ᠬᠠᠶᠢᠨᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠵᠤ ᠠᠬᠤᠶᠢᠯᠠᠯ ᠢᠶᠠᠷ ᠬᠦᠷᠴᠦ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠤᠷᠠᠭᠤᠯᠤᠯ ᠶᠠᠪᠤᠭᠤᠯᠪᠠ
ᠨᠡᠶᠢᠲᠡᠯᠡᠭᠰᠡᠨ ᠴᠠᠭ᠄
2023/4/13
     ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠶᠤᠯ ᠠᠴᠠ ᠪᠠᠴᠢᠮ ᠵᠠᠶᠢᠯᠠᠬᠤ ᠮᠡᠳᠡᠯᠭᠡ ᠪᠠ ᠠᠪᠤᠷᠠᠨ ᠲᠤᠰᠠᠯᠠᠬᠤ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠮᠦᠨ᠎ᠡ ᠹᠷᠣᠨᠲ ᠤᠨ ᠬᠥᠮᠥᠰ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 7 ᠤ ᠡᠳᠦᠷ᠂ ᠬᠠᠶᠢᠨᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠣᠭᠤᠷᠢᠭ ᠤᠨ ᠡᠨᠧᠷᠭᠢ ᠶᠢᠨ ᠲᠣᠪᠴᠢᠶ᠎ᠠ ᠲᠠᠢ ᠬᠠᠮᠲᠤᠷᠠᠨ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠣᠯᠪᠠᠰᠤᠷᠠᠭᠤᠯᠤᠯ ᠤᠨ ᠲᠠᠰᠤᠭ ᠲᠤ ︽ᠪᠠᠴᠢᠮ ᠪᠠᠶᠢᠳᠠᠯ   ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠤᠷᠠᠭᠤᠯᠤᠯ   ᠢ ᠠᠵᠤ ᠠᠬᠤᠶᠢᠯᠠᠯ ᠳᠤ ᠣᠷᠣᠭᠤᠯᠬᠤ︾ ᠲᠠᠶᠢᠯᠤᠮᠵᠢ ᠶᠢ ᠬᠠᠮᠲᠤ ᠪᠠᠷ ᠥᠷᠨᠢᠭᠦᠯᠪᠡ᠃ ᠬᠠᠷᠢᠶᠠᠲᠤ ᠲᠣᠭᠤᠷᠢᠭ ᠤᠨ ᠨᠡᠭᠦᠷᠡᠰᠦᠨ ᠠᠭᠤᠷᠬᠠᠢ᠂ ᠰᠠᠯᠬᠢᠨ ᠬᠦᠴᠦᠨ᠂ ᠪᠠᠶᠢᠭᠠᠯᠢ ᠶᠢᠨ ᠰᠢᠲᠠᠮᠠᠬᠠᠢ ᠬᠡᠢ ᠶᠢ ᠳᠠᠮᠵᠢᠭᠤᠯᠬᠤ ᠬᠤᠭᠤᠯᠠᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠢ ᠬᠠᠷᠢᠭᠤᠴᠠᠵᠤ ᠪᠠᠶᠢᠭ᠎ᠠ ᠬᠠᠮᠢᠶ᠎ᠠ ᠪᠦᠬᠦᠢ ᠬᠥᠮᠥᠰ ᠪᠣᠯᠪᠠᠰᠤᠷᠠᠭᠤᠯᠤᠯ ᠳᠤ ᠣᠷᠤᠯᠴᠠᠪᠠ᠃      ᠪᠣᠯᠪᠠᠰᠤᠷᠠᠭᠤᠯᠤᠯ ᠤᠨ ᠳᠤᠮᠳᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠣᠯᠪᠠᠰᠤᠷᠠᠭᠤᠯᠤᠭᠴᠢ ᠠᠴᠠ ᠪᠠᠴᠢᠮ ᠠᠪᠤᠷᠠᠬᠤ ᠠᠷᠭ᠎ᠠ᠂ AED ᠶᠢᠨ ᠬᠡᠷᠡᠭᠯᠡᠯᠲᠡ᠂ ᠪᠠᠶᠢᠩᠭᠤ ᠲᠣᠬᠢᠶᠠᠯᠳᠤᠬᠤ ᠲᠦᠷᠭᠡᠨ ᠡᠪᠡᠳᠴᠢᠨ ᠢ ᠰᠢᠢᠳᠪᠦᠷᠢᠯᠡᠬᠦ ᠠᠷᠭ᠎ᠠ᠂ ᠰᠢᠷᠬ᠎ᠠ ᠪᠣᠭᠤᠬᠤ᠂ ᠭᠤᠷᠪᠠᠯᠵᠢᠨ ᠠᠯᠴᠢᠭᠤᠷ ᠢᠶᠠᠷ ᠪᠣᠭᠤᠬᠤ᠂ ᠪᠡᠷᠲᠡᠭᠰᠡᠨ ᠶᠠᠰᠤ ᠶᠢ ᠲᠣᠭᠲᠠᠪᠤᠷᠢᠵᠢᠭᠤᠯᠬᠤ᠂ ᠠᠮᠢᠰᠬᠤᠯ ᠤᠨ ᠵᠠᠮ ᠳᠤ ᠳᠦᠭᠵᠢᠷᠡᠭᠰᠡᠨ ᠪᠣᠳᠠᠰ ᠢ ᠰᠢᠢᠳᠪᠦᠷᠢᠯᠡᠬᠦ ᠵᠡᠷᠭᠡ ᠲᠦᠷᠭᠡᠨ ᠠᠪᠤᠷᠠᠯᠳᠠ ᠶᠢᠨ ᠠᠷᠭ᠎ᠠ ᠶᠢ ᠲᠠᠶᠢᠯᠪᠤᠷᠢᠯᠠᠨ ᠥᠭᠴᠦ᠂ ᠲᠤᠬᠠᠢ ᠶᠢᠨ ᠲᠠᠯᠠᠪᠤᠷ ᠲᠤ ᠪᠣᠳᠠᠲᠤ ᠤᠷ᠎ᠠ ᠮᠡᠷᠭᠡᠵᠢᠯ ᠤᠨ ᠠᠵᠢᠯᠯᠠᠭ᠎ᠠ ᠶᠢ ᠦᠵᠡᠭᠦᠯᠦᠭᠰᠡᠨ ᠪᠠᠶᠢᠨ᠎ᠠ᠃ ᠣᠯᠠᠨ ᠢᠶᠠᠷ ᠢᠶᠠᠨ ᠲᠤᠬᠠᠢ ᠶᠢᠨ ᠲᠠᠯᠠᠪᠤᠷ ᠤᠨ ᠪᠣᠳᠠᠲᠠᠢ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠣᠨᠣᠯ ᠪᠠ ᠦᠢᠯᠡᠳᠦᠯᠭᠡ ᠶᠢᠨ ᠰᠢᠯᠭᠠᠯᠲᠠ ᠳᠤ ᠣᠷᠣᠯᠴᠠᠪᠠ᠃      ᠬᠤᠶᠢᠰᠢᠳᠠ᠂ ᠬᠠᠶᠢᠨᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠤᠷᠠᠭᠤᠯᠤᠯ ᠤᠨ ᠠᠵᠢᠯᠯᠠᠭ᠎ᠠ ᠪᠠᠨ ᠦᠷᠭᠦᠯᠵᠢᠯᠡᠨ ᠭᠦᠨᠵᠡᠭᠡᠢ ᠥᠷᠨᠢᠭᠦᠯᠵᠦ᠂ ᠨᠠᠩ ᠣᠯᠠᠨ ᠠᠵᠤ ᠠᠬᠤᠶᠢᠯᠠᠯ ᠤᠨ ᠺᠠᠳ᠋ᠷ ᠠᠵᠢᠯᠲᠠᠳ ᠲᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠳᠡᠯᠭᠡ ᠶᠢ ᠣᠶᠢᠯᠠᠭᠠᠭᠤᠯᠤᠨ ᠡᠵᠡᠮᠰᠢᠭᠦᠯᠵᠦ᠂ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠴᠢᠳᠠᠪᠤᠷᠢ ᠶᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号