5 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2023 ᠣᠨ ᠤ 12 ᠳ᠋ᠤᠭᠠᠷ ᠤᠳᠠᠭᠠᠨ ᠤ ᠪᠠᠶᠢᠩᠭᠤ ᠶᠢᠨ | ᠬᠤᠷᠠᠯ ᠢ ᠡᠷᠭᠢᠯᠡᠨ ᠬᠤᠷᠠᠯᠳᠤᠭᠤᠯᠵᠤ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ 1 — 4 ᠳ᠋ᠣᠭᠡᠷ ᠰᠠᠷ᠎ᠠ ᠶᠢᠨ | ᠠᠵᠤ ᠠᠬᠤᠶ ᠶᠢᠨ ᠠᠵᠢᠯᠯᠠᠭᠠᠨ ᠵᠡᠷᠭᠡ ᠲᠠᠯ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠨᠢᠭᠡ ᠪᠣᠯᠤᠨ᠎ᠠ᠂ ᠡᠷᠬᠡᠪᠰᠢ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠣᠳᠠᠲᠠᠢ ᠳᠤ ᠰᠠᠭᠤᠷᠢᠯᠠᠵᠤ᠂ ᠭᠤᠣᠯᠳᠠᠯᠭ᠎ᠠ ᠪᠠᠨ ᠲᠣᠳᠣᠷᠬᠠᠶᠢᠯᠠᠵᠤ᠂ | ᠦᠷᠭᠦᠯᠵᠢᠯᠡᠨ ᠬᠦᠴᠦᠯᠡᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠮᠤ ᠪᠤᠳᠠᠭᠠᠨ ᠤ ᠤᠨᠠᠯᠲᠠ ᠶᠢ | ᠲᠣᠭᠲᠠᠪᠤᠷᠢᠵᠢᠭᠤᠯᠬᠤ ᠳᠡᠭᠡᠷ᠎ᠡ ᠬᠦᠴᠦ ᠲᠠᠯᠪᠢᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ | ᠰᠢᠯᠢᠳᠡᠭᠵᠢᠭᠦᠯᠬᠦ ᠲᠠᠯ᠎ᠠ ᠪᠠᠷ ᠬᠦᠴᠦ ᠣᠷᠣᠭᠤᠯᠵᠤ᠂ ᠲᠦᠷᠦᠯ ᠵᠦᠢᠯ ᠤᠨ ᠲᠤᠯᠭᠠᠭᠤᠷᠢᠯᠠᠯ ᠢ ᠴᠢᠩᠭᠠᠳᠬᠠᠬᠤ | ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠠᠪᠴᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ | ᠪᠠᠶᠢᠭᠤᠯᠤᠯᠲᠠ᠂ ᠦᠵᠦᠮ ᠤᠨ ᠠᠵᠤ ᠦᠢᠯᠡᠰ ᠤᠨ ᠬᠥᠭᠵᠢᠯᠲᠡ ᠵᠡᠷᠭᠡ ᠭᠤᠣᠯᠳᠠᠯᠭ᠎ᠠ ᠲᠠᠢ ᠡᠭᠦᠷᠭᠡ ᠶᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠠᠳᠬᠤᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠯᠠᠬᠤ ᠣᠷᠣᠨ ᠤ | ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠣᠨ ᠤ ᠡᠯ᠎ᠡ | ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠰᠢᠯᠭᠠᠯᠲᠠ ᠶᠢᠨ ᠬᠠᠭᠤᠳᠠᠰᠤ ᠲᠤᠰᠢᠶᠠᠬᠤ | ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠠᠵᠢᠯ ᠤᠨ ᠠᠬᠢᠴᠠ ᠪᠠᠨ ᠲᠦᠷᠭᠡᠳᠬᠡᠵᠦ᠂ ᠰᠢᠪᠠᠳᠠᠨ ᠬᠦᠢᠴᠡᠳᠭᠡᠬᠦ | ᠬᠢᠨᠠᠨ ᠬᠦᠢᠴᠡᠳᠭᠡᠬᠦ ᠪᠠᠨ ᠴᠢᠩᠭᠠᠳᠬᠠᠵᠤ᠂ ᠠᠵᠤ ᠠᠬᠤᠢ ᠶᠢᠨ ᠠᠵᠢᠯᠯᠠᠭ᠎ᠠ᠂ ᠴᠢᠬᠤᠯᠠ ᠶᠡᠭᠡ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠭᠰᠠᠨ ᠢ | ᠴᠡᠭᠴᠡᠯᠡᠨ ᠰᠠᠶᠢᠵᠢᠷᠠᠭᠤᠯᠬᠤ᠂ ᠬᠡᠦᠷᠰᠢᠭᠦᠯᠬᠦ ᠠᠵᠤ ᠦᠢᠯᠡᠰ ᠢ ᠨᠡᠶᠢᠳᠬᠡᠵᠦ ᠲᠠᠬᠢᠨ ᠵᠣᠬᠢᠶᠠᠨ ᠪᠠᠶᠢᠭᠤᠯᠵᠤ ᠲᠡᠰ | ᠳᠡᠪᠰᠢᠭᠦᠯᠬᠦ᠂ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠤᠨ ᠲᠠᠯ᠎ᠠ ᠪᠠᠷ ᠪᠣᠳᠠᠲᠠᠢ ᠠᠷᠭ᠎ᠠ | ᠬᠡᠮᠵᠢᠶ᠎ᠡ ᠠᠪᠴᠤ ᠪᠣᠳᠠᠲᠠᠢ ᠦᠷ᠎ᠡ ᠪᠦᠲᠦᠮᠵᠢ ᠭᠠᠷᠭᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠢᠲᠡᠭᠡᠯ ᠵᠣᠷᠢᠭ ᠢᠶᠠᠨ ᠪᠠᠲᠤᠳᠬᠠᠵᠤ᠂ ᠲᠣᠭᠲᠠᠯ ᠬᠦᠴᠦᠨ ᠢᠶᠠᠨ | ᠪᠠᠲᠤᠯᠠᠵᠤ᠂ ᠠᠵᠤ ᠠᠬᠤᠢ ᠶᠢᠨ ᠠᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠲᠤᠯᠭᠠᠮ᠎ᠠ | ᠰᠡᠳᠬᠢᠯᠭᠡ ᠪᠠᠨ ᠴᠢᠩᠭᠠᠳᠬᠠᠵᠤ᠂ ᠲᠤᠬᠢᠷᠠᠭᠤᠯᠤᠨ ᠵᠠᠳᠠᠯᠬᠤ ᠪᠠᠨ ᠴᠢᠩᠭᠠᠳᠬᠠᠵᠤ᠂ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠦᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠲᠦᠷᠦᠯ ᠵᠦᠢᠯ ᠤᠨ ᠲᠤᠯᠭᠠᠭᠤᠷᠢᠯᠠᠯ ᠢᠶᠠᠨ ᠴᠢᠩᠭᠠᠳᠬᠠᠵᠤ᠂ | ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠶᠢ ᠶᠡᠬᠡᠪᠡᠷ ᠠᠬᠢᠭᠤᠯᠵᠤ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ | ᠬᠥᠭᠵᠢᠭᠡᠵᠦ᠂ ᠨᠡᠩ ᠶᠡᠭᠡ ᠡᠷᠴᠢᠮ ᠢᠶᠠᠷ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ | ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠠᠵᠤ ᠠᠬᠤᠢ ᠶᠢᠨ ᠠᠵᠢᠯᠯᠠᠭᠠᠨ ᠤ ᠵᠣᠬᠢᠰᠲᠠᠢ | ᠬᠡᠪᠴᠢᠶᠡᠨ ᠳᠤ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠡᠶᠢᠭᠡᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠪᠠᠨ | ᠴᠢᠩᠭᠠᠳᠬᠠᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠦᠨᠳᠦᠰᠦᠨ ᠱᠠᠲᠤᠨ ᠤ | ᠵᠠᠰᠠᠯᠲᠠ ᠶᠢᠨ ᠲᠦᠪᠰᠢᠨ ᠢᠶᠠᠨ ᠪᠠᠬᠢᠵᠢᠭᠦᠯᠦᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠣᠷᠣᠨ ᠪᠦᠰᠡ ᠪᠣᠯᠤᠨ | ᠵᠠᠩᠭᠢᠯᠠᠭ᠎ᠠ ᠶᠢᠨ ᠬᠡᠰᠡᠭ ᠤᠨ ᠭᠡᠮ ᠰᠣᠭᠤᠭ ᠤᠨ ᠠᠰᠠᠭᠤᠳᠠᠯ᠂ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ | ᠴᠣᠬᠢᠯᠲᠠ ᠥᠭᠬᠦ᠂ ᠰᠡᠷᠭᠡᠶᠢᠯᠡᠬᠦ᠂ ᠬᠠᠮᠢᠶᠠᠷᠬᠤ᠂ ᠵᠠᠰᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠢ | ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠦᠨᠳᠦᠰᠦᠨ ᠱᠠᠲᠤᠨ ᠤ | ᠵᠠᠰᠠᠯᠲᠠ ᠵᠡᠷᠭᠡ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ | ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠨᠤᠭᠤ ᠭᠠᠵᠠᠷ ᠢ ᠬᠠᠮᠠᠭᠠᠯᠠᠨ ᠬᠥᠭᠵᠢᠭᠦᠯᠬᠦ᠂ ᠨᠡᠭᠦᠷᠡᠰᠦᠨ ᠤ ᠵᠠᠬ᠎ᠠ ᠳᠡᠯᠭᠡᠭᠦᠷ ᠤᠨ | ᠠᠵᠢᠯᠯᠠᠭᠠᠨ ᠢ ᠬᠢᠨᠠᠨ ᠬᠡᠮᠵᠢᠬᠦ ᠵᠡᠷᠭᠡ ᠲᠠᠯ᠎ᠠ ᠶᠢᠨ ᠪᠢᠴᠢᠭ ᠮᠠᠲ᠋ᠧᠷᠢᠶᠠᠯ ᠢ ᠰᠤᠳᠤᠯᠵᠠᠢ᠃ | |