ᠬᠠᠶᠢᠷᠣᠪ ᠤᠨ ᠲᠤᠬᠤᠢ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠩᠬᠠᠳᠤᠭᠠᠷ ᠬᠤᠭᠤᠴᠠᠭᠠᠨ ᠤ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠵᠢᠭᠠᠨ ᠰᠤᠷᠭᠠᠯᠲᠠ ᠶᠢᠨ ᠤᠷ᠎ᠠ ᠴᠢᠳᠠᠪᠤᠷᠢ ᠪᠠᠨ ᠲᠡᠯᠭᠡᠨ ᠦᠵᠡᠬᠦᠯᠵᠦ ᠰᠢᠯᠭᠠᠷᠠᠭᠤᠯᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2023/4/19
     ᠶᠣᠰᠣ ᠰᠤᠷᠲᠠᠬᠤᠨ ᠢ ᠪᠤᠶ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠰᠢᠨ᠎ᠡ ᠶᠢ ᠡᠭᠦᠳᠬᠦ ᠬᠡᠯᠪᠡᠷᠢ ᠶᠢᠨ ᠤᠷᠠᠯᠢᠭ ᠤᠨ ᠪᠠᠭᠰᠢ ᠶᠢᠨ ᠡᠩᠨᠡᠭᠡ ᠶᠢ ᠤᠯᠠᠮ ᠴᠢᠨᠠᠭᠰᠢᠳᠠ ᠪᠠᠶᠢᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠬᠠᠶᠢᠷᠤᠪ ᠤᠨ ᠲᠣᠭᠤᠷᠢᠭ ᠤᠨ ᠠᠷᠪᠠᠨ ᠭᠤᠷᠪᠠᠳᠤᠭᠠᠷ ᠬᠡᠦᠭᠡᠳ ᠤᠨ ᠴᠡᠴᠡᠷᠯᠢᠭ ᠲᠤ ᠠᠩᠬᠠᠳᠤᠭᠠᠷ ᠬᠤᠭᠤᠴᠠᠭᠠᠨ ᠤ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠵᠢᠭᠠᠨ ᠰᠤᠷᠭᠠᠯᠲᠠ ᠶᠢᠨ ᠤᠷ᠎ᠠ ᠴᠢᠳᠠᠪᠤᠷᠢ ᠪᠠᠨ ᠳᠡᠯᠭᠡᠨ ᠦᠵᠡᠭᠦᠯᠵᠦ ᠰᠢᠯᠭᠠᠷᠠᠭᠤᠯᠬᠤ ᠠᠵᠢᠯᠯᠠᠭ᠎ᠠ ᠥᠷᠨᠢᠭᠦᠯᠵᠦ᠂ ᠡᠯ᠎ᠡ ᠳᠤᠮᠳᠠᠳᠤ ᠪᠠᠭ᠎ᠠ ᠰᠤᠷᠭᠠᠭᠤᠯᠢ ᠠᠴᠠ ᠢᠷᠡᠭᠰᠡᠨ 68 ᠨᠡᠷᠡᠰ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠲᠤᠰ ᠲᠤᠰ ᠤᠷᠠᠨ ᠪᠢᠴᠢᠯᠭᠡ᠂ ᠤᠷᠠᠨ ᠵᠢᠷᠤᠭ ᠪᠠ ᠳᠠᠭᠤᠤ ᠬᠥᠭᠵᠢᠮ ᠵᠡᠷᠭᠡ 3 ᠲᠤᠰᠬᠠᠢ ᠲᠠᠯᠠᠪᠤᠷ ᠤᠨ ᠲᠤᠬᠠᠢ ᠶᠢᠨ ᠲᠠᠯᠠᠪᠤᠷ ᠤᠨ ᠤᠷ᠎ᠠ ᠴᠢᠳᠠᠪᠤᠷᠢ ᠶᠢᠨ ᠦᠵᠡᠭᠦᠯᠦᠯᠭᠡ ᠵᠢᠴᠢ ᠪᠦᠲᠦᠭᠡᠯ ᠤᠨ ᠰᠢᠯᠭᠠᠷᠠᠭᠤᠯᠤᠯᠲᠠ ᠳᠤ ᠣᠷᠣᠯᠴᠠᠪᠠ᠃      ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠨᠠᠷ ᠳᠠᠭᠤᠯᠠᠬᠤᠢ᠂ ᠲᠠᠷᠣᠭᠤᠯ ᠲᠠᠢ ᠬᠥᠭᠵᠢᠮᠳᠡᠭᠦᠷ ᠢᠶᠠᠷ ᠬᠥᠭᠵᠢᠮᠳᠡᠬᠦ᠂ ᠵᠢᠵᠢᠭ ᠬᠥᠭᠵᠢᠮᠳᠡᠭᠦᠷ ᠢᠶᠠᠷ ᠬᠥᠭᠵᠢᠮᠳᠡᠬᠦ ᠵᠡᠷᠭᠡ ᠵᠦᠢᠯᠡᠰ ᠢ ᠲᠥᠪᠯᠡᠷᠡᠭᠦᠯᠦᠨ ᠳᠡᠯᠭᠡᠨ ᠦᠵᠡᠭᠦᠯᠪᠡ᠃ ᠤᠷᠤᠯᠳᠤᠭᠠᠨ ᠢᠶᠠᠷ ︽ᠵᠢᠭᠠᠨ ᠰᠤᠷᠭᠠᠬᠤ︾ ᠶᠢ ᠠᠬᠢᠭᠤᠯᠬᠤ᠂ ᠤᠷᠤᠯᠳᠤᠭᠠᠨ ᠢᠶᠠᠷ ︽ᠥᠭᠡᠷᠡᠴᠢᠯᠡᠬᠦ︾ ᠶᠢ ᠠᠬᠢᠭᠤᠯᠬᠤ᠂ ᠤᠷᠤᠯᠳᠤᠭᠠᠨ ᠢᠶᠠᠷ ︽ᠰᠤᠳᠤᠯᠬᠤ︾ ᠶᠢ ᠠᠬᠢᠭᠤᠯᠬᠤ ᠪᠠᠷ ᠳᠠᠮᠵᠢᠭᠤᠯᠤᠨ᠂ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠬᠤᠭᠤᠷᠣᠨᠳᠣᠬᠢ ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠶᠢ ᠠᠬᠢᠭᠤᠯᠵᠤ᠂ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠵᠢᠭᠠᠨ ᠰᠤᠷᠭᠠᠬᠤ ᠮᠡᠷᠭᠡᠵᠢᠯ ᠴᠢᠳᠠᠪᠤᠷᠢ᠂ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠪᠠ ᠶᠡᠷᠦᠩᠬᠡᠶᠢᠯᠡᠭᠰᠡᠨ ᠬᠡᠪ ᠴᠢᠨᠠᠷ ᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠲᠤᠰᠬᠠᠶᠢᠵᠢᠭᠰᠠᠨ ᠬᠥᠭᠵᠢᠯᠲᠡ ᠶᠢ ᠠᠬᠢᠭᠤᠯᠵᠤ᠂ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠤᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠤᠯᠤᠨ᠎ᠠ᠃      ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠥᠬᠦ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠢ ᠲᠦᠯᠬᠢᠨ ᠠᠬᠢᠭᠤᠯᠵᠤ᠂ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢ ᠬᠥᠮᠥᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠬᠥᠮᠥᠵᠢᠭᠦᠯᠬᠦ ᠲᠣᠭᠲᠠᠴᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠠᠭᠰᠢ ᠶᠢᠨ ᠦᠰᠦᠨ ᠪᠣᠶᠢᠵᠢᠬᠤ ᠲᠠᠪᠴᠠᠩ ᠢ ᠪᠠᠶᠢᠭᠤᠯᠤᠨ᠂ ᠭᠤᠸ᠎ᠠ ᠰᠠᠶᠢᠬᠠᠨ ᠤ ᠬᠥᠮᠦᠵᠢᠯ ᠤᠨ ᠰᠤᠷᠭᠠᠨ ᠬᠥᠮᠦᠵᠢᠯ ᠤᠨ ᠱᠠᠲᠤᠨ ᠳᠠᠬᠢ ᠬᠥᠮᠥᠨ ᠬᠥᠮᠥᠵᠢᠭᠦᠯᠬᠦ ᠴᠢᠳᠠᠮᠵᠢ ᠪᠠᠨ ᠴᠢᠩᠭᠠᠷᠠᠭᠤᠯᠵᠤ᠂ ᠥᠨᠳᠥᠷ ᠬᠢᠷᠢ ᠲᠦᠪᠰᠢᠨ ᠪᠦᠬᠦᠢ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠡᠩᠨᠡᠭᠡ ᠶᠢ ᠴᠢᠷᠮᠠᠶᠢᠨ ᠪᠠᠶᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号