ᠬᠤᠳᠠ ᠶᠢᠨ ᠵᠠᠰᠠᠭ ᠤᠨ ᠣᠷᠳᠣᠨ ᠤ 2023 ᠣᠨ ᠤ 13 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/30
     5 ᠰᠠᠷ᠎ᠠ ᠶᠢᠨ 29 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠤᠳᠠ ᠶᠢᠨ ᠵᠠᠰᠠᠭ ᠤᠨ ᠣᠷᠳᠣᠨ ᠤ 2023 ᠣᠨ ᠤ 13 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ — ᠳᠤᠮᠳᠠᠳᠤ ᠠᠽᠢᠶ᠎ᠠ ᠶᠢᠨ ᠲᠦᠷᠦᠭᠦᠴᠦᠳ ᠤᠨ ᠬᠤᠷᠠᠯ ᠳᠡᠭᠡᠷᠡᠬᠢ ᠭᠤᠣᠯ ᠵᠤᠷᠢᠯᠳᠠᠳᠤ ᠶᠠᠷᠢᠶ᠎ᠠ ᠪᠣᠯᠤᠨ ᠱᠠᠨᠰᠢ ᠮᠤᠵᠢ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ᠂ ᠬᠤᠷᠢᠳᠤᠭᠠᠷ ᠬᠤᠭᠤᠴᠠᠭᠠᠨ ᠤ ᠲᠥᠪ ᠤᠨ ᠬᠢᠨᠠᠨ ᠪᠤᠳᠤᠬᠤ ᠬᠤᠷᠢᠶᠠᠨ ᠤ ᠠᠩᠬᠠᠳᠤᠭᠠᠷ ᠣᠳᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠱᠠᠩᠬᠠᠢ ᠬᠤᠳᠠ ᠶᠢᠨ ᠬᠤᠩ ᠺᠸᠤ ᠲᠣᠭᠤᠷᠢᠭ ᠤᠨ ᠵᠢᠶᠠ ᠰᠢᠩ ᠵᠠᠮ ᠤᠨ ᠵᠡᠭᠡᠯᠢ ᠭᠤᠳᠤᠮᠵᠢ ᠶᠢᠨ ᠬᠤᠭ ᠨᠣᠪᠰᠢ ᠶᠢ ᠲᠦᠷᠦᠯ ᠬᠤᠪᠢᠶᠠᠬᠤ ᠰᠠᠶᠢᠨ ᠲᠤᠷᠠᠴᠤᠳ ᠲᠤ ᠦᠭᠭᠦᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠳᠠ ᠶᠢᠨ ᠰᠢᠨᠡᠴᠢᠯᠡᠯᠲᠡ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ᠂ ᠭᠠᠳᠠᠭᠠᠳᠤ ᠨᠡᠬᠡᠬᠡᠯᠳᠡ ᠶᠢ ᠥᠷᠭᠡᠳᠬᠡᠬᠦ ᠵᠡᠷᠭᠡ ᠡᠯ᠎ᠡ ᠵᠦᠢᠯ ᠤᠨ ᠠᠵᠢᠯ  ᠢᠶᠠᠨ ᠨᠠᠷᠢᠨ ᠬᠢᠨᠠᠮᠠᠭᠠᠢ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠯᠬᠤᠮ ᠢ ᠠᠯᠬᠤᠬᠤ ᠶᠢ ᠠᠬᠢᠭᠤᠯᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠬᠢᠨᠠᠨ ᠪᠤᠳᠤᠬᠤ ᠠᠵᠢᠯ ᠤᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠬᠢᠨᠠᠨ ᠪᠤᠳᠤᠬᠤ ᠥᠷᠭᠡᠴᠡ ᠪᠠ ᠭᠦᠨᠴᠡ ᠪᠠᠨ ᠲᠠᠰᠤᠷᠠᠯᠲᠠ ᠦᠭᠡᠢ ᠥᠷᠭᠡᠳᠬᠡᠵᠦ᠂ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠳᠬᠤᠵᠤ᠂ ᠺᠠᠳ᠋ᠷᠴᠤᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠴᠢᠩᠭ᠎ᠠ ᠠᠩᠬᠠᠷᠴᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠩᠬᠠᠷᠴᠤ᠂ ᠬᠦᠴᠦᠲᠡᠢ ᠪᠦᠲᠦᠮᠵᠢᠲᠡᠢ ᠬᠢᠨᠠᠨ ᠪᠤᠳᠤᠬᠤ ᠬᠢᠨᠠᠯᠲᠠ ᠲᠠᠯᠪᠢᠯᠲᠠ ᠪᠠᠷ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠢᠶᠠᠨ ᠦᠷᠭᠦᠯᠵᠢᠯᠡᠨ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠪᠠᠨ ᠴᠢᠩᠭᠠᠳᠬᠠᠨ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠᠨ ᠪᠦᠷᠢᠨᠰᠢᠬᠦᠯᠵᠦ᠂ ᠤᠬᠠᠭᠤᠯᠵᠤ ᠬᠥᠲᠥᠯᠦᠨ ᠵᠢᠯᠣᠭᠤᠳᠬᠤ ᠪᠠᠨ ᠴᠢᠩᠭᠠᠳᠬᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠤᠯᠠᠨ ᠡᠰᠢᠴᠢᠯᠡᠭᠰᠡᠨ ᠪᠡᠯᠡ ᠣᠷᠣᠭᠤᠯᠤᠯᠲᠠ ᠶᠢᠨ ᠵᠠᠭᠪᠤᠷ ᠢ ᠰᠦᠪᠡᠭᠴᠢᠯᠡᠨ ᠪᠠᠶᠢᠭᠤᠯᠵᠤ᠂ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ᠂ ᠲᠦᠬᠦᠮ ᠪᠦᠳᠦᠴᠡᠳᠦ ᠣᠷᠣᠨ ᠰᠠᠭᠤᠴᠠᠲᠤ ᠲᠣᠭᠤᠷᠢᠭ ᠤᠨ ᠣᠷᠣᠨ ᠰᠠᠭᠤᠴᠠ ᠶᠢᠨ ᠥᠭᠡᠷᠡᠴᠢᠯᠡᠯᠲᠡ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ᠂ ᠭᠠᠵᠠᠷ ᠳᠣᠣᠷᠠᠬᠢ ᠬᠤᠭᠤᠯᠠᠢ ᠲᠣᠣᠷ ᠤᠨ ᠥᠭᠡᠷᠡᠴᠢᠯᠡᠯᠲᠡ ᠵᠡᠷᠭᠡ ᠲᠠᠯ᠎ᠠ ᠪᠠᠷ ᠦᠷᠭᠦᠯᠵᠢᠯᠡᠨ ᠪᠣᠭᠤᠮᠲᠠ ᠰᠢᠪᠲᠤᠯᠤᠨ ᠬᠦᠴᠦᠯᠡᠵᠦ᠂ ᠬᠤᠳᠠ ᠶᠢᠨ ᠴᠢᠳᠠᠪᠬᠢ ᠶᠢᠨ ᠦᠢᠯᠡᠴᠢᠯᠡᠭᠡᠨ ᠤ ᠳᠤᠲᠠᠭᠤᠳᠠᠯ ᠢᠶᠠᠨ ᠴᠢᠨᠠᠭᠰᠢᠳᠠ ᠨᠥᠬᠦᠪᠥᠷᠢᠯᠡᠵᠦ᠂ ᠬᠤᠳᠠ ᠶᠢᠨ ᠬᠥᠭᠵᠢᠯᠲᠡ ᠶᠢᠨ ᠴᠢᠳᠠᠪᠬᠢ ᠳᠡᠰ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号