ᠦᠨᠢᠶᠡᠨ ᠰᠦ ᠶᠢ ᠶᠠᠭᠠᠬᠢᠵᠤ ᠤᠤᠭᠤᠪᠠᠯ ᠵᠤᠬᠢᠬᠤ ᠪᠣᠢ
ᠨᠡᠶᠢᠲᠡᠯᠡᠭᠰᠡᠨ ᠴᠠᠭ᠄
2023/4/17
     1. ᠠᠷᠢᠬᠢ ᠤᠤᠭᠤᠬᠤ ᠠᠴᠠ ᠡᠮᠦᠨ᠎ᠡ ᠦᠨᠢᠶᠡᠨ ᠰᠦ ᠤᠤᠭᠤᠪᠠᠯ ᠰᠤᠭᠲᠤᠬᠤ ᠶᠢ ᠰᠡᠷᠭᠡᠶᠢᠯᠡᠨ᠎ᠡ᠃ ᠠᠷᠢᠬᠢ ᠤᠤᠭᠤᠬᠤ ᠠᠴᠠ ᠡᠮᠦᠨ᠎ᠡ ᠨᠢᠭᠡ ᠴᠤᠮᠤ ᠦᠨᠢᠶᠡᠨ ᠰᠦ ᠤᠤᠭᠤᠵᠤ ︽ᠰᠠᠭᠤᠷᠢ ᠲᠠᠯᠪᠢᠪᠠᠯ︾ ᠪᠦᠬᠦ ᠪᠡᠶ᠎ᠡ ᠳᠤ ᠠᠰᠢᠭᠲᠠᠢ ᠪᠠᠶᠢᠳᠠᠭ᠃      2. ᠤᠨᠲᠠᠬᠤ ᠠᠴᠠ ᠪᠠᠨ ᠡᠮᠦᠨ᠎ᠡ ᠦᠨᠢᠶᠡᠨ ᠰᠦ ᠤᠤᠭᠤᠪᠠᠯ ᠰᠦᠰᠦᠨ ᠤ ᠴᠢᠯᠠᠭᠤᠵᠢᠯ ᠢ ᠰᠡᠷᠭᠡᠶᠢᠯᠡᠨ᠎ᠡ᠃ ᠤᠨᠲᠠᠬᠤ ᠠᠴᠠ ᠪᠠᠨ ᠡᠮᠦᠨ᠎ᠡ ᠦᠨᠢᠶᠡᠨ ᠰᠦ ᠤᠤᠭᠤᠪᠠᠯ ᠰᠦᠰᠦᠨ ᠤ ᠠᠭᠤᠲᠠᠨ ᠳᠤ ᠬᠢ ᠰᠦᠰᠦᠨ ᠰᠢᠩᠭᠡᠨ ᠢ ᠭᠡᠳᠡᠰᠦᠨ ᠵᠠᠮ ᠳᠤ ᠤᠷᠣᠰᠬᠠᠨ ᠣᠷᠣᠭᠤᠯᠬᠤ ᠲᠤᠯᠠ ᠰᠦᠰᠦᠨ ᠤ ᠤᠭᠤᠲᠠᠨ ᠳᠤ ᠦᠳᠭᠡᠷᠡᠭᠰᠡᠨ ᠰᠦᠰᠦᠨ ᠰᠢᠩᠭᠡᠨ ᠦᠭᠡᠢ ᠪᠣᠯᠣᠨ᠎ᠠ᠃ ᠢᠩᠬᠢᠪᠡᠯ ᠰᠦᠰᠦᠨ ᠤ ᠴᠢᠯᠠᠭᠤᠵᠢᠯ ᠪᠣᠢ ᠪᠣᠯᠵᠤ ᠴᠢᠳᠠᠬᠤ ᠦᠭᠡᠢ᠂ ᠭᠡᠪᠡᠴᠦ ᠳᠠᠷᠠᠭ᠎ᠠ ᠡᠳᠦᠷ ᠨᠢ ᠵᠠᠪᠠᠯ ᠡᠷᠲᠡᠭᠡᠨ ᠬᠤᠭᠤᠯᠠ ᠢᠳᠡᠬᠦ ᠬᠡᠷᠡᠭᠲᠡᠢ᠂ ᠲᠡᠭᠡᠬᠦ ᠦᠭᠡᠢ ᠪᠣᠯ ᠪᠠᠰᠠ ᠲᠠᠯᠠᠭᠠᠷ ᠪᠣᠯᠣᠨ᠎ᠠ᠃      3. ᠬᠦᠳᠡᠯᠭᠡᠭᠡᠨ ᠬᠢᠬᠦ ᠠᠴᠠ ᠡᠮᠦᠨ᠎ᠡ ᠦᠨᠢᠶᠡᠨ ᠰᠦ ᠤᠤᠭᠤᠪᠠᠯ ᠶᠠᠰᠤ ᠤᠯᠠᠮ ᠬᠠᠲᠠᠭᠤᠷᠠᠨ᠎ᠠ᠃ ᠬᠦᠳᠡᠯᠭᠡᠭᠡᠨ ᠬᠢᠬᠦ ᠶᠢᠨ ᠬᠠᠮᠲᠤ ᠺᠠᠯᠽᠢ ᠠᠭᠤᠯᠤᠭᠰᠠᠨ ᠢᠳᠡᠭᠡᠨ ᠢ ᠢᠯᠡᠬᠦᠦ ᠢᠳᠡᠪᠡᠯ ᠶᠠᠰᠤᠨ ᠤ ᠨᠢᠭᠲᠠᠴᠠ ᠨᠡᠮᠡᠭᠳᠡᠵᠦ᠂ ᠶᠠᠰᠤᠨ ᠤ ᠡᠳ᠋ ᠰᠡᠶᠢᠷᠡᠭᠵᠢᠬᠦ ᠡᠪᠡᠳᠴᠢᠨ ᠢ ᠰᠡᠷᠭᠡᠶᠢᠯᠡᠵᠦ ᠴᠢᠳᠠᠨ᠎ᠠ᠃      4. ᠴᠢᠰᠤᠨ ᠳᠠᠷᠤᠯᠲᠠ ᠦᠨᠳᠦᠷ ᠬᠦᠮᠦᠨ ᠦᠨᠢᠶᠡᠨ ᠰᠦ ᠤᠤᠭᠤᠪᠠᠯ ᠰᠠ ᠡᠪᠡᠳᠴᠢᠨ ᠳᠤ ᠳᠠᠭᠠᠷᠢᠭᠳᠠᠬᠤ  ᠶᠢ ᠰᠡᠷᠭᠡᠶᠢᠯᠡᠨ᠎ᠡ᠃ ᠴᠢᠰᠤᠨ ᠳᠠᠷᠤᠯᠲᠠ ᠳᠤᠤᠷ᠎ᠠ ᠪᠣᠶᠣ ᠳᠤᠮᠳᠠ ᠵᠡᠷᠭᠡ ᠳᠡᠭᠡᠭᠰᠢᠯᠡᠭᠰᠡᠨ ᠬᠦᠮᠦᠨ ᠳᠤ ᠠᠪᠴᠤ ᠬᠡᠯᠡᠪᠡᠯ᠂ ᠦᠨᠢᠶᠡᠨ ᠰᠦ ᠤᠤᠭᠤᠬᠤ ᠨᠢ ᠴᠢᠰᠤᠨ ᠳᠠᠷᠤᠯᠲᠠ ᠶᠢ ᠲᠤᠬᠢᠷᠠᠭᠤᠯᠬᠤ ᠰᠠᠶᠢᠨ ᠠᠷᠭ᠎ᠠ ᠪᠣᠯᠣᠨ᠎ᠠ᠃
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号