ᠬᠥᠩᠭᠡᠵᠢᠬᠦ ᠴᠢᠯᠥᠭᠡ ᠪᠠᠨ ᠠᠪᠤᠴᠢᠬᠠᠭᠠᠳ ᠪᠠᠰᠠ ᠵᠢᠯ ᠤᠨ ᠠᠮᠠᠷᠠᠯᠲᠠ ᠠᠪᠴᠤ ᠪᠣᠯᠬᠤ︖
ᠨᠡᠶᠢᠲᠡᠯᠡᠭᠰᠡᠨ ᠴᠠᠭ᠄
2023/4/25
     ᠬᠥᠩᠭᠡᠵᠢᠬᠦ ᠴᠢᠯᠥᠭᠡ ᠪᠠᠨ ᠠᠪᠤᠴᠢᠬᠠᠭᠠᠳ ᠪᠠᠰᠠ ᠵᠢᠯ ᠤᠨ ᠠᠮᠠᠷᠠᠯᠲᠠ ᠠᠪᠴᠤ ᠪᠣᠯᠬᠤ︖      ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠥᠳᠡᠯᠮᠦᠷᠢ ᠶᠢᠨ ᠬᠠᠷᠢᠴᠠᠭᠠᠨ ᠤ ᠵᠤᠷᠭᠠᠨ ᠤ ᠬᠢᠨ᠄      ︽ᠠᠵᠤ ᠠᠬᠤᠶᠢᠯᠠᠯ ᠤᠨ ᠠᠵᠢᠯᠲᠠᠨ ᠠᠵᠢᠯᠴᠢᠨ ᠴᠠᠯᠢᠩ ᠲᠠᠢ ᠵᠢᠯ ᠤᠨ ᠠᠮᠠᠷᠠᠯᠳᠠ ᠠᠪᠬᠤ  ᠲᠤᠬᠠᠢ ᠬᠡᠷᠡᠭᠵᠢᠭᠦᠯᠬᠦ ᠠᠷᠭ᠎ᠠ︾ ︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠵᠠᠷᠯᠢᠭ 1 ᠳ᠋ᠤᠭᠡᠷ ᠲᠣᠭᠠᠲᠤ 2008 ᠣᠨ ᠤ 9 ᠰᠠᠷ᠎ᠠ ᠶᠢᠨ 18 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ︶ ᠳᠤ᠂ ᠠᠵᠢᠯᠲᠠᠨ ᠠᠵᠢᠯᠴᠢᠨ ᠵᠠᠯᠭᠠᠭ᠎ᠠ ᠪᠠᠷ ᠪᠦᠬᠦᠯᠢ 12 ᠰᠠᠷ᠎ᠠ ᠠᠴᠠ ᠳᠡᠭᠡᠭᠰᠢ ᠠᠵᠢᠯᠯᠠᠭᠰᠠᠨ ᠳᠤ ᠬᠦᠷᠪᠡᠯ᠂ ᠴᠠᠯᠢᠩ ᠲᠠᠢ ᠵᠢᠯ ᠤᠨ ᠠᠮᠠᠷᠠᠯᠲᠠ ᠠᠪᠴᠤ ᠪᠤᠯᠤᠨ᠎ᠠ ︵ᠳᠣᠷᠣᠭᠰᠢ ᠵᠢᠯ ᠤᠨ ᠠᠮᠠᠷᠠᠯᠲᠠ ᠭᠡᠵᠦ ᠲᠣᠪᠴᠢᠯᠠᠨ᠎ᠠ︶᠃ ᠠᠵᠢᠯᠲᠠᠨ ᠠᠵᠢᠯᠴᠢᠨ ᠤ ᠬᠠᠤᠯᠢ  ᠶᠣᠰᠣᠭᠠᠷ ᠬᠦᠷᠲᠡᠬᠦ ᠲᠥᠷᠥᠯ ᠰᠠᠳᠤᠨ ᠢᠶᠠᠨ ᠡᠷᠭᠢᠵᠦ ᠦᠵᠡᠬᠦ ᠴᠢᠯᠥᠭᠡ᠂ ᠬᠤᠷᠢᠮ ᠪᠠ ᠪᠡᠯᠪᠡᠰᠦᠷᠡᠯ ᠤᠨ ᠴᠢᠯᠥᠭᠡ᠂ ᠬᠥᠩᠭᠡᠵᠢᠬᠦ ᠴᠢᠯᠥᠭᠡ ᠵᠡᠷᠭᠡ ᠤᠯᠤᠰ ᠠᠴᠠ ᠲᠣᠭᠲᠠᠭᠠᠭᠰᠠᠨ ᠠᠮᠠᠷᠠᠯᠲᠠ ᠵᠢᠴᠢ ᠠᠵᠢᠯ ᠠᠴᠠ ᠪᠣᠯᠤᠭᠰᠠᠨ ᠭᠡᠮᠲᠦᠯ ᠢᠶᠠᠷ ᠠᠵᠢᠯ ᠠᠴᠠ ᠪᠠᠨ ᠵᠣᠭᠰᠣᠵᠤ ᠴᠠᠯᠢᠩ ᠢᠶᠠᠨ ᠦᠯᠡᠳᠡᠭᠡᠬᠦ ᠬᠤᠭᠤᠴᠠᠭ᠎ᠠ ᠶᠢ ᠵᠢᠯ ᠤᠨ ᠠᠮᠠᠷᠠᠯᠲᠠ ᠶᠢᠨ ᠬᠤᠭᠤᠴᠠᠭᠠᠨ ᠳᠤ ᠪᠣᠳᠣᠵᠤ ᠣᠷᠣᠭᠤᠯᠬᠤ  ᠦᠭᠡᠶ ᠬᠡᠵᠦ ᠲᠤᠳᠤᠷᠬᠠᠢ ᠲᠤᠬᠳᠠᠭᠠᠬᠰᠠᠨ ᠪᠠᠶᠢᠨ᠎ᠠ᠃      ᠡᠶᠢᠮᠦ ᠠᠴᠠ᠂ ᠴᠠᠯᠢᠩ ᠲᠠᠢ ᠵᠢᠯ ᠤᠨ ᠠᠮᠠᠷᠠᠯᠲᠠ ᠠᠪᠬᠤ ᠨᠥᠬᠦᠴᠡᠯ ᠢ ᠬᠠᠩᠭᠠᠭᠰᠠᠨ ᠠᠵᠢᠯᠲᠠᠨ ᠠᠵᠢᠯᠴᠢᠨ ᠤ ᠬᠠᠤᠯᠢ ᠶᠣᠰᠣᠭᠠᠷ ᠡᠳ᠋ᠯᠡᠬᠦ ᠬᠥᠩᠭᠡᠵᠢᠬᠦ ᠴᠢᠯᠥᠭᠡ ᠵᠢᠴᠢ ᠠᠵᠢᠯ ᠠᠴᠠ  ᠪᠣᠯᠤᠭᠰᠠᠨ ᠭᠡᠮᠲᠦᠯ ᠢᠶᠠᠷ ᠠᠵᠢᠯ ᠠᠴᠠ ᠪᠠᠨ ᠵᠤᠬᠰᠤᠵᠤ ᠴᠠᠯᠢᠩ ᠢᠶᠠᠨ ᠦᠯᠡᠳᠡᠭᠡᠬᠦ ᠬᠤᠭᠤᠴᠠᠭ᠎ᠠ ᠶᠢ ᠵᠢᠯ ᠤᠨ ᠠᠮᠠᠷᠠᠯᠲᠠ ᠶᠢᠨ ᠬᠤᠭᠤᠴᠠᠭᠠᠨ ᠳᠤ ᠪᠤᠳᠤᠵᠤ ᠣᠷᠣᠭᠤᠯᠬᠤ ᠥᠬᠡᠶ ᠬᠡᠵᠦ ᠬᠡᠯᠡᠪᠡ᠃      ᠮᠤᠵᠢ ᠶᠢᠨ ᠲᠤᠳᠤᠷ᠎ᠠ ᠪᠠᠨ ᠰᠢᠯᠵᠢᠨ ᠠᠵᠢᠯ ᠤᠯᠬᠤ᠂ ᠠᠵᠤ ᠠᠬᠤᠶᠢᠯᠠᠯ ᠠᠴᠠ ᠠᠵᠢᠯ  ᠦᠢᠯᠡᠰ ᠤᠨ ᠨᠢᠭᠡᠴᠡ ᠳᠤ ᠰᠢᠯᠵᠢᠬᠦ ᠳᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠢᠴᠠᠭ᠎ᠠ ᠪᠠᠨ ᠬᠡᠷᠬᠢᠨ ᠰᠢᠯᠵᠢᠭᠦᠯᠬᠦ ᠪᠣᠶ︖      ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ  ᠨᠡᠶᠢᠭᠡᠮ ᠤᠨ ᠳᠠᠭᠠᠳᠬᠠᠯ ᠤᠨ ᠦᠢᠯᠡᠰ ᠤᠨ ᠬᠠᠮᠢᠶᠠᠷᠤᠯᠲᠠ ᠶᠢᠨ ᠲᠥᠪ ᠤᠨ ᠬᠢᠨ᠄      ︽ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ  ᠨᠠᠰᠤᠵᠢᠯ ᠤᠨ ᠳᠠᠭᠠᠳᠬᠠᠯ ᠤᠨ ᠬᠠᠷᠢᠴᠠᠭ᠎ᠠ ᠪᠠ ᠠᠵᠢᠯ ᠮᠡᠷᠭᠡᠵᠢᠯ ᠤᠨ ᠤᠨ ᠤ ᠮᠦᠡᠭᠭᠦ ᠶᠢ  ᠰᠢᠯᠵᠢᠭᠦᠯᠦᠨ ᠦᠷᠭᠦᠯᠵᠢᠯᠡᠭᠦᠯᠬᠦ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠬᠥᠮᠦᠨ ᠨᠡᠶᠢᠭᠡᠮ ᠶᠠᠮᠤᠨ ᠲᠣᠭᠲᠠᠭᠠᠯ︹2017︺1 ᠳ᠋ᠤᠭᠡᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠳᠠᠭᠠᠳᠬᠠᠯ ᠳᠤ ᠣᠷᠣᠯᠴᠠᠭᠰᠠᠳ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠬᠢᠭᠡᠳ ᠠᠵᠤ ᠠᠬᠤᠶᠢᠯᠠᠯ ᠤᠨ ᠬᠤᠭᠤᠷᠣᠨᠳᠣ ᠰᠢᠯᠵᠢᠬᠦ ᠳᠤ᠂ ᠦᠨᠳᠦᠰᠦᠨ ᠨᠠᠰᠤᠵᠢᠯ ᠤᠨ ᠳᠠᠭᠠᠳᠬᠠᠯ ᠤᠨ ᠬᠠᠷᠢᠴᠠᠭ᠎ᠠ ᠪᠠᠨ ᠰᠢᠯᠵᠢᠭᠦᠯᠬᠦ ᠭᠠᠷᠳᠠᠮ ᠭᠦᠢᠴᠡᠳᠬᠡᠬᠦ ᠴᠢᠬᠤᠯᠠᠲᠠᠶ᠃      ᠭᠠᠷᠳᠠᠮ ᠭᠦᠢᠴᠡᠳᠬᠡᠬᠦ ᠪᠣᠳᠠᠲᠠᠶ ᠶᠠᠪᠤᠴᠠ ᠨᠢ᠄      ᠡᠩ ᠲᠡᠷᠢᠭᠦᠨ ᠳᠤ᠂ ᠳᠠᠭᠠᠳᠬᠠᠯ ᠳᠤ ᠣᠷᠣᠯᠴᠠᠭᠰᠠᠳ ᠨᠢ ᠰᠢᠨ᠎ᠡ ᠪᠠᠷ ᠠᠵᠢᠯ ᠣᠯᠤᠭᠰᠠᠨ ᠨᠢᠭᠡᠴᠡ ᠪᠤᠶᠤ ᠰᠢᠨ᠎ᠡ ᠪᠠᠷ ᠳᠠᠭᠠᠳᠬᠠᠯ ᠳᠤ ᠣᠷᠣᠯᠴᠠᠭᠰᠠᠨ ᠭᠠᠵᠠᠷ ᠤᠨ ᠨᠡᠶᠢᠭᠡᠮ ᠤᠨ  ᠳᠠᠭᠠᠳᠬᠠᠯ ᠤᠨ ᠭᠠᠷᠳᠠᠮ ᠭᠦᠢᠴᠡᠳᠬᠡᠬᠦ ᠪᠠᠶᠢᠭᠤᠯᠤᠮᠵᠢ ᠳᠠᠭᠠᠨ ᠲᠠᠭᠠᠳᠬᠠᠯ ᠤᠨ ᠬᠠᠷᠢᠴᠠᠭ᠎ᠠ ᠪᠠᠨ ᠰᠢᠯᠵᠢᠭᠦᠯᠦᠨ ᠦᠷᠭᠦᠯᠵᠢᠯᠡᠭᠦᠯᠬᠦ ᠭᠤᠶᠤᠴᠢᠯᠠᠯ ᠭᠠᠷᠭᠠᠵᠤ᠂ ︽ᠨᠠᠰᠤᠵᠢᠯ ᠤᠨ ᠳᠠᠭᠠᠳᠬᠠᠯ ᠤᠨ ᠬᠠᠷᠢᠴᠠᠭ᠎ᠠ ᠪᠠᠨ ᠰᠢᠯᠵᠢᠭᠦᠯᠦᠨ ᠦᠷᠭᠦᠯᠵᠢᠯᠡᠭᠦᠯᠬᠦ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠨ᠎ᠠ᠃      ᠳᠠᠷᠠᠭ᠎ᠠ ᠨᠢ᠂ ᠨᠡᠶᠢᠭᠡᠮ ᠤᠨ ᠳᠠᠭᠠᠳᠬᠠᠯ ᠤᠨ ᠪᠠᠶᠢᠭᠤᠯᠤᠮᠵᠢ ᠠᠴᠠ ᠰᠢᠢᠳᠪᠦᠷᠢᠯᠡᠭᠰᠡᠨ ᠦᠷ᠎ᠡ ᠳ᠋ᠦᠩ ᠢ ᠮᠡᠳᠡᠭᠳᠡᠬᠦ ᠶᠢ ᠬᠦᠯᠢᠶᠡᠨ᠎ᠡ᠃      ᠪᠣᠳᠠᠲᠠᠶ ᠰᠢᠯᠵᠢᠭᠦᠯᠬᠦ ᠭᠠᠷᠳᠠᠮ ᠢ ᠨᠡᠶᠢᠭᠡᠮ ᠤᠨ ᠳᠠᠭᠠᠳᠬᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠬᠤᠭᠤᠷᠣᠨᠳᠣ ᠪᠠᠨ ᠬᠠᠮᠵᠢᠯᠴᠠᠨ ᠬᠦᠢᠴᠡᠳᠭᠡᠨ᠎ᠡ ᠬᠡᠪᠡ᠃
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号