5 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠲᠥᠪ ᠬᠤᠷᠢᠶᠠᠨ ᠤ ᠠᠯᠪᠠᠨ ᠬᠡᠷ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠬᠡᠷ ᠤᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠬᠦ | ᠲᠤᠬᠠᠶ ᠠᠷᠪᠠᠨ ᠵᠤᠷᠪᠤᠰ ᠰᠠᠨᠠᠯ︾ ᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ | ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠪᠣᠯ ᠨᠠᠮ ᠤᠨ | ᠪᠠᠶᠢᠭᠤᠯᠤᠯᠲᠠ ᠶᠢᠨ ᠴᠢᠬᠤᠯᠠ ᠠᠭᠤᠯᠭ᠎ᠠ ᠮᠥᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠴᠢᠬᠤᠯᠠ | ᠪᠠᠲᠤᠯᠠᠭ᠎ᠠ ᠮᠥᠨ᠃ ᠬᠢᠨᠠᠯᠲᠠ ᠲᠠᠯᠪᠢᠬᠤ ᠭᠤᠣᠯᠳᠠᠯᠭ᠎ᠠ ᠶᠢ ᠡᠵᠡᠮᠳᠡᠵᠦ᠂ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠵᠢᠭᠠᠪᠤᠷᠢ ᠴᠣᠬᠤᠯᠠᠪᠤᠷᠢ ᠪᠣᠯᠤᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠳᠣᠲᠣᠭᠠᠳᠤ ᠶᠢᠨ ᠬᠢᠨᠠᠯᠲᠠ ᠶᠢ ᠦᠨᠡᠨ ᠬᠦ ᠴᠢᠩᠭᠠᠳᠬᠠᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠠᠷᠠᠳᠴᠢᠯᠠᠭᠰᠠᠨ ᠬᠢᠨᠠᠯᠲᠠ᠂ ᠤᠯᠠᠨ ᠲᠦᠮᠡᠨ ᠤ ᠬᠢᠨᠠᠯᠲᠠ ᠪᠠ | ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠠᠰᠠᠭ ᠵᠠᠬᠢᠷᠭᠠᠨ ᠤ ᠬᠢᠨᠠᠯᠲᠠ᠂ ᠬᠠᠤᠯᠢ | ᠴᠠᠭᠠᠵᠠ ᠶᠢᠨ ᠬᠢᠨᠠᠯᠲᠠ᠂ ᠬᠢᠨᠠᠨ ᠪᠤᠳᠤᠯᠳᠠ ᠶᠢᠨ ᠬᠢᠨᠠᠯᠲᠠ᠂ ᠡᠳ᠋ ᠤᠨ ᠶᠠᠪᠤᠳᠠᠯ ᠤᠨ ᠬᠢᠨᠠᠯᠲᠠ᠂ ᠲᠤᠭ᠎ᠠ | ᠪᠦᠷᠢᠳᠬᠡᠯ ᠤᠨ ᠬᠢᠨᠠᠯᠲᠠ ᠵᠡᠷᠭᠡ ᠵᠠᠰᠠᠭ ᠤᠨ ᠣᠷᠳᠣᠨ ᠤ ᠳᠠᠪᠬᠤᠷᠭ᠎ᠠ ᠶᠢᠨ ᠬᠢᠨᠠᠯᠲᠠ ᠲᠠᠯᠪᠢᠬᠤ ᠦᠢᠯᠡᠳᠦᠯ ᠢᠶᠠᠨ | ᠭᠦᠢᠴᠡᠳ ᠪᠠᠳᠠᠷᠠᠭᠤᠯᠵᠤ᠂ ᠡᠷᠬᠡ ᠶᠢᠨ ᠠᠵᠢᠯᠯᠠᠭᠠᠨ ᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠪᠠᠨ ᠴᠢᠩᠭᠠᠳᠬᠠᠵᠤ᠂ | ᠬᠢᠨᠠᠯᠲᠠ ᠲᠠᠯᠪᠢᠬᠤ ᠲᠦᠷᠢᠮ ᠤᠨ ᠳᠠᠪᠠᠭᠤᠯᠢᠭ ᠢ ᠦᠨᠡᠨ ᠬᠦ ᠵᠠᠰᠠᠯᠲᠠ ᠶᠢᠨ ᠦᠷ᠎ᠡ ᠪᠦᠲᠦᠮᠵᠢ ᠪᠣᠯᠭᠠᠨ | ᠬᠤᠪᠢᠷᠠᠭᠤᠯᠬᠤ ᠬᠡᠷᠡᠭᠲᠡᠢ᠃ ᠵᠣᠬᠢᠴᠠᠭᠤᠯᠬᠤ ᠲᠣᠭᠲᠠᠴᠠ ᠪᠠᠨ ᠪᠦᠷᠢᠨᠰᠢᠬᠦᠯᠵᠦ᠂ ᠬᠢᠨᠠᠯᠲᠠ ᠲᠠᠯᠪᠢᠬᠤ ᠠᠵᠢᠯ ᠢ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠢᠨᠠᠯᠲᠠ ᠲᠠᠯᠪᠢᠬᠤ ᠮᠡᠳᠡᠭᠡ ᠵᠠᠩᠭᠢ ᠶᠢ | ᠨᠡᠪᠲᠡᠷᠡᠯᠴᠡᠬᠦ᠂ ᠰᠦᠪᠡᠭᠴᠢ ᠶᠢ ᠰᠢᠯᠵᠢᠭᠦᠯᠦᠨ ᠲᠤᠰᠢᠶᠠᠬᠤ᠂ ᠠᠷᠭ᠎ᠠ ᠬᠡᠮᠵᠢᠶ᠎ᠡ ᠶᠢ ᠬᠠᠮᠵᠢᠯᠴᠠᠭᠤᠯᠬᠤ᠂ ᠦᠷ᠎ᠡ | ᠪᠦᠲᠦᠭᠡᠯ ᠢ ᠬᠠᠮᠲᠤᠪᠠᠷ ᠡᠳ᠋ᠯᠡᠬᠦ ᠵᠡᠷᠭᠡ ᠠᠵᠢᠯ ᠤᠨ ᠲᠣᠭᠲᠠᠴᠠ ᠪᠠᠨ ᠪᠦᠷᠢᠨᠰᠢᠬᠦᠯᠵᠦ᠂ ᠴᠢᠬᠤᠯᠠ ᠶᠡᠭᠡ ᠬᠢᠨᠠᠯᠲᠠ | ᠲᠠᠯᠪᠢᠬᠤ ᠵᠦᠢᠯᠡᠰ ᠢ ᠰᠠᠨᠠᠭᠠᠴᠢᠯᠠᠭ᠎ᠠ ᠠᠴᠠ ᠪᠠᠨ ᠬᠤᠳᠠ ᠶᠢᠨ ᠨᠠᠮ ᠤᠨ ᠬᠤᠷᠢᠶ᠎ᠠ ᠳᠤ ᠬᠠᠷᠢᠭᠤ ᠮᠡᠳᠡᠭᠦᠯᠵᠦ᠂ ᠡᠯ᠎ᠡ | ᠲᠦᠷᠦᠯ ᠤᠨ ᠬᠢᠨᠠᠯᠲᠠ ᠲᠠᠯᠪᠢᠬᠤ ᠶᠢ ᠲᠥᠯᠥᠪᠯᠡᠭᠡ ᠲᠤᠬᠢᠷᠠᠭᠤᠯᠬᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ᠂ ᠦᠷ᠎ᠡ | ᠪᠦᠲᠦᠭᠡᠯ ᠤᠨ ᠬᠡᠷᠡᠭᠯᠡᠯᠲᠡ᠂ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠵᠡᠷᠭᠡ ᠲᠠᠯ᠎ᠠ ᠶᠢᠨ ᠪᠦᠬᠦ ᠶᠠᠪᠤᠴᠠ ᠳᠤ | ᠨᠡᠪᠲᠡᠷᠡᠭᠦᠯᠦᠨ ᠵᠣᠬᠢᠴᠠᠭᠤᠯᠬᠤ ᠶᠢ ᠠᠬᠢᠭᠤᠯᠬᠤ ᠬᠡᠷᠡᠭᠲᠡᠢ᠃ ᠴᠡᠭᠴᠡᠯᠡᠨ ᠵᠠᠰᠠᠵᠤ ᠴᠡᠭᠴᠡᠯᠡᠨ ᠰᠠᠶᠢᠵᠢᠷᠠᠭᠤᠯᠬᠤ ᠶᠢ | ᠭᠦᠨᠵᠡᠭᠡᠶᠢᠷᠡᠭᠦᠯᠵᠦ᠂ ᠡᠯ᠎ᠡ ᠲᠥᠷᠥᠯ ᠤᠨ ᠬᠢᠨᠠᠯᠲᠠ ᠲᠠᠯᠪᠢᠭᠰᠠᠨ ᠦᠷ᠎ᠡ ᠪᠦᠲᠦᠭᠡᠯ ᠢ ᠵᠠᠳᠠᠯᠤᠨ ᠰᠤᠳᠤᠯᠵᠤ | ᠮᠠᠭᠠᠳᠯᠠᠬᠤ ᠪᠠᠨ ᠴᠢᠩᠭᠠᠳᠬᠠᠵᠤ᠂ ᠡᠨᠧᠷᠭᠢ ᠶᠢᠨ ᠡᠬᠢ ᠪᠠᠶᠠᠯᠢᠭ᠂ ᠤᠯᠠᠨ ᠨᠡᠶᠢᠲᠡ ᠶᠢᠨ ᠪᠡᠯᠡ ᠮᠥᠩᠭᠦ᠂ ᠪᠦᠳᠦᠭᠡᠨ | ᠪᠠᠶᠢᠭᠤᠯᠤᠯᠲᠠ ᠶᠢᠨ ᠢᠨᠵᠧᠨᠧᠷᠢᠩ ᠵᠡᠷᠭᠡ ᠬᠦᠷᠢᠶᠡᠨ ᠳᠤ ᠢᠯᠡᠷᠡᠭᠦᠯᠦᠭᠰᠡᠨ ᠠᠵᠢᠯ ᠲᠦᠷᠦᠯ ᠤᠨ ᠴᠢᠨᠠᠷᠲᠠᠢ᠂ | ᠰᠢᠰᠲ᠋ᠧᠮ ᠤᠨ ᠴᠢᠨᠠᠷᠲᠠᠢ ᠠᠰᠠᠭᠤᠳᠠᠯ ᠢ ᠲᠥᠪᠯᠡᠷᠡᠭᠦᠯᠦᠨ ᠵᠠᠰᠠᠬᠤ᠂ ᠲᠤᠰᠬᠠᠢ ᠴᠡᠭᠴᠡᠯᠡᠨ ᠵᠠᠰᠠᠬᠤ ᠶᠢ ᠯᠠᠪᠳᠠᠭᠤᠨ | ᠪᠠᠲᠤᠲᠠᠢ ᠥᠷᠨᠢᠭᠦᠯᠵᠦ᠂ ᠰᠢᠰᠲ᠋ᠧᠮ ᠲᠠᠢ ᠵᠠᠰᠠᠬᠤ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ︽ᠰᠢᠨ᠎ᠡ | ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠬᠤᠯᠠ ᠶᠡᠭᠡ ᠤᠴᠢᠷ ᠶᠠᠪᠤᠳᠠᠯ ᠤᠨ ᠲᠤᠬᠠᠢ ᠵᠢᠭᠠᠪᠤᠷᠢ ᠠᠪᠴᠤ | ᠮᠡᠳᠡᠭᠦᠯᠬᠦ ᠲᠦᠷᠢᠮ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠦᠨᠡᠨ ᠦᠭᠡ ᠬᠡᠯᠡᠵᠦ᠂ ᠪᠣᠳᠠᠲᠤ ᠶᠠᠪᠤᠳᠠᠯ ᠬᠢᠵᠦ᠂ ᠦᠨᠡᠨᠴᠢ ᠰᠢᠳᠤᠷᠭᠤ ᠬᠥᠮᠦᠨ ᠪᠤᠯᠵᠤ᠂ | ᠬᠤᠪᠢ ᠬᠥᠮᠦᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠦᠨᠡᠨ ᠮᠥᠨ ᠢᠶᠠᠷ ᠨᠢ ᠮᠡᠳᠡᠭᠦᠯᠵᠦ᠂ ᠨᠠᠮ ᠳᠠᠭᠠᠨ | ᠦᠨᠡᠨᠴᠢ ᠰᠢᠳᠤᠷᠭᠤ ᠪᠠᠶᠢᠬᠤ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠺᠠᠳ᠋ᠷ ᠢ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠬᠤᠯᠪᠣᠭᠳᠠᠯ | ᠪᠦᠬᠦᠢ ᠵᠦ᠋ᠶᠢᠯᠡᠰ ᠢ ᠰᠤᠳᠤᠯᠵᠠᠢ᠃ |