ᠦᠰᠦᠭᠲᠦ ᠲᠠᠶᠢᠯᠤᠮᠵᠢ᠄ ︽ᠦᠬᠠᠢ ᠬᠤᠲᠠ ᠶᠢᠨ ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ ︵2022 ᠣᠨ ᠤ ᠬᠡᠪᠯᠡᠯ︶︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/3/6
     2022 ᠣᠨ ᠤ 9 ᠰᠠᠷ᠎ᠠ ᠶᠢᠨ 27 ᠤ ᠡᠳᠦᠷ᠂ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 29 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠳᠡᠮᠵᠢᠨ ︽ᠦᠬᠠᠢ ᠬᠤᠲᠠ ᠶᠢᠨ ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ ︵2022 ᠣᠨ ᠤ ᠬᠡᠪᠯᠡᠯ︶︾ ︵ᠳᠣᠷᠣᠭᠰᠢ ︽ᠨᠠᠷᠢᠨ ᠳᠠᠩᠰᠠ︾ ᠭᠡᠵᠦ ᠲᠣᠪᠴᠢᠯᠠᠨ᠎ᠠ︶ ᠶᠢ ᠬᠢᠨᠠᠨ ᠶᠠᠷᠢᠯᠴᠠᠵᠤ ᠪᠠᠲᠤᠯᠠᠪᠠ᠂ ᠨᠡᠶᠢᠭᠡᠮ ᠨᠡᠶᠢᠲᠡ ᠶᠢᠨ ︽ᠨᠠᠷᠢᠨ ᠳᠠᠩᠰᠠ︾ ᠶᠢᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠶ᠎ᠠ᠄      ᠨᠢᠭᠡ᠂ ︽ᠨᠠᠷᠢᠨ ᠲᠠᠩᠰᠠ︾ ᠶᠢ ᠨᠡᠶᠢᠲᠡᠯᠡᠭᠰᠡᠨ ᠠᠬᠤᠢ ᠪᠠᠶᠢᠳᠠᠯ      ᠵᠠᠰᠠᠭ ᠵᠠᠬᠢᠷᠭᠠᠨ ᠤ ᠵᠥᠪᠰᠢᠶᠡᠷᠡᠯ ᠪᠣᠯ ᠵᠠᠰᠠᠭ ᠤᠨ ᠣᠷᠳᠣᠨ ᠠᠴᠠ ᠠᠵᠤ ᠠᠬᠤᠢ ᠨᠡᠶᠢᠭᠡᠮ ᠤᠨ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠬᠤ ᠴᠢᠬᠤᠯᠠ ᠠᠷᠭ᠎ᠠ ᠪᠠᠷᠢᠯ ᠮᠥᠨ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠪᠣᠯ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠵᠠᠭᠠᠭ ᠬᠢᠵᠠᠭᠠᠷ ᠢ ᠲᠣᠳᠣᠷᠬᠠᠢ ᠪᠣᠯᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯᠯᠠᠭᠠᠨ ᠢ ᠵᠢᠷᠤᠮᠵᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠲᠥᠪ ᠭᠤᠥᠯᠴᠢ ᠥᠨᠳᠥᠷ ᠪᠦᠲᠦᠮᠵᠢᠲᠡᠶ ᠬᠢᠨᠠᠨ ᠵᠥᠪᠰᠢᠶᠡᠷᠡᠬᠦ ᠣᠷᠴᠢᠨ ᠨᠥᠬᠦᠴᠡᠯ ᠢ ᠪᠣᠶ ᠪᠣᠯᠭᠠᠬᠤ ᠳᠤ ᠠᠰᠢᠭᠲᠠᠢ ᠪᠠᠶᠢᠵᠤ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ 2022 ᠣᠨ ᠤ 1 ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠢ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2022﹈ 2 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ︽ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠢᠶᠠᠷ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ ︵2022 ᠣᠨ ᠤ ᠬᠡᠪᠯᠡᠯ︶︾ ᠶᠢ ᠨᠡᠶᠢᠲᠡᠯᠡᠵᠦ᠂ ᠡᠯ᠎ᠡ ᠭᠠᠵᠠᠷ ᠣᠷᠣᠨ ᠢ 2022 ᠣᠨ ᠤ ᠵᠢᠯ ᠤᠨ ᠡᠴᠦᠰ ᠠᠴᠠ ᠡᠮᠦᠨ᠎ᠡ ᠮᠤᠵᠢ᠂ ᠬᠤᠲᠠ᠂ ᠰᠢᠶᠠᠨ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ ᠶᠢ ᠨᠠᠶᠢᠷᠠᠭᠤᠯᠤᠨ ᠵᠣᠬᠢᠶᠠᠬᠤ ᠪᠥᠭᠡᠳ ᠨᠡᠶᠢᠲᠡᠯᠡᠬᠦ ᠬᠡᠷᠡᠭᠲᠡᠢ ᠭᠡᠵᠦ ᠱᠠᠭᠠᠷᠳᠠᠪᠠ᠃ 2022 ᠣᠨ ᠤ 4 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︿ᠪᠠᠭᠤᠯᠭᠠᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢ ᠠᠬᠢᠭᠤᠯᠬᠤ ᠵᠣᠬᠢᠴᠠᠭᠤᠯᠬᠤ ᠳᠤᠭᠤᠶᠢᠯᠠᠩ ᠤᠨ ᠪᠥᠬᠦ ᠣᠷᠣᠨ ᠤ ᠵᠠᠰᠠᠭ ᠵᠠᠬᠢᠷᠭᠠᠨ ᠤ ᠵᠦᠢᠯᠡᠰ ᠤᠨ ᠨᠠᠷᠢᠨ ᠳᠠᠩᠰᠠ ᠶᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠥᠪᠥᠷ ᠲᠤᠰᠢᠶᠠᠯ ᠰᠢᠯᠵᠢᠭᠦᠯᠬᠦ ᠠᠯᠪᠠᠨ ᠲᠠᠷᠬᠠᠭᠠᠬᠤ ﹇2022﹈ 3 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠡᠯ᠎ᠡ ᠠᠶᠢᠮᠠᠭ ᠬᠤᠲᠠ ᠶᠢ ᠵᠠᠰᠠᠭ ᠵᠠᠬᠢᠷᠭᠠᠨ ᠤ ᠵᠥᠪᠰᠢᠶᠡᠷᠡᠯ ᠤᠨ ᠨᠠᠷᠢᠨ ᠳᠠᠩᠰᠠ ᠶᠢ ᠡᠮᠬᠢᠯᠡᠨ ᠳᠢᠭᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ 2022 ᠣᠨ ᠤ 6 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ ︵2022 ᠣᠨ ᠤ ᠬᠡᠪᠯᠡᠯ︶︾ ᠶᠢ ᠳᠠᠷᠤᠮᠠᠯᠯᠠᠨ ᠲᠠᠷᠬᠠᠭᠠᠪᠠ᠃      ᠬᠤᠶᠠᠷ᠂ ︽ᠨᠠᠷᠢᠨ ᠲᠠᠩᠰᠠ︾ ᠶᠢ ᠡᠮᠬᠢᠯᠡᠨ ᠳᠢᠭᠯᠡᠭᠰᠡᠨ ᠶᠠᠪᠤᠴᠠ      ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ᠦᠬᠠᠢ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠨ᠂ 2022 ᠣᠨ ᠤ 7 ᠳ᠋ᠤᠭᠠᠷ ᠰᠠᠷ᠎ᠠ ᠠᠴᠠ 9 ᠳ᠋ᠦ᠋ᠭᠡᠷ ᠰᠠᠷ᠎ᠠ ᠪᠣᠯᠲᠠᠯ᠎ᠠ ᠪᠥᠬᠦ ᠬᠤᠲᠠ ᠶᠢᠨ ᠬᠤᠶᠠᠷ ᠱᠠᠲᠤ ︵ᠠᠶᠢᠮᠠᠭ ᠬᠤᠲᠠ᠂ ᠬᠤᠰᠢᠭᠤ ᠰᠢᠶᠠᠨ︶ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠨᠠᠷᠢᠨ ᠳᠠᠩᠰᠠ ᠶᠢ ᠡᠮᠬᠢᠯᠡᠨ ᠨᠠᠶᠢᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠲᠣᠰ ᠤᠳᠠᠭᠠᠨ ᠤ ᠡᠮᠬᠢᠯᠡᠨ ᠳᠢᠭᠯᠡᠬᠦ ᠠᠵᠢᠯ ᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠡᠮᠬᠢᠯᠡᠨ ᠲᠠᠨᠢᠵᠤ ᠠᠪᠬᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ᠠᠴᠠ ᠬᠢᠨᠠᠨ ᠬᠠᠷᠭᠤᠭᠤᠯᠵᠤ ᠨᠤᠲᠠᠯᠠᠬᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠵᠠᠷᠢᠮ ᠡᠭᠦᠷᠭᠡ ᠴᠢᠳᠠᠪᠤᠷᠢ ᠨᠢ ᠰᠣᠯᠪᠢᠴᠠᠭᠰᠠᠨ᠂ ᠰᠡᠵᠢᠭᠯᠡᠯ ᠲᠠᠢ᠂ ᠰᠠᠯᠠᠭ᠎ᠠ ᠮᠥᠴᠢᠷ ᠲᠠᠨᠢᠵᠤ ᠠᠪᠬᠤ ᠦᠭᠡᠢ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠮᠠᠨ ᠤ ᠳᠣᠪᠴᠢᠶᠠᠨ ᠠᠴᠠ ᠬᠤᠳᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ ᠲᠠᠢ ᠵᠣᠬᠢᠴᠠᠭᠤᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠬᠤᠷᠠᠯ ᠢ 2 ᠤᠳᠠᠭ᠎ᠠ ᠬᠤᠷᠠᠯᠳᠤᠭᠤᠯᠵᠤ᠂ ᠬᠠᠤᠯᠢ ᠴᠠᠭᠠᠵᠠ ᠶᠢᠨ ᠵᠦᠢᠯ ᠵᠤᠷᠪᠤᠰ ᠤᠨ ᠶᠣᠰᠣᠭᠠᠷ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠪᠠ᠂ ᠡᠭᠦᠨ ᠤ ᠰᠠᠭᠤᠷᠢᠨ ᠳᠡᠭᠡᠷ᠎ᠡ᠂ ᠬᠤᠯᠪᠣᠭᠳᠠᠬᠤ ᠰᠠᠯᠠᠭ᠎ᠠ ᠮᠥᠴᠢᠷ ᠬᠠᠮᠤᠭ ᠡᠴᠦᠰ ᠲᠤ ᠭᠠᠷ ᠤᠨ ᠦᠰᠦᠭ ᠵᠢᠷᠤᠵᠤ ᠲᠠᠨᠢᠵᠤ ᠠᠪᠤᠭᠠᠳ᠂ ᠪᠥᠬᠦ ᠨᠤᠲᠠᠯᠠᠬᠤ ᠪᠠ ᠰᠠᠨᠠᠯ ᠬᠤᠷᠢᠶᠠᠬᠤ ᠠᠵᠢᠯ ᠢ ᠳᠠᠭᠤᠰᠬᠠᠪᠠ᠃ ︽ᠨᠠᠷᠢᠨ ᠲᠠᠩᠰᠠ︾ ᠶᠢ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 29 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠪᠠ᠃     ᠭᠤᠷᠪᠠ᠂ ︽ᠨᠠᠷᠢᠨ ᠳᠠᠩᠰᠠ︾ ᠶᠢᠨ ᠭᠤᠣᠯ ᠠᠭᠤᠯᠭ᠎ᠠ      ︽ᠨᠠᠷᠢᠨ ᠲᠠᠩᠰᠠ︾ ᠳᠤ ᠭᠤᠣᠯᠳᠠᠭᠤ ᠬᠤᠶᠠᠷ ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠄      ᠨᠢᠭᠡ ᠳᠤ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠢᠶᠠᠷ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠨᠡᠶᠢᠲᠡ 312 ᠵᠦᠢᠯ ᠪᠤᠶ᠃ ᠡᠮᠬᠢᠯᠡᠨ ᠳᠢᠭᠯᠡᠬᠦ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠬᠢᠨᠠᠨ ᠥᠭᠡᠷᠡᠴᠢᠯᠡᠬᠦ ᠠᠯᠪᠠᠨ ᠭᠡᠷ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠡᠮᠬᠢᠯᠡᠨ ᠳᠢᠭᠯᠡᠵᠦ ᠨᠠᠶᠢᠷᠠᠭᠤᠯᠤᠨ ᠵᠣᠬᠢᠶᠠᠭᠰᠠᠨ ᠲᠥᠪ ᠤᠨ ᠳᠡᠰ ᠳᠠᠪᠬᠤᠷᠭ᠎ᠠ ᠠᠴᠠ ᠲᠣᠭᠲᠠᠭᠠᠭᠰᠠᠨ ᠤᠴᠢᠷ ᠶᠠᠪᠤᠳᠠᠯ ᠤᠨ ᠨᠠᠷᠢᠨ ᠳᠠᠩᠰᠠ ᠶᠢ ᠥᠪᠡᠷᠲᠡᠭᠡᠨ ᠵᠠᠰᠠᠬᠤ ᠣᠷᠣᠨ ᠤ ᠲᠠᠨᠢᠵᠤ ᠠᠪᠤᠭᠰᠠᠨ ᠵᠠᠰᠠᠭ ᠵᠠᠬᠢᠷᠭᠠᠨ ᠤ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠣᠪᠴᠢᠶᠠᠨ ᠠᠴᠠ ᠬᠤᠲᠠ ᠶᠢᠨ ᠲᠤᠰ ᠱᠠᠲᠤᠨ ᠤ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠠᠨᠢᠵᠤ ᠠᠪᠤᠭᠤᠯᠬᠤ ᠶᠢᠨ ᠬᠠᠮᠲᠤ ᠬᠡᠷᠡᠭᠵᠢᠭᠦᠯᠬᠦ ᠦᠨᠳᠦᠰᠦᠯᠡᠯ ᠵᠡᠷᠭᠡ ᠡᠯᠧᠮᠧᠨ᠋ᠲ ᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠬᠤᠲᠠ ᠶᠢᠨ ᠱᠠᠲᠤᠨ ᠤ ᠲᠤᠬᠠᠶᠢᠯᠠᠭᠰᠠᠨ ᠠᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠠ ᠪᠦᠬᠦ ᠬᠤᠲᠠ ᠶᠢᠨ ᠡᠯ᠎ᠡ ᠱᠠᠲᠤᠨ ᠤ ᠬᠡᠷᠡᠭᠵᠢᠭᠦᠯᠬᠦ ᠪᠠᠶᠢᠭᠤᠯᠭ᠎ᠠ ᠶᠢ ᠲᠣᠳᠣᠷᠬᠠᠶᠢᠯᠠᠪᠠ᠃      ᠬᠤᠶᠠᠷ ᠲᠤ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠨᠡᠶᠢᠲᠡ 9 ᠵᠦᠢᠯ ᠪᠤᠢ᠃ ᠨᠠᠷᠢᠨ ᠳᠠᠩᠰᠠ ᠶᠢᠨ ᠠᠭᠤᠯᠭ᠎ᠠ ᠨᠢ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠦᠨᠳᠦᠰᠦᠯᠡᠨ ᠡᠮᠬᠢᠯᠡᠨ ᠳᠢᠭᠯᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠣᠪᠴᠢᠶᠠᠨ ᠠᠴᠠ ᠬᠤᠲᠠ ᠶᠢᠨ ᠲᠣᠰ ᠱᠠᠲᠤᠨ ᠤ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠠᠨᠢᠵᠤ ᠠᠪᠤᠭᠤᠯᠵᠤ᠂ ᠬᠤᠲᠠ ᠶᠢᠨ ᠱᠠᠲᠤᠨ ᠤ ᠲᠤᠬᠠᠶᠢᠯᠠᠭᠰᠠᠨ ᠠᠵᠢᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠠ ᠪᠥᠬᠦ ᠬᠤᠲᠠ ᠶᠢᠨ ᠡᠯ᠎ᠡ ᠲᠠᠰ ᠳᠠᠪᠬᠤᠷᠭ᠎ᠠ ᠶᠢᠨ ᠬᠡᠷᠡᠭᠵᠢᠭᠦᠯᠬᠦ ᠪᠠᠶᠢᠭᠤᠯᠭ᠎ᠠ ᠶᠢ ᠲᠣᠳᠣᠷᠬᠠᠢ ᠲᠣᠭᠲᠠᠭᠠᠵᠠᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号