ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/16
     5 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠾᠧᠪᠸᠢ ᠮᠤᠵᠢ ᠶᠢᠨ ᠰᠢᠶᠦ᠋ᠩ ᠠᠨ ᠰᠢᠨ᠎ᠡ ᠲᠣᠭᠤᠷᠢᠭ ᠲᠤ ᠰᠢᠨᠵᠢᠯᠡᠨ ᠪᠠᠶᠢᠴᠠᠭᠠᠭᠰᠠᠨ ᠪᠥᠭᠡᠳ ᠰᠢᠶᠦ᠋ᠩ ᠠᠨ ᠰᠢᠨ᠎ᠡ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠳᠥᠯᠭᠢᠨ ᠠᠬᠢᠭᠤᠯᠬᠤ ᠲᠤᠬᠠᠢ ᠡᠷᠭᠢᠯᠡᠨ ᠬᠤᠷᠠᠯᠳᠣᠭᠤᠯᠣᠭᠰᠠᠨ ᠶᠠᠷᠢᠯᠴᠠᠬᠤ ᠬᠤᠷᠠᠯ᠂ ᠾᠧᠪᠸᠢ ᠮᠤᠵᠢ ᠳᠤ ᠰᠢᠨᠵᠢᠯᠡᠨ ᠪᠠᠶᠢᠴᠠᠭᠠᠭᠰᠠᠨ ᠪᠥᠭᠡᠳ ᠪᠡᠭᠡᠵᠢᠩ ᠲᠢᠶᠠᠨᠵᠢᠨ ᠾᠧᠪᠧᠶ ᠶᠢᠨ ᠬᠠᠮᠵᠢᠯᠴᠠᠨ ᠬᠥᠭᠵᠢᠬᠦ ᠶᠢ ᠭᠦᠨᠵᠡᠭᠡᠶ ᠳᠥᠯᠭᠢᠨ ᠠᠬᠢᠭᠤᠯᠬᠤ ᠲᠤᠬᠠᠢ ᠡᠷᠭᠢᠯᠡᠨ ᠬᠤᠷᠠᠯᠳᠣᠭᠤᠯᠣᠭᠰᠠᠨ ᠶᠠᠷᠢᠯᠴᠠᠬᠤ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠪᠢᠳᠡᠨ ᠤ ᠬᠤᠳᠠ ᠶᠢᠨ ᠪᠦᠳᠦᠭᠡᠨ ᠪᠠᠶᠢᠭᠤᠯᠤᠯᠲᠠ ᠬᠠᠮᠢᠶᠠᠷᠤᠯᠲᠠ ᠪᠠᠨ ᠰᠠᠶᠢᠲᠤᠷ ᠬᠢᠬᠦ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠲᠦᠷᠭᠡᠳᠬᠡᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠪᠦᠬᠦ ᠬᠤᠳᠠ ᠪᠠᠷ ᠢᠶᠠᠨ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠣᠳᠠᠲᠠᠢ ᠲᠠᠢ ᠪᠠᠨ ᠤᠶᠠᠯᠳᠤᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢ ᠭᠦᠢᠴᠡᠳ ᠰᠤᠷᠤᠯᠴᠠᠨ ᠲᠣᠯᠢᠯᠠᠵᠤ᠂ ᠬᠤᠳᠠ ᠶᠢᠨ ᠰᠢᠨᠡᠴᠢᠯᠡᠯᠲᠡ᠂ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠨᠡᠭᠡᠭᠡᠯᠲᠡ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠤᠯᠤᠰ ᠤᠨ ᠪᠣᠯᠪᠠᠰᠤᠨ ᠬᠤᠳᠠ ᠶᠢ ᠪᠠᠶᠢᠩᠭᠤᠵᠢᠭᠤᠯᠤᠨ ᠡᠭᠦᠳᠦᠨ ᠪᠠᠶᠢᠭᠤᠯᠵᠤ᠂ ︽ᠬᠤᠸᠠᠷ ᠬᠠᠳᠬᠤᠬᠤ ᠮᠠᠶ᠋ᠢᠭ︾ ᠢᠶᠠᠷ ᠬᠦᠴᠦ ᠣᠷᠣᠭᠤᠯᠵᠤ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠠᠬᠢᠭᠤᠯᠵᠤ᠂ ᠬᠤᠳᠠ ᠶᠢᠨ ᠲᠠᠲᠠᠬᠤ ᠬᠦᠴᠦᠨ  ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠷᠭᠡᠨ ᠤᠯᠠᠨ ᠲᠦᠮᠡᠨ ᠢ ᠨᠡᠩ ᠤᠯᠠᠨ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ ᠲᠦᠷᠦᠭᠳᠡᠯ ᠲᠠᠢ ᠪᠣᠯᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠡᠭᠡᠵᠢᠩ ᠲᠢᠶᠠᠨᠵᠢᠨ ᠡᡁᠧᠪᠸᠢ ᠶᠢᠨ ᠬᠠᠮᠵᠢᠯᠴᠠᠨ ᠬᠥᠭᠵᠢᠬᠦ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠠᠵᠤ ᠦᠢᠯᠡᠰ ᠢ ᠬᠦᠯᠢᠶᠡᠨ ᠠᠪᠬᠤ ᠡᠷᠴᠢᠮ ᠢᠶᠠᠨ ᠴᠢᠩᠭᠠᠷᠠᠭᠤᠯᠵᠤ᠂ ᠮᠡᠷᠭᠡᠵᠢᠯ ᠤᠨ ᠰᠢᠨ᠎ᠡ ᠶᠢ ᠡᠭᠦᠳᠴᠦ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠪᠦᠲᠦᠴᠡ ᠪᠠᠨ ᠰᠢᠯᠢᠳᠡᠭᠵᠢᠭᠦᠯᠦᠨ ᠲᠡᠰ ᠳᠡᠪᠰᠢᠭᠦᠯᠬᠦ ᠪᠠᠨ ᠲᠦᠷᠭᠡᠳᠬᠡᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠨᠢ ᠴᠢᠩᠭᠠᠳᠬᠠᠵᠤ᠂ ᠲᠠᠭᠠᠭᠤᠯᠤᠭᠴᠢ ᠠᠵᠤ ᠠᠬᠤᠶᠢᠯᠠᠯ ᠤᠨ ᠤᠯᠠᠮᠵᠢᠯᠠᠯᠲᠤ ᠠᠵᠤ ᠦᠢᠯᠡᠰ ᠤᠨ ᠬᠡᠯᠬᠢᠶ᠎ᠡ ᠶᠢ ᠨᠡᠶᠢᠳᠬᠡᠬᠦ᠂ ᠡᠬᠢ ᠪᠠᠶᠠᠯᠢᠭ ᠢ ᠣᠨᠳᠣᠣᠰᠢᠭᠤᠯᠤᠨ ᠬᠡᠷᠡᠭᠯᠡᠬᠦ ᠲᠦᠪᠰᠢᠨ ᠢᠶᠠᠨ ᠳᠡᠭᠡᠭᠰᠢᠯᠡᠭᠦᠯᠬᠦ ᠶᠢ ᠳᠡᠮᠵᠢᠵᠦ᠂ ᠨᠡᠩ ᠤᠯᠠᠨ ᠠᠵᠤ ᠦᠢᠯᠡᠰ ᠢ ᠠᠵᠤ ᠦᠢᠯᠡᠰ ᠤᠨ ᠬᠡᠯᠬᠢᠶ᠎ᠡ ᠶᠢᠨ ᠦᠷᠳᠡᠭ ᠤᠨ ᠬᠡᠯᠬᠢᠶ᠎ᠡ ᠲᠡᠶᠢᠰᠢ ᠤᠷᠤᠭᠰᠢᠯᠠᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号