ᠬᠤᠳᠠ ᠶᠢᠨ ᠵᠠᠰᠠᠭ ᠤᠨ ᠣᠷᠳᠣᠨ ᠤ 2023 ᠣᠨ ᠤ 10 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/18
     4 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2023 ᠣᠨ ᠤ 10 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠰᠠᠨᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ᠂ ᠠᠵᠢᠯ ᠢᠶᠠᠨ ᠰᠡᠷᠭᠦᠭᠡᠬᠦ ᠦᠢᠯᠡᠳᠪᠦᠷᠢᠯᠡᠯ ᠢᠶᠠᠨ ᠰᠡᠷᠭᠦᠭᠡᠬᠦ ᠠᠷᠠᠯᠵᠢᠶ᠎ᠠ ᠪᠠᠨ ᠰᠡᠷᠭᠦᠭᠡᠬᠦ ᠵᠠᠬ᠎ᠠ ᠲᠡᠯᠭᠡᠭᠦᠷ ᠢᠶᠠᠨ ᠰᠡᠷᠭᠦᠬᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠠᠭᠢᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠳᠦᠭᠡᠨ ᠪᠠᠶᠢᠭᠤᠯᠤᠯᠲᠠ ᠶᠢ ᠨᠡᠩ ᠴᠢᠬᠤᠯᠠ ᠪᠠᠶᠢᠷᠢᠨ ᠳᠤ ᠲᠠᠯᠪᠢᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠢ ᠶᠢ ᠰᠡᠷᠭᠦᠭᠡᠬᠦ ᠲᠠᠯ᠎ᠠ ᠪᠠᠷ ᠥᠴᠦᠬᠡᠨ ᠴᠦ ᠰᠤᠯᠠᠷᠠᠭᠤᠯᠤᠯ ᠦᠭᠡᠢ ᠠᠳᠬᠤᠵᠤ᠂ ︽ᠬᠤᠣᠰ ᠨᠡᠭᠦᠷᠡᠰᠦᠲᠥ᠋ᠷᠥᠭᠴᠢ︾ ︽ᠬᠤᠣᠰ ᠡᠵᠡᠮᠳᠡᠯ︾ ᠪᠣᠯᠤᠨ ᠡᠬᠢ ᠪᠠᠶᠠᠯᠢᠭ ᠢ ᠡᠷᠴᠢᠮᠯᠢᠭ ᠠᠷᠪᠢᠯᠠᠬᠤ ᠲᠠᠯ᠎ᠠ ᠪᠠᠷ ᠴᠢᠩᠭ᠎ᠠ ᠪᠦᠭᠡᠳ ᠪᠣᠳᠠᠲᠠᠢ ᠠᠳᠬᠤᠵᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠳᠡᠭᠡᠷ᠎ᠡ ᠪᠣᠭᠤᠮᠲᠠ ᠰᠢᠪᠲᠤᠯᠬᠤ ᠪᠠᠷ ᠬᠦᠴᠦᠯᠡᠵᠦ᠂ ᠠᠮᠢ ᠠᠬᠤᠢ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠵᠤ᠂ ᠥᠪᠥᠷ ᠮᠣᠩᠭᠤᠯ ᠤᠨ ᠡᠨᠡᠬᠦ ᠨᠣᠮᠢᠨ ᠨᠣᠭᠤᠭᠠᠨ ᠥᠩᠭᠡ ᠶᠢ ᠰᠠᠶᠢᠲᠤᠷ ᠰᠠᠬᠢᠨ ᠬᠠᠮᠠᠭᠠᠯᠠᠬᠤ ᠳᠤ ᠦᠬᠠᠢ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠦᠴᠦᠨ ᠢᠶᠠᠷ ᠢᠶᠠᠨ ᠠᠵᠢᠯᠯᠠᠭᠠᠨ ᠢ ᠪᠠᠲᠤᠯᠠᠵᠤ᠂ ᠨᠡᠮᠡᠭᠳᠡᠯ ᠢᠶᠠᠨ ᠲᠣᠭᠲᠠᠪᠤᠷᠢᠵᠢᠭᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠨ ᠴᠢᠩᠭ᠎ᠠ ᠠᠩᠬᠠᠷᠴᠤ᠂ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠳᠬᠠᠵᠤ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠠᠵᠤ ᠠᠬᠤᠢ ᠶᠢᠨ ᠠᠵᠢᠯᠯᠠᠭᠠᠨ ᠲᠣᠭᠲᠠᠭᠤᠨ ᠤ ᠳᠤᠮᠳᠠ ᠤᠷᠤᠭᠰᠢᠯᠠᠵᠤ᠂ ᠲᠣᠭᠲᠠᠭᠤᠨ ᠤ ᠳᠤᠮᠳᠠ ᠰᠠᠶᠢᠵᠢᠷᠠᠬᠤ ᠶᠢ ᠪᠠᠲᠤᠯᠠᠬᠤ ᠬᠡᠷᠡᠭᠲᠡᠢ᠃ ᠴᠢᠨᠠᠷ ᠰᠠᠶᠢᠲᠠᠶ ᠥᠨᠳᠥᠷ ᠪᠦᠲᠦᠮᠵᠢᠲᠡᠶ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠢᠵᠢ ᠪᠥᠷᠢᠳᠦᠭᠦᠯᠬᠦ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠᠨ ᠰᠠᠶᠢᠲᠤᠷ ᠬᠢᠵᠦ᠂ ᠠᠷᠠᠳ ᠣᠯᠠᠨ ᠳᠤ ᠪᠥᠬᠦ ᠲᠠᠯ᠎ᠠ ᠶᠢᠨ ᠪᠥᠬᠦ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠬᠡᠷᠡᠭᠲᠡᠶ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号