ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠵᠢᠷᠭᠤᠳᠤᠭᠠᠷ ᠣᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/6
     4 ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ 6 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠪᠣᠯᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠲᠡᠭᠡᠷᠡᠭᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ ᠬᠤᠯᠪᠣᠭᠳᠠᠯ ᠪᠥᠬᠦᠶ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠲᠣᠣᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠪᠢᠳᠡᠨ ᠤ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠳᠤ ᠦᠨᠳᠦᠰᠦᠨ ᠵᠢᠷᠤᠮᠯᠠᠯ ᠬᠠᠩᠭᠠᠪᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠣᠶᠤᠨ ᠤᠬᠠᠭᠠᠨ  ᠢᠶᠠᠨ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢᠶᠠᠨ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯ ᠢᠶᠠᠨ ᠠᠬᠢᠭᠤᠯᠬᠤ ᠵᠡᠷᠭᠡ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠶ᠃ ᠤᠨᠤᠯ ᠤᠨ ᠰᠤᠷᠤᠯᠴᠠᠯᠭ᠎ᠠ ᠶᠢ ᠪᠣᠳᠠᠲᠠᠶ ᠠᠵᠢᠯ ᠲᠠᠢ ᠪᠠᠨ ᠣᠷᠭᠠᠨᠢᠭ ᠢᠶᠠᠷ ᠤᠶᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠴᠠᠭᠠᠨ ᠰᠣᠳᠣᠯᠣᠯᠳᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠵᠦ᠂ ᠭᠤᠤᠯ ᠰᠡᠳᠦᠪᠲᠦ ᠬᠥᠮᠦᠵᠢᠯ ᠢ ᠴᠢᠨᠠᠷ ᠰᠠᠶᠢᠲᠠᠶ ᠥᠷᠨᠢᠭᠦᠯᠬᠦ ᠳᠤ ᠰᠠᠶᠢᠲᠤᠷ ᠰᠠᠭᠤᠷᠢ ᠲᠠᠯᠪᠢᠬᠤ ᠬᠡᠷᠡᠭᠲᠡᠶ ᠭᠡᠵᠡᠢ᠃      ᠬᠤᠷᠠᠯ ᠠᠴᠠ ᠳᠡᠳ᠋ ᠶᠡᠷᠦᠩᠬᠡᠶ ᠰᠠᠶᠢᠳ ᠵᠠᠩ ᠭᠦᠸᠧ ᠴᠢᠩ ᠤᠨ ᠥᠪᠥᠷ ᠮᠣᠩᠭᠤᠯ ᠳᠤ ᠠᠶᠤᠯᠭᠦᠶ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠣᠳᠣᠯᠣᠯᠳᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠪᠣᠯᠤᠨ ᠪᠥᠬᠦ ᠣᠷᠣᠨ ᠤ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠸᠢᠳᠢᠣ᠋ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠵᠦ ᠴᠢᠳᠠᠬᠤ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠪᠥᠬᠦ ᠲᠠᠯ᠎ᠠ ᠪᠠᠷ ᠲᠦᠢᠯᠪᠤᠷᠢᠲᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠡᠯ᠎ᠡ ᠲᠥᠷᠥᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠢᠭᠡᠳ ᠨᠢᠭᠡ ᠪᠠᠷ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠬᠦᠯᠬᠦ ᠶᠢ ᠭᠡᠳᠡᠷᠭᠦ ᠰᠢᠬᠠᠮᠳᠠᠭᠤᠯᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠳᠤ ᠲᠠᠰᠤᠷᠠᠯᠲᠠ ᠦᠭᠡᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠠᠨ ᠴᠢᠩᠭᠠᠳᠬᠠᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠤ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠤᠢᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠠᠷᠠᠳ ᠲᠤ ᠵᠦᠪᠯᠡᠯᠭᠡ ᠬᠢᠬᠦ᠂ ᠠᠷᠠᠳ ᠤᠨ ᠲᠥᠯᠥᠭᠡ ᠵᠦᠪᠯᠡᠯᠭᠡ ᠬᠢᠬᠦ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠵᠦᠪᠯᠡᠯᠭᠡ ᠬᠢᠬᠦ ᠠᠵᠢᠯ ᠳᠤ ᠦᠷ᠎ᠡ ᠪᠦᠲᠦᠮᠵᠢ ᠪᠠ ᠣᠨᠴᠠᠯᠢᠭ ᠲᠠᠢ ᠬᠢᠯᠠᠰ ᠴᠢᠭ ᠭᠠᠷᠭᠠᠬᠤ ᠬᠡᠷᠡᠭᠲᠡᠢ ᠭᠡᠵᠡᠢ᠃      ᠬᠤᠷᠠᠯ ᠠᠴᠠ ︽ᠦᠬᠠᠢ ᠬᠤᠳᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ 2023 ᠣᠨ ᠤ ︿ᠨᠢᠭᠡ ᠶᠠᠪᠤᠳᠠᠯ ᠤᠨ ᠥᠭᠡᠷᠡᠴᠢᠯᠡᠯᠲᠡ﹀ ᠶᠢᠨ ᠡᠭᠦᠷᠭᠡ ᠶᠢᠨ ᠨᠠᠷᠢᠨ ᠳᠠᠩᠰᠠ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠥᠭᠡᠷᠡᠴᠢᠯᠡᠯᠲᠡ ᠶᠢᠨ ᠴᠢᠭᠯᠡᠯ ᠢᠶᠠᠨ ᠵᠦᠪ ᠡᠵᠡᠮᠳᠡᠵᠦ᠂ ᠠᠷᠭ᠎ᠠ ᠬᠡᠮᠵᠢᠶ᠎ᠡ ᠶᠢᠨ ᠪᠣᠳᠠᠲᠠᠢ ᠶᠢ ᠡᠷᠬᠢᠮᠯᠡᠵᠤ᠂ ᠪᠦᠬᠦ ᠬᠤᠳᠠ ᠪᠠᠷ ᠢᠶᠠᠨ ᠬᠠᠮᠵᠢᠯᠴᠠᠵᠦ᠂ ᠥᠭᠡᠷᠡᠴᠢᠯᠡᠯᠲᠡ ᠶᠢᠨ ᠭᠠᠷᠳᠠᠬᠤ ᠴᠢᠭ᠂ ᠬᠦᠴᠦᠯᠡᠬᠦ‍ ᠴᠢᠭ ᠪᠣᠯᠤᠨ ᠤᠶᠠᠯᠳᠤᠬᠤ ᠴᠢᠭ ᠢᠶᠠᠨ ᠤᠯᠠᠮ ᠨᠢᠭᠡ ᠠᠯᠬᠤᠮ ᠣᠨᠣᠪᠴᠢᠲᠠᠢ ᠡᠷᠢᠵᠤ᠂ ᠨᠢᠭᠡ ᠪᠦᠯᠦᠭ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠢᠳᠡᠪᠬᠢᠲᠡᠢ ᠲᠥᠯᠥᠪᠵᠢᠭᠦᠯᠵᠦ᠂ ᠨᠢᠭᠡ ᠪᠦᠯᠦᠭ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠢ ᠲᠡᠮᠡᠴᠡᠨ ᠣᠯᠵᠤ᠂ ᠨᠢᠭᠡ ᠪᠦᠯᠦᠭ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠳᠤ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢᠶᠠᠨ ᠨᠡᠩ ᠤᠯᠠᠨ ᠨᠡᠩ ᠡᠷᠬᠡ ᠲᠡᠭᠰᠢ ᠪᠠᠷ ᠥᠷᠭᠡᠨ ᠤᠯᠠᠨ ᠲᠦᠮᠡᠨ ᠳᠤ ᠬᠦᠷᠲᠡᠭᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠦᠬᠠᠢ ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ 2023 ᠣᠨ ᠤ ︿ᠨᠢᠭᠡ ᠶᠠᠪᠤᠳᠠᠯ ᠤᠨ ᠥᠭᠡᠷᠡᠴᠢᠯᠡᠯᠲᠡ﹀ ᠶᠢᠨ ᠡᠭᠦᠷᠭᠡ ᠶᠢᠨ ᠨᠠᠷᠢᠨ ᠳᠠᠩᠰᠠ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号