4 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠲᠠ ᠶᠢᠨ ᠨᠠᠮ ᠤᠨ | ᠬᠤᠷᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠷᠢᠶᠠᠨ ᠤ ᠠᠩᠬᠠᠳᠤᠭᠠᠷ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ | ᠰᠢ ᠶᠢᠨ ᠫᠢᠩ ᠤᠨ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠬᠢᠭᠡᠳ ᠳᠡᠯᠡᠬᠡᠶ︾ ᠶᠢᠨ ᠬᠥᠬᠡ | ᠲᠢᠩᠬᠢᠮ ᠤᠨ ᠶᠠᠷᠢᠶᠠᠨ ᠤ ᠲᠠᠪᠴᠠᠩ ᠤᠨ ᠪᠠᠶᠠᠷ ᠤᠨ ᠵᠠᠬᠢᠳᠠᠯ ᠵᠢᠴᠢ ︽ᠰᠢᠨ᠎ᠡ ᠬᠥᠭᠵᠢᠯᠲᠡ ᠶᠢᠨ ᠪᠠᠶᠢᠷᠢᠰᠢᠯ ᠢ | ᠲᠦᠷᠭᠡᠪᠴᠢᠯᠡᠨ ᠪᠠᠶᠢᠭᠤᠯᠵᠤ ᠢᠷᠡᠭᠡᠳᠦᠶ ᠶᠢᠨ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠶ᠎ᠡ︾ ᠭᠡᠬᠦ | ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠵᠢᠴᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠤᠯᠪᠣᠭᠳᠠᠯ ᠪᠥᠬᠦᠶ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ | ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ | ᠵᠣᠬᠢᠶᠠᠯ ᠪᠣᠯᠤᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠨᠢ ᠪᠢᠳᠡᠨ ᠤ ᠥᠭᠡᠷᠡᠴᠢᠯᠡᠯᠲᠡ ᠪᠣᠯᠤᠨ ᠬᠥᠭᠵᠢᠯᠲᠡ ᠶᠢᠨ | ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠂ ᠡᠯ᠎ᠡ ᠲᠣᠭᠤᠷᠢᠭ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠰᠤᠷᠤᠯᠴᠠᠵᠤ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠨᠡᠭᠡᠭᠡᠯᠳᠡ ᠶᠢᠨ ᠤᠷᠤᠨ ᠢ ᠡᠭᠦᠳᠦᠨ ᠪᠠᠶᠢᠭᠤᠯᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ | ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠰᠢᠨᠵᠢᠯᠡᠬᠦ | ᠤᠬᠠᠭᠠᠨ ᠤ ᠰᠤᠳᠤᠯᠭᠠᠨ ᠤ ᠲᠠᠪᠴᠠᠩ ᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠠᠮᠢ ᠠᠬᠤᠢ ᠶᠢ ᠪᠤᠶᠢᠵᠢᠭᠤᠯᠵᠤ᠂ ᠭᠠᠵᠠᠷ ᠣᠷᠣᠨ ᠤ ᠬᠥᠭᠵᠢᠯᠲᠡ ᠶᠢᠨ ᠭᠤᠣᠯᠯᠠᠭᠴᠢ ᠦᠷᠢᠰᠦᠯᠳᠦᠬᠦ ᠬᠦᠴᠦᠨ ᠢᠶᠠᠨ | ᠳᠡᠭᠡᠭᠰᠢᠯᠡᠭᠦᠯᠬᠦ ᠬᠡᠷᠡᠭᠲᠡᠢ᠃ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠳᠠ ᠶᠢᠨ ᠬᠡᠯᠪᠡᠷᠢ ᠪᠠᠨ | ᠬᠤᠪᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠦᠬᠠᠢ ᠶᠢᠨ ᠦᠢᠯᠡᠳᠦᠯᠭᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ︽ᠲᠠᠪᠤᠨ ᠶᠡᠭᠡ ᠡᠭᠦᠷᠭᠡ︾ ᠶᠢᠨ | ᠣᠨ ᠤ ᠨᠠᠷᠢᠨ ᠲᠠᠩᠰᠠ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠪᠦᠬᠦ ᠤᠯᠤᠰ ᠪᠦᠬᠦ | ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠶᠢ ᠴᠢᠬᠤᠯᠠ ᠶᠡᠭᠡ ᠤᠯᠤᠰ ᠲᠦᠷᠦ ᠶᠢᠨ | ᠡᠭᠦᠷᠭᠡ ᠪᠣᠯᠭᠠᠵᠤ᠂ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠰᠢᠢᠳᠪᠦᠷᠢᠯᠡᠬᠦ᠂ | ᠤᠯᠤᠰ ᠲᠦᠷᠦ ᠶᠢᠨ ᠲᠠᠯ᠎ᠠ ᠠᠴᠠ ᠥᠭᠡᠷᠡᠴᠢᠯᠡᠬᠦ ᠶᠢ ᠪᠠᠷᠢᠮᠲᠠᠯᠠᠵᠤ᠂ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠴᠠᠭ ᠤᠨ ᠬᠢᠵᠠᠭᠠᠷ ᠢ ᠴᠢᠩᠭ᠎ᠠ ᠠᠩᠬᠠᠷᠴᠤ᠂ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ᠂ ᠲᠦᠷᠭᠡᠨ | ᠠᠬᠢᠭᠤᠯᠵᠤ᠂ ᠡᠯ᠎ᠡ ᠲᠦᠷᠦᠯ ᠤᠨ ᠠᠰᠠᠭᠤᠳᠠᠯ ᠢ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠵᠤ᠂ ᠪᠣᠳᠠᠲᠠᠢ ᠴᠡᠭᠴᠡᠯᠡᠨ | ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠠᠵᠢᠯ ᠣᠯᠭᠤᠵᠤ | ᠲᠥᠪᠬᠢᠨᠡᠭᠦᠯᠬᠦ᠂ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ᠂ ᠤᠷᠮᠠᠰᠢᠭᠤᠯᠤᠨ ᠬᠠᠶᠢᠷᠠᠯᠠᠬᠤ᠂ ᠦᠨᠳᠦᠰᠦᠨ | ᠱᠠᠲᠤᠨ ᠤ ᠰᠠᠭᠤᠷᠢ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠪᠠᠨ | ᠬᠦᠴᠦᠯᠡᠨ ᠳᠡᠭᠡᠭᠰᠢᠯᠡᠭᠦᠯᠵᠦ᠂ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ | ᠦᠷᠭᠦᠯᠵᠢᠯᠡᠨ ᠪᠠᠬᠢᠵᠢᠭᠦᠯᠦᠨ ᠬᠥᠭᠵᠢᠭᠦᠯᠬᠦ ᠬᠡᠷᠡᠭᠲᠡᠶ ᠭᠡᠵᠡᠢ᠃ | ᠬᠤᠷᠠᠯ ᠠᠴᠠ ︽ᠬᠤᠳᠠ ᠶᠢᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠷᠠᠭᠠᠯᠵᠠᠯ ᠤᠨ ᠲᠤᠬᠠᠶᠢᠯᠠᠭᠰᠠᠨ ᠠᠵᠢᠯ ᠤᠨ | ᠵᠠᠷᠤᠯᠭ᠎ᠠ ᠶᠢᠨ ᠬᠠᠮᠢᠶᠠᠷᠤᠯᠲᠠ ᠶᠢᠨ ᠠᠷᠭ᠎ᠠ︾ ᠶᠢ ᠬᠢᠨᠠᠨ ᠵᠥᠪᠯᠡᠵᠦ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯᠳᠠᠨ ᠤ ᠬᠠᠮᠢᠶᠠᠷᠤᠯᠲᠠ᠂ ᠴᠠᠯᠢᠩ | ᠣᠯᠭᠤᠮᠵᠢ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠵᠡᠷᠭᠡ ᠲᠦᠷᠢᠮ ᠤᠨ ᠰᠢᠰᠲ᠋ᠧᠮ ᠤᠨ | ᠪᠠᠶᠢᠭᠤᠯᠤᠯᠲᠠ ᠶᠢ ᠲᠠᠰᠤᠷᠠᠯᠳᠠ ᠦᠭᠡᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠪᠠᠷᠢᠮᠵᠢᠶ᠎ᠠ ᠱᠠᠭᠠᠷᠳᠠᠯᠭ᠎ᠠ ᠶᠢ ᠴᠢᠩᠭ᠎ᠠ | ᠵᠢᠷᠤᠮᠯᠠᠨ᠂ ᠬᠢᠨᠠᠯᠲᠠ ᠬᠠᠮᠢᠶᠠᠷᠤᠯᠲᠠ ᠪᠠᠨ ᠰᠠᠶᠢᠲᠤᠷ ᠠᠳᠬᠤᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ︽5.1︾ ᠤ ᠠᠮᠠᠷᠠᠯᠲᠠ ᠶᠢᠨ ᠬᠤᠭᠤᠴᠠᠭ᠎ᠠ ᠪᠣᠯᠬᠤ ᠭᠡᠵᠦ ᠪᠠᠶᠢᠭ᠎ᠠ | ᠦᠶ᠎ᠡ ᠳᠤ᠂ ᠡᠯ᠎ᠡ ᠱᠠᠳᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠪᠣᠯᠤᠨ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠬᠦᠷᠢᠶᠡᠨ ᠤ ᠠᠮᠤᠷ | ᠲᠦᠪᠰᠢᠨ ᠤ ᠭᠡᠮ ᠰᠣᠭᠤᠭ ᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠵᠠᠮ ᠤᠨ | ᠲᠦᠭᠵᠢᠷᠡᠯ ᠢ ᠰᠠᠭᠠᠳ ᠦᠭᠡᠢ ᠨᠡᠪᠲᠡᠷᠡᠭᠦᠯᠬᠦ ᠶᠢ ᠴᠢᠩᠭᠠᠳᠬᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠨ ᠬᠡᠷᠡᠭᠯᠡᠭᠡ ᠶᠢ ᠠᠬᠢᠭᠤᠯᠵᠤ᠂ ᠤᠯᠠᠨ ᠲᠦᠮᠡᠨ ᠢ ᠠᠮᠤᠷ ᠠᠮᠤᠭᠤᠯᠠᠩ ᠥᠯᠵᠡᠢ ᠪᠡᠯᠭᠡ ᠲᠠᠢ ᠪᠠᠶᠠᠷ ᠤᠨ | ᠡᠳᠦᠷ ᠢ ᠥᠩᠭᠡᠷᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ︽ᠦᠬᠠᠢ ᠬᠤᠳᠠ ᠶᠢᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠲᠦᠷᠢᠮ ︵ᠲᠥᠰᠦᠯ ᠳᠤ ᠵᠠᠰᠠᠪᠤᠷᠢ ᠣᠷᠣᠭᠤᠯᠤᠭᠰᠠᠨ ᠨᠤᠤᠷᠠᠭ︶︾ ︽ᠦᠬᠠᠢ ᠬᠤᠳᠠ ᠶᠢᠨ | 2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ | ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠪᠡ᠃ |