ᠦᠰᠦᠭᠲᠦ ᠲᠠᠶᠢᠯᠤᠮᠵᠢ᠄ ︽︿ᠮᠢᠩᠭᠠᠨ ᠰᠤᠷᠭᠠᠭᠤᠯᠢ ᠲᠦᠮᠡᠨ ᠠᠵᠤ ᠠᠬᠤᠶᠢᠯᠠᠯ﹀ ᠬᠠᠮᠵᠢᠯᠴᠠᠨ ᠰᠢᠨ᠎ᠡ ᠶᠢ ᠡᠭᠦᠳᠬᠦ ᠬᠠᠨᠢᠲᠠᠨ ᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/5/15
     ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠠᠯᠪᠠᠨ ᠲᠢᠩᠬᠢᠮ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠣᠪᠴᠢᠶᠠᠨ ᠤ ᠠᠯᠪᠠᠨ ᠬᠡᠷ ᠬᠠᠮᠲᠤᠷᠠᠨ ︽︿ᠮᠢᠩᠭᠠᠨ ᠰᠤᠷᠭᠠᠭᠤᠯᠢ ᠲᠦᠮᠡᠨ ᠠᠵᠤ ᠠᠬᠤᠶᠢᠯᠠᠯ﹀ ᠬᠠᠮᠵᠢᠯᠴᠠᠨ ᠰᠢᠨ᠎ᠡ ᠶᠢ ᠡᠭᠦᠳᠬᠦ ᠬᠠᠨᠢᠲᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠶ ᠮᠡᠳᠡᠭᠳᠡᠯ︾ ︵ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠳᠡᠭᠡ ᠵᠠᠩᠭᠢᠴᠢᠯᠠᠯᠲᠠ ᠶᠢᠨ ᠲᠢᠩᠬᠢᠮ ᠪᠢᠴᠢᠭ︹2022︺26 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠳᠡᠭᠡᠳᠦ ᠰᠤᠷᠭᠠᠭᠤᠯᠢ ᠪᠣᠯᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠴᠢᠩᠭᠠᠳᠬᠠᠬᠤ ᠶᠢ ᠤᠯᠠᠮ ᠨᠢᠭᠡ ᠠᠯᠬᠤᠮ ᠠᠬᠢᠭᠤᠯᠤᠨ᠂ ᠰᠢᠨ᠎ᠡ ᠶᠢ ᠡᠭᠦᠳᠬᠦ ᠬᠡᠯᠬᠢᠶ᠎ᠡ ᠠᠵᠤ ᠦᠢᠯᠡᠰ ᠤᠨ ᠬᠡᠯᠬᠢᠶᠡᠨ ᠤ ᠭᠦᠨᠵᠡᠭᠡᠶ ᠠᠭᠤᠰᠤᠯᠴᠠᠬᠤ ᠶᠢ ᠠᠬᠢᠭᠤᠯᠪᠠ᠃      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠬᠠᠮᠲᠤᠷᠠᠨ ︽︿ᠮᠢᠩᠭᠠᠨ ᠰᠤᠷᠭᠠᠭᠤᠯᠢ ᠲᠦᠮᠡᠨ ᠠᠵᠤ ᠠᠬᠤᠶᠢᠯᠠᠯ﹀ ᠬᠠᠮᠵᠢᠯᠴᠠᠨ ᠰᠢᠨ᠎ᠡ ᠶᠢ ᠡᠭᠦᠳᠬᠦ ᠬᠠᠨᠢᠲᠠᠨ ᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠳᠤᠤᠷᠠᠬᠢ ᠮᠡᠲᠦ ᠲᠠᠶᠢᠯᠤᠮᠵᠢ ᠬᠢᠪᠠ᠄      ᠶᠡᠷᠦᠩᠬᠡᠶ ᠱᠠᠭᠠᠷᠳᠠᠯᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠱᠠᠲᠤ ᠶᠢ ᠡᠵᠡᠮᠳᠡᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯᠠᠭᠤᠯᠤᠯᠲᠠ ᠶᠢ ᠪᠠᠶᠢᠭᠤᠯᠤᠨ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠦᠨ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ ᠳᠡᠭᠡᠳᠦ ᠰᠤᠷᠭᠠᠭᠤᠯᠢ ᠶᠢᠨ ᠰᠠᠭᠤᠷᠢ ᠰᠤᠳᠤᠯᠭᠠᠨ ᠤ ᠭᠤᠤᠯ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠯᠣᠮᠲᠠ ᠪᠠ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠪᠣᠯᠤᠭᠰᠠᠨ ᠤ ᠬᠤᠪᠢ ᠳᠠᠬᠢ ᠬᠠᠮᠵᠢᠯᠴᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠳᠡᠭᠡᠳᠦ ᠰᠤᠷᠭᠠᠭᠤᠯᠢ ᠶᠢᠨ ᠡᠷᠳᠡᠮ ᠰᠢᠨᠵᠢᠯᠡᠭᠡᠨ ᠢ ᠵᠣᠬᠢᠶᠠᠨ ᠪᠠᠶᠢᠭᠤᠯᠤᠯᠲᠠ ᠲᠠᠢ ᠴᠢᠩᠭᠠᠳᠬᠠᠨ᠂ ᠳᠡᠭᠡᠳᠦ ᠰᠤᠷᠭᠠᠭᠤᠯᠢ ᠪᠣᠯᠤᠨ ᠠᠵᠤ ᠠᠬᠤᠶᠢᠯᠠᠯ ᠤᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠰᠤᠷᠭᠠᠭᠤᠯᠢ ᠪᠣᠯᠤᠨ ᠠᠵᠤ ᠠᠬᠤᠶᠢᠯᠠᠯ ᠬᠤᠯᠪᠤᠭᠠᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠵᠢᠴᠢ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠠᠵᠤ ᠠᠬᠤᠶᠢᠯᠠᠯ ᠲᠡᠶᠢᠰᠢ ᠤᠯᠠᠷᠢᠭᠤᠯᠬᠤ ᠶᠢ ᠠᠬᠢᠭᠤᠯᠤᠨ᠎ᠠ᠃     ᠭᠤᠣᠯ ᠬᠠᠷᠠᠯᠲᠠ᠃ 5 ᠵᠢᠯ ᠤᠨ ᠬᠤᠭᠤᠴᠠᠭ᠎ᠠ ᠶᠢ ᠠᠰᠢᠭᠯᠠᠵᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠲᠦᠷᠭᠡᠳᠬᠡᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠳᠤᠰᠢᠶᠠᠭᠰᠠᠨ ︽ᠲᠠᠪᠤᠨ ᠶᠡᠭᠡ ᠡᠭᠦᠷᠭᠡ︾ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠤᠨ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠪᠠ ᠠᠵᠤ ᠦᠢᠯᠡᠰ ᠤᠨ ᠬᠥᠭᠵᠢᠯᠲᠡ ᠶᠢᠨ ᠨᠡᠶᠢᠲᠡᠯᠢᠭ ᠠᠰᠠᠭᠤᠳᠠᠯ ᠳᠤ ᠠᠩᠬᠠᠷᠤᠯ ᠢᠶᠠᠨ ᠬᠠᠨᠳᠤᠭᠤᠯᠵᠤ᠂ ᠥᠪᠡᠷᠲᠡᠭᠡᠨ ᠵᠠᠰᠠᠬᠤ ᠣᠷᠣᠨ ᠤ 10 ᠣᠷᠴᠢᠮ ᠳᠡᠭᠡᠳᠦ ᠰᠤᠷᠭᠠᠭᠤᠯᠢ ᠶᠢ ᠨᠡᠶᠢᠯᠡᠭᠦᠯᠦᠨ ᠪᠣᠭᠤᠮᠲᠠ ᠰᠢᠪᠲᠤᠯᠬᠤ ᠲᠣᠮᠣ ᠲᠠᠪᠴᠠᠩ ᠪᠠ ᠥᠪᠡᠷᠲᠡᠭᠡᠨ ᠵᠠᠰᠠᠬᠤ ᠣᠷᠣᠨ ᠤ 10 ᠣᠷᠴᠢᠮ ᠳᠡᠭᠡᠳᠦ ᠰᠤᠷᠭᠠᠭᠤᠯᠢ ᠶᠢᠨ ᠢᠨᠵᠧᠨᠧᠷᠢᠩ ᠤᠨ ᠰᠤᠳᠤᠯᠭᠠᠨ ᠤ ᠲᠥᠪ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠢᠭᠡ ᠪᠦᠯᠦᠭ ᠰᠤᠷᠭᠠᠭᠤᠯᠢ ᠪᠠ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠤᠨ᠎ᠠ᠃ ᠮᠠᠨ ᠤ ᠣᠷᠣᠨ ᠤ ᠳᠡᠭᠡᠳᠦ ᠰᠤᠷᠭᠠᠭᠤᠯᠢ ᠨᠢᠭᠡ ᠪᠦᠷᠢ 10 ᠵᠢᠴᠢ ᠲᠡᠭᠦᠨ ᠠᠴᠠ ᠳᠡᠭᠡᠭᠰᠢᠬᠢ ᠠᠵᠤ ᠠᠬᠤᠶᠢᠯᠠᠯ ᠤᠨ ᠴᠢᠨᠠᠷᠯᠢᠭ ᠬᠥᠭᠵᠢᠯᠲᠡ ᠳᠤ ᠲᠤᠯᠭᠠᠭᠤᠷᠢᠯᠠᠨ ᠦᠢᠯᠡᠴᠢᠯᠡᠬᠦ ᠶᠢ ᠵᠣᠬᠢᠶᠠᠨ ᠪᠠᠶᠢᠭᠤᠯᠤᠯᠲᠠ ᠲᠠᠢ ᠠᠬᠢᠭᠤᠯᠤᠨ᠎ᠠ᠃      ᠭᠤᠣᠯᠳᠠᠯᠭ᠎ᠠ ᠲᠠᠢ ᠡᠭᠦᠷᠭᠡ      ᠨᠢᠭᠡ ᠳᠤ᠂ ᠰᠤᠷᠭᠠᠭᠤᠯᠢ ᠪᠠ ᠠᠵᠤ ᠠᠬᠤᠶᠢᠯᠠᠯ ᠬᠠᠮᠵᠢᠯᠴᠠᠨ ᠰᠢᠨ᠎ᠡ ᠶᠢ ᠡᠭᠦᠳᠬᠦ ᠪᠠᠶᠢᠭᠤᠯᠤᠯ ᠲᠣᠭᠲᠠᠴᠠ ᠶᠢ ᠪᠠᠶᠢᠭᠤᠯᠬᠤ ᠬᠡᠷᠡᠭᠲᠡᠢ᠃ ᠰᠤᠷᠭᠠᠭᠤᠯᠢ ᠪᠠ ᠠᠵᠤ ᠠᠬᠤᠶᠢᠯᠠᠯ ᠤᠨ ᠨᠡᠪᠲᠡᠷᠡᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠪᠣᠳᠠᠲᠠᠶ ᠬᠠᠷᠢᠯᠴᠠᠬᠤ ᠬᠥᠮᠦᠰ ᠢ ᠲᠣᠳᠣᠷᠬᠠᠶᠢᠯᠠᠨ᠂ ᠪᠠᠶᠢᠩᠭᠤ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠣᠶ ᠪᠣᠯᠭᠠᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠳᠤ ᠨᠥᠬᠦᠴᠡᠯ ᠬᠠᠩᠭᠠᠵᠤ ᠥᠭᠭᠦᠨ᠎ᠡ᠃      ᠬᠤᠶᠠᠷ ᠲᠤ᠂ ᠨᠢᠭᠡ ᠪᠦᠯᠦᠭ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠪᠣᠯᠤᠨ ᠠᠵᠤ ᠠᠬᠤᠶᠢᠯᠠᠯ ᠤᠨ ᠨᠢᠭᠡ ᠪᠦᠯᠦᠭ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠲᠥᠪ᠂ ᠬᠠᠮᠵᠢᠯᠴᠠᠨ ᠰᠢᠨ᠎ᠡ ᠶᠢ ᠡᠭᠦᠳᠬᠦ ᠲᠥᠪ᠂ ᠦᠢᠯᠡᠳᠪᠦᠷᠢᠯᠡᠬᠦ ᠵᠢᠭᠠᠬᠤ ᠰᠤᠳᠤᠯᠬᠤ ᠰᠠᠭᠤᠷᠢᠨ ᠭᠠᠵᠠᠷ ᠵᠡᠷᠭᠡ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠬᠠᠮᠲᠤᠷᠠᠨ ᠵᠣᠬᠢᠶᠠᠨ ᠪᠠᠶᠢᠭᠤᠯᠬᠤ ᠶᠢ ᠳᠠᠮᠵᠢᠨ᠎ᠠ᠃ ᠬᠤᠷᠢᠨᠭᠡᠷ ᠰᠢᠨ᠎ᠡ ᠲᠣᠭᠤᠷᠢᠭ ᠤᠨ ︽ᠨᠢᠭᠡ ᠲᠣᠭᠤᠷᠢᠭ ᠬᠤᠶᠠᠷ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠳᠠᠮᠵᠢᠵᠤ᠂ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ︵ᠦᠢᠯᠡᠰ ᠴᠣᠭᠴᠠᠯᠠᠬᠤ ᠬᠦᠷᠢᠶᠡᠯᠡᠩ︶᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠠᠪᠴᠠᠩ ᠤᠨ ᠠᠴᠢᠶᠠᠯᠠᠪᠤᠷᠢ ᠶᠢᠨ ᠦᠢᠯᠡᠳᠦᠯ ᠢ ᠪᠠᠳᠠᠷᠠᠭᠤᠯᠤᠨ᠂ 20 ᠠᠴᠠ ᠳᠡᠭᠡᠭᠰᠢᠬᠢ ᠰᠤᠷᠭᠠᠭᠤᠯᠢ ᠪᠠ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠵᠤ᠂ ᠰᠠᠶᠢᠨ ᠰᠠᠶᠢᠬᠠᠨ ᠦᠷ᠎ᠡ ᠪᠦᠲᠦᠮᠵᠢ ᠣᠯᠤᠭᠰᠠᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠤᠯᠤᠰ ᠤᠨ ᠲᠡᠰ ᠤᠨ ᠲᠠᠪᠴᠠᠩ ᠢᠶᠠᠷ ᠤᠷᠢᠳ ᠢᠶᠠᠷ ᠪᠠᠲᠤᠯᠠᠨ ᠲᠠᠨᠢᠯᠴᠠᠭᠤᠯᠵᠤ ᠭᠤᠶᠤᠴᠢᠯᠠᠨ ᠮᠡᠳᠡᠭᠦᠯᠦᠨ᠎ᠡ᠃      ᠭᠤᠷᠪᠠ ᠳᠤ᠂ ᠨᠢᠭᠡ ᠪᠦᠯᠦᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠰᠢᠯᠢᠳᠡᠭᠵᠢᠭᠦᠯᠦᠨ ᠪᠠᠶᠢᠷᠢᠰᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠰᠢᠰᠲ᠋ᠧᠮ ᠤᠨ ᠪᠠᠶᠢᠷᠢᠰᠢᠭᠤᠯᠤᠯᠲᠠ ᠶᠢ ᠪᠠᠷᠢᠮᠲᠠᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠴᠢᠮ ᠬᠡᠷᠡᠭᠰᠡᠬᠦ ᠬᠦᠷᠢᠶ᠎ᠡ ᠴᠠᠷᠠᠭᠠᠨ ᠤ ᠲᠣᠭᠤᠷᠢᠨ ᠳᠤ 10 ᠰᠢᠬᠠᠮ ᠳᠡᠭᠡᠳᠦ ᠰᠤᠷᠭᠠᠭᠤᠯᠢ ᠶᠢ ᠲᠥᠪᠯᠡᠷᠡᠭᠦᠯᠦᠨ ᠪᠣᠭᠤᠮᠲᠠ ᠰᠢᠪᠲᠤᠯᠬᠤ ᠲᠣᠮᠣ ᠲᠠᠪᠴᠠᠩ ᠢ ᠨᠢᠭᠡᠳᠦᠯᠲᠡᠶ ᠲᠥᠯᠥᠪᠵᠢᠭᠦᠯᠦᠨ ᠪᠠᠶᠢᠭᠤᠯᠤᠨ᠎ᠠ᠃ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ᠂ ᠠᠵᠢᠯ ᠲᠥᠷᠥᠯ ᠤᠨ ᠨᠡᠶᠢᠲᠡᠯᠢᠭ ᠴᠢᠨᠠᠷᠲᠠᠶ ᠮᠡᠷᠭᠡᠵᠢᠯ ᠤᠨ ᠰᠢᠪᠲᠤᠯᠤᠯᠲᠠ ᠵᠢᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠢᠨᠵᠧᠨᠧᠷᠢᠩᠵᠢᠭᠦᠯᠦᠨ ᠠᠵᠤ ᠦᠶᠢᠯᠡᠰᠵᠢᠭᠦᠯᠦᠨ ᠬᠡᠷᠡᠭᠯᠡᠬᠦ ᠶᠢᠨ ᠲᠣᠭᠤᠷᠢᠨ ᠳᠤ 10 ᠣᠷᠴᠢᠮ ᠳᠡᠭᠡᠳᠦ ᠰᠤᠷᠭᠠᠭᠤᠯᠢ ᠶᠢᠨ ᠢᠨᠵᠧᠨᠧᠷᠢᠩ ᠤᠨ ᠰᠤᠳᠤᠯᠭᠠᠨ ᠤ ᠲᠥᠪ ᠢ ᠪᠥᠲᠥᠭᠡᠨ ᠪᠠᠶᠢᠭᠤᠯᠬᠤ ᠪᠤᠶᠤ ᠰᠢᠯᠢᠳᠡᠭᠵᠢᠭᠦᠯᠦᠨ ᠳᠠᠬᠢᠨ ᠪᠠᠶᠢᠭᠤᠯᠬᠤ ᠶᠢ ᠳᠡᠮᠵᠢᠨ᠎ᠡ᠃      ᠳᠥᠷᠪᠡ ᠳᠤ᠂ ᠴᠢᠳᠠᠪᠤᠷᠢᠲᠠᠨ ᠢ ᠬᠥᠮᠦᠵᠢᠭᠦᠯᠬᠦ ᠰᠢᠨ᠎ᠡ ᠵᠠᠭᠪᠤᠷ ᠢ ᠰᠦᠪᠡᠭᠴᠢᠯᠡᠨ ᠰᠢᠨ᠎ᠡ ᠶᠢ ᠡᠭᠦᠳᠬᠦ ᠬᠡᠷᠡᠭᠲᠡᠶ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ︽ᠰᠤᠷᠭᠠᠭᠤᠯᠢ ᠪᠠ ᠠᠵᠤ ᠠᠬᠤᠶᠢᠯᠠᠯ ᠤᠨ ᠬᠤᠣᠰ ᠤᠷᠢᠬᠤ︾ ᠳᠦᠷᠢᠮ ᠢ ᠪᠠᠶᠢᠭᠤᠯᠤᠨ᠎ᠠ᠃ ᠨᠢᠭᠡ ᠪᠦᠯᠦᠭ ᠲᠤᠰᠬᠠᠶ ᠮᠡᠷᠭᠡᠵᠢᠯᠲᠡᠨ ᠫᠷᠤᠹᠧᠰᠰᠤᠷ᠂ ᠵᠠᠯᠠᠭᠤ ᠪᠠᠭᠰᠢ᠂ ᠰᠤᠷᠭᠠᠭᠤᠯᠢ ᠳᠤ ᠪᠠᠶᠢᠭ᠎ᠠ ᠳ᠋ᠣᠺᠲ᠋ᠣᠷᠠᠨᠲ᠂ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠶᠢᠨ ᠵᠢᠯᠣᠭᠤᠳᠣᠭᠴᠢ ᠪᠠᠭᠰᠢ ᠵᠡᠷᠭᠡ ᠶᠢ ᠰᠣᠩᠭᠤᠵᠤ ᠠᠵᠤ ᠠᠬᠤᠶᠢᠯᠠᠯ ᠳᠤ ᠭᠦᠨᠵᠡᠭᠡᠶᠢᠷᠡᠭᠦᠯᠦᠨ᠂ ᠠᠵᠤ ᠠᠬᠤᠶᠢᠯᠠᠯ ᠳᠤ ︽ᠨᠢᠭᠡ ᠪᠠᠷ ᠨᠢᠭᠡ ᠶᠢ ᠳᠠᠭᠠᠭᠤᠯᠬᠤ︾ ᠮᠡᠷᠭᠡᠵᠢᠯ ᠤᠨ ᠵᠦᠪᠯᠡᠯᠭᠡ ᠥᠭᠬᠦ ᠵᠢᠯᠣᠭᠤᠳᠣᠯᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡ ᠵᠡᠷᠭᠡ ᠳᠡᠮᠵᠢᠯᠭᠡ ᠶᠢ ᠬᠠᠩᠭᠠᠨ᠎ᠠ᠃ ᠨᠢᠭᠡ ᠪᠦᠯᠦᠭ ᠠᠵᠤ ᠠᠬᠤᠶᠢᠯᠠᠯ ᠤᠨ ᠳᠡᠭᠡᠳᠦ ᠵᠡᠷᠭᠡ ᠶᠢᠨ ᠮᠡᠷᠭᠡᠵᠢᠯ ᠤᠨ ᠠᠵᠢᠯᠲᠠᠨ ᠢ ᠰᠣᠩᠭᠤᠨ ᠤᠷᠢᠵᠤ᠂ ᠳᠡᠭᠡᠳᠦ ᠰᠤᠷᠭᠠᠭᠤᠯᠢ ᠶᠢᠨ ᠲᠤᠰᠢᠶᠠᠯ ᠬᠠᠪᠰᠤᠷᠭᠠᠭᠰᠠᠨ ᠵᠢᠯᠣᠭᠤᠳᠣᠭᠴᠢ ᠪᠠᠭᠰᠢ ᠪᠣᠯᠭᠠᠵᠤ᠂ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠬᠥᠮᠦᠵᠢᠭᠦᠯᠬᠦ ᠳᠤ ᠣᠷᠣᠯᠴᠠᠭᠤᠯᠤᠨ᠎ᠠ᠃      ᠲᠠᠪᠤ ᠳᠤ᠂ ᠨᠢᠭᠡ ᠪᠦᠯᠦᠭ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠬᠠᠮᠵᠢᠯᠴᠠᠨ ᠪᠣᠭᠤᠮᠲᠠ ᠰᠢᠪᠲᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠬᠦᠯᠢᠶᠡᠰᠦᠯᠡᠵᠦ ᠪᠠᠶᠢᠭ᠎ᠠ ᠲᠣᠪᠤᠶᠢᠮ᠎ᠠ ᠬᠦᠷᠦᠯᠴᠡᠬᠦ ᠦᠭᠡᠢ ᠲᠠᠯ᠎ᠠ ᠳᠤ ᠠᠩᠬᠠᠷᠤᠯ ᠢᠶᠠᠨ ᠬᠠᠨᠳᠤᠭᠤᠯᠵᠤ᠂ ᠪᠠᠶᠢᠯᠳᠤᠬᠤ ᠪᠣᠳᠣᠯᠭ᠎ᠠ ᠶᠢᠨ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠭᠡᠳᠦ ᠰᠤᠷᠭᠠᠭᠤᠯᠢ ᠶᠢᠨ ᠲᠥᠪᠯᠡᠷᠡᠭᠦᠯᠦᠨ ᠪᠣᠭᠤᠮᠲᠠ ᠰᠢᠪᠲᠤᠯᠬᠤ ᠲᠣᠮᠣ ᠲᠠᠪᠴᠠᠩ ᠪᠠ ᠢᠨᠵᠧᠨᠧᠷᠢᠩ ᠤᠨ ᠰᠤᠳᠤᠯᠭᠠᠨ ᠤ ᠲᠥᠪ ᠵᠡᠷᠭᠡ ᠰᠢᠨ᠎ᠡ ᠶᠢ ᠡᠭᠦᠳᠬᠦ ᠲᠠᠪᠴᠠᠩ ᠳᠤ ᠲᠦᠰᠢᠭᠯᠡᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠵᠢᠯ ᠪᠦᠷᠢ ᠶᠢᠨ ᠬᠥᠨᠳᠡᠯᠡᠨ ᠴᠢᠭᠯᠡᠯ ᠤᠨ ᠡᠷᠳᠡᠮ ᠰᠢᠨᠵᠢᠯᠡᠭᠡᠨ ᠤ ᠲᠥᠷᠥᠯ ᠵᠦᠢᠯ ᠤᠨ ᠵᠠᠷᠤᠳᠠᠯ ᠢ 1 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ ᠪᠡᠶᠡᠯᠡᠭᠦᠯᠦᠨ᠎ᠡ᠃ ᠭᠤᠤᠯᠳᠠᠯᠭ᠎ᠠ ᠲᠠᠢ ︽ᠵᠢᠵᠢᠭ ᠠᠪᠤᠷᠭᠤ︾ ᠠᠵᠤ ᠠᠬᠤᠶᠢᠯᠠᠯ ᠤᠨ ᠡᠳ᠋ ᠤᠨ ᠵᠠᠰᠠᠭ ᠤᠨ ᠱᠠᠩᠨᠠᠯ ᠪᠠ ᠨᠥᠬᠦᠪᠥᠷᠢ ᠶᠢᠨ ᠪᠠᠯᠠ ᠮᠥᠩᠭᠦ ᠶᠢ ᠰᠤᠷᠭᠠᠭᠤᠯᠢ ᠪᠠ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠥᠷᠨᠢᠭᠦᠯᠬᠦ ᠳᠤ ᠬᠡᠷᠡᠭᠯᠡᠬᠦ ᠶᠢ ᠳᠡᠮᠵᠢᠨ᠎ᠡ᠃     ᠵᠢᠷᠭᠤᠭ᠎ᠠ ᠳᠤ᠂ ᠳᠡᠭᠡᠳᠦ ᠰᠤᠷᠭᠠᠭᠤᠯᠢ ᠶᠢᠨ ᠦᠷ᠎ᠡ ᠪᠦᠲᠦᠭᠡᠯ ᠢ ᠤᠯᠠᠷᠢᠭᠤᠯᠬᠤ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠦᠢᠯᠡᠳᠬᠦ ᠦᠢᠯᠡᠰ᠂ ᠪᠣᠬᠢᠷᠲᠤᠯ ᠦᠭᠡᠢ ᠠᠵᠤ ᠦᠢᠯᠡᠰ᠂ ᠣᠳᠣ ᠦᠶ᠎ᠡ ᠶᠢᠨ ᠡᠨᠧᠷᠭᠢ ᠵᠡᠷᠭᠡ ᠬᠦᠷᠢᠶ᠎ᠡ ᠴᠠᠷᠠᠭᠠᠨ ᠤ ᠲᠣᠭᠤᠷᠢᠨ ᠳᠤ᠂ ᠳᠡᠭᠡᠳᠦ ᠰᠤᠷᠭᠠᠭᠤᠯᠢ ᠶᠢᠨ ᠬᠢᠨ ᠥᠪᠡᠷᠲᠡᠭᠡᠨ ᠵᠠᠰᠠᠬᠤ ᠣᠷᠣᠨ ᠤ ᠲᠡᠰ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠢ 5 ᠣᠷᠴᠢᠮ ᠪᠦᠲᠦᠭᠡᠨ ᠪᠠᠶᠢᠭᠤᠯᠬᠤ ᠪᠤᠶᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠰᠠᠭᠤᠷᠢᠨ ᠭᠠᠵᠠᠷ ᠢ ᠪᠠᠶᠢᠭᠤᠯᠬᠤ ᠶᠢ ᠳᠠᠮᠵᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠠᠶᠢᠵᠢᠭᠤᠯᠤᠨ ᠤᠯᠠᠷᠢᠭᠤᠯᠬᠤ ᠵᠢᠴᠢ ᠠᠵᠤ ᠦᠢᠯᠡᠰᠵᠢᠭᠦᠯᠬᠦ ᠶᠢ ᠠᠬᠢᠭᠤᠯᠤᠨ᠎ᠠ᠃ ᠳᠡᠭᠡᠳᠦ ᠰᠤᠷᠭᠠᠭᠤᠯᠢ ᠶᠢᠨ ᠥᠪᠡᠰᠦᠪᠡᠨ ᠪᠠᠶᠢᠭᠤᠯᠤᠭᠰᠠᠨ ᠪᠤᠶᠤ ᠠᠵᠤ ᠠᠬᠤᠶᠢᠯᠠᠯ ᠯᠤᠭ᠎ᠠ ᠰᠢᠨ᠎ᠡ ᠬᠡᠯᠪᠡᠷᠢ ᠶᠢᠨ ᠮᠡᠷᠭᠡᠵᠢᠯ ᠢ ᠰᠢᠯᠵᠢᠭᠦᠯᠦᠨ ᠤᠯᠠᠷᠢᠭᠤᠯᠬᠤ ᠲᠤᠰᠬᠠᠶᠢᠵᠢᠭᠰᠠᠨ ᠪᠠᠶᠢᠭᠤᠯᠤᠮᠵᠢ ᠶᠢ ᠬᠠᠮᠲᠤ ᠪᠠᠷ ᠪᠠᠶᠢᠭᠤᠯᠬᠤ ᠶᠢ ᠵᠣᠷᠢᠭᠵᠢᠭᠤᠯᠵᠤ᠂ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠪᠣᠯᠤᠨ ᠠᠵᠤ ᠦᠢᠯᠡᠰ ᠤᠨ ᠭᠦᠨ ᠠᠭᠤᠰᠤᠯᠴᠠᠭ᠎ᠠ ᠠᠬᠢᠭᠤᠯᠤᠨ᠂ ᠨᠢᠭᠡ ᠪᠦᠯᠦᠭ ᠥᠨᠳᠥᠷ ᠬᠢᠷᠢ ᠲᠦᠪᠰᠢᠨ ᠪᠥᠬᠦᠶ ᠬᠡᠷᠡᠭᠯᠡᠭᠡᠨ ᠤ ᠴᠢᠨᠠᠷᠲᠠᠶ ᠦᠷ᠎ᠡ ᠪᠦᠲᠦᠭᠡᠯ ᠢ ᠭᠠᠷᠭᠠᠵᠤ ᠬᠡᠷᠡᠭᠯᠡᠬᠦ ᠶᠢ ᠠᠬᠢᠭᠤᠯᠤᠨ᠎ᠠ᠃      ᠳᠣᠯᠤᠭ᠎ᠠ ᠳᠤ᠂ ᠨᠢᠭᠡ ᠪᠦᠯᠦᠭ ᠳᠡᠭᠡᠳᠦ ᠰᠤᠷᠭᠠᠭᠤᠯᠢ ᠶᠢᠨ ᠲᠤᠰᠬᠠᠶ ᠠᠰᠢᠭ ᠤᠨ ᠨᠡᠭᠡᠭᠡᠯᠲᠡ ᠶᠢ ᠵᠦᠪᠰᠢᠶᠡᠷᠡᠬᠦ ᠲᠥᠷᠥᠯ ᠵᠦᠢᠯ ᠢ ᠬᠡᠷᠡᠭᠵᠢᠭᠦᠯᠬᠦ ᠬᠡᠷᠡᠭᠲᠡᠶ᠃ ᠡᠯ᠎ᠡ ᠳᠡᠭᠡᠳᠦ ᠰᠤᠷᠭᠠᠭᠤᠯᠢ ᠶᠢ ᠵᠣᠬᠢᠶᠠᠨ ᠪᠠᠶᠢᠭᠤᠯᠤᠨ ᠲᠤᠰᠬᠠᠶ ᠠᠰᠢᠭ ᠢ ᠬᠤᠪᠢᠷᠠᠭᠤᠯᠬᠤ ᠲᠤᠰᠬᠠᠶ ᠵᠦᠢᠯ ᠤᠨ ᠲᠥᠯᠥᠪᠯᠡᠭᠡ ᠳᠤ ᠢᠳᠡᠪᠬᠢᠲᠡᠶ ᠣᠷᠣᠯᠴᠠᠭᠤᠯᠵᠤ᠂ ᠵᠠᠬ᠎ᠠ ᠳᠡᠯᠭᠡᠭᠦᠷᠴᠢᠯᠡᠭᠰᠡᠨ ᠠᠯᠤᠰ ᠢᠷᠡᠭᠡᠳᠦᠶ ᠲᠠᠢ᠂ ᠬᠡᠷᠡᠭᠯᠡᠯᠲᠡ ᠪᠠᠷ ᠥᠷᠭᠡᠨ᠂ ᠬᠡᠷᠡᠭᠯᠡᠭᠡᠨ ᠤ ᠴᠢᠨᠠᠷ ᠢᠶᠠᠷ ᠨᠡᠯᠢᠶᠡᠳ ᠴᠢᠩᠭ᠎ᠠ ᠮᠡᠷᠭᠡᠵᠢᠯ ᠢ ᠰᠣᠩᠭᠤᠵᠤ ᠲᠤᠰᠬᠠᠶ ᠠᠰᠢᠭ ᠤᠨ ᠨᠡᠭᠡᠭᠡᠯᠲᠡ ᠬᠢᠬᠦ ᠵᠥᠪᠰᠢᠶᠡᠷᠡᠯ ᠳᠤ ᠣᠷᠣᠯᠴᠠᠭᠤᠯᠤᠨ᠂ ᠱᠠᠲᠤ ᠬᠤᠪᠢᠶᠠᠨ ᠵᠥᠪᠰᠢᠶᠡᠷᠡᠬᠦ ᠵᠡᠷᠭᠡ ᠣᠯᠠᠨ ᠵᠦᠢᠯ ᠤᠨ ᠦᠨ᠎ᠡ ᠲᠣᠭᠲᠠᠭᠠᠬᠤ ᠵᠠᠭᠪᠤᠷ ᠢ ᠬᠠᠶᠢᠨ ᠰᠦᠪᠡᠭᠴᠢᠯᠡᠬᠦ ᠶᠢ ᠵᠣᠷᠢᠭᠵᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠮᠡᠷᠭᠡᠵᠢᠯ ᠣᠯᠬᠤ ᠥᠪᠡᠷ ᠤᠨ ᠥᠷᠲᠡᠭ ᠢ ᠪᠠᠭᠤᠷᠠᠭᠤᠯᠤᠨ᠎ᠠ᠃     ᠨᠠᠢᠮᠠ ᠳᠤ᠂ ᠲᠤᠰᠬᠠᠢ ᠨᠠᠷᠢᠯᠢᠭ ᠣᠨᠴᠠᠭᠠᠢ ᠰᠢᠨ᠎ᠡ ᠳᠤᠮᠳᠠ ᠵᠢᠵᠢᠭ ᠠᠵᠤ ᠠᠬᠤᠶᠢᠯᠠᠯ ᠢ ᠳᠡᠮᠵᠢᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠳᠡᠭᠡᠳᠦ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠠᠵᠢᠯᠲᠠᠨ ᠪᠣᠯᠤᠨ ᠣᠶᠤᠲᠠᠨ ᠤ ᠤᠤᠭᠠᠯ ᠡᠭᠦᠳᠦᠯᠲᠡ ᠶᠢᠨ ᠮᠡᠷᠭᠡᠵᠢᠯ ᠢ ᠠᠰᠢᠭᠯᠠᠨ ᠳᠤᠮᠳᠠ ᠵᠢᠵᠢᠭ ᠠᠵᠤ ᠠᠬᠤᠶᠢᠯᠠᠯ ᠢ ᠡᠭᠦᠳᠦᠨ ᠪᠠᠶᠢᠭᠤᠯᠬᠤ ᠶᠢ ᠵᠣᠷᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠴᠢᠨᠠᠷᠲᠠᠶ ᠳᠤᠮᠳᠠ ᠵᠢᠵᠢᠭ ᠠᠵᠤ ᠠᠬᠤᠶᠢᠯᠠᠯ ᠪᠣᠯᠤᠨ ︽ᠲᠤᠰᠬᠠᠶ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠳᠤ ᠦᠷᠭᠦᠯᠵᠢᠯᠡᠨ ᠱᠠᠩᠨᠠᠯ ᠨᠥᠬᠦᠪᠥᠷᠢ ᠣᠯᠭᠤᠨ᠎ᠠ᠃ ᠠᠶᠢᠮᠠᠭ ᠬᠤᠲᠠ ᠶᠢᠨ ᠡᠳ᠋ ᠤᠨ ᠵᠠᠰᠠᠭ ᠤᠨ ᠬᠦᠴᠦᠨ ᠤ ᠪᠠᠶᠢᠳᠠᠯ ᠲᠠᠢ ᠤᠶᠠᠯᠳᠤᠭᠤᠯᠤᠨ᠂ ︽ᠲᠤᠰᠬᠠᠶ ᠨᠠᠷᠢᠯᠢᠭ ᠣᠨᠴᠠᠭᠠᠢ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠳᠤ ᠪᠡᠯᠡ ᠮᠥᠩᠭᠦ ᠶᠢᠨ ᠳᠡᠮᠵᠢᠯᠭᠡ ᠦᠵᠡᠭᠦᠯᠬᠦ ᠶᠢ ᠵᠣᠷᠢᠭᠵᠢᠭᠤᠯᠵᠤ᠂ ᠨᠢᠭᠡ ᠪᠦᠯᠦᠭ ᠲᠤᠰᠬᠠᠶ ᠨᠠᠷᠢᠯᠢᠭ ᠣᠨᠴᠠᠭᠠᠢ ᠰᠢᠨ᠎ᠡ ᠳᠤᠮᠳᠠ ᠵᠢᠵᠢᠭ ᠠᠵᠤ ᠠᠬᠤᠶᠢᠯᠠᠯ ᠪᠣᠯᠤᠨ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠨᠡᠪᠴᠢᠭᠦᠯᠦᠨ ᠪᠤᠶᠢᠵᠢᠭᠤᠯᠬᠤ ᠶᠢ ᠲᠦᠯᠬᠢᠨ ᠠᠬᠢᠭᠤᠯᠤᠨ᠎ᠠ᠃      ᠵᠣᠬᠢᠶᠠᠨ ᠪᠠᠶᠢᠭᠤᠯᠵᠤ ᠬᠡᠷᠡᠭᠵᠢᠭᠦᠯᠬᠦ      ᠬᠠᠮᠵᠢᠯᠴᠠᠬᠤ ᠲᠣᠭᠲᠠᠴᠠ ᠶᠢ ᠪᠠᠶᠢᠭᠤᠯᠤᠨ᠎ᠠ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠵᠢᠯᠴᠠᠨ ᠰᠢᠨ᠎ᠡ ᠶᠢ ᠡᠭᠦᠳᠬᠦ ᠶᠢ ᠵᠣᠯᠭᠠᠭᠤᠯᠬᠤ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠡᠯ᠎ᠡ ᠳᠡᠭᠡᠳᠦ ᠰᠤᠷᠭᠠᠭᠤᠯᠢ᠂ ᠡᠯ᠎ᠡ ᠠᠶᠢᠮᠠᠭ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠮᠡᠳᠡᠯᠭᠡ ᠶᠢᠨ ᠥᠮᠴᠢᠯᠡᠯ ᠤᠨ ᠡᠷᠬᠡ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠪᠣᠳᠠᠲᠠᠶ ᠲᠠᠢ ᠤᠶᠠᠯᠳᠤᠭᠤᠯᠤᠨ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠨᠠᠶᠢᠳᠠᠪᠤᠷᠢᠵᠢᠭᠤᠯᠵᠤ ᠪᠣᠯᠬᠤᠶᠢᠴᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠠᠷᠭ᠎ᠠ ᠪᠠᠷᠢᠯ ᠢ ᠬᠠᠮᠲᠤᠷᠠᠨ ᠰᠤᠳᠤᠯᠤᠨ ᠲᠣᠭᠲᠠᠭᠠᠵᠤ᠂ ᠰᠤᠷᠭᠠᠭᠤᠯᠢ ᠪᠠ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠵᠣᠬᠢᠶᠠᠨ ᠪᠠᠶᠢᠭᠤᠯᠵᠤ᠂ ᠬᠠᠮᠵᠢᠯᠴᠠᠨ ᠰᠢᠨ᠎ᠡ ᠶᠢ ᠡᠭᠦᠳᠬᠦ ᠲᠥᠷᠥᠯ ᠵᠦᠢᠯ ᠳᠤ ᠪᠠᠯᠠ ᠮᠥᠩᠭᠦᠨ ᠤ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠳᠬᠠᠬᠤ ᠬᠡᠷᠡᠭᠲᠡᠶ᠃     ᠲᠥᠷᠥ ᠶᠢᠨ ᠪᠣᠳᠣᠯᠭ᠎ᠠ ᠶᠢᠨ ᠵᠢᠯᠣᠭᠤᠳᠤᠮᠵᠢ ᠶᠢ ᠴᠢᠩᠭᠠᠷᠠᠭᠤᠯᠤᠨ᠎ᠠ᠃ ᠠᠵᠤ ᠠᠬᠤᠶᠢᠯᠠᠯ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠨᠡᠯᠡᠨ ᠵᠢᠱᠢᠬᠦ ᠳᠣᠭᠲᠠᠯᠴᠠᠭ᠎ᠠ ᠪᠠ ᠮᠡᠷᠭᠡᠵᠢᠯ ᠤᠨ ᠴᠣᠯᠠ ᠲᠣᠭᠲᠠᠭᠠᠵᠤ ᠤᠷᠢᠬᠤ ᠠᠷᠭ᠎ᠠ ᠶᠢ ᠰᠢᠯᠢᠳᠡᠭᠵᠢᠭᠦᠯᠦᠨ᠂ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤ ︽ᠭᠠᠳᠠᠭᠰᠢ ᠭᠠᠷᠴᠤ︾ ᠠᠵᠤ ᠠᠬᠤᠶᠢᠯᠠᠯ ᠳᠤ ᠦᠢᠯᠡᠴᠢᠯᠡᠬᠦ ᠶᠢ ᠵᠣᠷᠢᠭᠵᠢᠭᠤᠯᠤᠨ᠎ᠠ᠃ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠵᠣᠯᠭᠠᠭᠤᠯᠬᠤ ᠦᠢᠯᠡᠴᠢᠯᠡᠭᠡ ᠥᠷᠨᠢᠭᠦᠯᠦᠭᠰᠡᠨ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠬᠡᠯᠪᠡᠷᠢ ᠶᠢᠨ ᠠᠵᠤ ᠠᠬᠤᠶᠢᠯᠠᠯ ᠤᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠢ ᠮᠠᠭᠠᠳᠯᠠᠨ ᠲᠣᠭᠲᠠᠭᠠᠬᠤ ᠶᠢᠨ ᠴᠢᠬᠤᠯᠠ ᠯᠠᠪᠯᠠᠯᠲᠠ ᠪᠣᠯᠭᠠᠨ᠎ᠠ᠃     ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ ᠳᠡᠮᠵᠢᠨ᠎ᠡ᠃ ᠳᠡᠭᠡᠳᠦ ᠰᠤᠷᠭᠠᠭᠤᠯᠢ ᠶᠢᠨ ᠮᠡᠳᠡᠯᠭᠡ ᠶᠢᠨ ᠥᠮᠴᠢᠯᠡᠯ ᠤᠨ ᠡᠷᠬᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠬᠥᠮᠥᠷᠭᠡ ᠪᠠ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢᠨ ᠬᠥᠮᠥᠷᠭᠡ ᠶᠢ ᠰᠦᠪᠡᠭᠴᠢᠯᠡᠨ ᠪᠠᠶᠢᠭᠤᠯᠵᠤ᠂ ᠵᠣᠯᠭᠠᠭᠤᠯᠤᠨ ᠬᠠᠮᠲᠤᠷᠠᠯᠴᠠᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠮᠡᠳᠡᠭᠡ ᠵᠠᠩᠭᠢᠴᠢᠯᠠᠯᠲᠠ ᠵᠡᠷᠭᠡ ᠠᠷᠭ᠎ᠠ ᠪᠠᠷᠢᠯ ᠢ ᠬᠡᠷᠡᠭᠯᠡᠨ ᠰᠤᠷᠭᠠᠭᠤᠯᠢ ᠪᠠ ᠠᠵᠤ ᠠᠬᠤᠶᠢᠯᠠᠯ ᠢ ᠵᠣᠯᠭᠠᠭᠤᠯᠬᠤ ᠪᠠᠶᠢᠩᠭᠤ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠮᠡᠷᠭᠡᠵᠢᠯ ᠤᠨ ᠳᠠᠭᠠᠭᠠᠮᠠᠯ ᠤᠨ ᠬᠤᠯᠪᠤᠵᠤ ᠵᠣᠯᠭᠠᠭᠤᠯᠬᠤ ᠦᠢᠯᠡᠳᠦᠯ ᠢ ᠪᠠᠳᠠᠷᠠᠭᠤᠯᠤᠨ᠂ ᠵᠣᠯᠭᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠠᠮᠵᠢᠯᠴᠠᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠤᠯᠠᠷᠢᠭᠤᠯᠤᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号