠢᠭᠤᠴᠠᠯᠭ᠎ᠠ ᠶᠢ | ᠡᠭᠦᠷᠭᠡᠯᠡᠵᠦ᠂ ᠴᠢᠨᠠᠷ ᠰᠠᠶᠢᠲᠠᠢ ᠬᠥᠭᠵᠢᠯᠲᠡ ᠶᠢ ᠠᠯᠬᠤᠮ ᠠᠯᠬᠤᠮ ᠢᠶᠠᠷ ᠠᠬᠢᠭᠤᠯᠵᠤ᠂ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢᠨ ᠢᠯᠠᠯᠲᠠ ᠶᠢ ᠣᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ | ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠬᠦ ᠬᠡᠷᠡᠭᠳᠡᠢ᠃ ᠬᠤᠶᠠᠷ ᠲᠤ᠂ ᠠᠵᠤ ᠠᠬᠤᠢ ᠶᠢᠨ | ᠨᠡᠮᠡᠭᠳᠡᠯ ᠢ ᠲᠣᠭᠲᠠᠪᠤᠷᠢᠵᠢᠭᠤᠯᠬᠤ ᠲᠠᠯ᠎ᠠ ᠪᠠᠷ ᠨᠡᠩ ᠶᠡᠭᠡ ᠦᠷ᠎ᠡ ᠪᠦᠲᠦᠭᠡᠯ ᠣᠯᠬᠤ ᠬᠡᠷᠡᠭᠳᠡᠢ᠃ ᠠᠵᠤ ᠠᠬᠤᠶ ᠶᠢᠨ | ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ᠂ ᠨᠡᠶᠢᠭᠡᠮ ᠤᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠶᠢ ᠲᠤᠪᠤᠶᠢᠮ᠎ᠠ ᠰᠠᠶᠢᠲᠤᠷ ᠠᠳᠬᠤᠵᠤ᠂ | ᠠᠵᠤ ᠠᠬᠤᠶ ᠶᠢᠨ ᠠᠵᠢᠯᠯᠠᠭᠠᠨ ᠢ ᠪᠦᠬᠦᠯᠢ ᠴᠣᠭᠴᠠ ᠪᠠᠷ ᠨᠢ ᠰᠠᠶᠢᠵᠢᠷᠠᠭᠤᠯᠬᠤ ᠶᠢ ᠠᠬᠢᠭᠤᠯᠬᠤ ᠬᠡᠷᠡᠭᠳᠡᠢ᠃ | ᠤᠯᠤᠰ ᠤᠨ ᠡᠳ᠋ ᠤᠨ ᠵᠠᠰᠠᠭ᠂ ᠵᠣᠭᠤᠰ᠂ ᠠᠵᠤ ᠦᠢᠯᠡᠰ᠂ ᠰᠢᠨᠵᠢᠯᠡᠬᠦ ᠤᠬᠠᠭᠠᠨ ᠮᠡᠷᠭᠡᠵᠢᠯ᠂ ᠨᠡᠶᠢᠭᠡᠮ ᠵᠡᠷᠭᠡ ᠡᠯ᠎ᠡ | ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠰᠠᠶᠢᠲᠤᠷ ᠠᠳᠬᠤᠨ ᠰᠠᠶᠢᠲᠤᠷ ᠬᠡᠷᠡᠭᠯᠡᠵᠦ᠂ | ᠰᠠᠨᠠᠭᠠᠴᠢᠯᠠᠭ᠎ᠠ ᠠᠴᠠ ᠪᠠᠨ ᠲᠥᠷᠥ ᠶᠢᠨ ᠪᠣᠳᠣᠯᠭ᠎ᠠ ᠯᠤᠭ᠎ᠠ ᠪᠠᠷᠢᠮᠵᠢᠶᠠᠯᠠᠨ ᠠᠵᠤ ᠦᠢᠯᠡᠰ᠂ ᠲᠥᠷᠥᠯ ᠵᠦᠢᠯ ᠢ | ᠰᠦᠪᠡᠭᠴᠢᠯᠡᠵᠦ᠂ ᠲᠥᠷᠥ ᠶᠢᠨ ᠪᠣᠳᠣᠯᠭ᠎ᠠ ᠲᠠᠢ ᠢᠳᠡᠪᠬᠢᠲᠡᠶ ᠪᠠᠷ ᠬᠠᠷᠢᠴᠠᠭᠤᠯᠤᠨ ᠳᠡᠮᠵᠢᠯᠭᠡ᠂ ᠪᠠᠯᠠ ᠮᠥᠩᠭᠦ | ᠲᠡᠮᠡᠴᠡᠨ ᠤᠯᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠳᠠᠯᠳᠠ ᠴᠢᠳᠠᠪᠤᠷᠢ ᠶᠢ ᠨᠢ | ᠭᠦᠢᠴᠡᠳ ᠬᠥᠭᠵᠢᠭᠡᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠢ ᠪᠠᠳᠠᠷᠠᠭᠤᠯᠵᠤ᠂ ᠠᠵᠤ ᠠᠬᠤᠶ ᠶᠢᠨ | ᠰᠠᠶᠢᠵᠢᠷᠠᠬᠤ ᠬᠠᠨᠳᠤᠰᠢ ᠶᠢ ᠣᠷᠳᠣ ᠬᠤᠭᠤᠴᠠᠭᠠᠨ ᠤ ᠬᠠᠨᠳᠤᠰᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠳᠡᠢ | ᠃ ᠭᠤᠷᠪᠠ ᠳᠤ᠂ ᠬᠤᠶᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠲᠠᠯ᠎ᠠ ᠪᠠᠷ ᠨᠡᠩ ᠶᠡᠭᠡ ᠠᠯᠬᠤᠮ ᠢ | ᠠᠯᠬᠤᠬᠤ ᠬᠡᠷᠡᠭᠳᠡᠢ᠃ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠲᠠ ᠶᠢᠨ ᠬᠡᠯᠪᠡᠷᠢ ᠪᠠᠨ | ᠬᠤᠪᠢᠷᠠᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ᠂ ᠴᠠᠬᠢᠭᠤᠷ ᠰᠠᠭᠤᠷᠢᠲᠤ ᠰᠢᠨ᠎ᠡ ᠮᠠᠲ᠋ᠧᠷᠢᠶᠠᠯ ᠤᠨ ᠮᠢᠩᠭᠠᠨ ᠳ᠋ᠦᠩᠰᠢᠭᠤᠷ ᠲᠠᠰ ᠤᠨ 2 ᠠᠵᠤ | ᠦᠢᠯᠡᠰ ᠤᠨ ᠰᠦᠷᠦᠭᠵᠢᠯ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠪᠠᠷᠢᠯᠭ᠎ᠠ ᠶᠢᠨ ᠮᠠᠲ᠋ᠧᠷᠢᠶᠠᠯ᠂ | ᠲᠣᠨᠤᠭ ᠲᠥᠬᠦᠭᠡᠷᠦᠮᠵᠢ ᠦᠢᠯᠡᠳᠬᠦ᠂ ᠣᠲᠣ ᠦᠶ᠎ᠡ ᠶᠢᠨ ᠡᠨᠧᠷᠭᠢ᠂ ᠵᠠᠳᠠᠷᠠᠵᠤ ᠪᠣᠯᠬᠤ ᠮᠠᠲ᠋ᠧᠷᠢᠶᠠᠯ ᠤᠨ ᠵᠠᠭᠤᠨ | ᠳ᠋ᠦᠩᠰᠢᠭᠤᠷ ᠲᠥᠭᠦᠷᠢᠭ ᠢ ᠳᠠᠪᠠᠭᠰᠠᠨ ᠲᠡᠰ ᠤᠨ 5 ᠪᠦᠬᠦ ᠠᠵᠦ ᠦᠢᠯᠡᠰ ᠤᠨ ᠰᠦᠷᠦᠭᠵᠢᠯ ᠢ ᠪᠥᠬᠦ | ᠬᠦᠴᠦᠨ ᠢᠶᠠᠷ ᠢᠶᠠᠨ ᠪᠣᠶ ᠪᠣᠯᠭᠠᠵᠤ᠂ 2025 ᠣᠨ ᠳᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠶᠡᠷᠦᠩᠬᠡᠶ | ᠥᠷᠲᠡᠭ ᠢ 4000 ᠳ᠋ᠦᠩᠰᠢᠭᠤᠷ ᠲᠥᠭᠦᠷᠢᠭ ᠳᠠᠪᠠᠭᠤᠯᠬᠤ ᠪᠠᠷ ᠴᠢᠷᠮᠠᠶᠢᠵᠤ᠂ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ᠃ ᠳᠥᠷᠪᠡ ᠳᠤ᠂ ᠣᠯᠠᠨ ᠨᠡᠶᠢᠲᠡ ᠶᠢᠨ ᠦᠢᠯᠡᠴᠢᠯᠡᠭᠡᠨ ᠤ | ᠪᠠᠲᠤᠯᠠᠭ᠎ᠠ ᠶᠢᠨ ᠲᠠᠯ᠎ᠠ ᠪᠠᠷ ᠨᠠᠩ ᠶᠡᠭᠡ ᠠᠬᠢᠴᠠ ᠶᠢ ᠪᠡᠶᠡᠯᠡᠭᠦᠯᠬᠦ ᠬᠡᠷᠡᠭᠳᠡᠢ᠃ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠡᠷᠡᠰ ᠦᠢᠯᠡᠳᠦᠯᠭᠡᠵᠢᠭᠦᠯᠵᠦ᠂ ᠪᠦᠬᠦ ᠬᠦᠴᠦᠨ ᠢᠶᠠᠷ ᠢᠶᠠᠨ | ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ | ᠨᠠᠷᠢᠨ ᠲᠠᠩᠰᠠ ᠶᠢᠨ ᠲᠦᠷᠢᠮ ᠢ ᠪᠠᠶᠢᠭᠤᠯᠵᠤ᠂ ︽ᠠᠷᠪᠠᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ︾ ᠢᠶᠠᠷ | ᠭᠠᠷᠳᠠᠴᠠ ᠪᠣᠯᠭᠠᠵᠤ᠂ ᠨᠢᠭᠡ ᠨᠢᠭᠡ ᠶᠠᠪᠤᠳᠠᠯ ᠢᠶᠠᠷ ᠬᠢᠵᠦ᠂ ᠵᠢᠯ ᠵᠢᠯ ᠳᠠᠷᠠᠭᠠᠯᠠᠨ ᠠᠵᠢᠯᠯᠠᠵᠤ᠂ ᠤᠯᠠᠨ ᠲᠦᠮᠡᠨ ᠤ | ᠰᠠᠨᠠᠭᠠᠰᠢᠷᠠᠵᠤ ᠪᠠᠶᠢᠭ᠎ᠠ ᠶᠠᠪᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠠᠶᠢᠲᠤᠷ ᠰᠢᠢᠳᠪᠦᠷᠢᠯᠡᠵᠦ᠂ ᠤᠯᠠᠨ | ᠨᠡᠶᠢᠲᠡ ᠶᠢᠨ ᠦᠢᠯᠡᠴᠢᠯᠡᠭᠡᠨ ᠤ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠮᠲᠤᠪᠠᠷ | ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠭᠵᠢᠯᠲᠡ ᠶᠢ ᠨᠡᠩ ︽ᠬᠠᠯᠠᠭᠤᠨ ᠳᠤᠯᠠᠭᠠᠨ︾ ᠲᠠᠢ | ᠪᠣᠯᠭᠠᠵᠤ᠂ ᠠᠷᠠᠳ ᠤᠨ ᠠᠮᠢᠳᠤᠷᠠᠯ ᠢ ᠨᠡᠩ ︽ᠦᠨᠡᠨ ᠪᠣᠳᠠᠲᠠᠢ ᠲᠦᠷᠦᠭᠳᠡᠯ︾ ᠲᠠᠢ ᠪᠤᠯᠭᠠᠬᠤ ᠬᠡᠷᠡᠭᠳᠡᠢ᠃ ᠲᠠᠪᠤ ᠳᠤ | ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠬᠦ ᠲᠠᠯ᠎ᠠ ᠪᠠᠷ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠬᠤ | ᠬᠡᠷᠡᠭᠳᠡᠢ᠃ ᠠᠵᠤ ᠦᠢᠯᠡᠰ ᠤᠨ ᠪᠦᠲᠦᠴᠡ ᠶᠢᠨ ᠨᠡᠭᠦᠷᠡᠰᠦ ᠳᠤ ᠲᠦᠰᠢᠭᠯᠡᠵᠦ ᠡᠨᠧᠷᠭᠢ ᠳᠤ ᠲᠦᠰᠢᠭᠯᠡᠬᠦ ᠬᠦᠨᠲᠤ | ᠠᠵᠤ ᠦᠢᠯᠡᠳᠪᠦᠷᠢ ᠳᠤ ᠲᠦᠰᠢᠭᠯᠡᠬᠦ᠂ ᠡᠬᠢ ᠪᠠᠶᠠᠯᠢᠭ ᠣᠷᠴᠢᠨ ᠲᠣᠭᠤᠷᠢᠨ ᠤ ᠡᠯᠧᠮᠧᠨ᠋ᠲ ᠤᠨ ᠬᠢᠵᠠᠭᠠᠷᠯᠠᠯ | ᠴᠢᠩᠭᠠᠷᠠᠵᠤ ᠪᠠᠶᠢᠬᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠲᠤᠯᠭᠠᠭᠤᠷᠢᠯᠠᠯ | ᠬᠦᠷᠦᠯᠴᠡᠬᠦ ᠦᠭᠡᠢ ᠵᠡᠷᠭᠡ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠬᠢᠵᠠᠭᠠᠷᠯᠠᠵᠤ ᠪᠠᠶᠢᠭ᠎ᠠ ᠭᠦᠨ | ᠳᠠᠪᠬᠤᠷᠭ᠎ᠠ ᠶᠢᠨ ᠠᠰᠠᠭᠤᠳᠠᠯ ᠢ ᠴᠢᠩᠭ᠎ᠠ ᠠᠳᠬᠤᠵᠤ᠂ ᠠᠰᠠᠭᠤᠳᠠᠯ ᠳᠤ ᠴᠢᠭᠯᠡᠬᠦ᠂ ᠠᠰᠠᠭᠤᠳᠠᠯ ᠢ ᠬᠦᠯᠢᠶᠡᠬᠦ ᠳᠤ | ᠲᠡᠮᠡᠴᠡᠯ ᠤᠨ ᠵᠣᠷᠢᠭ ᠰᠠᠨᠠᠭ᠎ᠠ ᠪᠠᠷ ᠬᠠᠲᠤᠵᠤ᠂ ᠬᠠᠳᠠᠨ ᠵᠣᠷᠢᠭ ᠢᠶᠠᠷ ᠰᠢᠷᠭᠠᠭᠤ ᠠᠵᠢᠯᠯᠠᠨ ᠬᠠᠳᠠᠭᠤᠵᠢᠯᠳᠠᠢ | ᠲᠡᠮᠡᠴᠡᠵᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠰᠢᠪᠲᠤᠯᠤᠯᠲᠠ ᠶᠢᠨ ᠴᠢᠭ ᠢ ᠪᠦᠬᠦ ᠬᠦᠴᠦᠨ ᠢᠶᠠᠷ ᠢᠶᠠᠨ ᠣᠯᠵᠤ | ᠂ ᠠᠰᠠᠭᠤᠳᠠᠯ ᠢ ᠰᠢᠢᠳᠪᠦᠷᠢᠯᠡᠬᠦ ᠰᠢᠨ᠎ᠡ ᠰᠡᠳᠬᠢᠴᠡ ᠰᠢᠨ᠎ᠡ ᠠᠷᠭ᠎ᠠ ᠶᠢ ᠲᠠᠰᠤᠷᠠᠯᠲᠠ ᠦᠭᠡᠢ ᠳᠤᠷᠠᠳᠴᠤ᠂ | ᠠᠰᠠᠭᠤᠳᠠᠯ ᠢ ᠰᠢᠢᠳᠪᠦᠷᠢᠯᠡᠬᠦ ᠪᠣᠳᠠᠲᠤ ᠠᠮᠵᠢᠯᠲᠠ ᠪᠦᠲᠦᠮᠵᠢ ᠪᠠᠷ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ | ᠦᠷ᠎ᠡ ᠪᠦᠲᠦᠮᠵᠢ ᠶᠢ ᠰᠣᠯᠢᠬᠤ ᠬᠡᠷᠡᠭᠳᠡᠢ᠃ | ᠴᠢᠭᠯᠡᠯ ᠢᠶᠠᠨ ᠣᠯᠬᠤ ᠳᠤ ᠬᠠᠷᠠᠯᠳᠠ ᠪᠠᠷ ᠵᠢᠯᠤᠭᠤᠲᠤᠭᠤᠯᠵᠤ᠂ ᠢᠷᠡᠭᠡᠳᠦᠢ ᠶᠢ ᠴᠣᠭᠴᠠᠯᠠᠬᠤ ᠳᠤ ᠡᠷᠡᠯᠬᠡᠭᠯᠡᠨ | ᠲᠡᠮᠡᠴᠡᠬᠦ ᠬᠡᠷᠡᠭᠳᠡᠢ᠃ ᠪᠢᠳᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠵᠢᠱᠢᠭᠰᠡᠨ ᠬᠠᠷᠠᠯᠲᠠ ᠡᠭᠦᠷᠭᠡ ᠪᠠᠨ | ᠯᠠᠪᠲᠠᠶ ᠪᠡᠶᠡᠯᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠯᠢᠳᠡᠭ ᠬᠠᠷᠢᠭᠤᠯᠲᠠ ᠶᠢᠨ ᠬᠠᠭᠤᠳᠠᠰᠤ ᠶᠢ ᠯᠠᠪᠳᠠᠢ | ᠲᠣᠰᠢᠶᠠᠵᠤ ᠲᠡᠶᠢᠯᠬᠦ ᠶᠤᠮ︕ | ᠭᠤᠷᠪᠠ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠭᠤᠤᠯ ᠡᠭᠦᠷᠭᠡ | ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠭᠦᠷᠭᠡ ᠬᠦᠨᠳᠦ᠂ ᠥᠷᠢᠰᠥᠯᠳᠦᠭᠡᠨ ᠤᠯᠠᠨ | ᠪᠠᠶᠢᠳᠠᠭ᠂ ᠪᠢᠳᠡ ᠡᠷᠬᠡᠪᠰᠢ ᠲᠦᠷᠦ ᠶᠢᠨ ᠪᠤᠳᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ | ᠠᠵᠢᠯ ᠳᠠᠭᠠᠨ ᠬᠤᠪᠢ ᠲᠠᠬᠢᠨ ᠴᠢᠷᠮᠠᠶᠢᠵᠤ᠂ ᠡᠯ᠎ᠡ ᠲᠠᠯ᠎ᠠ ᠪᠠᠷ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ᠂ ᠡᠬᠢᠯᠡᠯᠲᠡ ᠶᠢᠨ ᠠᠵᠢᠯ ᠤᠨ ᠣᠷᠣᠭᠰᠢᠳᠠᠢ᠂ ᠪᠦᠬᠦ ᠵᠢᠯ ᠳᠡᠭᠡᠨ ᠪᠦᠲᠦᠮᠵᠢ ᠲᠠᠢ ᠪᠠᠶᠢᠬᠤ ᠶᠢ | ᠪᠠᠲᠤᠯᠠᠨ᠎ᠠ᠃ | ︵ᠨᠢᠭᠡ︶ ᠳᠣᠲᠤᠭᠠᠳᠤ ᠬᠡᠷᠡᠭᠴᠡᠭᠡ ᠪᠠᠨ ᠦᠷᠭᠡᠳᠭᠡᠬᠦ ᠶᠢ ᠪᠠᠷᠢᠮᠳᠠᠯᠠᠵᠤ᠂ ᠠᠵᠤ ᠠᠬᠤᠢ ᠶᠢᠨ ᠳᠣᠭᠲᠠᠭᠤᠨ | ᠪᠦᠭᠡᠳ ᠡᠷᠡᠭᠦᠯ ᠢᠶᠠᠷ ᠬᠦᠭᠵᠢᠬᠦ ᠶᠢ ᠪᠠᠲᠤᠯᠠᠨ᠎ᠠ | ᠠᠵᠤ ᠠᠬᠤᠢ ᠶᠢᠨ ᠠᠵᠢᠯᠯᠠᠭᠠᠨ ᠢ ᠳᠤᠬᠢᠷᠠᠭᠤᠯᠬᠤ ᠬᠢᠨᠠᠨ ᠰᠢᠯᠭᠠᠬᠤ ᠪᠠ ᠵᠠᠳᠠᠯᠤᠨ ᠰᠤᠳᠤᠯᠵᠤ | ᠮᠠᠭᠠᠳᠯᠠᠬᠤ ᠪᠠᠨ ᠴᠢᠩᠭᠠᠳᠬᠠᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠢᠳᠡᠪᠬᠢᠲᠡᠢ ᠪᠠᠷ ᠥᠷᠭᠡᠳᠬᠡᠨ᠂ | ᠬᠡᠷᠡᠭᠯᠡᠭᠡᠨ ᠤ ᠳᠠᠯᠳᠠ ᠬᠦᠴᠦᠨ ᠢᠶᠠᠨ ᠦᠷᠭᠦᠯᠵᠢᠯᠡᠨ ᠪᠠᠳᠠᠷᠠᠭᠤᠯᠵᠤ᠂ ᠠᠵᠤ ᠠᠬᠤᠢ ᠶᠢ ᠲᠣᠭᠲᠠᠭᠤᠨ ᠤ ᠳᠤᠮᠳᠠ | ᠠᠬᠢᠭᠤᠯᠵᠤ᠂ ᠪᠦᠬᠦᠯᠢ ᠴᠣᠭᠴᠠ ᠪᠠᠷ ᠨᠢ ᠰᠠᠶᠢᠵᠢᠷᠠᠭᠤᠯᠬᠤ ᠶᠢ ᠠᠬᠢᠭᠤᠯᠤᠨ᠎ᠠ᠃ ᠵᠠᠬ᠎ᠠ ᠳᠡᠯᠭᠡᠭᠦᠷ ᠤᠨ ᠢᠲᠡᠭᠡᠯ | ᠳᠠᠬᠢᠨᠲᠠ ᠲᠡᠭᠡᠭᠰᠢᠯᠡᠬᠦᠯᠦᠨ᠎ᠡ᠃ ᠨᠡᠶᠢᠭᠡᠮ ᠤᠨ ᠰᠡᠳᠬᠢᠴᠡ ᠶᠢᠨ ᠵᠢᠱᠢᠯᠲᠡ ᠶᠢ ᠬᠥᠲᠥᠯᠥᠨ ᠵᠢᠯᠣᠭᠤᠳᠬᠤ ᠪᠠᠨ | ᠴᠢᠩᠭᠠᠳᠬᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢ ᠲᠣᠭᠲᠠᠪᠤᠷᠢᠵᠢᠭᠤᠯᠬᠤ ᠠᠯᠢ ᠣᠯᠠᠨ | ᠲᠥᠷᠥ ᠶᠢᠨ ᠪᠣᠳᠣᠯᠭ᠎ᠠ ᠪᠠ ᠵᠠᠯᠭᠠᠮᠵᠢ ᠠᠷᠭ᠎ᠠ ᠬᠡᠮᠵᠢᠶ᠎ᠡ ᠶᠢᠨ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ | ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠭᠠᠶᠢᠯᠢ ᠶᠢ ᠪᠤᠴᠠᠭᠠᠵᠦ ᠭᠠᠶᠢᠯᠢ ᠶᠢ ᠬᠤᠶᠢᠰᠢᠯᠠᠭᠤᠯᠬᠤ | ᠵᠡᠷᠭᠡ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠦᠢᠯᠡᠳᠪᠦᠷᠢᠯᠡᠯ ᠤᠨ ᠥᠪᠡᠷ ᠤᠨ ᠥᠷᠲᠡᠭ ᠢᠶᠠᠨ | ᠪᠠᠭᠤᠷᠠᠭᠤᠯᠬᠤ᠂ ᠪᠣᠯᠭᠤᠮᠵᠢᠲᠠᠶ ᠪᠥᠭᠡᠳ ᠤᠶᠠᠨ ᠬᠠᠲᠠᠨ ᠬᠢᠨᠠᠯᠲᠠ ᠬᠠᠮᠢᠶᠠᠷᠤᠯᠲᠠ᠂ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠲᠡᠳᠬᠦᠬᠦ ᠵᠡᠷᠭᠡ ᠠᠯᠢ ᠣᠯᠠᠨ ᠠᠷᠭ᠎ᠠ ᠬᠡᠮᠵᠢᠶ᠎ᠡ ᠶᠢ ᠰᠢᠨ᠎ᠡ ᠶᠢ | ᠡᠭᠦᠳᠦᠨ ᠨᠡᠶᠢᠲᠡᠯᠡᠵᠦ᠂ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢᠨ ᠲᠦᠯᠦᠭᠡ ᠬᠦᠶᠦᠬᠦ᠂ ᠲᠦᠭᠦᠬᠡᠶ ᠡᠳ᠋ | ᠡᠷᠢᠬᠦ᠂ ᠪᠣᠷᠣᠯᠠᠭᠤᠯᠭ᠎ᠠ ᠶᠢᠨ ᠵᠠᠮ ᠢᠶᠠᠨ ᠥᠷᠭᠡᠳᠬᠡᠬᠦ᠂ ᠪᠠᠯᠠ ᠮᠥᠩᠭᠦ ᠶᠢ ᠲᠣᠭᠲᠠᠪᠤᠷᠢᠵᠢᠭᠤᠯᠬᠤ᠂ ᠠᠵᠢᠯᠴᠢᠨ | ᠬᠡᠷᠡᠭᠯᠡᠬᠦ ᠶᠢ ᠠᠬᠢᠭᠤᠯᠬᠤ ᠪᠠᠷ ᠠᠷᠭ᠎ᠠ ᠪᠦᠬᠦᠨ ᠢ ᠰᠦᠪᠡᠭᠴᠢᠯᠡᠵᠤ᠂ ᠪᠣᠳᠠᠲᠤ ᠴᠣᠭᠴᠠ ᠶᠢᠨ ᠠᠵᠤ ᠠᠬᠤᠶ ᠶᠢ | ︽ᠨᠢᠰᠬᠦ ᠮᠡᠲᠤ ᠪᠠᠷ ᠬᠦᠭᠵᠢᠬᠦᠯᠬᠦ︾ ᠶᠢ ᠪᠠᠲᠤᠯᠠᠨ᠎ᠠ᠃ ᠵᠠᠰᠠᠭ ᠠᠵᠤ ᠠᠬᠤᠶᠢᠯᠠᠯ ᠤᠨ ᠵᠣᠯᠭᠠᠯᠴᠠᠭ᠎ᠠ ᠶᠢᠨ ᠲᠣᠭᠲᠠᠴᠠ | ᠪᠠᠨ ᠪᠦᠷᠢᠨᠰᠢᠬᠦᠯᠵᠦ᠂ ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠤᠳᠤᠯᠭ᠎ᠠ ᠠᠪᠴᠤ᠂ ᠪᠦᠬᠦ ᠰᠡᠳᠬᠢᠯ ᠪᠦᠬᠦ | ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠲᠡᠳᠬᠦᠵᠦ᠂ ᠠᠵᠤ ᠠᠬᠤᠶᠢᠯᠠᠯ ᠢ ᠦᠬᠠᠢ ᠳᠤ ᠵᠣᠷᠢᠭᠲᠠᠢ | ᠠᠵᠢᠯᠯᠠᠭᠤᠯᠵᠤ᠂ ᠵᠣᠷᠢᠭᠲᠠᠢ ᠪᠠᠷ ᠬᠢᠵᠦ᠂ ᠵᠤᠷᠢᠭᠳᠠᠢ ᠪᠠᠷ ᠪᠡᠯᠡ ᠣᠷᠣᠭᠤᠯᠬᠤ ᠶᠢ ᠪᠠᠲᠤᠯᠠᠨ᠎ᠠ᠃ ︽ᠬᠤᠶᠠᠷ ᠡᠷᠡᠰ | ᠭᠤᠶᠢᠪᠢᠰᠢ ᠥᠬᠡᠶ ᠪᠠᠶᠢᠬᠤ︾ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠪᠠ ᠶᠠᠷᠢᠶ᠎ᠠ ᠬᠡᠯᠡᠯᠴᠡᠭᠡᠨ ᠤ ᠲᠠᠯ᠎ᠠ ᠪᠠᠷ | ᠠᠷᠠᠳ ᠤᠨ ᠡᠵᠡᠩᠨᠡᠯᠲᠡ ᠶᠢᠨ ᠠᠵᠤ ᠠᠬᠤᠶ ᠪᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ | ᠪᠤᠵᠠᠭᠠᠢᠢᠷᠠᠬᠤ ᠶᠢ ᠵᠣᠷᠢᠭᠵᠢᠭᠤᠯᠤᠨ ᠳᠡᠮᠵᠢᠵᠦ᠂ ︽ᠬᠤᠶᠠᠷ ᠰᠢᠨ᠎ᠡ︾ ᠶᠢᠨ ᠵᠣᠬᠢᠶᠠᠨ ᠪᠠᠶᠢᠭᠤᠯᠤᠯᠲᠠ ᠶᠢᠨ ᠴᠢᠨᠠᠷ | ᠰᠠᠶᠢᠲᠠᠶ ᠬᠥᠭᠵᠢᠯᠲᠡ ᠶᠢ ᠬᠥᠲᠥᠯᠦᠨ ᠵᠢᠯᠣᠭᠤᠳᠤᠨ᠎ᠠ᠃ ᠬᠠᠭᠤᠴᠢᠨ ᠢ ᠡᠪᠳᠡᠵᠦ ᠰᠢᠨ᠎ᠡ ᠶᠢ ᠡᠭᠦᠳᠬᠦ ᠶᠢ | ᠪᠠᠷᠢᠮᠲᠠᠯᠠᠨ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠭᠤᠤᠯᠳᠠᠯᠭ᠎ᠠ ᠲᠠᠢ ᠠᠵᠤ ᠠᠬᠤᠶᠢᠯᠠᠯ ᠢ ᠡᠮᠬᠢᠯᠡᠨ | ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠵᠤ᠂ ᠰᠢᠨ᠎ᠡ | ᠬᠠᠭᠤᠴᠢᠨ ᠦᠢᠯᠡᠳᠪᠦᠷᠢᠯᠡᠬᠦ ᠴᠢᠳᠠᠪᠤᠷᠢ ᠶᠢ ᠡᠮᠬᠢ ᠵᠢᠷᠤᠮ ᠲᠠᠢ ᠵᠣᠯᠭᠠᠭᠤᠯᠬᠤ ᠶᠢ ᠦᠨᠡᠨᠬᠦ ᠪᠠᠲᠤᠯᠠᠨ᠎ᠠ᠃ ᠲᠦᠷᠦᠯ | ᠵᠦᠢᠯ ᠤᠨ ᠪᠦᠲᠦᠭᠡᠨ ᠪᠠᠢᠭᠤᠯᠤᠯᠲᠠ ᠳᠤ ᠲᠠᠭᠢᠨᠳᠠ ᠰᠢᠪᠲᠤᠯᠤᠯᠳᠠ ᠬᠢᠨ᠎ᠡ᠃ ᠬᠥᠭᠵᠢᠯᠲᠡ ᠪᠠᠷ ᠭᠤᠣᠯᠳᠠᠯᠭ᠎ᠠ | ᠪᠣᠯᠭᠠᠵᠤ᠂ ᠲᠥᠷᠥᠯ ᠵᠦᠢᠯ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠬᠡᠪ ᠤᠨ ᠪᠤᠰᠤ ᠠᠷᠭ᠎ᠠ ᠬᠡᠮᠵᠢᠶ᠎ᠡ ᠪᠠᠷ | ︽ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠬᠤᠷᠳᠤᠴᠠ ᠪᠠᠨ | ᠲᠦᠷᠭᠡᠳᠬᠡᠬᠦ ᠠᠵᠢᠯᠯᠠᠭ᠎ᠠ︾ ᠶᠢ ᠥᠷᠨᠢᠭᠦᠯᠵᠦ᠂ ᠲᠥᠷᠥᠯ ᠵᠦᠢᠯ ᠢ ᠶᠡᠬᠡᠪᠡᠷ ᠠᠳᠬᠤᠬᠤ᠂ ᠪᠠᠯᠠ ᠣᠷᠣᠭᠤᠯᠤᠯᠲᠠ ᠶᠢ | ᠴᠢᠩᠭ᠎ᠠ ᠠᠳᠬᠤᠬᠤ ᠰᠢᠨ᠎ᠡ ᠥᠷᠨᠢᠯᠲᠡ ᠶᠢ ᠦᠳᠲᠡᠷ ᠲᠦᠷᠭᠡᠨ ᠪᠤᠢ ᠪᠤᠯᠭᠠᠵᠤ᠂ 296 ᠭᠤᠤᠯᠳᠠᠯᠭ᠎ᠠ ᠲᠠᠢ | ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ 300 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ | ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠮᠤᠷᠢ | ᠤᠷᠤᠯᠳᠣᠬᠤ᠂ ᠥᠷᠢᠰᠦᠯᠳᠦᠭᠡᠨ ᠶᠠᠪᠤᠭᠤᠯᠬᠤ︾ ᠲᠣᠭᠲᠠᠴᠠ ᠶᠢ ᠬᠡᠷᠡᠭᠵᠢᠭᠦᠯᠵᠦ᠂ ᠪᠤᠭᠤᠲᠤ ᠠᠴᠠ ᠢᠷᠭᠠᠢ ᠬᠦᠷᠬᠦ | ᠲᠡᠭᠡᠲᠤ ᠬᠤᠷᠳᠣᠴᠠᠲᠤ ᠲᠡᠮᠦᠷ ᠵᠠᠮ ᠤᠨ ᠦᠬᠠᠶ ᠶᠢᠨ ᠬᠡᠰᠡᠭ ᠵᠡᠷᠭᠡ 13 ᠪᠡᠯᠡ ᠣᠷᠣᠭᠤᠯᠤᠯᠲᠠ ᠶᠢᠨ 50 | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ ᠴᠢᠩᠭ᠎ᠠ ᠠᠩᠬᠠᠷᠴᠤ᠂ ᠠᠵᠢᠯ ᠡᠬᠢᠯᠡᠭᠦᠯᠬᠦ᠂ ᠠᠬᠢᠴᠠ | ᠪᠠᠨ ᠲᠦᠷᠭᠡᠳᠭᠡᠬᠦ᠂ ᠠᠰᠢᠭᠯᠠᠯᠲᠠ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠠᠳᠬᠤᠵᠤ᠂ ᠲᠥᠷᠥᠯ | ᠵᠦᠢᠯ ᠤᠨ ᠲᠤᠭ᠎ᠠ ᠬᠡᠮᠵᠢᠶ᠎ᠡ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ᠂ ᠪᠡᠯᠡ ᠣᠷᠣᠭᠤᠯᠤᠯᠲᠠ ᠶᠢᠨ | ᠶᠡᠷᠦᠩᠬᠡᠶ ᠬᠡᠮᠵᠢᠶ᠎ᠡ ᠶᠢᠨ ︽ᠭᠤᠷᠪᠠ ᠶᠢ ᠵᠡᠷᠭᠡᠪᠡᠷ ᠳᠡᠭᠡᠭᠰᠢᠯᠡᠭᠦᠯᠬᠦ︾ ᠶᠢ ᠲᠦᠯᠬᠢᠨ ᠠᠬᠢᠭᠤᠯᠤᠨ᠎ᠠ᠃ ᠲᠠᠪᠤᠳᠤᠭᠠᠷ | ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠯᠦᠭᠡ ᠤᠶᠠᠯᠳᠤᠭᠤᠯᠤᠨ | ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠭᠤᠷᠢ ᠪᠡᠯᠡᠳᠬᠡᠮᠵᠢ ᠶᠢᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠶᠢᠨ ᠡᠮᠦᠨᠡᠬᠢ ᠬᠤᠭᠤᠴᠠᠭᠠᠨ ᠤ ᠠᠵᠢᠯ ᠢ ᠡᠭᠢᠯᠡᠬᠦᠯᠦᠨᠡ᠃ ᠪᠡᠯᠡ ᠮᠥᠩᠭᠦ ᠶᠢᠨ ᠳᠡᠮᠵᠢᠯᠭᠡ ᠶᠢ | ᠢᠳᠡᠪᠬᠢᠲᠡᠶ ᠪᠠᠷ ᠣᠯᠵᠤ᠂ ᠠᠷᠠᠳ ᠤᠨ ᠬᠥᠷᠥᠩᠭᠡ ᠶᠢᠨ ᠴᠢᠬᠤᠯᠠ ᠶᠡᠭᠡ ᠢᠨᠵᠧᠨᠧᠷᠢᠩ ᠪᠣᠯᠤᠨ ᠳᠤᠲᠠᠭᠤᠳᠠᠯ ᠢᠶᠠᠨ | ᠨᠥᠬᠦᠪᠥᠷᠢᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠬᠤ ᠪᠠ ᠲᠠᠲᠠᠨ᠎ᠠ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠳᠠᠬᠢᠨ ᠬᠦᠴᠦ ᠨᠡᠮᠡᠨ᠎ᠡ᠃ ︽ᠲᠣᠯᠣᠭᠠᠶᠢᠯᠠᠭᠴᠢ + ᠢᠵᠢ | ᠪᠦᠷᠢᠳᠦᠭᠦᠯᠬᠦ︾ ᠬᠤᠳᠠᠯᠳᠤᠭᠠᠴᠢᠨ ᠤᠷᠢᠬᠤ ᠰᠡᠳᠬᠢᠴᠡ ᠶᠢ ᠪᠠᠷᠢᠮᠲᠠᠯᠠᠵᠤ᠂ ᠪᠡᠭᠡᠵᠢᠩ ᠲᠢᠶᠠᠨᠵᠢᠨ ᠾᠧᠪᠧᠶ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠶᠡᠭᠡ ᠪᠤᠯᠤᠩ ᠤᠨ ᠣᠷᠣᠨ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠳᠤ | ᠠᠩᠬᠠᠷᠤᠯ ᠢᠶᠠᠨ ᠲᠥᠪᠯᠡᠷᠡᠭᠦᠯᠦᠨ᠂ ︽ᠦᠵᠦᠭᠦᠷᠯᠡᠬᠦ᠂ ᠬᠡᠪᠴᠢᠶᠡᠵᠢᠬᠦ᠂ ᠲᠡᠭᠡᠲᠤ ᠲᠡᠰᠵᠢᠬᠦ︾ ᠳᠤ ᠴᠢᠭᠯᠡᠬᠦᠯᠵᠤ᠂ | ︽ᠰᠦᠷᠦᠭᠵᠢᠯ᠂ ᠬᠡᠯᠬᠢᠶ᠎ᠡ᠂ ᠲᠤᠬᠢᠷᠠᠭᠤᠯᠤᠯᠳᠠ︾ ᠶᠢ ᠴᠢᠩᠭ᠎ᠠ ᠠᠩᠬᠠᠷᠴᠤ᠂ ᠨᠢᠭᠡ ᠪᠦᠯᠦᠭ ︽ᠲᠤᠰᠬᠠᠶ︾ ᠪᠣᠳᠠᠲᠤ | ᠬᠦᠴᠦᠨ ᠲᠠᠢ ᠲᠤᠯᠤᠭᠠᠶᠢᠯᠠᠭᠴᠢ ᠠᠵᠤ ᠠᠬᠤᠶᠢᠯᠠᠯ᠂ ᠬᠥᠭᠵᠢᠯᠲᠡ ᠶᠢᠨ ᠳᠠᠯᠳᠠ ᠬᠦᠴᠦᠨ ᠲᠠᠢ ᠪᠦᠬᠦᠩ ᠠᠵᠤ | ᠠᠬᠤᠶᠢᠯᠠᠯ ᠪᠣᠯᠤᠨ ︽ᠲᠤᠰᠬᠠᠶ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠢ ᠰᠠᠨᠠᠭᠠᠴᠢᠯᠠᠭ᠎ᠠ ᠠᠴᠠ ᠪᠠᠨ ᠤᠷᠢᠨ | ᠠᠪᠴᠢᠷᠠᠵᠤ᠂ ᠤᠯᠤᠰ ᠤᠨ ᠳᠣᠲᠣᠭᠠᠳᠤ ᠶᠢᠨ 230 ᠳ᠋ᠦᠩᠰᠢᠭᠤᠷ ᠲᠥᠭᠦᠷᠢᠭ ᠠᠴᠠ ᠲᠡᠭᠡᠭᠰᠢ ᠪᠠᠯᠠ ᠮᠥᠩᠭᠦ ᠶᠢ | ᠣᠷᠣᠭᠤᠯᠤᠨ ᠠᠪᠴᠢᠷᠠᠵᠤ᠂ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠪᠠᠯᠠ ᠣᠷᠣᠭᠤᠯᠤᠯᠲᠠ ᠶᠢ | 1000 ᠳ᠋ᠦᠩᠰᠢᠭᠤᠷ ᠲᠥᠭᠦᠷᠢᠭ ᠠᠴᠠ ᠳᠡᠭᠡᠭᠰᠢ ᠴᠢᠷᠮᠠᠶᠢᠨ ᠣᠷᠣᠭᠤᠯᠵᠤ᠂ ᠭᠤᠷᠤᠬ᠎ᠠ ᠪᠤᠯᠠᠭ ᠣᠷᠣᠰᠬᠠᠯ ᠳᠤ | ᠨᠡᠶᠢᠯᠡᠬᠦ᠂ ᠭᠤᠤᠯ ᠮᠦᠷᠡᠨ ᠲᠠᠯᠠᠢ ᠳᠤ ᠴᠢᠳᠬᠤᠯᠠᠬᠤ ᠮᠡᠲᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ | ᠬᠠᠯᠠᠭᠤᠨ ᠥᠷᠨᠢᠯᠲᠡ ᠶᠢ ᠪᠣᠶ ᠪᠤᠯᠭᠠᠨ᠎ᠠ᠃ ᠬᠦᠷᠢᠶᠡᠯᠡᠩ ᠲᠣᠭᠤᠷᠢᠭ ᠤᠨ ᠪᠦᠲᠦᠭᠡᠨ ᠪᠠᠢᠭᠤᠯᠤᠯᠲᠠ ᠳᠠᠬᠢᠨᠲᠠ ᠳᠡᠰ | ᠲᠡᠪᠰᠢᠬᠦᠯᠦᠨ᠎ᠡ᠃ ︽ᠨᠢᠭᠡ ᠣᠷᠣᠨ ᠳᠥᠷᠪᠡᠨ ᠬᠦᠷᠢᠶᠡᠯᠡᠩ︾ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ | ᠲᠥᠯᠥᠪᠯᠡᠨ᠂ ᠳᠣᠤᠷ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠬᠦᠷᠢᠶᠡᠯᠡᠩ ᠤᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠠᠯᠠᠪᠠᠶ ᠵᠡᠷᠭᠡ 18 ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠪᠠᠨ ᠲᠦᠷᠭᠡᠳᠬᠡᠵᠦ᠂ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ | ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠵᠡᠷᠭᠡ ᠠᠮᠢᠳᠤᠷᠠᠯ ᠤᠨ ᠢᠵᠢ ᠪᠥᠷᠢᠳᠦᠭᠦᠯᠬᠦ | ᠪᠡᠯᠡᠳᠬᠡᠮᠵᠢ ᠪᠠᠨ ᠲᠡᠭᠦᠯᠳᠡᠷᠵᠢᠭᠦᠯᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠬᠦᠷᠢᠶᠡᠯᠡᠩ | ᠲᠣᠭᠤᠷᠢᠭ ᠤᠨ ︽ᠴᠣ ᠰᠢᠨ᠎ᠡ ᠪᠤᠯᠭᠠᠵᠤ ᠴᠢᠨᠠᠷ ᠢ ᠨᠢ ᠳᠡᠭᠡᠭᠰᠢᠯᠡᠭᠦᠯᠬᠦ︾ ᠢᠨᠵᠧᠨᠧᠷᠢᠩ ᠢ ᠯᠠᠪᠳᠠᠭᠤᠨ ᠪᠠᠲᠤᠲᠠᠶ | ᠥᠷᠨᠢᠭᠦᠯᠵᠦ᠂ ᠲᠤᠰ ᠵᠢᠯ ᠳᠤ 115 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ | ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 200 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ | ᠬᠦᠷᠦᠭᠦᠯᠬᠦ ᠪᠠᠷ ᠴᠢᠷᠮᠠᠶᠢᠨ᠎ᠠ᠃ ᠲᠤᠤᠷ᠎ᠠ ᠨᠡᠭᠦᠷᠡᠰᠦᠳᠦ᠋ᠷᠦᠭᠴᠢᠳᠤ ᠠᠵᠤ ᠦᠢᠯᠡᠰ ᠤᠨ ᠬᠦᠷᠢᠶᠡᠯᠡᠩ ᠢᠶᠠᠷ | ᠲᠤᠷᠰᠢᠯᠳᠠ ᠶᠢᠨ ᠴᠢᠭ ᠪᠤᠯᠭᠠᠵᠤ᠂ ᠲᠤᠤᠷ᠎ᠠ ᠨᠡᠭᠦᠷᠡᠰᠦᠳᠦ᠋ᠷᠦᠭᠴᠢᠳᠤ ᠪᠠ ᠨᠡᠭᠦᠷᠡᠰᠦᠳᠦ᠋ᠷᠦᠭᠴᠢᠬᠦᠢ ᠮᠡᠷᠭᠡᠵᠢᠯ ᠤᠨ | ᠬᠡᠷᠡᠭᠯᠡᠭᠡᠨ ᠤ ᠵᠢᠱᠢᠶ᠎ᠠ ᠦᠵᠡᠭᠦᠯᠭᠦ ᠶᠢ ᠦᠷᠨᠢᠭᠦᠯᠵᠤ᠂ ᠲᠤᠤᠷ᠎ᠠ ᠨᠡᠭᠦᠷᠡᠰᠦᠳᠦ᠋ᠷᠦᠭᠴᠢᠳᠤ ᠪᠠ | ᠨᠡᠭᠦᠷᠡᠰᠦᠳᠦ᠋ᠷᠦᠭᠴᠢᠬᠦᠢ ᠵᠢᠱᠢᠶᠡᠴᠢ ᠬᠦᠷᠢᠶᠡᠯᠡᠩ ᠲᠤᠭᠤᠷᠢᠭ ᠢ ᠪᠦᠳᠦᠭᠡᠨ ᠪᠠᠶᠢᠭᠤᠯᠤᠨ᠎ᠠ᠃ ᠡᠯᠧᠮᠧᠨ᠋ᠲ ᠤᠨ | ᠪᠠᠲᠤᠯᠠᠭ᠎ᠠ ᠪᠠᠨ ᠲᠠᠬᠢᠨ ᠪᠠᠲᠤᠳᠬᠠᠨ᠎ᠠ᠃ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ | ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠮᠥ ᠪᠦᠷᠢ ᠶᠢᠨ ᠤᠨᠠᠯᠳᠠ᠂ ᠡᠨᠧᠷᠭᠢ | ᠬᠤᠷᠣᠭᠳᠠᠯ ᠤᠨ ᠬᠡᠮᠵᠢᠶ᠎ᠡ᠂ ᠤᠰᠤ ᠠᠷᠪᠢᠯᠠᠭᠰᠠᠨ ᠪᠠᠶᠢᠳᠠᠯ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠤᠭᠰᠠᠨ | ᠬᠡᠪᠴᠢᠶ᠎ᠡ ᠪᠠᠷ ᠪᠠᠭᠠᠲᠤᠷᠴᠤᠳ ᠢ ᠦᠨᠡᠯᠡᠬᠦ︾ ᠰᠢᠰᠲ᠋ᠧᠮᠵᠢ ᠶᠢ ᠪᠠᠶᠢᠭᠤᠯᠤᠨ᠎ᠠ᠃ ᠢᠯᠴᠢ ᠶᠢᠨ ᠴᠠᠬᠢᠯᠭᠠᠨ ᠤ ᠮᠠᠰᠢᠨ | ᠴᠣᠭᠴᠠᠯᠠᠪᠤᠷᠢ ᠶᠢᠨ ︽ᠵᠢᠵᠢᠭ ᠢ ᠰᠢᠭᠰᠢᠭᠳᠡᠬᠦᠯᠵᠦ ᠶᠡᠭᠡ ᠶᠢ ᠣᠭᠰᠠᠷᠠᠬᠤ︾ ᠶᠢ ᠲᠦᠯᠬᠢᠨ ᠠᠬᠢᠭᠤᠯᠵᠤ᠂ 8 ᠠᠵᠤ | ᠠᠬᠤᠶᠢᠯᠠᠯ ᠤᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ 7 ᠠᠵᠤ ᠠᠬᠤᠶᠢᠯᠠᠯ ᠤᠨ ᠡᠨᠧᠷᠭᠢ ᠠᠷᠪᠢᠯᠠᠬᠤ | ᠮᠡᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠴᠢᠬᠤᠯᠠ ᠶᠡᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ | ᠴᠢᠬᠤᠯᠠ ᠶᠡᠭᠡ ᠬᠦᠴᠦᠨ ᠵᠦᠢᠯ ᠤᠨ ᠣᠷᠣᠨ ᠵᠠᠶ ᠭᠠᠷᠭᠠᠨ᠎ᠠ᠃ ᠰᠢᠨ᠎ᠡ ᠡᠨᠧᠷᠭᠢ ᠶᠢᠨ ᠣᠷᠭᠢᠯ ᠲᠣᠬᠢᠷᠠᠭᠤᠯᠬᠤ | ᠴᠠᠬᠢᠯᠭᠠᠨ ᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢᠶᠠᠨ | ᠠᠬᠢᠭᠤᠯᠤᠨ᠎ᠠ᠃ ᠬᠦᠷᠢᠶᠡᠯᠡᠩ ᠲᠣᠭᠤᠷᠢᠭ ᠤᠨ ᠡᠨᠧᠷᠭᠢ ᠶᠢᠨ ᠬᠤᠷᠣᠭᠳᠠᠯ᠂ ᠤᠰᠤᠨ ᠤ ᠡᠬᠢ ᠪᠠᠶᠠᠯᠢᠭ ᠵᠡᠷᠭᠡ | ᠡᠯᠧᠮᠧᠨ᠋ᠲ ᠤᠨ ᠬᠦᠢᠴᠡᠳᠬᠡᠯ ᠲᠤᠭ᠎ᠠ ᠶᠢ ᠨᠢᠭᠡᠳᠦᠯᠲᠡᠶ ᠲᠥᠯᠥᠪᠯᠡᠵᠦ᠂ ᠴᠢᠬᠤᠯᠠ ᠶᠡᠭᠡ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠬᠡᠷᠡᠭᠯᠡᠭᠡ ᠶᠢᠨ ᠬᠠᠩᠭᠠᠯᠭ᠎ᠠ ᠶᠢ ᠳᠠᠬᠢᠨᠲᠠ | ᠰᠢᠯᠢᠳᠡᠭᠵᠢᠭᠦᠯᠤᠨ᠎ᠠ᠃ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ | ᠲᠠᠪᠴᠠᠩ ᠤᠨ ᠠᠵᠤ ᠠᠬᠤᠶ᠂ ᠲᠦᠷᠦᠭᠦᠦ ᠳᠡᠯᠭᠡᠭᠦᠷ ᠤᠨ ᠠᠵᠤ ᠠᠬᠤᠶ᠂ ᠰᠥᠨᠢ ᠶᠢᠨ ᠠᠵᠤ ᠠᠬᠤᠶ᠂ | ᠰᠦᠯᠵᠢᠶᠡᠨ ᠤ ᠣᠲᠤ ᠶᠢᠨ ᠠᠵᠤ ᠠᠬᠤᠶ ᠶᠢ ᠢᠳᠡᠪᠬᠢᠲᠡᠶ ᠪᠤᠶᠢᠵᠢᠭᠤᠯᠵᠤ᠂ ᠨᠢᠭᠡ ᠪᠦᠯᠦᠭ ᠬᠤᠰᠢᠭᠤᠴᠢ ᠳᠡᠯᠭᠡᠭᠦᠷ᠂ | ᠪᠡᠶᠡᠴᠢᠯᠡᠨ ᠣᠶᠢᠯᠠᠭᠠᠬᠤ ᠳᠡᠯᠭᠡᠭᠦᠷ ᠢ ᠴᠢᠷᠮᠠᠶᠢᠨ ᠣᠷᠣᠭᠤᠯᠤᠨ ᠠᠪᠴᠢᠷᠠᠵᠤ᠂ ᠨᠢᠭᠡ ᠪᠦᠯᠦᠭ ᠣᠨᠴᠠᠯᠢᠭᠲᠤ ᠵᠡᠭᠡᠯᠢ | ᠲᠣᠭᠤᠷᠢᠭ᠂ ᠤᠷᠤᠰᠬᠠᠯ ᠲᠠᠭᠠᠭᠰᠠᠨ ᠰᠥᠨᠢ ᠶᠢᠨ ᠵᠠᠬ᠎ᠠ ᠳᠡᠯᠭᠡᠭᠦᠷ᠂ ᠰᠦᠯᠵᠢᠶᠡᠨ ᠤ ᠣᠲᠤ ᠶᠢᠨ ᠺᠠᠷᠲᠳᠠᠬᠤ | ᠭᠠᠵᠠᠷ ᠢ ᠪᠤᠶᠢᠵᠢᠭᠤᠯᠤᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠣᠷᠣᠨ | ᠪᠦᠰᠡ ᠶᠢᠨ ᠬᠡᠷᠡᠭᠯᠡᠭᠡ ᠲᠥᠪᠯᠡᠷᠡᠭᠰᠡᠨ ᠭᠠᠵᠠᠷ ᠢ ᠬᠦᠴᠦᠯᠡᠨ ᠪᠠᠶᠢᠭᠤᠯᠤᠨ᠎ᠠ᠃ ᠡᠯ᠎ᠡ ᠲᠥᠷᠥᠯ ᠤᠨ ᠪᠣᠷᠣᠯᠠᠭᠤᠯᠭ᠎ᠠ ᠶᠢ | ᠠᠬᠢᠭᠤᠯᠬᠤ ᠠᠵᠢᠯᠯᠠᠭ᠎ᠠ ᠶᠢ ᠪᠠᠶᠢᠩᠭᠤᠵᠢᠭᠤᠯᠤᠨ ᠡᠷᠬᠢᠯᠡᠵᠦ᠂ ᠣᠷᠣᠨ ᠰᠠᠭᠤᠴᠠ ᠶᠢ ᠰᠠᠶᠢᠵᠢᠷᠠᠭᠤᠯᠬᠤ᠂ ᠰᠢᠨ᠎ᠡ | ᠡᠨᠧᠷᠭᠢ ᠶᠢᠨ ᠮᠠᠰᠢᠨ ᠲᠡᠷᠭᠡ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠬᠡᠷᠡᠭᠯᠡᠭᠡ ᠶᠢ ᠵᠣᠷᠢᠭᠵᠢᠭᠤᠯᠵᠤ᠂ | ᠵᠡᠭᠡᠯᠢ ᠲᠣᠭᠤᠷᠢᠭ ᠤᠨ ᠵᠠᠬ᠎ᠠ ᠳᠡᠯᠭᠡᠭᠦᠷ᠂ ᠡᠭᠦᠳᠡᠨ ᠳᠡᠯᠭᠡᠭᠦᠷ ᠬᠤᠳᠠᠯᠳᠤᠭᠠᠨ ᠤ ᠳᠡᠯᠭᠡᠭᠦᠷ ᠵᠡᠷᠭᠡ ᠪᠥᠬᠦ ᠲᠠᠯ᠎ᠠ ᠪᠠᠷ | ᠬᠥᠭᠵᠢᠶᠡᠨᠲᠡᠶ ᠪᠤᠯᠭᠠᠬᠤ ᠶᠢ ᠠᠬᠢᠭᠤᠯᠵᠤ᠂ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠪᠠᠳᠠᠷᠠᠭᠤᠯᠤᠨ᠎ᠠ᠃ | ︵ᠬᠤᠶᠠᠷ︶ ᠰᠢᠯᠢᠳᠡᠭ ᠢ ᠪᠤᠶᠢᠵᠢᠭᠤᠯᠵᠤ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠬᠦᠯᠬᠦ ᠶᠢ ᠲᠦᠷᠭᠡᠳᠬᠡᠨ ᠠᠬᠢᠭᠤᠯᠤᠨ᠎ᠠ | ᠠᠵᠤ ᠠᠬᠤᠶ ᠶᠢ ᠬᠥᠭᠵᠢᠭᠦᠯᠬᠦ ᠬᠦᠴᠦᠯᠡᠬᠦ ᠴᠢᠭ ᠢᠶᠠᠨ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ | ᠲᠠᠯᠪᠢᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ | ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠨ | ᠠᠭᠤᠰᠤᠯᠴᠠᠭᠤᠯᠵᠤ᠂ ︽ᠨᠡᠭᠦᠷᠡᠰᠦ ᠬᠡᠤᠷᠡᠰᠦ ᠶᠢᠨ ᠠᠵᠤ ᠦᠢᠯᠡᠰ ᠢ ᠪᠠᠬᠢᠵᠢᠭᠦᠯᠬᠦ᠂ ᠬᠢᠮᠢ ᠶᠢᠨ ᠠᠵᠤ | ᠦᠢᠯᠡᠳᠪᠦᠷᠢ ᠶᠢ ᠳᠡᠭᠡᠭᠰᠢᠯᠡᠭᠦᠯᠬᠦ᠂ ᠪᠠᠶᠢᠯᠳᠣᠬᠤ ᠪᠤᠲᠤᠯᠭ᠎ᠠ ᠶᠢᠨ ᠰᠢᠨ᠎ᠡ ᠪᠠᠷ ᠬᠦᠭᠵᠢᠭᠰᠡᠨ ᠠᠵᠤ ᠦᠢᠯᠡᠰ ᠢ | ᠪᠤᠶᠢᠵᠢᠭᠤᠯᠬᠤ᠂ ᠲᠣᠨᠤᠭ ᠲᠥᠬᠦᠭᠡᠷᠦᠮᠵᠢ ᠦᠢᠯᠡᠳᠬᠦ ᠬᠡᠪᠴᠢᠶ᠎ᠡ ᠪᠠᠨ ᠥᠷᠭᠡᠳᠬᠡᠬᠦ᠂ ᠤᠯᠠᠮᠵᠢᠯᠠᠯᠲᠤ ᠠᠵᠤ | ᠦᠢᠯᠡᠰ ᠢ ᠰᠢᠯᠢᠳᠡᠭᠵᠢᠭᠦᠯᠬᠦ︾ ᠠᠵᠤ ᠦᠢᠯᠡᠰ ᠤᠨ ᠬᠥᠭᠵᠢᠯᠲᠡ ᠶᠢᠨ ᠰᠡᠳᠬᠢᠴᠡ ᠶᠣᠰᠣᠭᠠᠷ᠂ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠬᠤ᠂ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠰᠢᠨ᠎ᠡ ᠰᠢᠪᠲᠤᠯᠤᠯᠲᠠ ᠲᠠᠢ ᠪᠣᠯᠭᠠᠬᠤ ᠶᠢ | ᠠᠬᠢᠭᠤᠯᠵᠤ᠂ ᠠᠵᠤ ᠦᠢᠯᠡᠳᠪᠦᠷᠢ ᠶᠢᠨ ᠬᠦᠴᠦᠷᠬᠡᠭ ᠬᠤᠲᠠ ᠶᠢ ᠬᠦᠴᠦᠯᠡᠨ ᠪᠠᠶᠢᠭᠤᠯᠤᠨ᠎ᠠ᠃ ᠤᠯᠠᠮᠵᠢᠯᠠᠯᠲᠤ ᠠᠵᠤ | ᠦᠢᠯᠡᠰ ᠢ ᠥᠭᠡᠷᠡᠴᠢᠯᠡᠨ ᠳᠡᠰ ᠳᠡᠪᠰᠢᠭᠦᠯᠬᠦ ᠶᠢ ᠠᠬᠢᠭᠤᠯᠤᠨ᠎ᠠ᠃ ᠨᠡᠭᠦᠷᠡᠰᠦ ᠶᠢ ᠠᠷᠢᠭᠤᠨ ᠴᠡᠪᠡᠷ ᠥᠨᠳᠥᠷ | ᠪᠦᠲᠦᠮᠵᠢᠲᠡᠶ ᠪᠠᠷ ᠠᠰᠢᠭᠯᠠᠬᠤ ᠡᠨᠡ ᠬᠦ ᠠᠵᠢᠯ ᠢᠶᠠᠨ ᠨᠠᠷᠢᠨ ᠨᠢᠮᠪᠠᠶ ᠰᠠᠶᠢᠲᠤᠷ ᠬᠢᠵᠦ᠂ ᠨᠡᠭᠦᠷᠡᠰᠦ ᠪᠠᠷ ᠰᠠᠭᠤᠷᠢ | ᠪᠣᠯᠭᠠᠭᠰᠠᠨ ᠠᠵᠤ ᠦᠢᠯᠡᠰ ᠤᠨ ᠬᠡᠯᠬᠢᠶ᠎ᠡ ᠶᠢ ᠣᠨᠣᠪᠴᠢᠲᠠᠶ ᠪᠠᠷ ᠤᠷᠲᠤᠳᠬᠠᠵᠤ᠂ ᠡᠬᠢ ᠪᠠᠶᠠᠯᠢᠭ ᠤᠨ ᠬᠡᠯᠪᠡᠷᠢ ᠶᠢᠨ | ᠠᠵᠤ ᠦᠢᠯᠡᠰ ᠤᠨ ᠭᠤᠤᠯᠯᠠᠬᠤ ᠥᠷᠢᠰᠥᠯᠳᠦᠬᠦ ᠬᠦᠴᠦᠨ ᠢᠶᠠᠨ ᠳᠡᠭᠡᠭᠰᠢᠯᠡᠭᠦᠯᠦᠨ᠎ᠠ᠃ ᠴᠢᠬᠤᠯᠠ ᠡᠨᠧᠷᠭᠢ᠂ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠵᠦ ᠨᠡᠭᠡᠭᠡᠬᠦ ᠪᠠ ᠬᠠᠳᠠᠭᠠᠯᠠᠬᠤ ᠪᠠᠨ ᠨᠡᠮᠡᠭᠳᠡᠭᠦᠯᠦᠨ | ᠣᠯᠠᠨ ᠲᠠᠯ᠎ᠠ ᠪᠠᠷ ᠦᠢᠯᠡᠳᠪᠦᠷᠢᠯᠡᠬᠦ ᠶᠢ ᠪᠠᠲᠤᠯᠠᠵᠤ᠂ ᠨᠡᠭᠦᠷᠡᠰᠦ ᠶᠢ ᠬᠠᠶᠢᠨ ᠰᠢᠨᠵᠢᠬᠦ ᠪᠠ ᠠᠭᠤᠷᠬᠠᠢ ᠬᠠᠶᠢᠨ | ᠰᠢᠨᠵᠢᠬᠦ ᠡᠷᠬᠡ ᠶᠢ ᠠᠭᠤᠷᠬᠠᠢ ᠮᠠᠯᠲᠠᠬᠤ ᠡᠷᠬᠡ ᠳᠤ ᠰᠢᠯᠵᠢᠭᠦᠯᠬᠦ ᠭᠠᠷᠳᠠᠮ ᠬᠦᠢᠴᠡᠳᠭᠡᠬᠦ ᠠᠵᠢᠯ ᠢ ᠠᠬᠢᠭᠤᠯᠵᠤ᠂ | ᠨᠡᠭᠦᠷᠡᠰᠦᠨ ᠤ ᠦᠷᠭᠦᠯᠵᠢᠯᠡᠨ ᠬᠥᠭᠵᠢᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠡᠦᠷᠰᠢᠭᠦᠯᠬᠦ ᠠᠵᠤ | ᠦᠢᠯᠡᠰ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠵᠤ ᠳᠡᠰ ᠳᠡᠪᠰᠢᠭᠦᠯᠬᠦ ᠶᠢ ᠤᠷᠲᠤ ᠬᠤᠭᠤᠴᠠᠭ᠎ᠠ ᠪᠠᠷ | ᠠᠬᠢᠭᠤᠯᠵᠤ᠂ 3 ᠬᠤᠯᠪᠣᠭᠠᠯᠠᠨ ᠦᠢᠯᠡᠳᠪᠦᠷᠢᠯᠡᠬᠦ ᠬᠡᠦᠷᠰᠢᠭᠦᠯᠬᠦ ᠲᠥᠷᠥᠯ ᠵᠦᠢᠯ ᠤᠨ ᠠᠵᠢᠯ ᠡᠬᠢᠯᠡᠬᠦ ᠶᠢ | ᠠᠬᠢᠭᠤᠯᠵᠤ᠂ 6 ᠨᠡᠭᠦᠷᠡᠰᠦᠵᠢᠭᠦᠯᠬᠦ ᠲᠠᠰᠤᠭ ᠤᠨ ᠦᠨᠳᠦᠷ ᠨᠢ 4.3 ᠮᠧᠲᠷ᠂ ᠦᠢᠯᠡᠳᠪᠦᠷᠢᠯᠡᠯ ᠤᠨ ᠴᠢᠳᠠᠪᠤᠷᠢ ᠨᠢ | 100 ᠲᠦᠮᠡᠨ ᠲᠣᠨ ᠠᠴᠠ ᠳᠣᠷᠣᠭᠰᠢᠬᠢ ᠬᠡᠤᠷᠰᠢᠭᠦᠯᠬᠦ ᠲᠥᠷᠥᠯ ᠵᠦᠢᠯ ᠢ ᠬᠠᠭᠠᠵᠤ ᠵᠣᠭᠰᠣᠭᠠᠵᠤ᠂ 679 | ᠲᠦᠮᠡᠨ ᠲᠣᠨ ᠦᠢᠯᠡᠳᠪᠦᠷᠢᠯᠡᠬᠦ ᠴᠢᠳᠠᠪᠤᠷᠢ ᠶᠢ ᠰᠢᠭᠰᠢᠭᠳᠡᠭᠦᠯᠵᠦ᠂ ᠨᠡᠭᠦᠷᠡᠰᠦ ᠬᠡᠤᠷᠰᠢᠭᠦᠯᠬᠦ ᠰᠢᠨ᠎ᠡ ᠵᠤᠤᠬ᠎ᠠ ᠶᠢ | ᠡᠷᠬᠡᠪᠰᠢ 6.25 ᠮᠧᠲᠷ ᠵᠢᠴᠢ ᠲᠡᠭᠦᠨ ᠠᠴᠠ ᠳᠡᠭᠡᠭᠰᠢ ᠳᠤ ᠬᠦᠷᠦᠭᠦᠯᠵᠦ᠂ ᠤᠯᠤᠰ ᠤᠨ ᠲᠠᠰ ᠤᠨ ᠪᠣᠬᠢᠷᠲᠤᠯ | ᠥᠬᠡᠶ ᠬᠡᠤᠷᠰᠢᠭᠦᠯᠬᠦ ᠠᠵᠤ ᠦᠢᠯᠡᠰ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠨᠡᠭᠦᠷᠡᠰᠦ ᠤᠬᠢᠶᠠᠵᠤ | ᠰᠢᠯᠢᠬᠦ ᠠᠵᠢᠯ ᠲᠥᠷᠥᠯ ᠳᠤ ᠡᠭᠴᠡ ᠪᠠᠷ ᠨᠡᠶᠢᠳᠭᠡᠭᠦ ᠶᠢ ᠬᠡᠷᠡᠭᠵᠢᠭᠦᠯᠵᠦ᠂ ᠶᠡᠷᠦᠩᠬᠡᠶᠢᠯᠡᠭᠰᠡᠨ ᠴᠢᠨᠠᠷᠲᠠᠶ | ᠨᠡᠭᠦᠷᠡᠰᠦᠨ ᠤ ᠠᠵᠤ ᠦᠢᠯᠡᠰ ᠤᠨ ᠬᠦᠷᠢᠶᠡᠯᠡᠩ ᠢ ᠪᠥᠲᠥᠭᠡᠨ ᠪᠠᠶᠢᠭᠤᠯᠤᠨ᠎ᠠ᠃ ᠨᠠᠷᠢᠯᠢᠭ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠢ ᠭᠦᠨᠵᠡᠭᠡᠶ ᠬᠥᠭᠵᠢᠭᠦᠯᠵᠦ᠂ ᠤᠤᠯ ᠡᠮ᠂ ᠢᠳᠡᠭᠡᠨ ᠤ ᠨᠡᠮᠡᠯᠲᠡ ᠡᠳ᠋ ᠵᠡᠷᠭᠡ | ᠳᠡᠭᠡᠳᠦ ᠲᠠᠰ ᠤᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠬᠡᠯᠬᠢᠶ᠎ᠡ ᠶᠢ ᠨᠢ | ᠤᠷᠲᠤᠳᠬᠠᠵᠤ᠂ ᠦᠵᠦᠬᠦᠷᠯᠡᠭᠰᠡᠨ ᠬᠥᠭᠵᠢᠯᠲᠡ ᠶᠢ ᠠᠬᠢᠭᠤᠯᠤᠨ᠎ᠠ᠃ ᠣᠨᠴᠠ ᠲᠥᠷᠥᠯ ᠤᠨ ᠰᠢᠯ᠂ ᠣᠨᠴᠠ | ᠲᠥᠷᠥᠯ ᠤᠨ ᠬᠡᠯᠪᠡᠷᠢ ᠶᠢᠨ ᠮᠠᠲ᠋ᠧᠷᠢᠶᠠᠯ ᠵᠡᠷᠭᠡ ᠲᠡᠮᠦᠷᠯᠢᠭ ᠪᠠᠷᠢᠯᠭ᠎ᠠ ᠶᠢᠨ ᠮᠠᠲ᠋ᠧᠷᠢᠶᠠᠯ ᠤᠨ ᠠᠵᠢᠯ ᠲᠥᠷᠥᠯ ᠤᠨ | ᠠᠵᠤ ᠠᠬᠤᠶᠢᠯᠠᠯ ᠢ ᠲᠣᠭᠲᠠᠪᠤᠷᠢᠵᠢᠭᠤᠯᠤᠨ ᠬᠡᠯᠬᠢᠶ᠎ᠡ ᠶᠢ ᠨᠢ ᠪᠠᠬᠢᠵᠢᠭᠦᠯᠬᠦ᠂ ᠵᠠᠬ᠎ᠠ ᠳᠡᠯᠭᠡᠭᠦᠷ ᠨᠡᠭᠡᠭᠡᠬᠦ ᠶᠢ ᠨᠢ | ᠰᠠᠶᠢᠲᠤᠷ ᠠᠳᠬᠤᠵᠤ᠂ ᠦᠢᠯᠡᠳᠪᠦᠷᠢᠯᠡᠬᠦ ᠬᠠᠩᠭᠠᠬᠤ ᠪᠣᠷᠣᠯᠠᠭᠤᠯᠬᠤ ᠭᠤᠷᠪᠠ ᠶᠢ ᠬᠠᠮᠵᠢᠯᠴᠠᠭᠤᠯᠬᠤ᠂ ᠳᠡᠭᠡᠳᠦ | ᠳᠣᠣᠷᠠᠳᠤ ᠤᠷᠤᠰᠬᠠᠯ ᠤᠨ ᠢᠵᠢ ᠪᠦᠷᠢᠳᠦᠭᠦᠯᠬᠦ ᠶᠢ ᠠᠬᠢᠭᠤᠯᠤᠨ᠎ᠠ᠃ ᠤᠯᠠᠮᠵᠢᠯᠠᠯᠲᠤ ᠠᠵᠤ ᠦᠢᠯᠡᠰ ᠤᠨ ᠬᠡᠯᠪᠡᠷᠢ | ᠪᠠᠨ ᠲᠣᠭᠠᠴᠢᠯᠠᠨ ᠬᠤᠪᠢᠷᠠᠭᠤᠯᠬᠤ ᠶᠢ ᠠᠬᠢᠭᠤᠯᠵᠤ᠂ 5G ᠶᠢᠨ ᠰᠠᠭᠤᠷᠢ ᠥᠷᠲᠡᠭᠡ ᠶᠢ 600 ᠰᠢᠨ᠎ᠡ ᠪᠠᠷ | ᠪᠠᠶᠢᠭᠤᠯᠵᠤ᠂ ᠠᠭᠤᠷᠬᠠᠢ ᠶᠢᠨ ᠣᠷᠣᠨ ᠤ 5G ᠶᠢᠨ ᠰᠦᠯᠵᠢᠶ᠎ᠡ ᠶᠢ ᠪᠦᠷᠢᠨ ᠪᠦᠷᠬᠦᠭᠦᠯᠬᠦ ᠶᠢ ᠠᠬᠢᠭᠤᠯᠵᠤ᠂ ᠠᠵᠤ | ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠵᠦ᠂ | ᠨᠢᠭᠡ ᠪᠦᠯᠦᠭ ᠤᠶᠤᠨᠲᠤ ᠦᠢᠯᠡᠳᠪᠦᠷᠢ᠂ ᠲᠣᠭᠠᠴᠢᠯᠠᠭᠰᠠᠨ ᠦᠢᠯᠡᠳᠪᠦᠷᠢ ᠶᠢᠨ ᠲᠠᠰᠤᠭ ᠢ ᠪᠠᠶᠢᠭᠤᠯᠤᠨ᠎ᠠ᠃ ᠬᠤᠶᠠᠷ | ᠶᠡᠭᠡ ᠰᠠᠭᠤᠷᠢᠨ ᠭᠠᠵᠠᠷ ᠤᠨ ᠬᠥᠭᠵᠢᠯᠲᠡ ᠶᠢᠨ ᠬᠤᠷᠳᠤᠴᠠ ᠪᠠᠨ ᠲᠦᠷᠭᠡᠳᠭᠡᠨ᠎ᠡ᠃ ᠬᠡᠯᠬᠢᠶᠡᠨ ᠤ ᠰᠦᠷᠦᠭᠵᠢᠯ ᠤᠨ | ᠰᠡᠳᠬᠢᠬᠦᠶ ᠪᠠᠷ ᠨᠡᠮᠡᠭᠳᠡᠯ ᠤᠨ ᠬᠡᠮᠵᠢᠶ᠎ᠡ ᠪᠠᠨ ᠥᠷᠭᠡᠳᠬᠡᠵᠦ᠂ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠰᠢᠨ᠎ᠡ | ᠡᠨᠧᠷᠭᠢ᠂ ᠰᠢᠨ᠎ᠡ ᠮᠠᠲ᠋ᠧᠷᠢᠶᠠᠯ ᠭᠡᠬᠦ ᠬᠤᠶᠠᠷ ᠶᠡᠭᠡ ᠪᠦᠬᠦ ᠠᠵᠤ ᠦᠢᠯᠡᠰ ᠤᠨ ᠬᠡᠯᠬᠢᠶ᠎ᠡ ᠶᠢᠨ ᠰᠠᠭᠤᠷᠢᠨ ᠢ ᠪᠦᠬᠦ | ᠬᠦᠴᠦᠨ ᠢᠶᠠᠷ ᠢᠶᠠᠨ ᠪᠠᠶᠢᠭᠤᠯᠵᠤ᠂ ᠬᠥᠭᠵᠢᠯᠲᠡ ᠶᠢᠨ ᠰᠢᠨ᠎ᠡ ᠬᠦᠷᠢᠶ᠎ᠡ᠂ ᠰᠢᠨ᠎ᠡ ᠤᠷᠤᠯᠳᠤᠭᠠᠨ ᠤ ᠵᠠᠮ ᠢ ᠪᠦᠬᠦ | ᠬᠦᠴᠦᠨ ᠢᠶᠠᠷ ᠢᠶᠠᠨ ᠨᠡᠭᠡᠭᠡᠨ᠎ᠡ᠃ ᠲᠠᠷᠬᠠᠮᠠᠯ ᠭᠡᠷᠡᠯ ᠴᠡᠨᠡᠭ ᠤᠨ 21 ᠲᠥᠷᠥᠯ ᠵᠦᠢᠯ ᠤᠨ ᠲᠤᠤᠷᠵᠢᠯ ᠢ ᠠᠬᠢᠭᠤᠯᠵᠤ᠂ | ᠭᠡᠷᠡᠯ ᠸᠣᠯᠲ᠂ ᠯᠢᠲ᠋ᠢ ᠴᠠᠬᠢᠯᠭᠠᠨ ᠵᠡᠷᠭᠡ 6 ᠲᠥᠷᠥᠯ ᠵᠦᠢᠯ ᠤᠨ ᠠᠵᠢᠯ ᠡᠬᠢᠯᠡᠬᠦ ᠶᠢ ᠬᠦᠴᠦᠯᠡᠨ ᠠᠬᠢᠭᠤᠯᠵᠤ᠂ | ᠤᠰᠤᠲᠥ᠋ᠷᠥᠭᠴᠢ ᠦᠢᠯᠡᠳᠬᠦ᠂ ᠤᠰᠤᠲᠥ᠋ᠷᠥᠭᠴᠢ ᠬᠠᠳᠠᠭᠠᠯᠠᠬᠤ᠂ ᠤᠰᠤᠲᠥ᠋ᠷᠥᠭᠴᠢ ᠬᠡᠷᠡᠭᠯᠡᠬᠦ ᠵᠡᠷᠭᠡ | ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠤᠰᠤᠲᠥ᠋ᠷᠥᠭᠴᠢ ᠠᠵᠤ ᠠᠬᠤᠶ ᠶᠢᠨ | ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠵᠤ᠂ ᠪᠦᠬᠦ ᠤᠯᠤᠰ ᠤᠨ ︽ᠰᠡᠯᠬᠢ ᠬᠡᠷᠡᠯ ᠤᠰᠤᠲᠥ᠋ᠷᠥᠭᠴᠢ ᠶᠢ | ᠨᠥᠭᠡᠴᠡᠯᠡᠨ ᠬᠡᠷᠡᠭᠯᠡᠬᠦ︾ ᠶᠢ ᠨᠢᠭᠡ ᠴᠤᠭᠴᠠᠵᠢᠭᠤᠯᠤᠭᠰᠠᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ ᠡᠷᠬᠢᠨ | ᠲᠣᠭᠤᠷᠢᠨ ᠤ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠮᠡᠭᠳᠡᠯ ᠳᠠᠭᠠᠭᠠᠴᠠ ᠶᠢᠨ | ᠪᠤᠬᠢᠷᠲᠤᠯ ᠦᠭᠡᠢ ᠴᠠᠬᠢᠯᠭᠠᠨ ᠤ ᠲᠣᠬᠢᠷᠠᠭᠤᠯᠤᠯᠲᠠ᠂ ᠦᠯᠡᠳᠡᠭᠡᠯ ᠳᠠᠭᠠᠭᠠᠴᠠ ᠶᠢᠨ ᠪᠤᠬᠢᠷᠲᠤᠯ ᠦᠭᠡᠢ ᠴᠠᠬᠢᠯᠭᠠᠨ ᠤ | ᠣᠷᠤᠯᠠᠭᠤᠯᠤᠯᠲᠠ ᠶᠢ ᠠᠬᠢᠭᠤᠯᠵᠤ᠂ ᠮᠢᠩᠭᠠᠨ ᠲᠦᠮᠡᠨ ᠺᠢᠯᠣᠸᠠᠲ ᠤᠨ ᠲᠠᠰ ᠤᠨ ᠲᠣᠮᠣ ᠬᠡᠯᠪᠡᠷᠢ ᠶᠢᠨ ᠰᠢᠨ᠎ᠡ | ᠡᠨᠧᠷᠭᠢ ᠶᠢᠨ ᠰᠠᠭᠤᠷᠢᠨ ᠭᠠᠵᠠᠷ ᠪᠠ ᠪᠤᠬᠢᠷᠲᠤᠯ ᠦᠭᠡᠢ ᠴᠠᠬᠢᠯᠭᠠᠨ ᠤ ᠣᠷᠤᠯᠠᠭᠤᠯᠤᠯᠲᠠ ᠶᠢᠨ ᠬᠠᠮᠲᠤᠷᠠᠯᠴᠠᠭᠠᠨ ᠤ | ᠵᠢᠱᠢᠶ᠎ᠡ ᠦᠵᠡᠭᠦᠯᠬᠦ ᠣᠷᠣᠨ ᠢ ᠬᠦᠴᠦ ᠪᠠᠨ ᠬᠠᠮᠲᠤᠳᠬᠠᠨ ᠪᠠᠶᠢᠭᠤᠯᠤᠨ᠎ᠠ᠃ ᠵᠠᠭᠤᠨ ᠳ᠋ᠦᠩᠰᠢᠭᠤᠷ ᠲᠥᠭᠦᠷᠢᠭ | ᠳᠡᠭᠡᠭᠰᠢ ᠪᠡᠯᠡ ᠤᠷᠤᠭᠤᠯᠤᠭᠰᠠᠨ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ 3 ᠲᠦᠷᠦᠯ ᠵᠦᠢᠯ ᠢ | ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠣᠷᠭᠠᠨᠢᠭ ᠴᠠᠬᠢᠭᠤᠷ ᠤᠨ ᠠᠵᠤ ᠦᠢᠯᠡᠰ ᠤᠨ ᠳᠡᠭᠡᠳᠦ ᠳᠤᠤᠷᠠᠳᠤ | ᠤᠷᠤᠰᠬᠠᠯ ᠤᠨ 4 ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠦᠬᠦ ᠤᠯᠤᠰ ᠤᠨ | ᠵᠠᠳᠠᠷᠠᠵᠤ ᠪᠣᠯᠬᠤ ᠮᠠᠲ᠋ᠧᠷᠢᠶᠠᠯ ᠤᠨ ᠴᠢᠬᠤᠯᠠ ᠰᠠᠭᠤᠷᠢᠨ ᠭᠠᠵᠠᠷ᠂ ᠵᠠᠭᠤᠨ ᠲᠦᠮᠡᠨ ᠲᠣᠨ ᠤ ᠲᠡᠰ ᠤᠨ ᠣᠷᠭᠠᠨᠢᠭ | ᠴᠠᠬᠢᠭᠤᠷ ᠤᠨ ᠠᠵᠤ ᠦᠢᠯᠡᠰ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠣᠳᠣ ᠦᠶ᠎ᠡ ᠶᠢᠨ ᠲᠣᠨᠤᠭ | ᠲᠥᠬᠦᠭᠡᠷᠦᠮᠵᠢ ᠦᠢᠯᠡᠳᠬᠦ ᠦᠢᠯᠡᠰ ᠤᠨ ᠡᠭᠢᠯᠡᠯᠳᠡ ᠶᠢᠨ ᠬᠥᠭᠵᠢᠯᠲᠡ ᠶᠢ ᠠᠬᠢᠭᠤᠯᠵᠤ᠂ ᠰᠢᠨ᠎ᠡ ᠡᠨᠧᠷᠭᠢ ᠶᠢᠨ | ᠮᠠᠰᠢᠨ ᠲᠡᠷᠭᠡ᠂ ᠰᠠᠯᠬᠢᠨ ᠬᠦᠴᠦᠨ ᠤ ᠴᠠᠬᠢᠯᠭᠠᠨ ᠤ ᠲᠥᠬᠦᠭᠡᠷᠦᠮᠵᠢ ᠵᠡᠷᠭᠡ ᠲᠣᠨᠤᠭ ᠲᠥᠬᠦᠭᠡᠷᠦᠮᠵᠢ ᠦᠢᠯᠡᠳᠬᠦ | ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠣᠨᠴᠠᠯᠢᠭ ᠢᠶᠠᠷ ᠢᠯᠡ ᠲᠣᠳᠣ᠂ ᠢᠵᠢ ᠪᠦᠷᠢᠳᠦᠭᠦᠯᠦᠨ | ᠲᠡᠭᠦᠯᠳᠡᠷᠵᠢᠭᠦᠯᠦᠭᠰᠡᠨ ᠲᠣᠨᠣᠭᠯᠠᠯ ᠦᠢᠯᠡᠳᠬᠦ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠬᠦᠴᠦᠯᠡᠨ | ᠪᠠᠶᠢᠭᠤᠯᠤᠨ᠎ᠠ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠨᠢ ᠳᠡᠭᠡᠭᠰᠢᠯᠡᠭᠦᠯᠦᠨ ᠦᠷ᠎ᠡ | ᠠᠰᠢᠭ ᠢᠶᠠᠨ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠃ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠢ | ᠢᠳᠡᠪᠬᠢᠲᠡᠶ ᠬᠥᠭᠵᠢᠭᠦᠯᠵᠦ᠂ ᠤᠶᠤᠨᠲᠤ ᠪᠠᠷᠠᠭᠠᠨ ᠤ ᠭᠦᠢᠯᠭᠡᠭᠡᠨ ᠤ ᠭᠠᠷᠠᠮ ᠵᠡᠷᠭᠡ ᠲᠥᠷᠥᠯ ᠵᠦᠢᠯ ᠢ ᠰᠠᠶᠢᠲᠤᠷ | ᠠᠳᠬᠤᠵᠤ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠭᠠᠵᠠᠷ ᠣᠷᠣᠨ ᠤ ᠶᠡᠭᠡ ᠬᠡᠮᠵᠢᠶᠡᠨ ᠤ | ᠲᠠᠸᠠᠷ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠬᠦᠴᠦᠯᠡᠨ ᠪᠤᠶ ᠪᠣᠯᠭᠠᠨ᠎ᠠ᠃ ᠠᠵᠤ ᠦᠢᠯᠡᠰ ᠢ ᠬᠦᠲᠦᠯᠦᠨ | ᠵᠢᠯᠤᠭᠤᠳᠬᠤ ᠰᠠᠭᠤᠷᠢ ᠮᠦᠩᠭᠦ ᠶᠢ ᠪᠠᠶᠢᠭᠤᠯᠵᠤ᠂ ᠪᠤᠶᠢᠵᠢᠯᠲᠠ ᠶᠢᠨ ᠴᠢᠨᠠᠷ ᠢᠶᠠᠷ ᠰᠠᠶᠢᠨ᠂ ᠰᠢᠨ᠎ᠡ ᠶᠢ ᠡᠭᠦᠳᠬᠦ | ᠬᠡᠯᠪᠡᠷᠢ ᠶᠢᠨ 8 ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠵᠤ᠂ ︽ᠰᠢᠨᠵᠢᠯᠡᠬᠦ ᠤᠬᠠᠭᠠᠨ | ᠮᠡᠷᠭᠡᠵᠢᠯ — ᠠᠵᠤ ᠦᠢᠯᠡᠰ — ᠮᠦᠩᠭᠦᠨ ᠭᠦᠢᠯᠭᠡᠭᠡ︾ ᠶᠢᠨ ᠰᠠᠶᠢᠨ ᠣᠷᠴᠢᠯ ᠢ ᠲᠦᠷᠭᠡᠳᠭᠡᠨ ᠪᠣᠢ | ᠪᠣᠯᠭᠠᠨ᠎ᠠ᠃ ︽ᠪᠦᠬᠦ ᠣᠷᠣᠨ ᠪᠦᠰᠡ + ᠪᠦᠬᠦ ᠤᠯᠠᠷᠢᠯ + ᠪᠦᠬᠦ ᠡᠵᠡᠩᠨᠡᠯᠲᠡ ᠶᠢᠨ ᠬᠡᠯᠪᠡᠷᠢ ᠪᠠᠶᠢᠳᠠᠯ︾ ᠭᠡᠬᠦ | ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠤ᠂ ᠪᠢᠨ | ᠾᠧ ᠲᠣᠭᠤᠷᠢᠭ ᠤᠨ ︽几︾ ᠦᠰᠦᠭᠲᠤ ᠲᠤᠬᠤᠢ ᠶᠢᠨ ᠲᠤᠮᠤ ᠬᠡᠯᠪᠡᠷᠢ ᠶᠢᠨ ᠵᠢᠭᠤᠯᠴᠢᠯᠠᠯ ᠤᠨ ᠬᠤᠳᠠᠯᠳᠤᠭᠠᠨ ᠤ | ᠶᠡᠷᠦᠩᠬᠡᠶᠢᠯᠡᠭᠰᠡᠨ ᠴᠣᠭᠴᠠ ᠵᠡᠷᠭᠡ ᠲᠦᠷᠦᠯ ᠵᠦᠢᠯ ᠢ ᠬᠡᠷᠡᠭᠵᠢᠭᠦᠯᠵᠦ᠂ ᠦᠬᠠᠢ ᠨᠠᠭᠤᠷ ᠤᠨ ᠦᠵᠡᠮᠵᠢ ᠶᠢᠨ | ᠣᠷᠣᠨ ᠢ ᠤᠯᠤᠰ ᠤᠨ ᠲᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠪᠤᠯᠭᠠᠨ ᠡᠭᠦᠳᠦᠨ ᠪᠠᠶᠢᠭᠤᠯᠬᠤ ᠶᠢ | ᠠᠬᠢᠭᠤᠯᠵᠤ᠂ ᠵᠢᠭᠤᠯᠴᠢᠯᠠᠯ ᠰᠡᠯᠡᠭᠦᠴᠡᠯ ᠤᠨ ᠬᠤᠳᠠ ᠪᠣᠯᠤᠨ ᠬᠠᠳᠤᠨ ᠭᠤᠣᠯ ᠤᠨ ᠰᠠᠪᠠ ᠭᠠᠵᠠᠷ ᠤᠨ | ᠵᠢᠭᠤᠯᠴᠢᠯᠠᠯ ᠤᠨ ᠬᠠᠷᠠᠯᠲᠠᠲᠤ ᠭᠠᠵᠠᠷ ᠤᠨ ᠬᠤᠳᠠ ᠶᠢ ᠬᠦᠴᠦᠯᠡᠨ ᠪᠠᠶᠢᠭᠤᠯᠤᠨ᠎ᠠ᠃ ᠴᠤᠭᠯᠠᠭᠠᠨ ᠦᠵᠡᠬᠦᠯᠦᠯᠭᠡ | ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠬᠤᠶᠠᠳᠤᠭᠠᠷ ᠬᠤᠭᠤᠴᠠᠭᠠᠨ ᠤ ᠠᠭᠠᠷ ᠠᠶᠠᠯᠠᠯ ᠤᠨ ᠦᠪᠡᠳᠡᠭᠰᠢ | ᠨᠠᠶᠢᠷ᠂ ᠦᠬᠠᠢ ᠶᠢᠨ ᠡᠯᠡᠰᠦᠨ ᠴᠥᠯ ᠤᠨ ᠦᠵᠦᠮ ᠤᠨ ᠠᠷᠢᠬᠢ ᠶᠢᠨ ᠰᠣᠶᠣᠯ ᠵᠢᠭᠤᠯᠴᠢᠯᠠᠯ ᠤᠨ ᠨᠠᠶᠢᠷ᠂ ︽ᠰᠢᠵᠢᠷ | ᠠᠯᠲᠠᠨ ᠶᠢᠰᠦ ᠠᠷᠪᠠᠨ ᠰᠠᠷ᠎ᠠ︾ ᠦᠬᠠᠢ ᠶᠢᠨ ᠰᠣᠶᠣᠯ ᠵᠢᠭᠤᠯᠴᠢᠯᠠᠯ ᠤᠨ ᠤᠯᠠᠷᠢᠯ ᠵᠡᠷᠭᠡ ᠠᠵᠢᠯᠯᠠᠭ᠎ᠠ ᠶᠢ ᠪᠦᠬᠦ | ᠬᠦᠴᠦᠨ ᠢᠶᠠᠷ ᠢᠶᠠᠨ ᠰᠠᠶᠢᠲᠤᠷ ᠡᠷᠬᠢᠯᠡᠵᠦ᠂ ︽ᠦᠬᠠᠢ ᠳᠤ ᠪᠡᠯᠡᠭ ᠲᠠᠢ᠂ ᠦᠬᠠᠢ ᠳᠤ ᠵᠢᠭᠤᠯᠴᠢᠯᠠᠯ ᠤᠨ ᠪᠡᠯᠡᠭ ᠲᠠᠢ | ᠂ ᠦᠬᠠᠢ ᠳᠤ ᠰᠢᠯᠢᠳᠡᠭ ᠪᠡᠯᠡᠭ ᠲᠠᠢ︾ ᠵᠡᠷᠭᠡ ᠣᠯᠠᠨ ᠨᠡᠶᠢᠲᠡ ᠶᠢᠨ ᠲᠦᠷᠦᠯ ᠲᠡᠮᠳᠡᠭ ᠤᠨ ᠵᠢᠭᠰᠠᠭᠠᠯ ᠤᠨ | ᠰᠢᠰᠲ᠋ᠧᠮᠵᠢ ᠶᠢ ᠪᠠᠶᠢᠭᠤᠯᠵᠤ᠂ ᠤᠳᠠᠭᠠᠨ ᠳᠠᠭᠠᠭᠠᠮᠠᠭᠠᠢ ᠨᠥᠯᠥᠭᠡᠯᠡᠬᠦ ᠬᠦᠴᠦᠨ ᠲᠠᠢ ᠬᠤᠲᠠ ᠶᠢᠨ ᠰᠣᠶᠣᠯ | ᠵᠢᠭᠤᠯᠴᠢᠯᠠᠯ ᠤᠨ IP ᠶᠢ ᠪᠠᠶᠢᠭᠤᠯᠤᠨ᠎ᠠ᠃ | ︵ᠭᠤᠷᠪᠠ︶ ᠪᠤᠬᠢᠷᠳᠤᠯ ᠦᠬᠡᠢ ᠬᠦᠭᠵᠢᠯᠳᠡ ᠶᠢ ᠪᠠᠷᠢᠮᠳᠠᠯᠠᠵᠦ᠂ ᠠᠮᠢ ᠠᠬᠤᠢ ᠶᠢᠨ ᠤᠷᠴᠢᠨ ᠳᠤᠭᠤᠷᠢᠨ ᠤ | ᠦᠨᠳᠦᠰᠦᠨ ᠳᠡᠭᠡᠨ ᠰᠠᠶᠢᠵᠢᠷᠠᠬᠤ ᠶᠢ ᠠᠬᠢᠭᠤᠯᠤᠨ᠎ᠠ | ᠠᠮᠢ ᠠᠬᠤᠢ ᠶᠢ ᠣᠷᠢᠳᠠᠪᠡᠷ ᠪᠣᠳᠤᠯᠬᠢᠯᠠᠬᠤ᠂ ᠠᠷᠪᠢᠲᠠᠢ ᠡᠷᠴᠢᠮᠯᠢᠭ᠂ ᠪᠣᠬᠢᠷᠲᠤᠯ ᠦᠭᠡᠢ ᠲᠤᠤᠷ᠎ᠠ | ᠨᠡᠭᠦᠷᠡᠰᠦᠲᠥ᠋ᠷᠥᠭᠴᠢᠲᠤ ᠬᠥᠭᠵᠢᠯᠲᠡ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ︽ᠦᠬᠠᠢ ᠵᠢᠴᠢ | ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ | ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠬᠤ︾ ᠲᠤᠬᠠᠢ ᠴᠢᠬᠤᠯᠠ ᠵᠢᠭᠠᠪᠤᠷᠢ ᠶᠢᠨ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ | ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠪᠣᠬᠢᠷᠲᠤᠯ ᠦᠭᠡᠢ ᠪᠠᠷ ᠨᠡᠮᠡᠭᠳᠡᠬᠦᠯᠬᠦ ᠶᠢ ᠬᠠᠮᠵᠢᠯᠴᠠᠨ | ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠠᠬᠢᠵᠢᠭᠦᠯᠬᠦ ᠳᠤ ᠦᠬᠠᠢ ᠶᠢᠨ ᠬᠤᠪᠢ ᠨᠡᠮᠡᠷᠢ ᠪᠠᠨ ᠦᠵᠡᠭᠦᠯᠦᠨ᠎ᠡ᠃ ᠠᠮᠢ ᠠᠬᠤᠢ ᠶᠢᠨ ᠣᠷᠴᠢᠨ ᠲᠣᠭᠤᠷᠢᠨ ᠤ | ᠵᠠᠰᠠᠯᠲᠠ ᠶᠢ ᠭᠦᠨᠵᠡᠭᠡᠢ ᠠᠬᠢᠭᠤᠯᠤᠨ᠎ᠠ᠃ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠵᠤ ᠶᠠᠰᠤ | ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ | ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ | ᠠᠮᠢ ᠠᠬᠤᠢ ᠶᠢᠨ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠲᠡᠷᠡ ᠶᠣᠰᠣᠭᠠᠷ ᠨᠢ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠤᠨ᠎ᠠ᠃ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ | ᠵᠠᠰᠠᠬᠤ ᠶᠢ ᠰᠠᠶᠢᠲᠤᠷ ᠠᠳᠬᠤᠵᠤ᠂ ᠠᠭᠤᠷᠬᠠᠶ ᠶᠢᠨ ᠡᠷᠬᠡ ᠶᠢ ᠡᠮᠬᠢᠯᠡᠨ ᠨᠡᠶᠢᠯᠡᠭᠦᠯᠬᠦ ᠪᠠ ᠨᠡᠭᠦᠷᠡᠰᠦᠨ | ᠠᠭᠤᠷᠬᠠᠶ ᠶᠢᠨ ᠪᠤᠰᠤ ᠠᠭᠤᠷᠬᠠᠶ ᠶᠢ ᠡᠮᠬᠢᠯᠡᠨ ᠨᠡᠶᠢᠯᠡᠭᠦᠯᠬᠦ ᠶᠢ ᠡᠷᠡᠰ ᠭᠤᠶᠢᠪᠢᠰᠢ ᠥᠬᠡᠶ ᠠᠬᠢᠭᠤᠯᠵᠤ᠂ 37 | ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ᠂ 10 ᠲᠥᠪᠯᠡᠷᠡᠨ ᠵᠠᠯᠭᠠᠯᠳᠤᠭᠰᠠᠨ ᠰᠢᠷᠣᠶ | ᠭᠠᠳᠠᠭᠰᠢᠯᠠᠭᠤᠯᠬᠤ ᠲᠠᠯᠠᠪᠠᠶ ᠪᠠ 10 ᠲᠡᠦᠬᠡ ᠶᠢᠨ ᠦᠯᠡᠳᠡᠭᠳᠡᠯ ᠠᠭᠤᠷᠬᠠᠶ ᠶᠢ ᠵᠠᠰᠠᠬᠤ ᠶᠢ ᠪᠥᠬᠦ ᠲᠠᠯ᠎ᠠ ᠪᠠᠷ | ᠠᠬᠢᠭᠤᠯᠤᠨ᠎ᠠ᠃ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠪᠠ ᠬᠦᠷᠢᠶᠡᠯᠡᠩ ᠲᠣᠭᠤᠷᠢᠭ ᠤᠨ ᠬᠠᠴᠢᠨ ᠦᠨᠦᠷ᠂ | ᠣᠽᠣᠨ ᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠠᠭᠠᠷ ᠮᠠᠨᠳᠠᠯ ᠤᠨ ᠪᠣᠬᠢᠷᠲᠤᠯ ᠢ | ᠨᠠᠷᠢᠯᠢᠭᠵᠢᠭᠤᠯᠤᠨ ᠬᠢᠨᠠᠨ ᠬᠠᠮᠢᠶᠠᠷᠬᠤ ᠰᠢᠰᠲ᠋ᠧᠮ ᠢ ᠪᠠᠶᠢᠭᠤᠯᠵᠤ᠂ ᠠᠭᠠᠷ ᠮᠠᠨᠳᠠᠯ ᠤᠨ ᠪᠣᠬᠢᠷᠲᠤᠯ ᠢ ᠵᠠᠰᠠᠬᠤ 14 | ᠲᠥᠷᠥᠯ ᠵᠦᠢᠯ ᠢ ᠬᠡᠷᠡᠭᠵᠢᠭᠦᠯᠵᠦ᠂ ᠡᠷᠭᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠠᠭᠠᠷ ᠮᠠᠨᠳᠠᠯ ᠤᠨ | ᠪᠣᠬᠢᠷᠲᠤᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠵᠦ ᠬᠠᠮᠲᠤᠷᠠᠨ ᠵᠠᠰᠠᠬᠤ ᠶᠢ ᠠᠬᠢᠭᠤᠯᠵᠤ᠂ ᠭᠤᠣᠯ | ᠬᠤᠲᠠ ᠶᠢᠨ ᠲᠣᠭᠤᠷᠢᠭ ᠤᠨ ᠠᠭᠠᠷ ᠤᠨ ᠴᠢᠨᠠᠷ ᠰᠠᠶᠢᠲᠠᠢ ᠪᠠᠶᠢᠬᠤ ᠨᠣᠷᠮ᠎ᠠ ᠶᠢ 82.8% ᠠᠴᠠ ᠲᠡᠭᠡᠭᠰᠢ | ᠪᠠᠶᠢᠬᠤ ᠶᠢ ᠦᠨᠡᠨᠬᠦ ᠪᠠᠲᠤᠯᠠᠨ᠎ᠠ᠃ ᠪᠠᠶᠢᠭᠤᠯᠤᠭᠰᠠᠨ ᠲᠣᠭᠤᠷᠢᠭ ᠤᠨ ᠨᠡᠭᠦᠷᠡᠰᠦ ᠰᠢᠲᠠᠭᠠᠬᠤ ᠰᠠᠭᠤᠭᠠᠯᠢ ᠡᠷᠦᠬᠡ ᠶᠢᠨ | ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠤᠮᠠᠷᠠᠲᠤ ᠣᠷᠣᠨ ᠤ ᠡᠪᠦᠯ ᠤᠨ | ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠤᠷᠰᠢᠯᠲᠠ ᠶᠢᠨ ᠴᠢᠭ ᠤᠨ ᠬᠤᠲᠠ ᠶᠢ ᠴᠢᠷᠮᠠᠶᠢᠨ ᠪᠠᠶᠢᠭᠤᠯᠤᠨ᠎ᠠ᠃ | ᠬᠥᠷᠥᠰᠥ ᠰᠢᠷᠣᠶ ᠶᠢᠨ ᠪᠣᠬᠢᠷᠲᠤᠯ ᠤᠨ ᠡᠬᠢ ᠡᠭᠦᠰᠦᠯ ᠢ ᠰᠡᠷᠭᠡᠶᠢᠯᠡᠨ ᠡᠵᠡᠮᠳᠡᠬᠦ ᠶᠢ ᠠᠬᠢᠭᠤᠯᠵᠤ᠂ ᠲᠠᠷᠢᠶᠠᠯᠠᠩ ᠳᠤ | ᠬᠡᠷᠡᠭᠯᠡᠬᠦ ᠭᠠᠵᠠᠷ ᠪᠣᠯᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ | ᠪᠣᠬᠢᠷᠲᠤᠯ ᠤᠨ ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠨ᠎ᠡ᠃ ᠬᠠᠲᠤᠨ ᠭᠤᠤᠯ ᠤᠨ ᠰᠠᠪᠠ ᠭᠠᠵᠠᠷ ᠤᠨ | ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠬᠠᠲᠤᠨ ᠭᠤᠤᠯ ᠤᠨ ᠥᠪᠥᠷ ᠮᠣᠩᠭᠤᠯ ᠳᠤ ᠣᠷᠣᠬᠤ | ᠠᠩᠬᠠᠨ ᠤ ᠥᠷᠲᠡᠭᠡ ᠶᠢᠨ ᠠᠩᠬᠠᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠳᠥᠷᠪᠡᠨ ᠤᠰᠤ ᠪᠠᠷ | ᠳᠥᠷᠪᠡ ᠶᠢ ᠲᠣᠭᠲᠠᠭᠠᠬᠤ︾ ᠵᠠᠷᠴᠢᠮ ᠢ ᠪᠥᠬᠦ ᠲᠠᠯ᠎ᠠ ᠪᠠᠷ ᠲᠤᠤᠱᠯᠠᠭᠤᠯᠵᠤ᠂ ᠭᠤᠤᠯ ᠮᠥᠷᠡᠨ ᠨᠠᠭᠤᠷ | ᠴᠥᠭᠦᠷᠥᠮ ᠤᠨ ︽ᠳᠥᠷᠪᠡᠨ ᠲᠤᠷ᠎ᠠ ᠶᠢ ᠠᠷᠢᠯᠭᠠᠬᠤ︾ ᠶᠢ ᠪᠠᠶᠢᠩᠭᠤᠵᠢᠭᠤᠯᠤᠨ ᠥᠷᠨᠢᠭᠦᠯᠵᠦ᠂ ᠲᠤᠨᠤᠮᠠᠯ ᠰᠢᠪᠠᠷ ᠢ | ᠠᠷᠢᠯᠭᠠᠨ ᠯᠠᠶᠢᠳᠠᠬᠤ᠂ ᠡᠷᠭᠢ ᠶᠢᠨ ᠱᠤᠭᠤᠮ ᠢ ᠬᠠᠮᠠᠭᠠᠯᠠᠬᠤ᠂ ᠲᠠᠩ ᠭᠠᠵᠠᠷ ᠢ ᠵᠠᠰᠠᠬᠤ ᠵᠡᠷᠭᠡ ᠭᠤᠤᠯᠳᠠᠯᠭ᠎ᠠ ᠲᠠᠢ | ᠢᠨᠵᠧᠨᠧᠷᠢᠩ ᠢ ᠬᠡᠷᠡᠭᠵᠢᠭᠦᠯᠦᠨ᠂ ᠬᠠᠲᠤᠨ ᠭᠤᠤᠯ ᠤᠨ ᠬᠠᠶᠢᠷᠤᠪ ᠤᠨ ᠲᠣᠬᠤᠶ ᠶᠢᠨ ᠭᠤᠤᠯ ᠲᠠᠭᠠᠤ ᠬᠡᠰᠡᠭ ᠤᠨ | ᠡᠷᠭᠢ ᠬᠠᠮᠠᠭᠠᠯᠠᠬᠤ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ | ᠬᠠᠲᠤᠨ ᠭᠤᠤᠯ ᠤᠨ ᠦᠬᠠᠶ ᠶᠢᠨ ᠬᠡᠰᠡᠭ ᠤᠨ ᠵᠠᠭᠤᠨ ᠭᠠᠵᠠᠷ ᠤᠨ ᠠᠮᠢ ᠠᠬᠤᠶ ᠶᠢᠨ ᠪᠣᠬᠢᠷᠲᠤᠯ ᠥᠬᠡᠶ ᠬᠤᠩᠭᠢᠯ ᠢ | ᠬᠦᠴᠦᠯᠡᠨ ᠪᠣᠶ ᠪᠣᠯᠭᠠᠨ᠎ᠠ᠃ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠲᠦᠷᠢᠮ ᠢ ᠪᠦᠬᠦ ᠲᠠᠯ᠎ᠠ ᠪᠠᠷ | ᠬᠡᠷᠡᠭᠵᠢᠭᠦᠯᠵᠦ᠂ ᠤᠰᠤᠨ ᠤ ᠪᠣᠬᠢᠷᠲᠤᠯ ᠢ ᠤᠷᠢᠳᠴᠢᠯᠠᠨ ᠰᠡᠷᠡᠮᠵᠢᠯᠡᠭᠦᠯᠵᠦ ᠡᠬᠢ ᠦᠨᠳᠦᠰᠦ ᠶᠢ ᠨᠢ ᠮᠥᠷᠳᠡᠬᠦ | ᠰᠢᠰᠲ᠋ᠧᠮ ᠢ ᠪᠠᠶᠢᠭᠤᠯᠵᠤ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤ᠂ ᠬᠤᠳᠠ ᠬᠥᠳᠡᠭᠡ ᠶᠢᠨ ᠪᠣᠬᠢᠷ ᠤᠰᠤ ᠶᠢ | ᠵᠠᠰᠠᠬᠤ ᠪᠠᠨ ᠴᠢᠩᠭᠠᠳᠬᠠᠵᠤ᠂ ᠨᠡᠭᠦᠷᠡᠰᠦᠨ ᠳᠠᠪᠬᠤᠷᠭ᠎ᠠ ᠶᠢᠨ ᠣᠰᠣ ᠶᠢᠨ ᠬᠡᠷᠡᠭᠯᠡᠯᠲᠡ ᠶᠢᠨ ᠨᠣᠷᠮ᠎ᠠ᠂ ᠳᠠᠬᠢᠯᠲᠠ | ᠤᠰᠤ ᠶᠢ ᠪᠤᠴᠠᠭᠠᠨ ᠬᠡᠷᠡᠭᠯᠡᠬᠦ ᠨᠤᠷᠮ᠎ᠠ ᠶᠢ ᠲᠤᠰ ᠲᠤᠰ 75%᠂ 67% ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ | ᠃ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢᠶᠠᠨ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ | ᠠᠷᠪᠢᠯᠠᠵᠤ ᠪᠣᠬᠢᠷᠲᠤᠯ ᠢ ᠪᠠᠭᠠᠰᠬᠠᠬᠤ᠂ ᠬᠤᠲᠠ ᠪᠠᠯᠭᠠᠰᠤᠨ ᠤ ᠤᠰᠤ ᠠᠷᠪᠢᠯᠠᠵᠤ ᠬᠤᠷᠣᠭᠳᠠᠯ ᠢᠶᠠᠨ ᠪᠠᠭᠠᠰᠬᠠᠬᠤ᠂ | ᠭᠠᠵᠠᠷ ᠳᠡᠭᠡᠷᠡᠬᠢ ᠣᠰᠣ ᠬᠠᠲᠤᠨ ᠭᠤᠤᠯ ᠤᠨ ᠰᠦᠩ ᠬᠠᠯᠢᠶ᠎ᠠ ᠶᠢᠨ ᠤᠰᠤ ᠶᠢ ᠶᠡᠷᠦᠩᠬᠡᠶᠢᠯᠡᠨ ᠠᠰᠢᠭᠯᠠᠬᠤ ᠵᠡᠷᠭᠡ | ᠨᠢᠭᠡ ᠪᠦᠯᠦᠭ ᠲᠥᠷᠥᠯ ᠵᠦᠢᠯ ᠢ ᠶᠡᠬᠡᠪᠡᠷ ᠠᠬᠢᠭᠤᠯᠵᠤ᠂ ᠲᠦᠮᠡᠨ ᠲᠥᠭᠦᠷᠢᠭ ᠤᠨ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠲᠤ ᠬᠡᠷᠡᠭᠯᠡᠬᠦ ᠤᠰᠤᠨ ᠤ ᠬᠡᠮᠵᠢᠶ᠎ᠡ ᠪᠣᠯᠤᠨ ᠠᠵᠤ ᠦᠢᠯᠡᠳᠪᠦᠷᠢ ᠶᠢᠨ | ᠲᠦᠮᠡᠨ ᠲᠥᠭᠦᠷᠢᠭ ᠤᠨ ᠨᠡᠮᠡᠭᠳᠡᠯ ᠥᠷᠲᠡᠭ ᠲᠤ ᠬᠡᠷᠡᠭᠯᠡᠬᠦ ᠤᠰᠤᠨ ᠤ ᠬᠡᠮᠵᠢᠶ᠎ᠡ ᠶᠢ ᠴᠥᠮ 2020 ᠣᠨ ᠠᠴᠠ | 12% ᠢᠶᠠᠷ ᠪᠠᠭᠤᠷᠠᠭᠤᠯᠬᠤ ᠶᠢ ᠦᠨᠡᠨᠬᠦ ᠪᠠᠲᠤᠯᠠᠵᠤ᠂ ᠤᠰᠤ ᠠᠷᠪᠢᠯᠠᠬᠤ ᠬᠡᠯᠪᠡᠷᠢ ᠶᠢᠨ ᠬᠤᠲᠠ ᠶᠢ ᠬᠦᠴᠦᠯᠡᠨ | ᠪᠠᠶᠢᠭᠤᠯᠤᠨ᠎ᠠ᠃ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠨᠢᠭᠡ | ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠠᠬᠢᠭᠤᠯᠵᠤ᠂ ᠭᠤᠣᠯ ᠮᠥᠷᠡᠨ ᠤ ᠳᠠᠷᠤᠭ᠎ᠠ ᠶᠢᠨ | ᠲᠦᠷᠢᠮ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠯᠦᠩ ᠶᠸᠤ | ᠸᠠᠨ ᠢᠶᠠᠷ ᠭᠤᠣᠯᠳᠠᠯᠭ᠎ᠠ ᠪᠣᠯᠭᠠᠭᠰᠠᠨ ᠨᠤᠭᠤ ᠭᠠᠵᠠᠷ ᠤᠨ ᠬᠠᠮᠠᠭᠠᠯᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ | ᠪᠠᠷᠠᠭᠤᠨ ᠤᠷᠳᠤᠰ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠠᠮᠢ ᠠᠬᠤᠢ ᠶᠢᠨ | ᠴᠢᠳᠠᠮᠵᠢᠲᠤ ᠣᠷᠣᠨ ᠤ ᠬᠠᠮᠢᠶᠠᠷᠤᠯᠲᠠ ᠬᠠᠮᠠᠭᠠᠯᠠᠯᠲᠠ ᠪᠠᠨ ᠴᠢᠩᠭᠠᠳᠬᠠᠵᠤ᠂ ᠮᠠᠨ ᠤ ᠬᠤᠳᠠ ᠶᠢᠨ ᠤᠯᠤᠰ᠂ | ᠥᠪᠡᠷᠲᠡᠭᠡᠨ ᠵᠠᠰᠠᠬᠤ ᠣᠷᠣᠨ ᠤ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠶᠢᠨ | ᠠᠮᠢ ᠠᠬᠤᠢ ᠶᠢ ᠵᠠᠰᠠᠨ ᠰᠡᠷᠭᠦᠭᠡᠬᠦ ᠲᠤᠷᠰᠢᠯᠲᠠ ᠶᠢᠨ ᠴᠢᠭ ᠲᠤ ᠣᠷᠣᠭᠤᠯᠬᠤ ᠪᠠᠷ ᠢᠳᠡᠪᠬᠢᠲᠡᠢ ᠴᠢᠷᠮᠠᠶᠢᠨ᠎ᠠ᠃ ᠡᠬᠢ | ᠪᠠᠶᠠᠯᠢᠭ ᠢ ᠠᠷᠪᠢᠯᠠᠵᠤ ᠡᠷᠴᠢᠮᠵᠢᠭᠦᠯᠬᠦ ᠶᠢ ᠬᠦᠴᠦᠯᠡᠨ ᠠᠬᠢᠭᠤᠯᠤᠨ᠎ᠠ᠃ ︽ᠲᠠᠪᠤ ᠶᠢ ᠲᠤᠶᠢᠯᠪᠤᠷᠢᠳᠠᠢ ᠪᠠᠶᠢᠴᠠᠭᠠᠬᠤ︾ | ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ 8 ︽ᠬᠠᠭᠠᠰ ᠲᠤᠳᠠᠭᠤ︾ ᠢᠨᠵᠧᠨᠧᠷᠢᠩ᠂ 20 ᠾᠧᠺᠲ᠋ᠠᠷ ᠰᠤᠯᠠ | ᠲᠠᠯᠪᠢᠵᠤ ᠪᠠᠶᠢᠭ᠎ᠠ ᠭᠠᠵᠠᠷ ᠰᠢᠷᠤᠢ ᠪᠤᠯᠤᠨ 126.7 ᠾᠧᠺᠲ᠋ᠠᠷ ᠵᠦᠪᠰᠢᠶᠡᠷᠡᠭᠡ ᠦᠭᠡᠢ ᠭᠠᠵᠠᠷ ᠰᠢᠷᠤᠢ ᠶᠢ | ᠲᠤᠶᠢᠯᠪᠤᠷᠢᠳᠠᠢ ᠰᠶᠢᠳᠪᠦᠷᠢᠯᠡᠵᠦ᠂ 4 ᠡᠷᠦᠬᠡ ᠦᠬᠦᠰᠢᠷᠡᠮᠡᠯ ᠠᠵᠤ ᠠᠬᠤᠶᠢᠯᠠᠯ ᠢ ᠠᠮᠢᠯᠠᠭᠤᠯᠤᠨ᠂ | ᠬᠠᠳᠠᠭᠠᠯᠠᠭᠳᠠᠴᠠ ᠶᠢᠨ ᠠᠰᠠᠭᠤᠳᠠᠯ ᠢ ᠲᠤᠤᠱᠳᠠᠢ ᠴᠡᠪᠡᠷᠯᠡᠬᠦ ᠶᠢ ᠲᠦᠯᠬᠢᠨ ᠠᠬᠢᠭᠤᠯᠤᠨ᠎ᠠ᠃ ᠡᠯ᠎ᠡ ᠲᠥᠷᠥᠯ ᠤᠨ | ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠨᠢᠭᠡᠳᠦᠯᠲᠡᠶ ᠲᠥᠯᠥᠪᠯᠡᠨ ᠠᠮᠢᠳᠤᠯᠢᠭᠵᠢᠭᠤᠯᠵᠤ᠂ ᠢᠴᠡᠭᠡᠯᠡᠭᠰᠡᠨ | ᠡᠬᠢ ᠪᠠᠶᠠᠯᠢᠭ ᠢ ᠦᠨᠡᠨᠬᠦ ᠠᠮᠢᠳᠤᠯᠢᠭ ᠪᠥᠭᠡᠳ ᠥᠨᠳᠥᠷ ᠪᠦᠲᠦᠮᠵᠢᠲᠡᠶ ᠪᠠᠷ ᠬᠡᠷᠡᠭᠯᠡᠨ᠎ᠡ᠃ ᠡᠨᠧᠷᠭᠢ ᠶᠢᠨ | ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ᠲᠣᠬᠢᠷᠠᠭᠤᠯᠤᠯᠲᠠ ᠪᠠᠨ ᠲᠡᠭᠦᠯᠳᠡᠷᠵᠢᠭᠦᠯᠵᠦ᠂ | ᠡᠨᠧᠷᠭᠢ ᠶᠢᠨ ᠠᠰᠢᠭᠯᠠᠮᠵᠢ ᠶᠢᠨ ᠪᠠᠷᠢᠮᠵᠢᠶ᠎ᠠ ᠪᠠ ᠡᠨᠧᠷᠭᠢ ᠶᠢᠨ ᠠᠰᠢᠭᠯᠠᠮᠵᠢ ᠶᠢᠨ ︽ᠳᠠᠭᠠᠭᠤᠯᠤᠭᠴᠢ︾ ᠶᠢᠨ | ᠠᠵᠢᠯᠯᠠᠭ᠎ᠠ ᠶᠢ ᠬᠡᠷᠡᠭᠵᠢᠭᠦᠯᠦᠨ᠂ ᠡᠨᠧᠷᠭᠢ ᠶᠢᠨ ᠬᠤᠷᠣᠭᠳᠠᠯ ᠤᠨ ᠦᠷ᠎ᠡ ᠠᠰᠢᠭ ᠤᠨ ᠶᠡᠷᠦᠩᠬᠡᠶᠢᠯᠡᠭᠰᠡᠨ | ᠦᠨᠡᠯᠡᠯᠲᠡ ᠶᠢ ᠥᠷᠨᠢᠭᠦᠯᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠱᠠᠭᠠᠷᠳᠠᠯᠭ᠎ᠠ ᠳᠤ ᠨᠡᠶᠢᠴᠡᠬᠦ᠂ ᠡᠨᠧᠷᠭᠢ ᠶᠢᠨ | ᠬᠤᠷᠣᠭᠳᠠᠯ ᠤᠨ ᠬᠦᠴᠦᠯᠡᠴᠡ ᠶᠢᠨ ᠬᠢᠵᠠᠭᠠᠷᠯᠠᠬᠤ ᠴᠢᠨᠠᠷᠲᠠᠶ ᠬᠠᠷᠠᠯᠲᠠ ᠳᠤ ᠬᠦᠷᠬᠦ ᠶᠢ ᠪᠠᠲᠤᠯᠠᠵᠤ᠂ ᠪᠣᠬᠢᠷᠲᠤᠯ | ᠥᠬᠡᠶ ᠬᠥᠭᠵᠢᠯᠲᠡ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠨ᠎ᠡ᠃ ︽ᠲᠠᠷᠠᠬᠠᠢ ᠶᠢ ᠴᠤᠭᠯᠠᠷᠠᠯ ᠪᠣᠯᠭᠠᠨ | ᠥᠭᠡᠷᠡᠴᠢᠯᠡᠬᠦ︾ ︽ᠲᠣᠰᠣ ᠪᠠᠷ ᠴᠠᠬᠢᠯᠭᠠᠨ ᠢ ᠣᠷᠣᠯᠠᠭᠤᠯᠬᠤ︾ ︽ᠵᠠᠰᠠᠮᠠᠯ ᠵᠠᠮ ᠠᠴᠠ ᠲᠡᠮᠦᠷ ᠵᠠᠮ ᠳᠤ ᠰᠢᠯᠵᠢᠬᠦᠯᠬᠦ︾ | ᠪᠣᠯᠣᠨ ᠪᠢᠲᠡᠭᠦᠮᠵᠢᠯᠡᠨ ᠳᠠᠮᠵᠢᠭᠤᠯᠬᠤ ᠬᠤᠭᠤᠯᠠᠢ ᠪᠠᠷ ᠲᠡᠭᠡᠭᠡᠪᠦᠷᠢᠯᠡᠬᠦ ᠵᠡᠷᠭᠡ ᠪᠣᠬᠢᠷᠳᠤᠯ ᠦᠭᠡᠢ ᠲᠡᠭᠡᠭᠡᠪᠦᠷᠢ ᠶᠢᠨ | ᠠᠷᠭ᠎ᠠ ᠬᠡᠯᠪᠡᠷᠢ ᠶᠢ ᠶᠡᠬᠡᠪᠡᠷ ᠬᠡᠷᠡᠭᠵᠢᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ 2000 ᠰᠠᠭᠤᠷᠢ | ᠲᠡᠯᠭᠡᠷᠡᠬᠦᠯᠦᠨ ᠬᠡᠷᠡᠭᠯᠡᠵᠦ᠂ ᠴᠠᠬᠢᠯᠭᠠᠨ ᠴᠡᠨᠡᠭᠯᠡᠬᠦ ︵ᠰᠣᠯᠢᠬᠤ︶ ᠥᠷᠲᠡᠭᠡ ᠶᠢ ᠰᠢᠨ᠎ᠡ ᠪᠠᠷ 20 ᠪᠠᠶᠢᠭᠤᠯᠵᠤ᠂ | ᠴᠠᠬᠢᠯᠭᠠᠨ ᠴᠡᠨᠡᠭᠯᠡᠬᠦ ᠱᠤᠩ ᠤᠨ ᠲᠣᠭᠤᠷᠢᠭ ᠢ ᠪᠦᠷᠢᠨ ᠪᠦᠷᠬᠦᠭᠦᠯᠬᠦ ᠶᠢ ᠠᠬᠢᠭᠤᠯᠵᠤ᠂ ᠲᠣᠰᠣ ᠨᠡᠮᠡᠬᠦ᠂ ᠬᠡᠢ ᠨᠡᠮᠡᠬᠦ᠂ | ᠤᠰᠤᠲᠥ᠋ᠷᠥᠭᠴᠢ ᠨᠡᠮᠡᠬᠦ᠂ ᠴᠠᠬᠢᠯᠭᠠᠨ ᠴᠡᠨᠡᠭᠯᠡᠬᠦ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ︽ᠡᠨᠧᠷᠭᠢ ᠶᠢᠨ | ᠬᠡᠲᠤ ᠳᠡᠯᠭᠡᠭᠦᠷ︾ ᠢ ᠰᠦᠪᠡᠭᠴᠢᠯᠡᠨ ᠪᠠᠶᠢᠭᠤᠯᠤᠨ᠎ᠠ᠃ ᠨᠡᠭᠦᠷᠡᠰᠦᠨ ᠴᠢᠯᠠᠭᠤ᠂ ᠨᠤᠨᠲᠠᠭ ᠨᠡᠭᠦᠷᠡᠰᠦᠨ ᠤ ᠦᠨᠡᠰᠦ᠂ | ᠬᠢᠮᠢ ᠶᠢᠨ ᠠᠵᠤ ᠦᠢᠯᠡᠳᠪᠦᠷᠢ ᠶᠢᠨ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠢ ᠶᠡᠬᠡᠪᠡᠷ | ᠬᠥᠭᠵᠢᠭᠦᠯᠵᠦ᠂ ᠤᠯᠤᠰ ᠤᠨ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ | ︵ᠳᠥᠷᠪᠡ︶ ᠬᠤᠲᠠ ᠬᠦᠳᠡᠭᠡ ᠶᠢᠨ ᠠᠭᠤᠰᠤᠯᠴᠠᠯ ᠢ ᠪᠠᠷᠢᠮᠲᠠᠯᠠᠵᠤ᠂ ᠬᠤᠲᠠ ᠶᠢᠨ ᠬᠡᠯᠪᠡᠷᠢ ᠪᠠᠨ | ᠬᠤᠪᠢᠷᠠᠭᠤᠯᠤᠨ ᠬᠦᠭᠵᠢᠬᠦᠯᠬᠦ ᠴᠢᠳᠠᠪᠤᠷᠢ ᠶᠢᠨ ᠳᠡᠰ ᠢᠶᠠᠨ ᠳᠡᠭᠡᠭᠰᠢᠯᠡᠭᠦᠯᠦᠨ᠎ᠡ | ᠬᠤᠳᠠ ᠬᠥᠳᠡᠭᠡ ᠶᠢᠨ ᠬᠠᠷᠢᠯᠴᠠᠨ ᠨᠥᠬᠦᠪᠥᠷᠢᠯᠡᠬᠦ᠂ ᠠᠭᠤᠰᠤᠯᠴᠠᠨ ᠬᠥᠭᠵᠢᠬᠦ ᠶᠢ ᠠᠬᠢᠭᠤᠯᠵᠤ᠂ | ᠬᠤᠳᠠ ᠶᠢᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠶᠢᠨ ᠵᠠᠰᠠᠯᠲᠠ ᠶᠢᠨ ᠲᠦᠪᠰᠢᠨ ᠢᠶᠠᠨ ᠳᠡᠭᠡᠭᠰᠢᠯᠡᠭᠦᠯᠵᠦ᠂ | ︽ᠬᠤᠸᠠᠷ ᠬᠠᠳᠬᠤᠬᠤ︾ ᠮᠡᠲᠤ ᠪᠠᠷ ᠬᠦᠴᠦ ᠣᠷᠣᠭᠤᠯᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ | ᠬᠤᠳᠠ ᠶᠢᠨ ︽ᠦᠡᠭᠭᠡ ᠵᠢᠰᠦ︾ ︽ᠶᠠᠰᠤ ᠴᠢᠨᠠᠷ︾ ᠬᠤᠶᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠬᠤᠳᠠ ᠶᠢᠨ | ᠴᠢᠬᠤᠯᠠ ᠬᠦᠴᠦᠨ ᠵᠦᠢᠯ ᠤᠨ ᠲᠥᠪᠯᠡᠷᠡᠯ ᠪᠠ ᠬᠥᠮᠦᠨ ᠠᠮᠠ ᠶᠢᠨ ᠠᠩᠬᠠᠷᠤᠯ ᠢ ᠲᠠᠲᠠᠬᠤ ᠬᠦᠴᠦᠨ ᠢᠶᠠᠨ | ᠴᠢᠩᠭᠠᠳᠬᠠᠨ᠎ᠡ᠃ ᠰᠣᠳᠣᠨ ᠬᠤᠲᠠ ᠶᠢ ᠪᠦᠬᠦ ᠬᠦᠴᠦᠨ ᠢᠶᠠᠷ ᠪᠦᠲᠦᠭᠡᠨ ᠪᠠᠢᠭᠤᠯᠤᠨᠡ᠃ ︽ᠠᠷᠠᠳ ᠲᠤ ᠳᠥᠭᠦᠮ | ᠦᠵᠡᠭᠦᠯᠬᠦ᠂ ᠠᠷᠠᠳ ᠲᠤ ᠠᠰᠢᠭᠲᠠᠢ᠂ ᠠᠷᠠᠳ ᠲᠤ ᠠᠰᠢᠭ ᠬᠦᠷᠲᠡᠭᠡᠬᠦ︾ ᠤᠳᠤᠷᠢᠳᠤᠮᠵᠢ ᠶᠢ ᠳᠣᠪᠤᠶᠢᠯᠭᠠᠵᠤ᠂ | ︽ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢᠨ ᠪᠦᠲᠦᠭᠡᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠲᠦᠯᠬᠢᠨ ᠠᠬᠢᠭᠤᠯᠵᠤ᠂ ᠨᠡᠶᠢᠭᠡᠮ ᠲᠣᠭᠤᠷᠢᠭ ᠤᠨ ᠲᠤᠷᠰᠢᠯᠲᠠ ᠶᠢᠨ ᠴᠢᠭ ᠢ 7 ᠰᠢᠨ᠎ᠡ ᠪᠠᠷ | ᠨᠡᠮᠡᠭᠳᠡᠭᠦᠯᠵᠦ᠂ ᠬᠠᠶᠢᠷ᠎ᠠ ᠬᠠᠯᠠᠮᠵᠢ ᠶᠢᠨ ᠡᠩ ᠤᠨ ᠦᠨ᠎ᠡ ᠶᠢᠨ ᠡᠮ ᠤᠨ ᠵᠦᠢᠯ ᠤᠨ ᠴᠢᠯᠦᠭᠡᠲᠤ ᠳᠡᠯᠭᠡᠭᠦᠷ᠂ | ᠢᠳᠡᠰᠢᠨ ᠨᠣᠭᠤᠭ᠎ᠠ ᠶᠢᠨ ᠰᠢᠭᠤᠳ ᠨᠡᠪᠲᠡᠷᠡᠬᠦ ᠲᠡᠷᠭᠡ ᠵᠡᠷᠭᠡ ᠨᠡᠶᠢᠭᠡᠮ ᠲᠣᠭᠤᠷᠢᠭ ᠤᠨ ᠦᠢᠯᠡᠴᠢᠯᠡᠭᠡᠨ ᠤ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠴᠢᠨᠠᠷ ᠰᠠᠶᠢᠲᠠᠶ ᠠᠮᠢᠳᠤᠷᠠᠯ ᠤᠨ | ᠬᠦᠷᠢᠶ᠎ᠡ ᠶᠢ ᠤᠯᠠᠮ ᠠᠴᠠ ᠤᠯᠠᠮ ᠶᠡᠭᠡ ᠪᠣᠯᠭᠠᠨ᠎ᠠ᠃ ᠬᠤᠲᠠ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠶ ᠠᠬᠢᠭᠤᠯᠵᠤ | ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠥᠯᠥᠪᠯᠡᠭᠡ ᠶᠢ | ᠨᠠᠶᠢᠷᠠᠭᠤᠯᠤᠨ ᠵᠣᠬᠢᠶᠠᠵᠤ᠂ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ 27 ᠲᠥᠷᠥᠯ ᠵᠦᠢᠯ ᠢ | ᠬᠡᠷᠡᠭᠵᠢᠭᠦᠯᠵᠦ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ 1790 ᠢᠵᠢ ᠰᠢᠨ᠎ᠡ ᠪᠠᠷ | ᠨᠡᠮᠡᠭᠳᠡᠭᠦᠯᠵᠦ᠂ 60 ᠬᠠᠭᠤᠴᠢᠨ ᠰᠠᠭᠤᠭᠠᠯᠢ ᠲᠣᠭᠤᠷᠢᠭ᠂ 2482 ᠢᠵᠢ ᠳᠥᠭᠦᠮ ᠪᠦᠳᠦᠭᠦᠯᠢᠭ ᠣᠷᠣᠨ | ᠰᠠᠭᠤᠴᠠᠲᠤ ᠲᠣᠭᠤᠷᠢᠭ ᠪᠣᠯᠣᠨ ᠪᠠᠶᠢᠰᠢᠩᠲᠤ ᠲᠣᠭᠤᠷᠢᠭ ᠤᠨ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ | ᠰᠢᠨᠡᠳᠬᠡᠬᠦ ᠶᠢ ᠪᠡᠶᠡᠯᠡᠭᠦᠯᠵᠦ᠂ ᠭᠤᠣᠯ ᠬᠤᠲᠠ ᠶᠢᠨ ᠲᠣᠭᠤᠷᠢᠭ ᠤᠨ ᠡᠮᠦᠨ᠎ᠡ ᠬᠡᠰᠡᠭ ᠤᠨ ᠬᠡᠰᠡᠭ ᠲᠣᠭᠤᠷᠢᠭ ᠢ | ᠥᠭᠡᠷᠡᠴᠢᠯᠡᠨ ᠰᠢᠨᠡᠳᠬᠡᠬᠦ ᠶᠢ ᠪᠦᠬᠦ ᠲᠠᠯ᠎ᠠ ᠪᠠᠷ ᠡᠬᠢᠯᠡᠭᠦᠯᠦᠨ᠎ᠡ᠃ ᠢᠯᠴᠢ ᠬᠠᠩᠭᠠᠬᠤ᠂ ᠰᠢᠲᠠᠮᠠᠬᠠᠶ ᠬᠡᠶ ᠵᠡᠷᠭᠡ | ᠭᠠᠵᠠᠷ ᠳᠣᠤᠷᠠᠬᠢ ᠬᠤᠭᠤᠯᠠᠶ ᠲᠣᠤᠷ ᠢ 20 ᠺᠢᠯᠤᠮᠧᠲᠷ ᠰᠢᠨᠡᠳᠬᠡᠵᠦ᠂ ᠦᠶᠡᠷ ᠵᠠᠯᠠᠵᠤ ᠤᠰᠤᠲᠤᠯ ᠢ ᠰᠡᠷᠭᠡᠶᠢᠯᠡᠬᠦ᠂ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠪᠡᠯᠡᠳᠬᠡᠮᠵᠢ ᠪᠠᠨ ᠲᠡᠭᠦᠯᠳᠡᠷᠵᠢᠭᠦᠯᠵᠤ᠂ ᠬᠤᠲᠠ ᠶᠢᠨ | ᠳᠣᠲᠣᠷᠠᠬᠢ ᠤᠰᠤᠲᠤᠯ ᠤᠨ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠵᠦ᠂ ᠬᠠᠶᠢᠮᠢᠶᠠᠨ ᠬᠤᠲᠠ᠂ ᠤᠶᠠᠨ ᠬᠠᠳᠠᠨ | ᠴᠢᠨᠠᠷᠲᠠᠶ ᠬᠤᠲᠠ ᠶᠢ ᠬᠦᠴᠦᠯᠡᠨ ᠪᠥᠲᠥᠭᠡᠨ ᠪᠠᠶᠢᠭᠤᠯᠤᠨ᠎ᠠ᠃ ᠪᠢᠨ ᠾᠧ ᠶᠢᠨ ᠬᠤᠶᠠᠳᠤᠭᠠᠷ ᠬᠤᠭᠤᠴᠠᠭᠠᠨ ᠤ | ᠨᠡᠭᠡᠭᠡᠨ ᠬᠥᠭᠵᠢᠭᠦᠯᠦᠯᠲᠡ ᠶᠢ ᠲᠦᠷᠭᠡᠳᠬᠡᠵᠦ᠂ ᠢᠯᠴᠢ ᠬᠠᠩᠭᠠᠬᠤ ᠬᠤᠭᠤᠯᠠᠶ ᠲᠣᠤᠷ ᠵᠡᠷᠭᠡ ᠰᠠᠭᠤᠷᠢ | ᠲᠥᠬᠦᠭᠡᠷᠦᠮᠵᠢ ᠪᠠᠨ ᠲᠡᠭᠦᠯᠳᠡᠷᠵᠢᠭᠦᠯᠵᠦ᠂ ᠲᠥᠪ ᠤᠨ ᠴᠡᠴᠡᠷᠯᠢᠭ ᠵᠡᠷᠭᠡ ᠵᠦᠯᠭᠡ ᠭᠠᠵᠠᠷ ᠢ ᠪᠥᠲᠥᠭᠡᠨ ᠪᠠᠶᠢᠭᠤᠯᠵᠤ᠂ | ᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠲᠥᠪ᠂ ᠴᠠᠬᠢᠯᠭᠠᠨ ᠬᠦᠴᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠵᠡᠷᠭᠡ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠵᠡᠭᠦᠨ ᠬᠡᠰᠡᠭ ᠲᠣᠭᠤᠷᠢᠭ ᠤᠨ ᠨᠡᠭᠡᠭᠡᠯᠲᠡ ᠶᠢᠨ | ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠵᠦ᠂ ᠦᠵᠡᠰᠬᠦᠯᠡᠩᠲᠦ ᠰᠠᠶᠢᠬᠠᠨ ︽ᠬᠤᠲᠠ ᠶᠢᠨ ᠵᠣᠴᠢᠳ ᠤᠨ | ᠲᠢᠩᠬᠢᠮ︾ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ ᠪᠦᠬᠦ ᠤᠯᠤᠰ ᠤᠨ ᠪᠣᠯᠪᠠᠰᠤᠨ ᠬᠤᠲᠠ ᠶᠢ | ᠪᠠᠶᠢᠩᠭᠤᠵᠢᠭᠤᠯᠤᠨ ᠡᠭᠦᠳᠦᠨ ᠪᠠᠶᠢᠭᠤᠯᠬᠤ ᠯᠤᠭ᠎ᠠ ᠤᠶᠠᠯᠳᠤᠭᠤᠯᠤᠨ᠂ ᠠᠮᠢᠳᠤᠷᠠᠯ ᠤᠨ ᠬᠤᠭ ᠨᠣᠪᠰᠢ ᠶᠢ ᠲᠥᠷᠥᠯ | ᠬᠤᠪᠢᠶᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠵᠡᠭᠡᠯᠢ ᠳᠠᠭᠠᠤ ᠶᠢᠨ ᠬᠤᠳᠠᠯᠳᠤᠭᠠᠴᠢᠨ ᠡᠷᠦᠬᠡ ᠶᠢᠨ | ᠭᠠᠳᠠᠷ ᠬᠡᠷᠡᠮ ᠤᠨ ᠥᠭᠡᠷᠡᠴᠢᠯᠡᠯᠲᠡ ᠬᠢᠬᠦ ᠶᠢ ᠵᠣᠷᠢᠭᠵᠢᠭᠤᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠨᠤᠷᠠᠭᠠᠵᠤ | ᠨᠡᠭᠦᠯᠭᠡᠬᠦ ᠥᠭᠡᠷᠡᠴᠢᠯᠡᠯᠲᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠥᠨᠴᠥᠭ ᠪᠤᠯᠤᠩ ᠢ ᠴᠡᠪᠡᠷᠯᠡᠬᠦ ᠠᠵᠢᠯ ᠢ | ᠪᠡᠶᠡᠯᠡᠭᠦᠯᠵᠦ᠂ ᠵᠢᠵᠢᠭ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠦᠨᠡᠨᠬᠦ ᠳᠡᠭᠡᠭᠰᠢᠯᠡᠭᠦᠯᠦᠨ᠎ᠡ᠃ ᠤᠶᠤᠨᠲᠤ ᠬᠤᠲᠠ ᠶᠢᠨ ᠬᠠᠮᠢᠶᠠᠷᠤᠯᠲᠠ᠂ ᠤᠶᠤᠨᠲᠤ ᠵᠢᠵᠢᠭ ᠰᠠᠭᠤᠭᠠᠯᠢ ᠲᠣᠭᠤᠷᠢᠭ | ᠵᠡᠷᠭᠡ ᠮᠡᠳᠡᠭᠡ ᠵᠠᠩᠭᠢ ᠪᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠭᠤᠤᠯᠳᠠᠯᠭ᠎ᠠ ᠲᠠᠢ | ᠣᠷᠣᠨ ᠪᠦᠰᠡ ᠶᠢᠨ ᠴᠢᠮᠡᠭᠡ ᠬᠤᠯᠪᠣᠭ᠎ᠠ ᠪᠣᠯᠤᠨ WiFi ᠳᠣᠬᠢᠶ᠎ᠠ ᠶᠢ ᠥᠨᠴᠥᠭ ᠪᠤᠯᠤᠩ ᠥᠬᠡᠶ᠂ ᠪᠦᠬᠦᠨ ᠢ | ᠬᠠᠮᠤᠷᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠬᠤᠲᠠ ᠶᠢᠨ ᠲᠤᠷᠰᠢᠯᠲᠠ ᠶᠢᠨ | ᠣᠷᠣᠨ ᠢ ᠬᠦᠴᠦᠯᠡᠨ ᠪᠠᠶᠢᠭᠤᠯᠵᠤ᠂ ᠲᠣᠭᠠᠴᠢᠯᠠᠭᠰᠠᠨ ᠬᠡᠯᠪᠡᠷᠢ ᠪᠠᠷ ᠣᠶᠤᠨᠴᠢ ᠢᠷᠡᠭᠡᠳᠦᠶ ︽ᠭᠡᠷᠡᠯᠲᠦᠭᠦᠯᠦᠨ᠎ᠡ︾᠃ | ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ | ᠤᠷᠭᠤᠮᠠᠯ ᠤᠨ ᠬᠦᠷᠢᠶᠡᠯᠡᠩ᠂ ᠪᠡᠶ᠎ᠡ ᠶᠢᠨ ᠲᠠᠮᠢᠷ ᠤᠨ ᠴᠡᠴᠡᠷᠯᠢᠭ ᠵᠡᠷᠭᠡ ᠣᠯᠠᠨ ᠨᠡᠶᠢᠲᠡ ᠶᠢᠨ ᠨᠣᠭᠤᠭᠠᠨ | ᠬᠥᠷᠥᠰᠥ ᠶᠢᠨ ᠰᠠᠭᠤᠷᠢ ᠪᠡᠯᠡᠳᠬᠡᠮᠵᠢ ᠶᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠨᠢᠭᠡ ᠪᠦᠯᠦᠭ ᠵᠢᠵᠢᠭ | ᠪᠢᠴᠢᠯ ᠨᠣᠭᠤᠭᠠᠨ ᠬᠥᠷᠥᠰᠥ ᠪᠠ ᠵᠢᠵᠢᠭ ᠴᠡᠴᠡᠷᠯᠢᠭ ᠢ ᠪᠦᠲᠦᠭᠡᠨ ᠪᠠᠶᠢᠭᠤᠯᠵᠤ᠂ ᠠᠳᠠᠯ ᠠᠬᠤᠶ ᠶᠢᠨ ᠬᠠᠮᠢᠶᠠᠷᠤᠯᠲᠠ | ᠦᠭᠡᠶ ᠵᠢᠵᠢᠭ ᠰᠠᠭᠤᠭᠠᠯᠢ ᠲᠣᠭᠤᠷᠢᠭ ᠤᠨ ᠭᠠᠵᠠᠷ ᠤᠨ ᠭᠠᠳᠠᠷᠭᠤ ᠶᠢ 20 ᠲᠦᠮᠡᠨ ᠲᠡᠭᠰᠢ ᠳᠥᠷᠪᠡᠯᠵᠢᠨ | ᠮᠧᠲᠷ ᠠᠴᠠ ᠳᠡᠭᠡᠭᠰᠢ ᠬᠠᠲᠠᠭᠤᠷᠠᠭᠤᠯᠵᠤ᠂ ᠣᠯᠠᠨ ᠲᠦᠮᠡᠨ ᠳᠤ ᠪᠣᠬᠢᠷᠲᠤᠯ ᠦᠭᠡᠶ ᠠᠰᠠᠷᠠᠮᠵᠢ ᠬᠦᠷᠲᠡᠭᠡᠨ᠎ᠡ᠃ | ᠣᠷᠣᠨ ᠪᠦᠰᠡ ᠶᠢᠨ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ G1816 ᠶᠢᠨ | ᠦᠬᠠᠢ ᠠᠴᠠ ᠬᠠᠷᠠᠬᠤᠳᠠ ᠬᠦᠷᠬᠦ ᠬᠡᠰᠡᠭ᠂ S37 ᠶᠢᠨ ᠦᠬᠠᠢ ᠠᠴᠠ ᠨᠢᠩᠰᠢᠶᠠ ᠶᠢᠨ ᠵᠡᠬᠦᠨ ᠬᠦᠷᠬᠦ ᠳᠡᠭᠡᠳᠦ | ᠬᠤᠷᠳᠣᠴᠠᠲᠤ ᠵᠠᠰᠠᠮᠠᠯ ᠵᠠᠮ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ S217 ᠶᠢᠨ ᠬᠠᠶᠢᠨᠠᠨ | ᠲᠣᠭᠤᠷᠢᠭ ᠠᠴᠠ ᠫᠢᠩ ᠯᠦᠸᠧ ᠰᠢᠶᠠᠨ ᠬᠦᠷᠬᠦ ︵ᠥᠪᠦᠷ ᠮᠣᠩᠭᠤᠯ ᠨᠢᠩᠰᠢᠶᠠ ᠶᠢᠨ ᠵᠠᠭᠠᠭ︶᠂ ᠦᠬᠠᠢ ᠠᠴᠠ | ᠬᠠᠷᠠᠬᠤᠳᠠ ᠬᠦᠷᠬᠦ ᠲᠡᠮᠦᠷ ᠵᠠᠮ ᠤᠨ ᠲᠤᠰᠬᠠᠢ ᠱᠤᠭᠤᠮ᠂ G110 ᠶᠢᠨ ᠳ᠋ᠧᠩᠺᠸᠦ ᠶᠢᠨ ᠬᠠᠲᠤᠨ ᠭᠤᠣᠯ ᠤᠨ | ᠶᠡᠭᠡ ᠬᠥᠭᠦᠷᠭᠡ ᠠᠴᠠ ᠬᠠᠶᠢᠷᠤᠪ ᠤᠨ ᠲᠤᠬᠤᠢ ᠶᠢᠨ ᠬᠡᠰᠡᠭ ᠬᠦᠷᠲᠡᠯᠡᠬᠢ ᠥᠭᠡᠷᠡᠴᠢᠯᠡᠨ ᠰᠢᠨᠡᠳᠬᠡᠬᠦ ᠵᠡᠷᠭᠡ | ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠲᠡᠭᠡᠲᠤ ᠬᠤᠷᠲᠤᠴᠠᠲᠤ ᠲᠡᠮᠦᠷ ᠵᠠᠮ ᠤᠨ ᠬᠡᠰᠡᠭ ᠤᠷᠤᠨ ᠤ ᠰᠠᠭᠤᠷᠢ | ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠲᠦᠯᠲᠡᠢ ᠲᠦᠯᠦᠪᠯᠡᠨ ᠠᠬᠢᠭᠤᠯᠵᠤ᠂ ᠲᠡᠭᠡᠲᠤ ᠬᠤᠷᠲᠤᠴᠠᠲᠤ | ᠲᠡᠮᠦᠷ ᠵᠠᠮ ᠤᠨ ᠥᠷᠳᠡᠭᠡ ᠶᠢᠨ ᠡᠮᠦᠨ᠎ᠡ ᠠᠭᠤᠳᠠᠮ ᠲᠠᠯᠠᠪᠠᠢ ᠶᠢ ᠦᠨᠳᠦᠷ ᠪᠠᠷᠢᠮᠵᠢᠶ᠎ᠠ ᠪᠠᠷ ᠪᠠᠶᠢᠭᠤᠯᠵᠤ᠂ 2030 | ᠤᠨ ᠪᠣᠯᠲᠠᠯ᠎ᠠ ᠲᠡᠮᠦᠷ ᠵᠠᠮ ᠤᠨ ᠲᠤᠰᠬᠠᠢ ᠲᠡᠭᠡᠭᠡᠪᠦᠷᠢ ᠶᠢᠨ ᠱᠤᠭᠤᠮ ᠢ 18 ᠵᠤᠷᠪᠤᠰ ᠪᠦᠲᠦᠭᠡᠨ ᠪᠠᠶᠢᠭᠤᠯᠬᠤ ᠪᠠᠷ | ᠴᠢᠷᠮᠠᠶᠢᠵᠤ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ︽ᠭᠤᠣᠯ ᠰᠤᠳᠠᠰᠤ︾ ᠶᠢ ᠬᠦᠴᠦᠯᠡᠨ | ᠨᠡᠪᠲᠡᠷᠡᠭᠦᠯᠦᠨ᠎ᠡ᠃ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠬᠤᠶᠢᠲᠤ ᠬᠡᠰᠡᠭ ᠤᠨ ᠬᠤᠯᠪᠣᠬᠤ ᠵᠠᠮ ᠵᠡᠷᠭᠡ | ᠲᠥᠷᠥᠯ ᠵᠦᠢᠯ ᠢ ᠰᠠᠶᠢᠲᠤᠷ ᠠᠳᠬᠤᠵᠤ᠂ ᠱᠢ ᠴᠧᠩ ᠶᠡᠭᠡ ᠵᠡᠭᠡᠯᠢ᠂ ᠬᠠᠶᠢᠪᠸᠢ ᠶᠡᠭᠡ ᠵᠡᠭᠡᠯᠢ ᠵᠡᠷᠭᠡ ᠵᠠᠮ ᠢ | ᠰᠢᠨᠡᠳᠬᠡᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ S318᠂ ᠲᠡᠷᠭᠡᠨ ᠥᠷᠲᠡᠭᠡᠨ ᠤ ᠵᠠᠮ ᠵᠡᠷᠭᠡ ᠮᠣᠬᠤᠷ | ᠵᠠᠮ ᠢ 30 ᠵᠤᠷᠪᠤᠰ ᠨᠡᠪᠲᠡᠷᠡᠭᠦᠯᠵᠦ᠂ ᠬᠤᠲᠠ ᠶᠢᠨ ᠵᠠᠮ ᠤᠨ ᠲᠣᠤᠷ ᠤᠨ ︽ᠪᠢᠴᠢᠯ ᠡᠷᠭᠢᠯᠲᠡ︾ ᠶᠢ ᠬᠦᠴᠦᠯᠡᠨ | ᠨᠡᠪᠲᠡᠷᠡᠭᠦᠯᠦᠨ᠎ᠡ᠃ ᠨᠢᠭᠡ᠂ ᠬᠤᠶᠠᠳᠤᠭᠠᠷ ᠵᠡᠷᠭᠡᠯᠡᠯ ᠤᠨ ᠬᠤᠲᠠ ᠳᠤ ᠬᠦᠷᠬᠦ ᠠᠶᠠᠯᠠᠯ ᠤᠨ ᠱᠤᠭᠤᠮ ᠢ ᠴᠠᠭ ᠲᠤᠨᠢ | ᠲᠣᠬᠢᠷᠠᠭᠤᠯᠤᠨ ᠨᠡᠪᠳᠡᠷᠡᠭᠦᠯᠵᠦ᠂ ᠭᠠᠳᠠᠭᠠᠳᠤ ᠠᠵᠤ ᠠᠬᠤᠶ ᠠᠷᠠᠯᠵᠢᠶ᠎ᠠ᠂ ᠵᠢᠭᠤᠯᠴᠢᠯᠠᠯ ᠤᠨ ᠰᠣᠯᠢᠯᠴᠠᠭᠠᠨ ᠤ | ︽ᠠᠭᠠᠷ ᠤᠨ ᠬᠥᠭᠦᠷᠭᠡ︾ ᠶᠢ ᠪᠤᠰᠬᠠᠨ᠎ᠠ᠃ ᠦᠵᠡᠰᠭᠦᠯᠡᠩᠲᠦ ᠰᠠᠢᠬᠠᠨ ᠬᠥᠳᠡᠭᠡ ᠳᠣᠰᠬᠤᠨ ᠢ ᠲᠦᠷᠭᠡᠳᠭᠡᠨ | ᠪᠠᠶᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢᠶᠠᠨ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠶᠢ ᠠᠬᠢᠭᠤᠯᠵᠤ᠂ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ | ᠮᠠᠨᠳᠤᠭᠤᠯᠬᠤ︾ ᠠᠵᠢᠯᠯᠠᠭ᠎ᠠ ᠶᠢ ᠥᠷᠨᠢᠭᠦᠯᠬᠦ ᠯᠦᠭᠡ ᠤᠶᠠᠯᠳᠤᠭᠤᠯᠵᠤ᠂ ᠨᠢᠭᠡ ᠪᠦᠯᠦᠭ ᠵᠢᠯ ᠤᠨ ᠣᠷᠣᠯᠭ᠎ᠠ ᠨᠢ 50 | — 100 ᠲᠦᠮᠡᠨ ᠲᠥᠭᠦᠷᠢᠭ ᠤᠨ ᠲᠣᠰᠬᠤᠨ ᠤ ᠬᠠᠮᠲᠤ ᠶᠢᠨ ᠠᠵᠤ ᠠᠬᠤᠢ ᠶᠢ ᠲᠤᠷᠰᠢᠨ ᠪᠠᠶᠢᠭᠤᠯᠵᠤ᠂ ᠠᠷᠭ᠎ᠠ | ᠪᠦᠬᠦᠨ ᠢ ᠰᠦᠪᠡᠭᠴᠢᠯᠡᠨ ᠲᠠᠷᠢᠶᠠᠴᠢᠳ ᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠨᠢ | ᠥᠷᠭᠡᠳᠬᠡᠨ᠎ᠠ᠃ ᠤᠯᠤᠰ ᠤᠨ ᠴᠢᠬᠤᠯᠠ ᠪᠣᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠶ ᠠᠭᠤᠰᠤᠯᠴᠠᠵᠤ᠂ ᠵᠠᠭᠤᠨ | ᠮᠥ ︽ᠬᠤᠯᠢᠰᠢᠨ ᠢᠳᠡᠭᠡᠨ︾ ᠤ ᠬᠠᠩᠭᠠᠯᠭ᠎ᠠ ᠶᠢ ᠪᠠᠲᠤᠯᠠᠬᠤ ᠰᠠᠭᠤᠷᠢᠨ ᠭᠠᠵᠠᠷ᠂ ᠠᠯᠠᠰᠢᠨ ᠦᠬᠡᠷ ᠢ | ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠵᠡᠷᠭᠡ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ 3 ᠵᠢᠯ ᠤᠨ | ᠬᠤᠭᠤᠴᠠᠭ᠎ᠠ ᠶᠢ ᠬᠡᠷᠡᠭᠯᠡᠵᠦ ᠪᠠᠶᠢᠭᠠᠳ ᠪᠥᠬᠦ ᠣᠷᠣᠨ ᠪᠦᠰᠡ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠪᠠᠶᠢᠭᠤᠯᠬᠤ ᠪᠠᠷ ᠴᠢᠷᠮᠠᠶᠢᠨ᠎ᠠ᠃ ᠥᠪᠡᠷᠮᠢᠴᠡ ᠣᠨᠴᠠᠯᠢᠭ ᠲᠠᠢ ᠰᠣᠳᠣᠨ ᠲᠠᠷᠢᠶᠠᠯᠠᠩ ᠢ ᠬᠦᠭᠵᠢᠬᠦᠯᠵᠦ᠂ | ᠦᠵᠦᠮ ᠤᠨ ᠬᠦᠷᠢᠶᠡᠯᠡᠩ ᠤᠨ ᠨᠣᠭᠤᠭᠠᠨ ᠵᠠᠮ᠂ ᠪᠡᠯᠡᠳᠭᠡᠮᠵᠢᠲᠦ ᠦᠵᠦᠮ ᠲᠠᠷᠢᠬᠤ ᠰᠠᠭᠤᠷᠢᠨ ᠭᠠᠵᠠᠷ ᠵᠡᠷᠭᠡ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠦᠵᠦᠮ ᠲᠠᠷᠢᠬᠤ ᠠᠵᠤ ᠠᠬᠤᠶᠢᠯᠠᠯ ᠤᠨ | ᠦᠵᠦᠮ ᠤᠨ ᠠᠷᠢᠬᠢ ᠶᠢᠨ ᠰᠣᠶᠣᠯ ᠢ ᠪᠡᠶᠡᠴᠢᠯᠡᠨ ᠣᠶᠢᠯᠠᠭᠠᠬᠤ᠂ ᠡᠳ᠋ᠯᠡᠩ ᠤᠨ ᠰᠡᠯᠡᠭᠦᠴᠡᠯ ᠠᠮᠠᠷᠠᠯᠲᠠ ᠵᠡᠷᠭᠡ | ᠴᠢᠳᠠᠮᠵᠢ ᠶᠢ ᠳᠡᠰ ᠳᠡᠪᠰᠢᠭᠦᠯᠦᠨ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠵᠤ᠂ ᠨᠢᠭᠡᠳᠦᠭᠡᠷ ᠬᠤᠶᠠᠳᠤᠭᠠᠷ | ᠭᠤᠷᠪᠠᠳᠤᠭᠠᠷ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ︽ᠦᠬᠠᠶ ᠶᠢᠨ ᠦᠵᠦᠮ︾ ᠤᠨ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠥᠷᠭᠡᠳᠬᠡᠵᠦ᠂ | ᠤᠯᠤᠰ ᠤᠨ ᠲᠠᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠴᠢᠷᠮᠠᠶᠢᠨ | ᠪᠠᠶᠢᠭᠤᠯᠤᠨ᠎ᠠ᠃ ᠬᠠᠲᠤᠨ ᠭᠤᠤᠯ ᠤᠨ ᠪᠠᠷᠠᠭᠤᠨᠰᠢ ᠠᠶᠠᠯᠠᠯ ᠤᠨ ᠵᠤᠴᠢᠳ ᠤᠨ ᠪᠠᠭᠤᠳᠠᠯ ᠵᠡᠷᠭᠡ ᠨᠢᠭᠡ ᠪᠦᠯᠦᠭ | ᠬᠥᠳᠡᠭᠡ ᠲᠣᠰᠬᠤᠨ ᠤ ᠵᠢᠭᠤᠯᠴᠢᠯᠠᠯ ᠤᠨ ᠲᠥᠷᠥᠯ ᠵᠦᠢᠯ ᠢ ᠥᠭᠡᠷᠡᠴᠢᠯᠡᠨ ᠳᠡᠭᠡᠭᠰᠢᠯᠡᠭᠦᠯᠵᠦ᠂ ᠠᠷᠠᠳ ᠤᠨ ᠵᠠᠩ | ᠦᠢᠯᠡ ᠶᠢᠨ ᠣᠨᠴᠠᠯᠢᠭᠲᠤ ᠰᠣᠳᠣᠯᠭᠠᠨ᠂ ᠰᠡᠯᠡᠭᠦᠴᠡᠨ ᠵᠤᠭᠠᠴᠠᠵᠤ ᠪᠡᠶᠡᠴᠢᠯᠡᠨ ᠣᠶᠢᠯᠠᠭᠠᠬᠤ ᠵᠡᠷᠭᠡ ᠦᠢᠯᠡᠳᠬᠦᠨ ᠤ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠢᠷᠢᠯᠠᠭᠤᠯᠤᠨ ᠬᠡᠷᠡᠭᠵᠢᠭᠦᠯᠵᠦ᠂ ᠲᠠᠷᠢᠶᠠᠯᠠᠩ ᠰᠣᠶᠣᠯ ᠵᠢᠭᠤᠯᠴᠢᠯᠠᠯ ᠤᠨ | ᠭᠦᠨᠵᠡᠭᠡᠶ ᠠᠭᠤᠰᠤᠯᠴᠠᠯ ᠢ ᠬᠦᠴᠦᠯᠡᠨ ᠠᠬᠢᠭᠤᠯᠤᠨ᠎ᠠ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ | ᠳᠥᠷᠪᠡᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ | ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ | ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠠᠮᠢᠳᠤᠷᠠᠯ ᠤᠨ ᠪᠣᠬᠢᠷ ᠤᠰᠤ ᠪᠠ | ᠬᠤᠭ ᠨᠣᠪᠰᠢ ᠶᠢ ᠵᠠᠰᠠᠬᠤ᠂ ᠠᠶᠢᠯ ᠲᠣᠰᠬᠤᠨ ᠢ ᠴᠡᠪᠡᠷᠰᠢᠭᠦᠯᠬᠦ ᠠᠵᠢᠯᠯᠠᠭ᠎ᠠ ᠪᠠ ᠨᠣᠭᠤᠭᠠᠷᠠᠭᠤᠯᠤᠯᠲᠠ | ᠭᠤᠶᠤᠵᠢᠭᠤᠯᠤᠯᠳᠠ ᠵᠡᠷᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠣᠷᠣᠰᠢᠨ ᠰᠠᠭᠤᠬᠤ | ᠠᠵᠢᠯ ᠦᠢᠯᠡᠰ ᠪᠦᠲᠦᠭᠡᠬᠦ ᠳᠤ ᠲᠣᠬᠢᠷᠠᠮᠵᠢᠲᠠᠶ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠦᠴᠦᠯᠡᠨ | ᠪᠠᠶᠢᠭᠤᠯᠤᠨ᠎ᠠ᠃ | ︵ᠲᠠᠪᠤ︶ ᠥᠭᠡᠷᠡᠴᠢᠯᠡᠯᠲᠡ ᠨᠡᠭᠡᠭᠡᠯᠲᠡ ᠶᠢ ᠪᠠᠷᠢᠮᠳᠠᠯᠠᠵᠤ᠂ ᠬᠦᠭᠵᠢᠯᠲᠡ ᠶᠢᠨ ᠬᠦᠳᠡᠯᠭᠡᠬᠦ ᠬᠦᠴᠦᠨ | ᠠᠮᠢᠵᠢᠷᠠᠯ ᠤᠨ ᠬᠦᠴᠦᠨ ᠢᠶᠠᠨ ᠭᠦᠶᠢᠴᠡᠳ ᠬᠦᠭᠵᠢᠭᠡᠨ᠎ᠡ | ᠥᠭᠡᠷᠡᠴᠢᠯᠡᠯᠲᠡ ᠪᠠᠷ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠬᠤ ᠶᠢ ᠪᠠᠷᠢᠮᠲᠠᠯᠠᠵᠤ᠂ | ᠨᠡᠭᠡᠭᠡᠯᠲᠡ ᠪᠠᠷ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠪᠦᠷᠢᠯᠳᠦᠭᠦᠯᠵᠦ᠂ ᠡᠬᠢ ᠪᠠᠶᠠᠯᠢᠭ ᠤᠨ ᠡᠯᠧᠮᠧᠨ᠋ᠲ ᠢ | ᠥᠨᠳᠥᠷ ᠪᠦᠲᠦᠮᠵᠢᠲᠡᠢ ᠲᠥᠪᠯᠡᠷᠡᠭᠦᠯᠬᠦ᠂ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠨᠡᠩ ᠰᠠᠶᠢᠲᠤᠷ ᠦᠢᠯᠡᠴᠢᠯᠡᠨ᠎ᠡ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ︽ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠨ᠎ᠡ᠃ ᠰᠢᠨ᠎ᠡ ᠨᠢᠭᠡ ᠡᠭᠡᠯᠵᠢ ᠶᠢᠨ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠵᠦ᠂ | ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠣᠳᠣᠬᠢᠴᠢᠯᠠᠭᠰᠠᠨ ᠠᠵᠤ ᠠᠬᠤᠶᠢᠯᠠᠯ ᠤᠨ | ᠵᠠᠰᠠᠯᠲᠠ ᠶᠢᠨ ᠵᠠᠭᠪᠤᠷ ᠪᠠ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ ᠶᠢ ᠪᠦᠷᠢᠨᠰᠢᠭᠦᠯᠬᠦ ᠶᠢ | ᠠᠬᠢᠭᠤᠯᠵᠤ᠂ ᠬᠤᠪᠢ ᠣᠷᠣᠭᠤᠯᠤᠨ ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠨ᠎ᠡ ᠡᠨᠧᠷᠭᠢ᠂ | ᠰᠢᠨ᠎ᠡ ᠮᠠᠲ᠋ᠧᠷᠢᠶᠠᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠳᠤ ᠣᠷᠣᠯᠴᠠᠬᠤ ᠶᠢ | ᠠᠬᠢᠭᠤᠯᠵᠤ᠂ ᠡᠳ᠋ ᠬᠥᠷᠥᠩᠭᠡ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠪᠤᠵᠠᠭᠠᠶᠢᠷᠠᠭᠤᠯᠤᠨ᠂ ᠡᠵᠡᠩᠨᠡᠯᠲᠡ ᠶᠢᠨ | ᠦᠷ᠎ᠡ ᠠᠰᠢᠭ ᠢ ᠳᠡᠭᠡᠭᠰᠢᠯᠡᠭᠦᠯᠦᠨ᠎ᠡ᠃ ᠡᠳ᠋ ᠤᠨ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠳᠣᠲᠣᠭᠠᠳᠤ ᠡᠵᠡᠮᠳᠡᠯ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢ ᠴᠢᠩᠳᠠᠯᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠤᠨ | ᠲᠦᠷᠦᠯ ᠵᠦᠢᠯ ᠤᠨ ᠪᠦᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠵᠣᠭᠤᠰ ᠵᠠᠷᠤᠬᠤ ᠳᠤ ᠵᠠᠪᠠᠯ ᠦᠷ᠎ᠡ | ᠪᠦᠲᠦᠮᠵᠢ ᠶᠢ ᠨᠢ ᠠᠰᠠᠭᠤᠵᠤ᠂ ᠦᠷ᠎ᠡ ᠪᠦᠲᠦᠮᠵᠢ ᠦᠭᠡᠢ ᠪᠣᠯ ᠵᠠᠪᠠᠯ ᠬᠠᠷᠢᠭᠤᠴᠠᠯᠭ᠎ᠠ ᠨᠡᠬᠡᠮᠵᠢᠯᠡᠬᠦ ᠶᠢ | ᠪᠡᠶᠡᠯᠡᠬᠦᠯᠦᠨ᠎ᠡ᠃ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ | ᠣᠷᠣᠨ ᠲᠤᠭ᠎ᠠ ᠠᠴᠠ ᠭᠠᠳᠠᠨᠠᠬᠢ ᠬᠥᠮᠦᠰ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠵᠢᠷᠤᠮᠵᠢᠭᠤᠯᠦᠨᠡ᠃ ᠶᠠᠰᠤ | ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠶᠠᠰᠤ ᠴᠢᠨᠠᠷ ᠢᠶᠠᠷ ᠬᠤᠲᠠ ᠪᠠᠨ | ᠬᠦᠴᠦᠷᠬᠡᠭᠵᠢᠭᠦᠯᠬᠦ ᠪᠠᠷ ᠬᠦᠴᠦᠯᠡᠨ ᠴᠢᠷᠮᠠᠶᠢᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ︽ᠵᠥᠭᠡᠯᠡᠨ | ᠪᠣᠳᠠᠲᠤ ᠬᠦᠴᠦᠨ︾ ᠢᠶᠠᠨ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠲᠥᠬᠦᠮ | ᠦᠵᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶ ᠳᠥᠯᠭᠢᠨ ᠠᠬᠢᠭᠤᠯᠵᠤ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ︽ᠨᠢᠭᠡ | ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠦᠢᠯᠡᠴᠢᠯᠡᠭᠡ ᠶᠢ | ᠰᠢᠯᠢᠳᠡᠭᠵᠢᠭᠦᠯᠦᠨ ᠳᠡᠭᠡᠭᠰᠢᠯᠡᠭᠦᠯᠵᠦ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠪᠦᠷᠬᠦᠴᠡ ᠶᠢᠨ | ᠬᠡᠪᠴᠢᠶ᠎ᠡ ᠶᠢ ᠥᠷᠭᠡᠳᠬᠡᠵᠤ᠂ ᠢᠯᠴᠢ ᠬᠠᠩᠭᠠᠬᠤ ᠵᠡᠷᠭᠡ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠪᠥᠬᠦ | ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠵᠦ᠂ ︽12345︾ ᠬᠠᠯᠠᠮᠰᠢᠯ ᠤᠲᠠᠰᠤᠨ ᠤ | ᠬᠠᠷᠢᠭᠤ ᠥᠭᠬᠦ ᠨᠣᠷᠮ᠎ᠠ ᠶᠢ 100% ᠳᠤ ᠬᠦᠷᠦᠭᠦᠯᠵᠦ᠂ ᠰᠢᠢᠳᠪᠦᠷᠢᠯᠡᠭᠰᠡᠨ ᠨᠣᠷᠮ᠎ᠠ ᠶᠢᠨ ᠬᠠᠨᠤᠮᠵᠢ ᠶᠢᠨ | ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ︽ᠬᠤᠶᠠᠷ ᠢ ᠮᠡᠳᠡᠬᠦᠯᠬᠦ ᠶᠢ ᠬᠡᠯᠲᠦᠷᠢᠭᠦᠯᠬᠦ︾ | ᠥᠭᠡᠷᠡᠴᠢᠯᠡᠯᠲᠡ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠢᠨᠠᠨ ᠵᠥᠪᠰᠢᠶᠡᠷᠡᠬᠦ ᠲᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠩ ᠣᠯᠠᠨ ᠵᠦᠢᠯᠡᠰ ᠢ ︽ᠭᠦᠢᠴᠡᠳᠭᠡᠵᠦ ᠪᠣᠯᠬᠤ ᠮᠥᠷᠲᠡᠭᠡᠨ ᠬᠢᠵᠦ | ᠪᠣᠯᠬᠤ︾ ᠠᠴᠠ ︽ᠭᠦᠢᠴᠡᠳᠬᠡᠬᠦ ᠳᠤ ᠬᠢᠯᠪᠠᠷ ᠭᠦᠢᠴᠡᠳᠬᠡᠬᠦ ᠳᠤ ᠲᠦᠬᠦᠮ︾ ᠲᠡᠶᠢᠰᠢ ᠰᠢᠯᠵᠢᠭᠦᠯᠬᠦ ᠶᠢ ᠠᠬᠢᠭᠤᠯᠤᠨ᠎ᠠ᠃ | ︽ᠬᠤᠶᠠᠷ ᠲᠠᠰᠢᠷᠠᠮ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ᠂ ︽ᠢᠨᠲ᠋ᠧᠷ ᠰᠦᠯᠵᠢᠶ᠎ᠡ + ᠬᠢᠨᠠᠯᠲᠠ | ᠬᠠᠮᠢᠶᠠᠷᠤᠯᠲᠠ︾ ᠶᠢ ᠯᠠᠪᠳᠠᠭᠤᠨ ᠪᠠᠲᠤᠲᠠᠶ ᠥᠷᠨᠢᠭᠦᠯᠵᠦ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ᠂ ᠣᠶᠤᠨᠴᠢ | ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠦᠨᠡᠨᠬᠦ ᠳᠡᠭᠡᠭᠰᠢᠯᠡᠭᠦᠯᠦᠨ᠎ᠡ᠃ ᠭᠠᠳᠠᠭᠰᠢ ᠨᠡᠭᠡᠭᠡᠬᠦ ︽ᠶᠡᠭᠡ | ᠵᠠᠮ︾ ᠢ ᠨᠡᠪᠲᠡᠷᠡᠭᠦᠯᠤᠨ᠎ᠠ᠃ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ | ᠢᠳᠡᠪᠬᠢᠲᠡᠢ ᠠᠭᠤᠰᠤᠯᠴᠠᠵᠤ᠂ ᠥᠪᠡᠷᠲᠡᠭᠡᠨ ᠵᠠᠰᠠᠬᠤ ᠣᠷᠣᠨ ᠤ ᠤᠮᠠᠷᠠᠰᠢ ᠨᠡᠭᠡᠭᠡᠯᠲᠡ ᠬᠢᠬᠦ ᠪᠠᠶᠢᠯᠳᠤᠬᠤ | ᠪᠣᠳᠣᠯᠭ᠎ᠠ ᠶᠢ ᠣᠨᠣᠪᠴᠢᠲᠠᠢ ᠡᠵᠡᠮᠰᠢᠵᠦ᠂ ᠭᠠᠳᠠᠭᠠᠲᠤ ᠠᠴᠠ ᠣᠷᠤᠭᠤᠯᠵᠤ ᠭᠠᠳᠠᠭᠠᠲᠤ ᠳᠤ ᠭᠠᠷᠭᠠᠬᠤ ᠶᠢᠨ | ︽ᠬᠤᠣᠰ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠬᠡᠷᠡᠭᠵᠢᠭᠦᠯᠵᠤ᠂ ᠳᠤᠮᠳᠠᠳᠤ ᠮᠣᠩᠭᠤᠯ ᠣᠷᠣᠰ ᠤᠨ | ᠣᠨᠴᠠᠯᠢᠭ ᠲᠠᠢ ᠠᠷᠠᠯᠵᠢᠶᠠᠨ ᠤ ᠣᠷᠣᠨ ᠢ ᠲᠦᠷᠭᠡᠳᠭᠡᠨ ᠪᠠᠶᠢᠭᠤᠯᠵᠤ᠂ ᠮᠣᠩᠭᠤᠯ ᠣᠯᠣᠰ ᠤᠨ ᠨᠡᠭᠦᠷᠡᠰᠦ ᠶᠢ | ᠦᠬᠠᠢ ᠳᠤ ᠣᠷᠣᠭᠤᠯᠬᠤ ᠵᠠᠮ ᠢ ᠰᠠᠭᠠᠳ ᠦᠭᠡᠢ ᠨᠡᠪᠲᠡᠷᠡᠭᠦᠯᠵᠤ᠂ ︽ᠠᠵᠤ ᠠᠬᠤᠢ ᠶᠢᠨ ᠨᠡᠪᠲᠡᠷᠡᠬᠦ ᠵᠠᠮ︾ ᠠᠴᠠ | ︽ᠨᠡᠪᠲᠡᠷᠡᠬᠦ ᠵᠠᠮ ᠤᠨ ᠠᠵᠤ ᠠᠬᠤᠢ︾ ᠲᠡᠰᠢ ᠬᠤᠪᠢᠷᠠᠭᠤᠯᠬᠤ᠂ ︽ᠦᠩᠬᠡᠷᠡᠭᠦ ᠠᠵᠤ ᠠᠬᠤᠢ︾ ᠠᠴᠠ | ︽ᠰᠠᠭᠤᠷᠢᠰᠢᠭᠰᠠᠨ ᠠᠵᠤ ᠠᠬᠤᠢ︾ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠨᠢᠭᠡ ᠪᠦᠯᠦᠭ | ᠳᠠᠯᠳᠠ ᠬᠦᠴᠦᠨ ᠤ ᠬᠡᠯᠪᠡᠷᠢ ᠶᠢᠨ᠂ ᠪᠤᠶᠢᠵᠢᠯᠲᠠ ᠶᠢᠨ ᠬᠡᠯᠪᠡᠷᠢ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ | ᠣᠷᠣᠭᠤᠯᠤᠨ ᠪᠤᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠣᠨᠴᠠᠯᠢᠠᠠᠳᠣ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠢᠳᠡᠪᠬᠢᠲᠡᠶ ᠪᠠᠷ ᠡᠭᠦᠳᠦᠨ | ᠪᠠᠶᠢᠭᠤᠯᠵᠤ᠂ ᠪᠣᠳᠠᠲᠠᠶ ᠪᠠᠷ ᠠᠰᠢᠭᠯᠠᠬᠤ ᠭᠠᠳᠠᠭᠠᠳᠤ ᠪᠡᠯᠡ ᠶᠢ 1 ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ | ᠴᠢᠷᠮᠠᠶᠢᠨ᠎ᠠ᠃ ᠤᠯᠤᠰ ᠠᠴᠠ ᠬᠠᠲᠤᠨ ᠭᠤᠣᠯ ᠤᠨ ︽几︾ ᠦᠰᠦᠭᠲᠤ ᠲᠤᠬᠤᠢ ᠶᠢᠨ ᠬᠤᠲᠠ ᠶᠢᠨ ᠲᠣᠭᠤᠷᠢᠭ ᠤᠨ | ᠬᠠᠮᠵᠢᠯᠴᠠᠨ ᠬᠥᠭᠵᠢᠬᠦ ᠶᠢ ᠠᠬᠢᠭᠤᠯᠬᠤ ᠠᠵᠠ ᠲᠣᠬᠢᠶᠠᠯ ᠢ ᠠᠳᠬᠤᠵᠤ᠂ ᠬᠠᠲᠤᠨ ᠭᠤᠣᠯ ᠳᠠᠭᠠᠤ ᠶᠢᠨ ᠲᠠᠪᠤᠨ | ᠠᠶᠢᠮᠠᠭ ᠬᠤᠲᠠ ᠶᠢᠨ ᠣᠷᠣᠨ ᠪᠦᠰᠡ ᠶᠢᠨ ᠬᠠᠮᠵᠢᠯᠴᠠᠨ ᠬᠥᠭᠵᠢᠬᠦ᠂ ᠪᠠᠷᠠᠭᠤᠨ ᠣᠷᠣᠨ ᠤ ︽3 + 1︾ ᠶᠢᠨ | ᠬᠠᠮᠲᠤᠷᠠᠯᠴᠠᠭ᠎ᠠ ᠵᠡᠷᠭᠡ ᠲᠣᠭᠲᠠᠴᠠ ᠶᠢ ᠪᠠᠶᠢᠭᠤᠯᠵᠤ᠂ ᠠᠵᠤ ᠦᠢᠯᠡᠰ ᠤᠨ ᠬᠤᠯᠪᠣᠭᠠᠯᠠᠨ ᠬᠥᠳᠡᠯᠦᠯᠴᠡᠬᠦ ᠵᠡᠷᠭᠡ | ᠲᠠᠯ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ︵ᠵᠢᠷᠭᠤᠭ᠎ᠠ︶ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠢᠶᠠᠷ ᠬᠤᠲᠠ ᠪᠠᠨ ᠮᠠᠨᠳᠤᠭᠤᠯᠬᠤ ᠶᠢ ᠪᠠᠷᠢᠮᠳᠠᠯᠠᠵᠤ | ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠨ᠎ᠠ | ᠰᠢᠨᠵᠢᠯᠡᠬᠦ ᠤᠬᠠᠭᠠᠨ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ᠂ ᠴᠢᠳᠠᠪᠤᠷᠢᠲᠠᠨ ᠪᠣᠯ | ᠨᠢᠭᠡᠳᠦᠭᠡᠷ ᠡᠬᠢ ᠪᠠᠶᠠᠯᠢᠭ᠂ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠬᠦ ᠬᠦᠴᠦᠨ ᠪᠣᠯᠬᠤ ᠶᠢ ᠪᠠᠷᠢᠮᠲᠠᠯᠠᠵᠤ᠂ | ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ | ᠣᠳᠣᠬᠢᠴᠢᠯᠠᠬᠤ ᠰᠠᠭᠤᠷᠢ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠤᠯᠭᠠᠭᠤᠷᠢᠯᠠᠯ ᠢ ᠲᠠᠰᠤᠷᠠᠯᠲᠠ | ᠤᠢᠭᠡᠢ ᠪᠠᠲᠤᠳᠬᠠᠨ᠎ᠠ᠃ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠨ᠎ᠠ᠃ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ︽1+N︾ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ | ᠨᠠᠶᠢᠳᠠᠪᠤᠷᠢᠵᠢᠭᠤᠯᠵᠤ᠂ ︽ᠵᠠᠮᠴᠢᠯᠠᠭᠰᠠᠨ ᠰᠤᠷᠭᠠᠭᠤᠯᠢ ᠶᠢᠨ ᠵᠠᠬᠢᠷᠤᠯ︾ ︽ᠰᠢᠯᠭᠠᠷᠠᠭᠰᠠᠨ ᠪᠠᠭᠰᠢ︾ ᠶᠢ ᠬᠥᠮᠦᠵᠢᠭᠦᠯᠬᠦ | ᠲᠥᠯᠥᠪᠯᠡᠭᠡ ᠶᠢ ᠬᠡᠷᠡᠭᠵᠢᠭᠦᠯᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠦᠨᠡᠨᠬᠦ | ᠳᠡᠭᠡᠭᠰᠢᠯᠡᠭᠦᠯᠵᠦ᠂ ᠬᠡᠤᠬᠡᠳ ᠨᠢᠭᠡᠪᠦᠷᠢ ᠶᠢ ᠴᠥᠮ ᠬᠥᠮᠦᠨ ᠤ ᠠᠮᠢᠳᠤᠷᠠᠯ ᠤᠨ ᠥᠩᠭᠡ ᠭᠡᠷᠡᠯᠲᠦ ᠲᠣᠬᠢᠶᠠᠯ ᠲᠠᠢ | ᠪᠣᠯᠭᠠᠨ᠎ᠠ᠃ ︽ᠬᠤᠶᠠᠷ ᠢ ᠬᠦᠩᠭᠡᠷᠡᠭᠦᠯᠦᠭᠰᠡᠨ︾ ᠦᠷ᠎ᠡ ᠪᠦᠲᠦᠮᠵᠢ ᠪᠠᠨ ᠪᠠᠬᠢᠵᠢᠭᠦᠯᠦᠨ ᠳᠡᠭᠡᠭᠰᠢᠯᠡᠭᠦᠯᠵᠦ᠂ | ᠬᠠᠶᠢᠷᠤᠪ ᠤᠨ ᠲᠣᠬᠤᠶ ᠲᠣᠭᠤᠷᠢᠭ ᠪᠣᠯᠤᠨ ᠬᠠᠶᠢᠨᠠᠨ ᠲᠣᠭᠤᠷᠢᠭ ᠤᠨ ᠤᠯᠤᠰ ᠤᠨ ᠰᠢᠶᠠᠨ ᠤ ᠬᠡᠪᠴᠢᠶᠡᠨ ᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠣᠷᠣᠨ ᠢ ᠡᠭᠦᠳᠦᠨ | ᠪᠠᠶᠢᠭᠤᠯᠬᠤ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠶᠢ ᠠᠬᠢᠭᠤᠯᠤᠨ᠎ᠠ᠃ ᠳᠡᠭᠡᠳᠦ ᠰᠤᠷᠭᠠᠭᠤᠯᠢ ᠶᠢᠨ | ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ︽ᠰᠠᠭᠤᠷᠢ ᠶᠢ ᠴᠢᠩᠭᠠᠳᠬᠠᠬᠤ ᠲᠥᠯᠥᠪᠯᠡᠭᠡ︾ ᠶᠢ ᠡᠬᠢᠯᠡᠨ ᠬᠡᠷᠡᠭᠵᠢᠭᠦᠯᠵᠦ᠂ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠬᠢᠴᠢᠶᠡᠯ ᠲᠥᠷᠥᠯ ᠤᠨ ᠰᠢᠨ᠎ᠡ ᠵᠢᠭᠠᠬᠤ | ᠮᠠᠲ᠋ᠧᠷᠢᠶᠠᠯ ᠢ ᠬᠦᠴᠦᠯᠡᠨ ᠪᠤᠢ ᠪᠣᠯᠭᠠᠨ᠎ᠠ᠃ ᠰᠣᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ᠂ ᠣᠨᠴᠤᠭᠤᠢ | ᠰᠤᠷᠭᠠᠨ ᠬᠦᠮᠦᠵᠢᠯ ᠤᠨ ᠬᠥᠭᠵᠢᠯᠲᠡ ᠶᠢ ᠠᠬᠢᠭᠤᠯᠤᠨ᠎ᠠ᠃ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ | ᠬᠤᠲᠠ ᠶᠢᠨ ᠠᠷᠪᠠ ᠶᠢᠰᠦᠳᠦᠭᠡᠷ ᠳᠤᠮᠳᠠᠳᠤ ᠰᠤᠷᠭᠠᠭᠤᠯᠢ ᠶᠢ ᠡᠬᠢᠯᠡᠨ ᠪᠠᠶᠢᠭᠤᠯᠵᠤ᠂ ᠬᠤᠲᠠ ᠶᠢᠨ ᠠᠷᠪᠠᠲᠤᠭᠠᠷ | ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ᠂ ᠬᠠᠶᠢᠷᠤᠪ ᠤᠨ ᠲᠣᠬᠤᠢ ᠲᠣᠭᠤᠷᠢᠭ ᠤᠨ ᠯᠢᠨ ᠶᠢᠨ ᠪᠠᠭ᠎ᠠ | ᠰᠤᠷᠭᠠᠭᠤᠯᠢ᠂ ᠬᠠᠶᠢᠨᠠᠨ ᠲᠣᠭᠤᠷᠢᠭ ᠤᠨ ᠬᠤᠶᠠᠳᠤᠭᠠᠷ ᠬᠡᠤᠬᠡᠳ ᠤᠨ ᠴᠡᠴᠡᠷᠯᠢᠭ᠂ ᠪᠢᠨ ᠾᠧ ᠶᠢᠨ ᠬᠤᠶᠠᠳᠤᠭᠠᠷ | ᠬᠤᠭᠤᠴᠠᠭᠠᠨ ᠤ ᠬᠡᠤᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠶᠢᠨ | ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ᠂ ᠬᠤᠶᠠᠳᠤᠭᠠᠷ ᠳᠤᠮᠳᠠᠳᠤ | ᠰᠤᠷᠭᠠᠭᠤᠯᠢ ᠶᠢᠨ ᠪᠢᠨ ᠾᠧ ᠶᠢᠨ ᠰᠤᠷᠭᠠᠭᠤᠯᠢ ᠶᠢᠨ ᠲᠣᠭᠤᠷᠢᠭ ᠢ ᠪᠠᠶᠢᠭᠤᠯᠤᠨ᠎ᠠ᠃ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠳᠤ ᠡᠨᠧᠷᠭᠢ ᠣᠯᠭᠤᠬᠤ ᠶᠢ ᠠᠬᠢᠭᠤᠯᠤᠨ᠎ᠠ᠃ ︽ᠰᠢᠨᠵᠢᠯᠡᠬᠦ ᠤᠬᠠᠭᠠᠨ | ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ | ᠵᠠᠰᠠᠭ ᠤᠨ ᠣᠷᠳᠣᠨ ᠤ ᠰᠤᠳᠤᠯᠭᠠᠨ ᠪᠠ ᠲᠤᠷᠰᠢᠯᠲᠠ ᠬᠥᠭᠵᠢᠯᠲᠡ ᠶᠢᠨ ᠵᠠᠷᠤᠳᠠᠯ ᠤᠨ ᠨᠡᠮᠡᠭᠳᠡᠯ ᠤᠨ ᠬᠤᠷᠳᠤᠴᠠ ᠶᠢ | 23% ᠠᠴᠠ ᠳᠡᠭᠡᠭᠰᠢ ᠪᠠᠶᠢᠯᠭᠠᠵᠤ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠪᠥᠬᠦ | ᠬᠦᠴᠦᠨ ᠢᠶᠠᠷ ᠢᠶᠠᠨ ᠴᠢᠷᠮᠠᠶᠢᠨ ᠡᠭᠦᠳᠦᠨ᠎ᠡ᠃ ᠵᠠᠰᠠᠭ ᠤᠨ ᠣᠷᠳᠣᠨ ᠠᠵᠤ ᠠᠬᠤᠶᠢᠯᠠᠯ ᠰᠤᠷᠭᠠᠭᠤᠯᠢ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠨᠡᠪᠴᠢᠭᠦᠯᠬᠦ ᠲᠥᠪ᠂ ᠨᠡᠭᠦᠷᠡᠰᠦ ᠬᠢᠭᠡᠳ ᠬᠢᠮᠢ ᠶᠢᠨ ᠠᠵᠤ ᠦᠢᠯᠡᠳᠪᠦᠷᠢ ᠶᠢᠨ | ᠮᠡᠷᠭᠡᠵᠢᠯ ᠤᠨ ᠰᠤᠳᠤᠯᠤᠨ ᠨᠡᠭᠡᠭᠡᠬᠦ ᠲᠥᠪ᠂ ᠮᠦᠬᠦᠲᠤ ᠡᠪᠡᠰᠦᠨ ᠤ ᠮᠡᠷᠭᠡᠵᠢᠯ ᠤᠨ ᠰᠤᠳᠤᠯᠤᠨ ᠨᠡᠭᠡᠭᠡᠬᠦ ᠰᠠᠭᠤᠷᠢᠨ | ᠭᠠᠵᠠᠷ ᠵᠡᠷᠭᠡ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ | ᠨᠡᠭᠦᠷᠡᠰᠦᠲᠥ᠋ᠷᠥᠭᠴᠢ ᠶᠢᠨ ᠰᠢᠷᠬᠡᠭᠯᠢᠭ ᠲᠥᠬᠦᠭᠡᠷᠦᠮᠵᠢ ᠦᠢᠯᠡᠳᠬᠦ ᠵᠡᠷᠭᠡ ᠨᠢᠭᠡ ᠪᠦᠯᠦᠭ ᠮᠡᠷᠭᠡᠵᠢᠯ ᠤᠨ ᠦᠷ᠎ᠡ | ᠪᠦᠲᠦᠭᠡᠯ ᠢ ᠪᠤᠳᠠᠳᠠᠶᠢᠵᠢᠭᠤᠯᠤᠨ ᠤᠯᠠᠷᠢᠭᠤᠯᠬᠤ ᠶᠢ ᠠᠬᠢᠭᠤᠯᠤᠨ᠎ᠠ᠃ ᠰᠢᠨ᠎ᠡ ᠶᠢ ᠡᠭᠦᠳᠬᠦ ᠮᠠᠶ᠋ᠢᠭ ᠤᠨ ᠠᠵᠤ | ᠠᠬᠤᠶᠢᠯᠠᠯ ᠤᠨ ︽ᠬᠤᠶᠠᠷ ᠳᠠᠬᠢᠨ ᠢᠶᠠᠷ ᠨᠡᠮᠡᠭᠳᠡᠵᠦ ᠬᠤᠶᠠᠷ ᠢ ᠳᠡᠭᠡᠭᠰᠢᠯᠡᠭᠦᠯᠬᠦ︾ ᠠᠵᠢᠯᠯᠠᠭ᠎ᠠ ᠶᠢ ᠬᠡᠷᠡᠭᠵᠢᠭᠦᠯᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ | ᠪᠠᠶᠢᠭᠤᠯᠬᠤ᠂ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ᠂ ᠰᠤᠳᠤᠯᠤᠨ ᠨᠡᠭᠡᠭᠡᠬᠦ ᠣᠷᠣᠭᠤᠯᠤᠯᠲᠠ ᠪᠠᠨ | ᠨᠡᠮᠡᠭᠳᠡᠭᠦᠯᠬᠦ ︽ᠭᠤᠷᠪᠠ ᠶᠢ ᠪᠦᠬᠦᠨ ᠢ ᠪᠦᠷᠬᠦᠬᠦᠯᠬᠦ︾ ᠲᠥᠯᠥᠪᠯᠡᠭᠡ ᠶᠢ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ ᠢ 17᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ | 25 ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠴᠢᠳᠠᠪᠤᠷᠢᠲᠠᠨ ᠢᠶᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠨ᠎ᠠ᠃ | ︽ᠦᠬᠠᠶ ᠶᠢᠨ ᠴᠢᠳᠠᠪᠤᠷᠢᠲᠠᠨ︾ ᠤ ᠢᠨᠵᠧᠨᠧᠷᠢᠩ ᠢ ᠰᠢᠯᠢᠳᠡᠭᠵᠢᠭᠦᠯᠵᠦ᠂ ︽ᠴᠢᠳᠠᠪᠤᠷᠢᠲᠠᠨ ᠤ ᠣᠷᠣᠨ ᠠᠯᠤᠰᠯᠠᠭᠰᠠᠨ︾ | ᠵᠡᠷᠭᠡ ᠤᠶᠠᠨ ᠬᠠᠳᠠᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠴᠢᠳᠠᠪᠤᠷᠢᠲᠠᠨ ᠢ ︽ᠣᠷᠣᠭᠤᠯᠬᠤ | ᠬᠥᠮᠦᠵᠢᠭᠦᠯᠬᠦ ᠬᠡᠷᠡᠭᠯᠡᠬᠦ ᠦᠯᠡᠳᠡᠭᠡᠬᠦ︾ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠠᠨ ᠴᠢᠩᠭᠠᠳᠬᠠᠵᠤ᠂ ᠨᠠᠩ ᠣᠯᠠᠨ | ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠰᠢᠨᠵᠢᠯᠡᠬᠦ ᠤᠬᠠᠭᠠᠨ ᠤ ᠰᠤᠳᠤᠯᠭᠠᠨ ᠤ | ᠪᠦᠯᠬᠦᠮ ᠢ ᠣᠷᠣᠭᠤᠯᠤᠨ ᠠᠪᠴᠢᠷᠠᠵᠤ᠂ ᠴᠢᠳᠠᠪᠤᠷᠢᠲᠠᠨ ᠤ ᠣᠷᠮ᠎ᠠ ᠶᠢ ᠨᠢ ᠬᠦᠭᠵᠢᠭᠡᠭᠰᠡᠨ᠂ ᠪᠠᠬ᠎ᠠ ᠶᠢ ᠨᠢ | ᠲᠠᠲᠠᠭᠰᠠᠨ ︽ᠴᠢᠩᠭ᠎ᠠ ᠰᠣᠷᠢᠨᠵᠢᠨ ᠣᠷᠣᠨ︾ ᠢ ᠪᠣᠶ ᠪᠣᠯᠭᠠᠨ᠎ᠠ᠃ ᠴᠢᠳᠠᠪᠤᠷᠢᠲᠠᠨ ᠤ ᠪᠡᠶ᠎ᠡ ᠪᠠᠨ ᠳᠠᠭᠠᠭᠠᠵᠤ | ᠬᠥᠮᠦᠵᠢᠬᠦ ᠶᠠᠰᠤ ᠴᠢᠨᠠᠷ ᠪᠣᠯᠤᠨ ᠴᠢᠳᠠᠪᠤᠷᠢ ᠶᠢ ᠨᠢ ᠳᠡᠭᠡᠭᠰᠢᠯᠡᠭᠦᠯᠵᠦ᠂ ᠦᠬᠠᠶ ᠶᠢᠨ ᠠᠵᠢᠯ ᠮᠡᠷᠭᠡᠵᠢᠯ ᠤᠨ ᠲᠡᠭᠡᠲᠤ | ᠰᠤᠷᠭᠠᠭᠤᠯᠢ ᠳᠤ ᠬᠡᠷᠡᠭᠯᠡᠭᠡᠨ ᠤ ᠬᠡᠯᠪᠡᠷᠢ ᠶᠢᠨ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ ᠪᠠᠶᠢᠭᠤᠯᠬᠤ ᠶᠢ | ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠭᠤᠯᠢ ᠶᠢᠨ ︽ᠳᠤᠮᠳᠠ ᠵᠡᠷᠭᠡ ᠶᠢᠨ ᠠᠵᠢᠯ ᠮᠡᠷᠭᠡᠵᠢᠯ + ᠳᠡᠭᠡᠳᠦ | ᠵᠡᠷᠭᠡ ᠶᠢᠨ ᠠᠵᠢᠯ ᠮᠡᠷᠭᠡᠵᠢᠯ + ᠬᠡᠷᠡᠭᠯᠡᠭᠡᠨ ᠤ ᠬᠡᠯᠪᠡᠷᠢ ᠶᠢᠨ ᠵᠢᠩᠬᠢᠨᠢ ᠠᠩᠭᠢ︾ ᠶᠢ ᠬᠠᠮᠤᠷᠠᠭᠰᠠᠨ ᠬᠡᠯᠪᠡᠷᠢ ᠶᠢᠨ | ᠨᠢᠭᠡ ᠴᠣᠭᠴᠠᠵᠢᠭᠰᠠᠨ ᠴᠢᠳᠠᠪᠤᠷᠢᠲᠠᠨ ᠬᠥᠮᠦᠵᠢᠭᠦᠯᠬᠦ ᠵᠠᠭᠪᠤᠷ ᠢ ᠬᠠᠶᠢᠨ ᠰᠦᠪᠡᠭᠴᠢᠯᠡᠵᠦ᠂ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠲᠥᠪ ᠢ ᠪᠠᠶᠢᠭᠤᠯᠵᠤ᠂ ᠥᠨᠳᠥᠷ ᠬᠡᠪ | ᠪᠣᠯᠪᠠᠰᠤᠷᠠᠯ ᠲᠠᠢ ᠴᠢᠳᠠᠪᠤᠷᠢᠲᠠᠨ ᠤ ᠲᠥᠪᠯᠡᠷᠡᠯ ᠢᠶᠠᠷ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠲᠠᠶᠢᠴᠢᠯᠠᠨ᠎ᠠ᠃ | ︵ᠳᠣᠯᠤᠭ᠎ᠠ︶ ᠠᠷᠠᠳ ᠲᠦᠮᠡᠨ ᠢᠶᠠᠷ ᠦᠨᠳᠦᠰᠦ ᠪᠣᠯᠭᠠᠬᠤ ᠶᠢ ᠪᠠᠷᠢᠮᠳᠠᠯᠠᠵᠤ᠂ ᠠᠷᠠᠳ ᠤᠨ ᠠᠮᠢᠳᠤᠷᠠᠯ ᠤᠨ | ᠴᠢᠨᠠᠷ ᠴᠢᠨᠰᠠᠭ᠎ᠠ ᠶᠢ ᠦᠨᠡᠨᠬᠦ ᠳᠡᠭᠡᠭᠰᠢᠯᠡᠭᠦᠯᠦᠨ᠎ᠡ | ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠᠷ ᠬᠦᠴᠦᠯᠡᠵᠦ᠂ | ᠠᠷᠠᠳ ᠤᠨ ᠠᠮᠢᠳᠤᠷᠠᠯ ᠳᠤ ᠨᠡᠩ ᠤᠯᠠᠨ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠠᠷᠭ᠎ᠠ | ᠬᠡᠮᠵᠢᠶ᠎ᠡ ᠶᠢ ᠠᠪᠴᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠡᠩᠴᠡᠭᠦᠷᠢᠲᠦ ᠴᠢᠨᠠᠷ ᠪᠠ ᠪᠣᠯᠤᠮᠵᠢᠲᠤ ᠴᠢᠨᠠᠷ ᠢ | ᠴᠢᠩᠭᠠᠳᠬᠠᠵᠤ᠂ ᠴᠢᠨᠠᠷ ᠰᠠᠶᠢᠲᠠᠶ ᠠᠮᠢᠳᠤᠷᠠᠯ ᠢ ᠴᠢᠷᠮᠠᠶᠢᠨ ᠪᠤᠢ ᠪᠣᠯᠭᠠᠨ᠎ᠠ᠃ ᠨᠠᠩ ᠥᠨᠳᠥᠷ ᠶᠠᠰᠤ ᠴᠢᠨᠠᠷ ᠪᠦᠬᠦᠢ | ᠠᠵᠢᠯ ᠣᠯᠭᠤᠯᠳᠠ ᠶᠢᠨ ᠦᠢᠯᠡᠴᠢᠯᠡᠭᠡ ᠬᠠᠩᠭᠠᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ | ᠪᠣᠳᠣᠯᠭ᠎ᠠ ᠶᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠵᠠᠯᠠᠭᠤᠴᠤᠳ ᠢᠯᠠᠩᠭᠤᠶ᠎ᠠ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠠᠵᠢᠯ ᠣᠯᠭᠤᠯᠲᠠ ᠶᠢ ᠠᠬᠢᠭᠤᠯᠬᠤ ᠠᠵᠢᠯ ᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ | ᠨᠡᠮᠡᠭᠳᠡᠭᠦᠯᠵᠤ᠂ ᠠᠵᠢᠯ ᠣᠯᠭᠤᠯᠲᠠ ᠶᠢᠨ ᠣᠷᠣᠨ ᠵᠠᠶ ᠶᠢ ᠥᠷᠭᠡᠳᠬᠡᠵᠦ᠂ ᠣᠯᠠᠨ ᠢᠶᠠᠷ ᠢᠶᠠᠨ ᠠᠳᠠᠯ ᠦᠢᠯᠡᠰ | ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ | ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠷᠠᠳ ᠣᠯᠠᠨ ᠤ ᠵᠣᠭᠤᠰᠤᠨ ᠤ ᠤᠭᠤᠲᠠ ᠶᠢ ︽ᠲᠦᠬᠦᠷᠡᠩ︾ | ᠪᠣᠯᠭᠠᠨ᠎ᠠ᠃ ᠠᠴᠢᠶᠠᠨ ᠤ ᠲᠡᠷᠭᠡᠨ ᠤ ᠵᠢᠯᠣᠭᠤᠴᠢ᠂ ᠲᠦᠷᠭᠡᠨ ᠬᠦᠷᠭᠡᠭᠴᠢ᠂ ᠵᠠᠬᠢᠶᠠᠯᠠᠭ᠎ᠠ ᠶᠢᠨ ᠬᠤᠭᠤᠯᠠ ᠬᠦᠷᠭᠡᠭᠴᠢ | ᠵᠡᠷᠭᠡ ᠠᠮᠢᠳᠤᠯᠢᠭ ᠢᠶᠠᠷ ᠠᠵᠢᠯ ᠣᠯᠭᠤᠬᠤ ᠪᠠ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ | ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠴᠠᠯᠢᠩ ᠥᠷᠢᠲᠦᠬᠦ ᠶᠢ ᠰᠢᠢᠳᠪᠦᠷᠢᠯᠡᠬᠦ ᠲᠠᠪᠴᠠᠩ ᠤᠨ | ᠰᠦᠪᠡᠭᠴᠢ ᠶᠢ ᠰᠢᠢᠳᠪᠦᠷᠢᠯᠡᠵᠦ ᠳᠠᠭᠤᠰᠬᠠᠬᠤ ᠨᠣᠷᠮ᠎ᠠ ᠶᠢ 100% ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ | ᠨᠡᠩ ᠬᠠᠯᠠᠭᠤᠨ ᠳᠤᠯᠠᠭᠠᠨ ᠲᠠᠢ ᠨᠠᠭᠠᠲᠤ ᠵᠠᠬ᠎ᠠ ᠶᠢᠨ ᠪᠠᠲᠤᠯᠠᠭ᠎ᠠ ᠬᠠᠩᠭᠠᠨ᠎ᠠ᠃ ᠪᠥᠬᠦ ᠠᠷᠠᠳ ᠢᠶᠠᠷ ᠢᠶᠠᠨ | ᠳᠠᠭᠠᠳᠬᠠᠯ ᠳᠤ ᠣᠷᠣᠯᠴᠠᠬᠤ ᠶᠢ ᠭᠦᠨᠵᠡᠭᠡᠶ ᠠᠬᠢᠭᠤᠯᠵᠤ᠂ ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠨ | ᠪᠠᠷᠢᠮᠵᠢᠶ᠎ᠠ ᠶᠢ ᠨᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠣᠨᠴᠠ ᠬᠦᠴᠢᠷᠳᠡᠯᠲᠡᠶ᠂ ᠨᠠᠭᠠᠳᠤ ᠵᠠᠬ᠎ᠠ ᠶᠢᠨ ᠪᠠᠲᠤᠯᠠᠭ᠎ᠠ | ᠵᠡᠷᠭᠡ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ | ᠬᠤᠲᠠ ᠶᠢᠨ ᠣᠶᠤᠨ ᠤ ᠰᠠᠭᠠᠳ ᠲᠠᠢ ᠬᠦᠮᠦᠰ ᠤᠨ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠪᠠ ᠬᠡᠤᠬᠡᠳ ᠤᠨ | ᠠᠰᠠᠷᠠᠮᠵᠢ ᠶᠢᠨ ᠬᠦᠷᠢᠶᠡᠯᠡᠩ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢ ᠪᠥᠬᠦ ᠣᠷᠣᠨ ᠤ ᠡᠮᠦᠨ᠎ᠡ ᠡᠩᠨᠡᠭᠡᠨ ᠳᠤ ᠪᠠᠶᠢᠯᠭᠠᠬᠤ ᠶᠢ ᠦᠨᠡᠨ ᠬᠦ ᠪᠠᠲᠤᠯᠠᠵᠤ᠂ | ᠬᠤᠲᠠ ᠶᠢ ᠨᠠᠩ ᠳᠤᠯᠠᠭᠠᠬᠠᠨ ᠪᠠᠶᠢᠯᠭᠠᠵᠤ᠂ ᠨᠠᠩ ᠬᠠᠷᠢᠶᠠᠯᠠᠭᠳᠠᠬᠤ ᠲᠥᠷᠥᠭᠳᠡᠯ ᠲᠠᠢ ᠪᠣᠯᠭᠠᠨ᠎ᠠ᠃ ᠬᠥᠮᠦᠨ | ᠠᠮᠠ ᠶᠢᠨ ᠨᠠᠰᠤᠵᠢᠯᠲᠠ ᠶᠢ ᠢᠳᠡᠪᠬᠢᠲᠡᠶ ᠠᠷᠭᠠᠴᠠᠭᠠᠵᠤ᠂ 1050 ᠡᠷᠦᠬᠡ ᠣᠨᠴᠠ ᠬᠦᠴᠢᠷᠳᠡᠯᠲᠡᠶ | ᠨᠠᠰᠤᠲᠠᠶᠢᠴᠤᠳ ᠤᠨ ᠬᠡᠷ ᠪᠦᠯᠢ ᠶᠢᠨ ᠥᠭᠡᠷᠡᠴᠢᠯᠡᠯᠲᠡ ᠶᠢ ᠨᠠᠰᠤᠵᠢᠬᠤ ᠳᠤ ᠳᠣᠭᠢᠷᠠᠬᠤ ᠪᠤᠯᠭᠠᠨ ᠠᠬᠢᠭᠤᠯᠵᠤ᠂ | ᠣᠷᠣᠨ ᠤ ᠲᠠᠰ ᠤᠨ 3 ᠨᠠᠰᠤᠵᠢᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢ ᠰᠢᠨ᠎ᠡ ᠪᠠᠷ ᠪᠠᠶᠢᠭᠤᠯᠵᠤ᠂ | ᠢ ᠶᠠᠩ ᠡᠷᠡᠭᠦᠯᠵᠢᠯ ᠤᠨ ᠲᠥᠪ᠂ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠤ ᠬᠡᠦᠬᠡᠳ | ᠰᠠᠭᠠᠲᠠᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠵᠡᠷᠭᠡ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠎ᠠ᠃ ᠦᠨᠳᠦᠰᠦᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ | ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠪᠦᠲᠦᠴᠡ ᠶᠢᠨ ᠴᠢᠨᠠᠷᠲᠠᠶ ᠪᠠᠷᠠᠭᠠᠨ ᠤ ᠦᠨ᠎ᠡ ᠬᠠᠩᠰᠢ ᠶᠢᠨ ᠥᠰᠥᠯᠲᠡ ᠶᠢᠨ ᠵᠠᠷᠢᠮ ᠬᠦᠴᠢᠷᠳᠡᠯᠲᠡᠶ | ᠣᠯᠠᠨ ᠲᠦᠮᠡᠨ ᠳᠤ ᠠᠪᠴᠢᠷᠠᠭᠰᠠᠨ ᠨᠥᠯᠥᠭᠡ ᠶᠢ ᠴᠠᠭ ᠲᠤᠬᠠᠶ ᠳᠤᠨᠢ ᠪᠦᠲᠦᠮᠵᠢᠲᠡᠶ ᠨᠠᠮᠳᠠᠭᠤᠯᠤᠨ᠎ᠠ᠃ ᠨᠡᠩ | ᠥᠨᠳᠥᠷ ᠲᠦᠪᠰᠢᠨ ᠪᠦᠬᠦᠢ ᠡᠷᠡᠭᠦᠯ ᠡᠩᠭᠡ ᠦᠬᠠᠢ ᠬᠤᠲᠠ ᠶᠢ ᠪᠦᠲᠦᠭᠡᠨ ᠪᠠᠶᠢᠭᠤᠯᠤᠨ᠎ᠠ᠃ ᠡᠮᠴᠢᠯᠡᠭᠡᠨ ᠤ ᠴᠢᠨᠠᠷ | ᠰᠠᠶᠢᠲᠠᠶ ᠬᠥᠭᠵᠢᠯᠲᠡ ᠶᠢᠨ ︽1+N︾ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠤ᠂ ᠡᠮᠴᠢᠯᠡᠭᠡᠨ ᠤ ᠳᠠᠭᠠᠳᠬᠠᠯ᠂ | ᠡᠮᠴᠢᠯᠡᠭᠡ᠂ ᠡᠮ ᠡᠮᠨᠡᠯᠭᠡ ᠶᠢᠨ ᠬᠠᠮᠵᠢᠯᠴᠠᠨ ᠬᠥᠭᠵᠢᠬᠦ ᠪᠠ ᠵᠠᠰᠠᠬᠤ ᠶᠢ ᠠᠬᠢᠭᠤᠯᠤᠨ᠎ᠠ᠃ 5.7 ᠳ᠋ᠦᠩᠰᠢᠭᠤᠷ | ᠲᠥᠭᠦᠷᠢᠭ ᠤᠨ ᠡᠮᠴᠢᠯᠡᠭᠡᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠤ᠂ ᠬᠤᠲᠠ ᠶᠢᠨ ᠠᠷᠠᠳ ᠤᠨ | ᠡᠮᠨᠡᠯᠭᠡ ᠶᠢᠨ ᠬᠤᠷᠢᠶ᠎ᠠ᠂ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠴᠢᠨᠠᠷᠲᠠᠶ ᠡᠪᠡᠳᠴᠢᠨ | ᠡᠮᠭᠡᠭ ᠤᠨ ᠲᠣᠭᠤᠷᠢᠭ ᠤᠨ ᠥᠭᠡᠷᠡᠴᠢᠯᠡᠯᠲᠡ ᠶᠢ ᠠᠬᠢᠭᠤᠯᠵᠤ᠂ ᠣᠷᠣᠨ ᠤ ᠲᠡᠰ ᠤᠨ ᠥᠮᠡᠨ ᠡᠪᠡᠳᠴᠢᠨ ᠢ ᠰᠢᠭᠰᠢᠨ | ᠪᠠᠶᠢᠴᠠᠭᠠᠬᠤ ᠪᠠ ᠡᠷᠲᠡ ᠣᠨᠣᠰᠢᠯᠠᠨ ᠡᠷᠲᠡ ᠵᠠᠰᠠᠬᠤ ᠲᠥᠪ ᠢ ᠪᠠᠶᠢᠭᠤᠯᠵᠤ᠂ ᠣᠯᠠᠨ ᠲᠦᠮᠡᠨ ᠤ ᠡᠪᠡᠳᠴᠢᠨ | ᠦᠵᠡᠭᠦᠯᠬᠦ ᠳᠤ ᠬᠠᠨᠤᠮᠵᠢᠲᠠᠶ ᠪᠠᠶᠢᠬᠤ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ ᠴᠠᠭ ᠤᠨ ᠪᠠᠶᠢᠳᠠᠯ ᠳᠤ | ᠲᠣᠬᠢᠷᠠᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠵᠦ᠂ | ᠡᠮᠴᠢᠯᠡᠭᠡᠨ ᠤ ᠡᠳ᠋ ᠪᠣᠳᠠᠰ ᠤᠨ ᠨᠥᠭᠡᠴᠡᠯᠡᠯᠲᠡ ᠪᠠᠨ ᠴᠢᠩᠭᠠᠳᠬᠠᠵᠤ᠂ ᠪᠥᠬᠦ ᠬᠦᠴᠦᠨ ᠢᠶᠠᠷ ᠢᠶᠠᠨ ᠡᠷᠡᠭᠦᠯ | ᠮᠡᠨᠳᠦ ᠶᠢ ᠪᠠᠲᠤᠯᠠᠵᠤ᠂ ᠬᠦᠨᠳᠦ ᠡᠪᠡᠳᠴᠢᠨ ᠢ ᠰᠡᠷᠭᠡᠶᠢᠯᠡᠵᠤ᠂ ᠬᠠᠯᠳᠠᠪᠤᠷᠢᠯᠠᠬᠤ ᠬᠤᠭᠤᠴᠠᠭ᠎ᠠ ᠶᠢ ᠠᠮᠤᠷ ᠲᠦᠪᠰᠢᠨ | ᠢᠶᠠᠷ ᠥᠩᠭᠡᠷᠡᠭᠦᠯᠬᠦ ᠶᠢ ᠦᠨᠡᠨᠬᠦ ᠪᠠᠲᠤᠯᠠᠵᠤ᠂ ᠲᠣᠭᠲᠠᠭᠤᠨ ᠢᠶᠠᠷ ᠰᠢᠨ᠎ᠡ ᠱᠠᠲᠤᠨ ᠳᠤ ᠤᠷᠤᠬᠤ ᠶᠢ ᠪᠠᠲᠤᠯᠠᠨ᠎ᠠ᠃ | ᠨᠡᠩ ᠥᠪᠡᠷᠮᠢᠴᠡ ᠣᠨᠴᠠᠯᠢᠭ ᠲᠠᠢ ᠰᠣᠶᠣᠯ ᠲᠠᠮᠢᠷ ᠤᠨ ᠨᠡᠷᠡᠲᠦ ᠲᠡᠮᠳᠡᠭ ᠢ ᠴᠣᠭᠴᠠᠯᠠᠨ᠎ᠠ᠃ ᠤᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠵᠤᠰᠣᠳᠣ ᠶᠢᠨ ᠭᠤᠣᠯ ᠤᠨ ᠬᠠᠳᠠᠨ | ᠵᠢᠷᠤᠭ ᠤᠨ ᠪᠠᠭᠤᠷᠢ ᠶᠢᠨ ᠮᠦᠽᠧᠢ ᠶᠢᠨ ᠪᠠᠷᠢᠯᠭ᠎ᠠ ᠶᠢ ᠲᠠᠭᠤᠰᠬᠠᠵᠤ ᠡᠬᠦᠳᠡ ᠪᠠᠨ ᠨᠡᠭᠡᠭᠡᠬᠦ᠂ ᠰᠢᠨᠵᠢᠯᠡᠬᠦ ᠤᠬᠠᠭᠠᠨ | ᠮᠡᠷᠭᠡᠵᠢᠯ ᠤᠨ ᠣᠷᠳᠣᠨ ᠤ ᠶᠠᠰᠤ ᠴᠢᠨᠠᠷ ᠢ ᠨᠢ ᠳᠡᠭᠡᠭᠰᠢᠯᠡᠭᠦᠯᠦᠨ ᠲᠡᠰ ᠳᠡᠪᠰᠢᠭᠦᠯᠬᠦ ᠶᠢ ᠠᠬᠢᠭᠤᠯᠵᠤ᠂ | ︽ᠤᠷᠭᠤᠮᠠᠯ ᠤᠨ ᠫᠤᠮᠫᠸᠢ ᠬᠤᠳᠠ︾ ᠶᠢᠨ ᠬᠠᠮᠠᠭᠠᠯᠠᠯᠲᠠ ᠪᠠᠨ ᠴᠢᠩᠭᠠᠳᠬᠠᠵᠤ᠂ ᠤᠯᠠᠨ ᠲᠦᠮᠡᠨᠴᠢ ᠴᠢᠨᠠᠷᠲᠠᠢ | ᠰᠣᠶᠣᠯ ᠤᠨ ᠠᠵᠢᠯᠯᠠᠭ᠎ᠠ ᠪᠣᠯᠤᠨ ᠤᠯᠠᠭᠠᠨᠮᠥ᠋ᠴᠢᠷ ᠢ ᠦᠨᠳᠦᠰᠦᠨ ᠱᠠᠲᠤᠨ ᠳᠤ ᠣᠷᠣᠭᠤᠯᠬᠤ ᠵᠡᠷᠭᠡ ᠰᠣᠶᠣᠯ ᠢᠶᠠᠷ | ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠲᠠᠯ᠎ᠠ ᠨᠤᠲᠤᠭ ᠤᠨ | ᠨᠣᠮ ᠤᠨ ᠥᠷᠥᠭᠡ᠂ ᠬᠤᠨ ᠭᠠᠯᠠᠭᠤ ᠪᠠᠶᠠᠰᠣᠯᠲᠤ ᠣᠩᠰᠢᠯᠭ᠎ᠠ ᠵᠡᠷᠭᠡ ᠠᠴᠢᠶᠠᠯᠠᠪᠤᠷᠢ ᠶᠢᠨ ᠡᠬᠢ ᠪᠠᠶᠠᠯᠢᠭ ᠢ | ᠰᠢᠯᠢᠳᠡᠭᠵᠢᠭᠦᠯᠦᠨ ᠨᠡᠶᠢᠳᠬᠡᠵᠦ᠂ ᠨᠣᠮ ᠤᠨ ᠰᠠᠩ ᠤᠨ ᠲᠣᠭᠠᠴᠢᠯᠠᠭᠰᠠᠨ ᠪᠦᠲᠦᠭᠡᠨ ᠪᠠᠶᠢᠭᠤᠯᠤᠯᠲᠠ ᠶᠢ | ᠬᠡᠷᠡᠭᠵᠢᠭᠦᠯᠵᠦ᠂ ᠠᠷᠠᠳ ᠲᠤ ᠨᠠᠩ ᠲᠥᠬᠦᠮ ᠦᠵᠡᠭᠦᠯᠬᠦ ︽ᠪᠢᠴᠢᠭ ᠤᠨ ᠦᠨᠦᠷ ᠬᠠᠩᠬᠤᠯᠤᠭᠰᠠᠨ ᠦᠬᠠᠶ︾ ᠶᠢ | ᠪᠦᠲᠦᠭᠡᠨ ᠪᠠᠶᠢᠭᠤᠯᠤᠨ᠎ᠠ᠃ ︽ᠳᠤᠮᠳᠠᠳᠤ ᠤᠯᠤᠰ ᠤᠨ ᠤᠷᠠᠨ ᠪᠢᠴᠢᠯᠭᠡ · ᠣᠨ ᠤ ᠦᠵᠡᠭᠦᠯᠦᠯᠭᠡ︾ ᠵᠡᠷᠭᠡ | ᠠᠵᠢᠯᠯᠠᠭ᠎ᠠ ᠶᠢ ᠡᠷᠭᠢᠯᠡᠵᠦ᠂ ︽ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ · ᠦᠬᠠᠶ︾ ᠭᠡᠬᠦ ᠰᠣᠶᠣᠯ ᠤᠨ | ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠬᠦᠴᠦᠯᠡᠨ ᠳᠡᠭᠡᠭᠰᠢᠯᠡᠭᠦᠯᠦᠨ᠎ᠡ᠃ ᠹᠧᠩ ᠬᠤᠸᠠᠩ ᠱᠠᠨ | ᠠᠭᠤᠯᠠᠨ ᠤ ᠪᠡᠶ᠎ᠡ ᠲᠠᠮᠢᠷ ᠤᠨ ᠴᠡᠴᠡᠷᠯᠢᠭ᠂ ᠤᠳᠠ ᠶᠢᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ | ᠬᠠᠶᠢᠨᠠᠨ ᠤ ᠪᠡᠶ᠎ᠡ ᠲᠠᠮᠢᠷ ᠤᠨ ᠶᠡᠷᠦᠩᠬᠡᠶᠢᠯᠡᠭᠰᠡᠨ ᠴᠣᠭᠴᠠ᠂ ᠮᠠᠷᠠᠽᠤᠨ ᠤᠷᠤᠯᠳᠤᠭᠠᠨ ᠤ ᠵᠠᠮ ᠵᠡᠷᠭᠡ ᠪᠡᠶ᠎ᠡ | ᠴᠢᠭᠢᠷᠠᠭᠵᠢᠭᠤᠯᠬᠤ ᠪᠡᠯᠡᠳᠬᠡᠮᠵᠢ ᠶᠢᠨ ᠳᠤᠲᠠᠭᠤᠳᠠᠯ ᠢᠶᠠᠨ ᠨᠥᠬᠦᠪᠥᠷᠢᠯᠡᠬᠦ ᠢᠨᠵᠧᠨᠧᠷᠢᠩ ᠢ ᠬᠡᠷᠡᠭᠵᠢᠭᠦᠯᠵᠦ᠂ ᠪᠦᠬᠦ | ᠤᠯᠤᠰ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠬᠠᠮᠲᠤᠷᠠᠭᠰᠠᠨ ᠤᠷᠤᠯᠳᠤᠭᠠᠨ ᠢ ᠳᠠᠭᠠᠭᠠᠴᠢᠯᠠᠨ ᠡᠷᠬᠢᠯᠡᠵᠦ᠂ | ᠳᠡᠯᠡᠬᠡᠶ ᠶᠢᠨ ᠲᠡᠰ ᠤᠨ ᠳᠤᠭᠤᠶ ᠲᠡᠷᠭᠡ ᠤᠨᠤᠬᠤ ᠨᠡᠷ᠎ᠡ ᠪᠥᠷᠢᠳᠭᠡᠬᠦ ᠭᠠᠵᠠᠷ ᠢ ᠴᠣᠭᠴᠠᠯᠠᠨ ᠪᠠᠶᠢᠭᠤᠯᠤᠨ᠎ᠠ᠃ | ︵ᠨᠠᠢᠮᠠ︶ ᠰᠢᠰᠲ᠋ᠧᠮ ᠲᠠᠢ ᠪᠠᠷ ᠵᠠᠰᠠᠬᠤ ᠶᠢ ᠪᠠᠷᠢᠮᠳᠠᠯᠠᠵᠦ᠂ ᠠᠮᠤᠷ ᠲᠥᠪᠰᠢᠨ ᠳᠣᠭᠲᠠᠭᠤᠨ ᠢᠶᠠᠷ ᠬᠦᠭᠵᠢᠬᠦ | ᠣᠷᠴᠢᠨ ᠲᠣᠭᠤᠷᠢᠨ ᠢ ᠪᠤᠢ ᠪᠣᠯᠭᠠᠨ᠎ᠠ | ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠥᠨᠳᠥᠷ | ᠪᠦᠲᠦᠮᠵᠢᠲᠡᠢ ᠵᠠᠰᠠᠯᠲᠠ ᠶᠢ ᠭᠦᠨᠵᠡᠭᠡᠢ ᠠᠬᠢᠭᠤᠯᠵᠤ᠂ ᠡᠯ᠎ᠡ ᠲᠦᠷᠦᠯ ᠤᠨ ᠬᠦᠨᠳᠦ ᠶᠡᠭᠡ ᠠᠶᠤᠯ ᠲᠦᠭᠰᠢᠭᠦᠷᠢ ᠶᠢ | ᠬᠦᠴᠦᠯᠡᠨ ᠰᠡᠷᠭᠡᠶᠢᠯᠡᠨ ᠠᠷᠢᠯᠭᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠪᠠᠲᠤ ᠴᠣᠭᠴᠠᠯᠠᠬᠤ ᠳᠤᠮᠳᠠ ᠨᠡᠩ ᠶᠡᠭᠡ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠨ᠎ᠠ᠃ ᠣᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ | ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠢᠳᠡᠪᠬᠢᠲᠡᠢ ᠠᠷᠢᠯᠭᠠᠵᠤ᠂ ᠦᠬᠠᠢ ᠬᠤᠲᠠ ᠪᠣᠯᠤᠨ ᠤᠳᠠ | ᠲᠣᠭᠤᠷᠢᠭ ᠤᠨ ᠥᠷᠢ ᠥᠭᠴᠡᠭᠡ ᠶᠢᠨ ᠤᠯᠠᠭᠠᠨ ᠥᠩᠭᠡ ᠶᠢᠨ ᠤᠷᠢᠳᠴᠢᠯᠠᠨ ᠰᠡᠷᠡᠮᠵᠢᠯᠡᠭᠦᠯᠬᠦ ᠵᠡᠷᠭᠡ ᠳᠡᠰ ᠠᠴᠠ | ᠭᠠᠷᠬᠤ ᠶᠢ ᠲᠦᠯᠬᠢᠨ ᠠᠬᠢᠭᠤᠯᠤᠨ᠎ᠠ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ | ᠭᠤᠤᠯᠳᠠᠯᠭ᠎ᠠ ᠲᠠᠢ ᠠᠵᠤ ᠠᠬᠤᠶᠢᠯᠠᠯ ᠤᠨ ᠥᠷᠢ ᠥᠭᠴᠡᠭᠡ ᠶᠢ ᠠᠷᠢᠯᠭᠠᠵᠤ᠂ ᠣᠷᠣᠨ ᠨᠤᠲᠤᠭ ᠤᠨ ᠬᠠᠤᠯᠢ ᠶᠢᠨ | ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠢᠳᠡᠪᠬᠢᠲᠡᠶ ᠪᠥᠭᠡᠳ ᠯᠠᠪᠳᠠᠭᠤᠨ ᠢᠶᠠᠷ | ᠰᠢᠢᠳᠪᠦᠷᠢᠯᠡᠵᠦ᠂ ᠡᠷᠡᠭᠦᠯ ᠪᠤᠰᠤ ᠵᠢᠭᠡᠯᠡᠯᠭᠡ ᠶᠢᠨ ᠨᠣᠷᠮ᠎ᠠ ᠶᠢ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ | ᠬᠡᠮᠵᠢᠶ᠎ᠡ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ | ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠵᠥᠷᠢᠯᠳᠦᠭᠡᠨ ᠦᠭᠡᠢ ᠳᠠᠩᠰᠠᠨ ᠵᠣᠭᠤᠰ ᠢ | ︽ᠬᠥᠳᠡᠯᠦᠩᠭᠦᠢ ᠪᠠᠷ ᠴᠡᠪᠡᠷᠯᠡᠬᠦ︾ ᠶᠢ ᠪᠠᠲᠤᠯᠠᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠦᠵᠡᠯ | ᠤᠬᠠᠮᠰᠠᠷ ᠤᠨ ᠬᠡᠯᠪᠡᠷᠢ ᠶᠢᠨ ᠪᠠᠬᠢᠯᠡᠯᠲᠡ ᠶᠢ ᠬᠦᠴᠦᠷᠬᠡᠭᠵᠢᠭᠦᠯᠦᠨ ᠪᠠᠲᠤ ᠰᠠᠬᠢᠨ᠎ᠠ᠃ ︽ᠨᠢᠭᠡᠳᠦᠭᠡᠷ ᠠᠰᠠᠷ ᠲᠤ ᠨᠢᠭᠡ | ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠪᠠᠷ ᠲᠠᠮᠵᠢᠨ 4 ︽ᠠᠰᠠᠭᠤᠳᠠᠯ ᠲᠠᠢ ᠠᠰᠠᠷ︾ ᠤᠨ ᠵᠦᠷᠢᠴᠡᠯ ᠢ | ᠠᠷᠢᠯᠭᠠᠬᠤ ᠶᠢ ᠬᠦᠴᠦᠲᠡᠶ ᠠᠬᠢᠭᠤᠯᠵᠤ᠂ ᠠᠰᠠᠷ ᠲᠤᠰᠢᠶᠠᠬᠤ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ | ᠂ ᠲᠣᠭᠲᠠᠭᠤᠨ ᠪᠠᠶᠢᠳᠠᠯ ᠢ ᠪᠠᠲᠤᠯᠠᠬᠤ ᠶᠢ ᠪᠡᠶᠡᠯᠡᠭᠦᠯᠦᠨ᠎ᠡ᠃ ᠠᠮᠤᠷ ᠠᠮᠤᠭᠤᠯᠠᠩ ᠦᠬᠠᠶ ᠶᠢᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠣᠷᠳᠣ | ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠠᠬᠢᠭᠤᠯᠵᠤ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠳᠬᠡᠨ᠎ᠡ᠃ ᠠᠶᠣᠯᠬᠦᠢ | ᠦᠢᠯᠡᠳᠪᠦᠷᠢᠯᠡᠯ ᠤᠨ ᠣᠬᠠᠭᠤᠯᠭ᠎ᠠ ᠬᠦᠮᠦᠵᠢᠯ ᠤᠨ ᠪᠣᠯᠪᠠᠰᠣᠷᠠᠯ ᠤᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠳᠣᠲᠠᠢ | ᠦᠷᠨᠢᠬᠦᠯᠵᠦ᠂ ᠠᠭᠤᠷᠬᠠᠢ᠂ ᠠᠶᠣᠯᠲᠠᠢ ᠬᠢᠮᠢ ᠶᠢᠨ ᠪᠣᠳᠠᠰ᠂ ᠦᠪᠡᠰᠦᠪᠡᠨ ᠪᠠᠷᠢᠭᠰᠠᠨ ᠭᠡᠷ ᠪᠠᠶᠢᠰᠢᠩ ᠵᠡᠷᠭᠡ | ᠭᠤᠣᠯᠳᠠᠯᠭ᠎ᠠ ᠲᠠᠢ ᠠᠵᠢᠯ ᠲᠦᠷᠦᠯ ᠤᠨ ᠬᠡᠪᠴᠢᠶᠡᠨ ᠤ ᠠᠮᠣᠷ ᠲᠦᠪᠰᠢᠨ ᠤ ᠠᠶᠣᠯ ᠲᠦᠭᠰᠢᠬᠦᠷᠢ ᠶᠢ ᠵᠢᠭᠰᠠᠭᠠᠨ | ᠪᠠᠶᠢᠴᠠᠭᠠᠵᠦ ᠴᠡᠭᠴᠡᠯᠡᠨ ᠵᠠᠰᠠᠬᠤ ᠪᠠᠨ ᠴᠢᠩᠭᠠᠳᠬᠠᠵᠤ᠂ ᠮᠦᠨ ᠴᠢᠨᠠᠷ ᠤᠨ ᠠᠮᠣᠷ ᠲᠦᠪᠰᠢᠨ ᠤ ᠬᠢᠷᠢ ᠲᠦᠪᠰᠢᠨ | ᠢᠶᠠᠨ ᠬᠦᠴᠦᠯᠡᠨ ᠲᠡᠭᠡᠭᠰᠢᠯᠡᠬᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ | ᠦᠵᠡᠭᠦᠯᠬᠦ ᠣᠷᠣᠨ ᠢ ᠢᠳᠡᠪᠬᠢᠲᠡᠶ ᠡᠭᠦᠳᠦᠨ ᠪᠠᠶᠢᠭᠤᠯᠤᠨ᠎ᠠ᠃ ᠬᠤᠲᠠ ᠶᠢᠨ ᠬᠡᠪᠴᠢᠶᠡᠨ ᠤ ᠨᠡᠶᠢᠭᠡᠮ ᠤᠨ | ᠵᠠᠰᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠦᠨ᠎ᠡ᠃ ︽ᠢᠨᠲ᠋ᠧᠷ ᠰᠦᠯᠵᠢᠶ᠎ᠡ + ᠦᠨᠳᠦᠰᠦᠨ ᠱᠠᠲᠤᠨ ᠤ ᠵᠠᠰᠠᠯᠲᠠ︾ | ᠶᠢᠨ ᠠᠵᠢᠯᠯᠠᠭ᠎ᠠ ᠶᠢ ᠬᠡᠷᠡᠭᠵᠢᠭᠦᠯᠵᠦ᠂ ︽ᠬᠤᠲᠠ ᠶᠢᠨ ᠶᠡᠭᠡ ᠲᠠᠷᠢᠬᠢ︾᠂ ᠬᠤᠲᠠ ᠶᠢᠨ ᠬᠡᠪᠴᠢᠶᠡᠨ ᠤ ᠨᠡᠶᠢᠭᠡᠮ ᠤᠨ | ᠵᠠᠰᠠᠯᠲᠠ ᠶᠢᠨ ᠤᠶᠤᠨᠴᠢᠯᠠᠭᠰᠠᠨ ᠲᠠᠪᠴᠠᠩ ᠤᠨ ᠴᠢᠳᠠᠮᠵᠢ ᠪᠠᠨ ᠪᠦᠷᠢᠨᠰᠢᠭᠦᠯᠵᠦ᠂ ︽110︾ ︽12345︾ | ᠬᠠᠯᠠᠮᠰᠢᠯ ᠤᠲᠠᠰᠤ ᠶᠢ ᠪᠥᠬᠦ ᠲᠠᠯ᠎ᠠ ᠪᠠᠷ ᠨᠡᠶᠢᠯᠡᠭᠦᠯᠦᠨ ᠠᠵᠢᠯᠯᠠᠭᠤᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ | ᠣᠷᠣᠨ ᠤ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠣᠷᠣᠨ ᠢ ᠢᠳᠡᠪᠬᠢᠲᠡᠶ | ᠡᠭᠦᠳᠦᠨ ᠪᠠᠶᠢᠭᠤᠯᠵᠤ᠂ ᠴᠠᠭᠠᠷᠠᠭᠰᠠᠨ ᠬᠢᠷᠢ ᠪᠦᠲᠦᠮᠵᠢ ᠪᠠᠷ ᠪᠥᠬᠦ ᠤᠯᠤᠰ ᠤᠨ ᠬᠤᠲᠠ ᠶᠢᠨ ᠬᠡᠪᠴᠢᠶᠡᠨ ᠤ | ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠢᠭ ᠢ ᠰᠢᠯᠭᠠᠨ ᠠᠪᠬᠤ ᠶᠢ ᠣᠭᠳᠣᠨ᠎ᠠ᠃ | ᠰᠢᠨ᠎ᠡ ᠴᠠᠭ ᠦᠶ᠎ᠡ ᠶᠢᠨ ︽ᠹᠧᠩ ᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ | ᠵᠢᠭᠤᠷᠠᠯᠳᠤᠭᠠᠨ ᠢ ᠡᠶᠡᠳᠡᠭᠦᠯᠬᠦ ᠲᠥᠪ ᠤᠨ ᠵᠢᠷᠤᠮᠵᠢᠭᠤᠯᠬᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠵᠦ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠴᠠᠭ | ᠲᠤᠬᠠᠢ ᠳᠤᠨᠢ ᠰᠢᠢᠳᠪᠦᠷᠢᠯᠡᠨ᠎ᠡ᠃ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠨ᠎ᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠠᠷ᠎ᠠ ᠵᠡᠷᠭᠡ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠭᠤᠤᠯ | ᠰᠡᠳᠦᠪᠲᠦ ᠴᠡᠴᠡᠷᠯᠢᠭ᠂ ᠭᠤᠤᠯ ᠰᠡᠳᠦᠪᠲᠦ ᠦᠵᠡᠭᠦᠯᠦᠯᠭᠡ ᠶᠢᠨ ᠣᠷᠳᠣᠨ ᠵᠡᠷᠭᠡ ᠦᠨᠳᠦᠰᠦᠲᠡᠨ ᠤ ᠣᠨᠣᠯ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ᠂ ᠬᠠᠶᠢᠷᠤᠪ ᠤᠨ ᠲᠣᠬᠤᠶ ᠲᠣᠭᠤᠷᠢᠭ᠂ ᠤᠳᠠ ᠲᠣᠭᠤᠷᠢᠭ ᠲᠤ ᠥᠪᠡᠷᠲᠡᠭᠡᠨ ᠵᠠᠰᠠᠬᠤ ᠣᠷᠣᠨ ᠤ | ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠤᠭᠤᠷᠢᠭ ᠢ ᠡᠭᠦᠳᠦᠨ | ᠪᠠᠶᠢᠭᠤᠯᠬᠤ ᠶᠢ ᠳᠡᠮᠵᠢᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠤᠲᠠ ᠶᠢ ᠴᠢᠷᠮᠠᠶᠢᠨ ᠡᠭᠦᠳᠴᠦ᠂ ︽ᠭᠤᠷᠪᠠᠨ ᠰᠠᠯᠵᠤ ᠴᠢᠳᠠᠬᠤ ᠥᠬᠡᠶ︾ ︽ᠲᠠᠪᠤᠨ ᠬᠠᠮᠲᠤ ᠶᠢᠨ ᠲᠠᠨᠢᠯᠲᠠ︾ ᠶᠢᠨ | ᠦᠵᠡᠯ ᠰᠠᠨᠠᠭ᠎ᠠ ᠪᠠ ︽ᠲᠦᠷᠪᠡᠨ ᠬᠠᠮᠳᠣᠳᠬᠠᠬᠤ︾ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠨᠠᠩ ᠭᠦᠨ | ᠬᠠᠳᠠᠩᠰᠢᠭᠤᠯᠬᠤ ᠶᠢ ᠠᠬᠢᠭᠤᠯᠤᠨ᠎ᠠ᠃ | ︵ᠶᠢᠰᠦ︶ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠲᠤᠰ | ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠨ᠎ᠠ | ᠰᠢᠨ᠎ᠡ ᠴᠠᠭ ᠦᠶ᠎ᠡ ᠰᠢᠨ᠎ᠡ ᠠᠶᠠᠨ ᠳᠤ᠂ ᠪᠢᠳᠡ ᠡᠷᠬᠡᠪᠰᠢ ︽ᠲᠡᠮᠦᠷ ᠲᠠᠪᠳᠠᠬᠤ ᠳᠤ ᠥᠪᠡᠷ ᠤᠨ ᠪᠡᠶ᠎ᠡ ᠴᠦ | ᠬᠠᠳᠠᠭᠤ ᠪᠠᠶᠢᠬᠤ︾ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠴᠢᠳᠠᠪᠤᠷᠢ ᠪᠣᠯᠤᠨ | ᠦᠢᠯᠡᠴᠢᠯᠡᠭᠡᠨ ᠤ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠦᠢᠯᠡᠳᠦᠯᠭᠡᠵᠢᠭᠦᠯᠬᠦ ᠳᠤᠮᠳᠠ ᠲᠠᠰᠤᠷᠠᠯᠲᠠ ᠦᠭᠡᠢ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠳᠦᠷᠢ | ᠲᠥᠷᠬᠦ ᠶᠢ ᠢᠯᠡᠷᠡᠭᠦᠯᠤᠨ᠎ᠠ᠃ ᠬᠠᠷᠢᠴᠠᠯᠠᠰᠢ ᠦᠭᠡᠢ ᠦᠨᠡᠨᠴᠢ ᠰᠢᠳᠤᠷᠭᠤ ᠬᠠᠲᠠᠭᠤ ᠨᠢᠷᠤᠭᠤ ᠶᠢ ᠳᠠᠪᠲᠠᠨ | ᠪᠣᠯᠪᠠᠰᠤᠷᠠᠭᠤᠯᠤᠨ᠎ᠠ᠃ ︽ᠨᠢᠭᠡᠳᠦᠭᠡᠷ ᠵᠥᠪᠯᠡᠬᠦ ᠰᠡᠳᠦᠪ︾ ᠤᠨ ᠲᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠣᠨᠣᠪᠴᠢᠲᠠᠶ | ᠡᠵᠡᠮᠳᠡᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠬᠠᠬᠤ ᠴᠢᠳᠠᠪᠤᠷᠢ᠂ ᠤᠯᠤᠰ | ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠭᠤᠣᠯᠯᠠᠭᠴᠢ ᠳᠠᠭᠠᠨ ᠢᠮᠠᠭᠲᠠ | ᠦᠨᠡᠨᠴᠢ ᠰᠢᠳᠤᠷᠭᠤ ᠪᠠᠶᠢᠵᠤ᠂ ᠭᠤᠣᠯᠯᠠᠭᠴᠢ ᠪᠠᠨ ᠴᠢᠩᠭ᠎ᠠ ᠳᠠᠭᠠᠵᠤ᠂ ᠭᠤᠣᠯᠯᠠᠭᠴᠢ ᠪᠠᠨ ᠦᠨᠡᠨ ᠬᠦ ᠬᠠᠮᠠᠭᠠᠯᠠᠵᠤ᠂ | ᠨᠠᠮ ᠢᠶᠠᠨ ᠦᠨᠡᠨ ᠰᠡᠳᠬᠢᠯ ᠠᠴᠠ ᠪᠠᠨ ᠬᠠᠶᠢᠷᠠᠯᠠᠵᠤ᠂ ᠨᠠᠮ ᠢᠶᠠᠨ ᠴᠠᠭ ᠢᠮᠠᠭᠲᠠ ᠬᠠᠮᠠᠭᠠᠯᠠᠵᠤ᠂ ᠨᠠᠮ ᠢᠶᠠᠨ ᠪᠦᠬᠦ | ᠬᠦᠴᠦᠨ ᠢᠶᠠᠷ ᠢᠶᠠᠨ ᠬᠥᠭᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠤᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ | ᠪᠤᠳᠠᠳᠣ ᠬᠦᠴᠦ ᠪᠠᠨ ᠳᠠᠪᠲᠠᠨ ᠪᠣᠯᠪᠠᠰᠤᠷᠠᠭᠤᠯᠤᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ | ᠪᠠᠲᠤᠲᠠᠶ ᠠᠬᠢᠭᠤᠯᠵᠤ᠂ ᠬᠠᠤᠯᠢ ᠪᠠᠷ ᠲᠣᠭᠲᠠᠭᠠᠭᠰᠠᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ | ᠢᠶᠠᠨ ᠴᠢᠩᠳᠠᠯᠠᠬᠤ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠡᠷᠬᠡᠪᠰᠢ ᠬᠦᠢᠴᠡᠳᠭᠡᠬᠦ᠂ | ᠬᠠᠤᠯᠢ ᠪᠠᠷ ᠡᠷᠬᠡ ᠣᠯᠭᠤᠭᠰᠠᠨ ᠦᠭᠡᠶ ᠪᠤᠯ ᠦᠯᠦ ᠬᠦᠢᠴᠡᠳᠭᠡᠬᠦ ᠶᠢ ᠪᠡᠶᠡᠯᠡᠭᠦᠯᠤᠨ᠎ᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠨᠠᠷᠢᠨ ᠬᠢᠨᠠᠮᠠᠭᠠᠶ ᠭᠦᠢᠴᠡᠳᠬᠡᠵᠦ᠂ ᠠᠷᠠᠳᠴᠢᠯᠠᠭᠰᠠᠨ ᠨᠠᠮ | ᠪᠦᠯᠦᠭ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠤᠨ᠎ᠠ᠃ ᠬᠢᠨᠠᠨ | ᠪᠣᠳᠤᠯᠲᠠ ᠶᠢᠨ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠢᠨᠠᠨ ᠪᠠᠶᠢᠴᠠᠭᠠᠯᠳᠠ ᠶᠢᠨ ᠬᠢᠨᠠᠯᠲᠠ ᠲᠠᠯᠪᠢᠬᠤ ᠪᠠ | ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠶᠢ ᠳᠡᠮᠵᠢᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠬᠦ ᠠᠵᠢᠯ ᠤᠨ ᠳᠤᠮᠳᠠ ᠬᠤᠭᠤᠴᠠᠭᠠᠨ ᠤ ᠰᠢᠯᠭᠠᠨ ᠠᠪᠬᠤ ᠶᠢ ᠤᠭᠲᠤᠬᠤ ᠪᠡᠯᠡᠳᠬᠡᠯ ᠠᠵᠢᠯ ᠢᠶᠠᠨ | ᠰᠠᠶᠢᠲᠤᠷ ᠬᠢᠨ᠎ᠡ᠃ ᠬᠤᠲᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ | ᠬᠦᠷᠢᠶᠡᠨ ᠳᠠᠬᠢ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠵᠤ᠂ ᠥᠪᠡᠷᠲᠡᠭᠡᠨ ᠵᠠᠰᠠᠬᠤ | ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ | ᠪᠠᠶᠢᠭᠤᠯᠤᠨ᠎ᠠ᠃ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠳᠡᠭ ᠲᠡᠮᠦᠷ ᠮᠥᠷᠥ ᠪᠠᠨ ᠳᠠᠪᠲᠠᠨ | ᠪᠣᠯᠪᠠᠰᠤᠷᠠᠭᠤᠯᠤᠨ᠎ᠠ᠃ ᠴᠠᠭ ᠢᠮᠠᠭᠲᠠ ᠰᠡᠳᠭᠢᠯ ᠳᠡᠭᠡᠨ ᠲᠠᠯᠪᠢᠬᠤ ᠬᠠᠷᠢᠭᠤᠴᠠᠯᠭᠠᠲᠤ ᠰᠡᠳᠬᠢᠯᠭᠡ᠂ | ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠵᠣᠷᠢᠭ ᠰᠠᠨᠠᠭ᠎ᠠ ᠪᠠᠷ ᠠᠵᠢᠯ ᠶᠠᠪᠤᠳᠠᠯ ᠬᠢᠵᠦ ᠦᠢᠯᠡᠰ | ᠪᠤᠰᠬᠠᠵᠤ᠂ ᠴᠢᠭᠯᠡᠯ ᠢᠶᠠᠨ ᠲᠤᠭᠳᠠᠭᠠᠵᠤ ᠵᠥᠪ ᠣᠨᠣᠪᠴᠢᠲᠠᠢ ᠠᠵᠢᠯᠯᠠᠬᠤ᠂ ᠴᠢᠳᠠᠪᠤᠷᠢ ᠪᠠᠨ ᠳᠡᠭᠡᠭᠰᠢᠯᠡᠭᠦᠯᠵᠤ | ᠰᠢᠨᠵᠢᠯᠡᠬᠦ ᠤᠬᠠᠭᠠᠨᠴᠢ ᠪᠠᠷ ᠠᠵᠢᠯᠯᠠᠬᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠴᠢᠷᠮᠠᠶᠢᠨ | ᠠᠵᠢᠯᠯᠠᠬᠤ ᠶᠢ ᠪᠡᠶᠡᠯᠡᠬᠦᠯᠵᠦ᠂ ᠡᠭᠦᠷᠭᠡᠯᠡᠪᠡᠰᠦ ᠵᠤᠬᠢᠬᠤ ᠡᠭᠦᠷᠭᠡᠯᠡᠯ ᠢᠶᠠᠨ ᠦᠨᠡᠨᠬᠦ ᠡᠭᠦᠷᠭᠡᠯᠡᠵᠦ᠂ ᠬᠠᠷᠢᠭᠤᠴᠠᠪᠠᠰᠣ | ᠵᠤᠬᠢᠬᠤ ᠬᠠᠷᠢᠭᠤᠴᠠᠯᠭ᠎ᠠ ᠪᠠᠨ ᠦᠨᠡᠨᠬᠦ ᠬᠦᠢᠴᠡᠳᠭᠡᠵᠦ᠂ ᠠᠳᠬᠤᠪᠠᠰᠣ ᠵᠤᠬᠢᠬᠤ ᠶᠠᠪᠤᠳᠠᠯ ᠢᠶᠠᠨ ᠦᠨᠡᠨᠬᠦ ᠠᠳᠬᠤᠨ᠎ᠠ | ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠲᠠᠪᠤᠨ ᠳᠦᠷᠢ ᠲᠥᠷᠬᠦ ᠪᠠᠨ ᠱᠤᠭᠤᠬᠤ︾ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠴᠤᠴᠠᠯᠲᠠ ᠦᠭᠡᠢ | ᠤᠷᠤᠭᠰᠢᠯᠠᠵᠤ᠂ ᠵᠤᠷᠢᠭᠰᠠᠨ ᠭᠠᠵᠠᠷ ᠲᠠᠭᠠᠨ ᠬᠦᠷᠬᠦ ᠦᠭᠡᠢ ᠪᠣᠯ ᠵᠤᠷᠢᠭ ᠮᠤᠬᠤᠬᠤ ᠦᠭᠡᠢ︾ ᠮᠣᠩᠭᠤᠯ ᠮᠣᠷᠢᠨ ᠤ | ᠵᠣᠷᠢᠭ ᠰᠠᠨᠠᠭ᠎ᠠ ᠶᠢ ᠪᠠᠳᠠᠷᠠᠭᠤᠯᠵᠤ᠂ ︽ᠠᠷᠠᠯ ᠤᠨ ᠱᠠᠷ︾ ᠰᠢᠭ᠋ ᠤᠷᠤᠭᠰᠢᠯᠠᠨ ᠲᠠᠪᠰᠢᠵᠤ᠂ ︽ᠲᠤᠬᠤᠢ | ᠬᠤᠭᠤᠷᠠᠪᠠᠴᠣ ᠲᠤᠭᠲᠤᠢ ᠳᠠᠭᠠᠨ︾ ᠬᠡᠬᠦ ᠵᠣᠷᠢᠭ ᠰᠠᠨᠠᠭ᠎ᠠ ᠪᠠᠷ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ︽ᠡᠭᠦᠷᠭᠡ | ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠰᠢᠯᠢᠳᠡᠭᠵᠢᠭᠦᠯᠬᠦ᠂ ᠠᠵᠢᠯ ᠤᠨ ᠴᠤᠪᠤᠷᠠᠯ ᠢᠶᠠᠨ ᠰᠢᠯᠢᠳᠡᠭᠵᠢᠭᠦᠯᠬᠦ︾ | ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠵᠢᠷᠣᠮᠵᠢᠭᠤᠯᠬᠤ᠂ ᠨᠠᠷᠢᠯᠢᠭᠵᠢᠭᠤᠯᠬᠤ᠂ ᠬᠤᠷᠳᠤᠴᠠ | ᠪᠠᠨ ᠲᠦᠷᠭᠡᠳᠬᠡᠬᠦ ᠳᠡᠭᠡᠷ᠎ᠡ ᠬᠦᠴᠦ ᠲᠠᠯᠪᠢᠵᠤ᠂ ︽ᠭᠤᠷᠪᠠ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ | ᠪᠠᠶᠢᠬᠤ ᠲᠤᠪᠤᠶᠢᠮ᠎ᠠ ᠠᠰᠠᠭᠤᠳᠠᠯ ᠢᠶᠠᠨ ᠦᠨᠡᠨᠬᠦ ᠰᠢᠢᠳᠪᠦᠷᠢᠯᠡᠨ᠎ᠡ᠃ ᠲᠥᠪ ᠭᠤᠣᠯᠴᠢ ᠠᠷᠢᠭᠤᠨ ᠴᠢᠬᠡᠴᠢ ᠡᠭᠡᠯᠢᠯᠡᠬᠦ | ᠴᠢᠳᠠᠪᠤᠷᠢ ᠪᠠᠨ ᠨᠡᠮᠡᠭᠳᠡᠭᠦᠯᠤᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠭᠦᠨᠵᠡᠭᠡᠢ | ᠲᠤᠤᠱᠯᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠬᠠᠰᠢᠯᠭ᠎ᠠ ᠳᠠᠯᠠᠩ ᠢ ᠤᠷᠳᠤ ᠬᠤᠭᠤᠴᠠᠭ᠎ᠠ ᠪᠠᠷ | ᠪᠠᠬᠢᠵᠢᠭᠦᠯᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠳᠡᠶᠢᠯᠬᠦ ᠦᠭᠡᠢ᠂ ᠢᠯᠵᠠᠷᠠᠬᠤ ᠶᠢ ᠪᠤᠳᠤᠬᠤ ᠦᠭᠡᠢ | ᠲᠠᠯ᠎ᠠ ᠪᠠᠷ ᠵᠡᠷᠭᠡᠪᠡᠷ ᠬᠦᠴᠦᠯᠡᠬᠦ᠂ ᠠᠳᠠᠯᠢ ᠴᠢᠭᠯᠡᠯ ᠢᠶᠠᠷ ᠬᠦᠴᠦᠯᠡᠬᠦ᠂ ᠶᠡᠷᠦᠩᠬᠡᠶᠢᠯᠡᠨ ᠬᠦᠴᠦᠯᠡᠬᠦ ᠶᠢ ᠪᠠᠷᠢᠮᠲᠠᠯᠠᠵᠤ᠂ | ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠣᠷᠴᠢᠨ ᠲᠣᠭᠤᠷᠢᠨ ᠢ ᠤᠷᠳᠤ ᠬᠤᠭᠤᠴᠠᠭ᠎ᠠ ᠪᠠᠷ | ᠪᠠᠷᠢᠮᠲᠠᠯᠠᠨ᠎ᠠ᠃ ᠡᠷᠬᠡ ᠶᠢᠨ ᠠᠵᠢᠯᠯᠠᠭᠠᠨ ᠳᠤ ᠬᠢᠨᠠᠯᠲᠠ ᠲᠠᠯᠪᠢᠵᠤ ᠬᠢᠵᠠᠭᠠᠷᠯᠠᠬᠤ ᠪᠠᠨ ᠴᠢᠩᠭᠠᠷᠠᠭᠤᠯᠵᠤ᠂ ᠣᠯᠠᠨ | ᠨᠡᠶᠢᠲᠡ ᠶᠢᠨ ᠡᠬᠢ ᠪᠠᠶᠠᠯᠢᠭ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠤᠯᠤᠰ ᠤᠨ ᠥᠮᠴᠢᠯᠡᠯᠲᠦ ᠠᠵᠤ | ᠠᠬᠤᠶᠢᠯᠠᠯ᠂ ᠮᠥᠩᠭᠦᠨ ᠭᠦᠢᠯᠭᠡᠭᠡᠨ ᠤ ᠨᠡᠶᠢᠭᠡᠮ ᠤᠨ ᠪᠠᠲᠤᠯᠠᠭ᠎ᠠ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ | ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ ︽ᠠᠷᠪᠢᠴᠢ ᠭᠠᠮᠲᠠᠶ ᠠᠮᠢᠳᠤᠷᠠᠬᠤ︾ ᠦᠵᠡᠯ ᠰᠠᠨᠠᠭ᠎ᠠ ᠶᠢ ᠪᠠᠲᠤ | ᠪᠠᠬᠢ ᠪᠣᠶ ᠪᠣᠯᠭᠠᠵᠤ᠂ ᠡᠳ᠋ ᠤᠨ ᠵᠠᠰᠠᠭ ᠤᠨ ᠲᠥᠰᠦᠪ ᠪᠠ ᠲᠥᠰᠦᠪ ᠤᠨ ᠭᠦᠢᠴᠡᠳᠬᠡᠯ ᠤᠨ ᠬᠠᠲᠠᠭᠤ ᠬᠢᠵᠠᠭᠠᠷᠯᠠᠯ ᠢ | ᠴᠢᠩᠭᠠᠳᠬᠠᠵᠤ᠂ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ︽ᠠᠯᠪᠠᠨ ᠤ ᠭᠤᠷᠪᠠᠨ ᠵᠠᠷᠤᠳᠠᠯ︾ ᠢ | ᠪᠠᠭᠠᠰᠬᠠᠨ᠂ ᠨᠠᠩ ᠣᠯᠠᠨ ᠪᠠᠯᠠ ᠮᠥᠩᠭᠦ ᠶᠢ ᠠᠷᠠᠳ ᠤᠨ ᠠᠮᠢᠳᠤᠷᠠᠯ ᠢ ᠪᠠᠲᠤᠯᠠᠬᠤ᠂ ᠪᠣᠳᠠᠲᠠᠶ ᠠᠵᠢᠯ ᠬᠢᠬᠦ ᠳᠤ | ᠬᠡᠷᠡᠭᠯᠡᠨ᠎ᠠ᠃ | ᠲᠥᠯᠥᠭᠡᠯᠡᠭᠴᠢᠳ ᠡ︕ ᠬᠦᠨᠲᠤ ᠬᠡᠮᠡᠨ ᠪᠤᠤ ᠴᠦᠬᠦ᠂ ᠡᠷᠭᠦᠪᠡᠰᠦ ᠲᠠᠭᠠᠭᠠᠶᠤ᠂ ᠬᠤᠯᠠ ᠬᠡᠮᠡᠨ ᠪᠤᠤ | ᠴᠦᠬᠦ᠂ ᠶᠠᠪᠤᠪᠠᠰᠣ ᠬᠦᠷᠦᠶᠤ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭᠯᠡᠨ | ᠤᠷᠤᠭᠰᠢᠯᠠᠵᠤ᠂ ᠢᠷᠡᠭᠡᠳᠦᠢ ᠵᠦᠭ ᠬᠠᠮᠲᠤᠪᠠᠷ ᠣᠷᠣᠭᠰᠢᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ | ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠦᠬᠠᠢ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠰᠦᠬᠡᠢ︕ |