ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/17
     4 ᠰᠠᠷ᠎ᠠ ᠶᠢᠨ 14 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ᠂ ᠭᠤᠸᠠᠩᠳᠦ᠋ᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠪᠦᠬᠦ ᠨᠠᠮ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠳᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠨᠢ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠪᠦᠬᠦ ᠬᠤᠳᠠ ᠪᠠᠷ ᠢᠶᠠᠨ ᠭᠦᠨᠵᠡᠭᠡᠢ ᠰᠤᠷᠤᠯᠴᠠᠨ ᠣᠶᠢᠯᠠᠭᠠᠵᠤ᠂ ᠠᠮᠢ ᠠᠬᠤᠢ ᠶᠢ ᠣᠷᠢᠳᠠᠪᠡᠷ ᠪᠤᠲᠤᠯᠭᠢᠯᠠᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠨᠣᠭᠤᠭᠠᠷᠠᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠭᠤᠸᠠᠩᠳᠦ᠋ᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠠᠵᠤ ᠦᠢᠯᠡᠰ ᠤᠨ ᠲᠡᠰ ᠳᠡᠪᠰᠢᠬᠦ ᠠᠯᠬᠤᠭ᠎ᠠ  ᠪᠠᠨ ᠲᠦᠷᠭᠡᠳᠬᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠦᠢᠯᠡᠳᠦᠯᠭᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠴᠢᠬᠤᠯᠠ ᠶᠡᠭᠡ ᠤᠯᠤᠰ ᠲᠥᠷᠦ ᠶᠢᠨ ᠠᠴᠢ ᠬᠤᠯᠪᠣᠭᠳᠠᠯ᠂ ᠤᠨᠤᠯ ᠤᠨ ᠠᠴᠢ ᠬᠤᠯᠪᠣᠭᠳᠠᠯ ᠪᠣᠯᠤᠨ ᠤᠶᠢᠯᠡᠳᠤᠯᠭᠡ ᠶᠢᠨ ᠠᠴᠢ ᠬᠤᠯᠪᠣᠭᠳᠠᠯ ᠤᠨ ᠲᠤᠬᠠᠶ ᠣᠶᠢᠯᠠᠭᠠᠯᠲᠠ ᠡᠵᠡᠮᠳᠡᠯ ᠢᠶᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠦᠵᠡᠯ ᠰᠠᠨᠠᠭᠠᠨ ᠤ ᠤᠬᠠᠮᠰᠠᠷ ᠤᠯᠤᠰ ᠲᠥᠷᠦ ᠶᠢᠨ ᠤᠬᠠᠮᠰᠠᠷ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠦᠵᠡᠯ ᠰᠠᠨᠠᠭᠠᠨ ᠤ ᠰᠠᠭᠤᠷᠢ ᠪᠠᠨ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠶ᠃ ᠪᠦᠬᠦ ᠬᠤᠲᠠ ᠶᠢᠨ ᠭᠤᠤᠯ ᠰᠡᠳᠦᠪᠲᠦ ᠬᠥᠮᠦᠵᠢᠯ ᠤᠨ ᠠᠵᠢᠯ ᠢᠶᠠᠨ ᠤᠷᠢᠳᠴᠢᠯᠠᠨ ᠲᠥᠯᠥᠪᠵᠢᠭᠦᠯᠦᠨ ᠲᠣᠬᠢᠷᠠᠭᠤᠯᠵᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠶᠢ ᠪᠠᠷᠢᠮᠲᠠᠯᠠᠵᠤ᠂ ᠰᠤᠷᠲᠠᠯ ᠤᠨ ᠪᠠᠲᠤᠯᠠᠭ᠎ᠠ ᠪᠠᠨ ᠴᠢᠩᠭᠠᠳᠬᠠᠵᠤ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ ᠵᠡᠷᠭᠡ ᠡᠯ᠎ᠡ ᠵᠦᠢᠯ ᠤᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠪᠠᠲᠤᠯᠠᠬᠤ ᠬᠡᠷᠡᠭᠲᠡᠶ ᠭᠡᠵᠡᠢ᠃      ᠬᠤᠷᠠᠯ ᠠᠴᠠ ︽ᠪᠦᠬᠦ ᠬᠤᠳᠠ ᠳᠤ ᠶᠡᠭᠡ ᠪᠠᠷ ᠪᠠᠶᠢᠴᠠᠭᠠᠨ ᠰᠤᠳᠤᠯᠤᠯᠲᠠ ᠬᠢᠬᠦ ᠲᠤᠬᠠᠢ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠰᠤᠷᠲᠠᠯ ᠢᠶᠠᠨ ᠬᠦᠴᠦᠯᠡᠨ ᠬᠤᠪᠢᠷᠠᠭᠤᠯᠵᠤ᠂ ᠪᠠᠶᠢᠴᠠᠭᠠᠨ ᠰᠤᠳᠤᠯᠤᠯᠲᠠ ᠳᠤ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠣᠳᠣᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号