ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠣᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/26
     5 ᠰᠠᠷ᠎ᠠ ᠶᠢᠨ 25 ᠤ ᠡᠳᠦᠷ᠂ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠣᠳᠠᠭᠠᠨ ᠤ ᠬᠤᠷᠠᠯ ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠵᠢᠶ ᠭᠤᠤ ᠬᠤᠷᠠᠯ ᠢ ᠡᠷᠭᠢᠯᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠶ ᠬᠠᠶ ᠿᠦᠩ᠂ ᠸᠠᠩ ᠶᠢᠨ᠂ ᠸᠧᠶ ᠠᠶ ᠯᠢᠨ᠂ ᠴᠡᠩᠬᠡᠯ᠂ ᠰᠥᠩ ᠶᠤᠸᠠᠢ ᠰᠢᠶᠠ ᠪᠣᠯᠤᠨ ᠨᠠᠷᠢᠨ ᠪᠢᠴᠢᠭ ᠤᠨ ᠳᠠᠷᠤᠭ᠎ᠠ ᠽᠦᠸᠧ ᠶᠢᠩ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠨ ᠨᠡᠶᠢᠲᠡ 33 ᠬᠥᠮᠦᠨ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠴᠢᠩ ᠳ᠋ᠦᠩ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠸᠠᠩ ᠰᠢᠶᠤᠤ ᠵᠢᠶᠦ᠋ᠨ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠲᠢᠶᠠᠨ ᠴᠧᠩ ᠵᠢᠶᠦ᠋ᠨ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠨᠥᠬᠦᠳ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠬᠤᠤ ᠰᠢ ᠬᠤᠩ ᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠶᠢᠨ ᠲᠤᠰᠢᠶᠠᠯ ᠠᠴᠠ ᠪᠠᠭᠤᠯᠭᠠᠬᠤ ᠪᠠᠷ ᠲᠤᠭᠳᠠᠪᠠ᠃ ᠭᠤᠤ ᠪᠦᠸᠧ ᠶᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠪᠠᠷ ᠲᠣᠮᠢᠯᠠᠬᠤ ᠪᠠᠷ ᠲᠣᠭᠲᠠᠪᠠ᠃ ᠬᠤᠷᠠᠯ ᠠᠴᠠ ᠪᠠᠰᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠤᠭᠳᠠᠯ ᠪᠦᠬᠦᠢ ᠰᠠᠯᠠᠭ᠎ᠠ ᠮᠥᠴᠢᠷ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ ᠤᠨ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠬᠤᠯᠪᠣᠭᠳᠠᠯ ᠪᠦᠬᠦᠢ ᠵᠦᠢᠯᠡᠰ ᠢ ᠪᠠᠲᠤᠯᠠᠪᠠ᠃      ᠬᠤᠷᠠᠯ ᠳᠡᠭᠡᠷ᠎ᠡ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠵᠤ᠂ ᠦᠨᠳᠦᠰᠦᠨ ᠬᠠᠤᠯᠢ ᠳᠤ ᠲᠠᠩᠭᠠᠷᠢᠭᠯᠠᠬᠤ ᠶᠢ ᠵᠣᠬᠢᠶᠠᠨ ᠪᠠᠶᠢᠭᠤᠯᠤᠨ ᠥᠷᠨᠢᠭᠦᠯᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠲᠠᠩᠭᠠᠷᠢᠭ ᠢᠶᠠᠨ ᠪᠠᠲᠤ ᠴᠡᠭᠡᠵᠢᠯᠡᠵᠦ᠂ ᠦᠨᠳᠦᠰᠦᠨ ᠬᠠᠤᠯᠢ ᠪᠣᠯᠤᠨ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠴᠢᠷᠮᠠᠶᠢᠨ ᠠᠵᠢᠯᠯᠠᠵᠤ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠦᠷᠭᠦᠯᠵᠢᠯᠡᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠷᠢᠭᠤᠨ ᠴᠢᠬᠡᠴᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号