ᠬᠠᠶᠢᠷᠤᠪ ᠤᠨ ᠲᠣᠬᠤᠢ ᠶᠢᠨ ᠲᠣᠭᠤᠷᠢᠭ ᠤᠨ 2 ᠲᠦᠷᠦᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠪᠡ
ᠨᠡᠶᠢᠲᠡᠯᠡᠭᠰᠡᠨ ᠴᠠᠭ᠄
2023/4/19
     4 ᠰᠠᠷ᠎ᠠ ᠶᠢᠨ 18  ᠤ ᠡᠳᠦᠷ᠂ ᠬᠠᠶᠢᠷᠤᠪ ᠤᠨ ᠲᠣᠬᠤᠢ ᠶᠢᠨ ᠲᠣᠭᠤᠷᠢᠭ ᠤᠨ 2 ᠲᠦᠷᠦᠯ ᠵᠦᠢᠯ ᠦᠬᠠᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠣᠷᠣᠨ ᠤ ᠬᠠᠶᠢᠷᠤᠪ ᠤᠨ ᠲᠣᠬᠤᠢ ᠶᠢᠨ ᠠᠵᠤ ᠦᠢᠯᠡᠰ ᠤᠨ ᠬᠦᠷᠢᠶᠡᠯᠡᠩ ᠳᠤ ᠠᠵᠢᠯ ᠡᠬᠢᠯᠡᠭᠦᠯᠬᠦ ᠶᠣᠰᠣᠯᠠᠯ ᠶᠠᠪᠤᠭᠤᠯᠪᠠ᠃      ᠲᠣᠰ ᠤᠳᠠᠭ᠎ᠠ ᠲᠥᠪᠯᠡᠷᠡᠭᠦᠯᠦᠨ ᠠᠵᠢᠯ ᠡᠬᠢᠯᠡᠭᠦᠯᠦᠭᠰᠡᠨ ᠲᠥᠷᠥᠯ ᠵᠦᠢᠯ ᠪᠣᠯ ᠥᠪᠥᠷ ᠮᠣᠩᠭᠤᠯ ᠤᠨ ᠵᠢᠶᠦ᠋ᠨ ᠫᠢᠩ ᠬᠡᠦᠷᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 300 ᠲᠦᠮᠡᠨ ᠲᠣᠨ / ᠵᠢᠯ ᠤ ᠬᠡᠦᠷᠰᠢᠭᠦᠯᠬᠦ ᠲᠥᠷᠥᠯ ᠵᠦᠢᠯ ᠪᠠ ᠦᠬᠠᠢ ᠶᠢᠨ ᠵᠥᠩ ᠲᠠᠢ ᠤᠰᠤᠲᠥ᠋ᠷᠥᠭᠴᠢ ᠶᠢᠨ ᠡᠨᠧᠷᠭᠢ ᠶᠢ ᠦᠢᠯᠡᠳᠬᠦ ᠬᠠᠳᠠᠭᠠᠯᠠᠬᠤ ᠲᠡᠭᠡᠭᠡᠪᠦᠷᠢᠯᠡᠬᠦ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠪᠣᠯᠣᠨ᠎ᠠ᠃ ᠡᠭᠦᠨ ᠳᠤ᠂ ᠥᠪᠥᠷ ᠮᠣᠩᠭᠤᠯ ᠤᠨ ᠵᠢᠶᠦ᠋ᠨ ᠫᠢᠩ ᠬᠡᠦᠷᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 300 ᠲᠦᠮᠡᠨ ᠲᠣᠨ / ᠵᠢᠯ ᠤ ᠬᠡᠦᠷᠰᠢᠭᠦᠯᠬᠦ ᠲᠥᠷᠥᠯ ᠵᠦᠢᠯ ᠤᠨ ᠶᠡᠷᠦᠩᠬᠡᠢ ᠪᠡᠯᠡ ᠣᠷᠤᠭᠤᠯᠤᠯᠲᠠ  ᠨᠢ 41 ᠳ᠋ᠦᠩᠰᠢᠭᠤᠷ ᠲᠥᠭᠦᠷᠢᠭ ᠣᠷᠴᠢᠮ ᠪᠠᠶᠢᠵᠤ᠂ ᠦᠬᠠᠢ ᠶᠢᠨ ᠵᠥᠩ ᠲᠠᠢ ᠤᠰᠤᠲᠥ᠋ᠷᠥᠭᠴᠢ ᠶᠢᠨ ᠡᠨᠧᠷᠭᠢ ᠶᠢ ᠦᠢᠯᠡᠳᠬᠦ ᠬᠠᠳᠠᠭᠠᠯᠠᠬᠤ ᠲᠡᠭᠡᠭᠡᠪᠦᠷᠢᠯᠡᠬᠦ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠶᠡᠷᠦᠩᠬᠡᠢ ᠪᠡᠯᠡ ᠣᠷᠤᠭᠤᠯᠤᠯᠲᠠ ᠨᠢ 15 ᠳ᠋ᠦᠩᠰᠢᠭᠤᠷ ᠲᠥᠭᠦᠷᠢᠭ ᠪᠣᠯᠣᠨ᠎ᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠲᠥᠪᠯᠡᠷᠡᠭᠦᠯᠦᠨ ᠠᠵᠢᠯ ᠡᠬᠢᠯᠡᠭᠦᠯᠦᠭᠰᠡᠨ ᠲᠦᠷᠦᠯ ᠵᠦᠢᠯ ᠤᠨ ᠪᠡᠯᠡ ᠣᠷᠤᠭᠤᠯᠤᠯᠲᠠ ᠶᠢᠨ ᠶᠡᠷᠦᠩᠬᠡᠢ ᠬᠡᠮᠵᠢᠶ᠎ᠡ ᠨᠢ ᠶᠡᠭᠡ᠂ ᠶᠠᠰᠤ ᠴᠢᠨᠠᠷ ᠨᠢ ᠥᠨᠳᠥᠷ᠂ ᠵᠢᠱᠢᠭᠰᠡᠨ ᠦᠷ᠎ᠡ ᠠᠰᠢᠭ ᠨᠢ ᠰᠠᠶᠢᠨ ᠪᠠᠶᠢᠨ᠎ᠠ᠃ ᠲᠦᠷᠦᠯ ᠵᠦᠢᠯ ᠢ ᠪᠠᠶᠢᠭᠤᠯᠤᠭᠰᠠᠨ ᠤ ᠳᠠᠷᠠᠭ᠎ᠠ᠂ ᠬᠠᠶᠢᠷᠤᠪ ᠤᠨ ᠲᠣᠬᠤᠢ ᠶᠢᠨ ᠲᠤᠭᠤᠷᠢᠭ ᠤᠨ ᠠᠵᠤ ᠦᠢᠯᠡᠰ ᠤᠨ ᠬᠡᠯᠬᠢᠶ᠎ᠡ ᠪᠠᠨ ᠴᠢᠨᠠᠭᠰᠢᠳᠠ ᠲᠡᠭᠦᠯᠳᠡᠷᠵᠢᠭᠦᠯᠵᠦ᠂ ᠠᠵᠤ ᠦᠢᠯᠡᠰ ᠤᠨ ᠬᠡᠯᠪᠡᠷᠢ ᠪᠠᠨ ᠪᠠᠶᠠᠯᠢᠭᠵᠢᠭᠤᠯᠵᠤ᠂ ᠠᠵᠤ ᠦᠢᠯᠡᠰ ᠤᠨ ᠲᠡᠰ ᠳᠠᠪᠬᠤᠷᠭ᠎ᠠ ᠪᠠᠨ ᠳᠡᠭᠡᠭᠰᠢᠯᠡᠭᠦᠯᠵᠦ᠂ ᠬᠠᠶᠢᠷᠤᠪ ᠤᠨ ᠲᠣᠬᠤᠢ ᠶᠢᠨ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠭᠦ ᠬᠦᠴᠦᠨ ᠨᠡᠮᠡᠷᠢᠯᠡᠵᠦ᠂ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠳᠤ ᠲᠤᠰᠠᠲᠠᠢ ᠶᠤᠮ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号