ᠬᠤᠳᠠ ᠶᠢᠨ ᠵᠠᠰᠠᠭ ᠤᠨ ᠣᠷᠳᠣᠨ ᠤ 2023 ᠣᠨ ᠤ ᠠᠷᠪᠠᠨ ᠨᠢᠭᠡᠳᠦᠭᠡᠷ ᠣᠳᠠᠭᠠᠨ ᠤ ᠪᠠᠶᠢᠩᠭᠤ ᠶᠢᠨ ᠬᠤᠷᠠᠯ ᠵᠢᠴᠢ ᠬᠤᠳᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ ᠣᠳᠠᠭᠠᠨ ᠤ ᠪᠦᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/4
     4 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2023 ᠣᠨ ᠤ ᠠᠷᠪᠠᠨ ᠨᠢᠭᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭᠠᠨ ᠤ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠵᠤ᠂ ᠶᠠᠨ ᠠᠨ ᠤ ᠬᠤᠶᠠᠷ ᠢ ᠬᠦᠷᠢᠶᠡᠯᠡᠬᠦ ᠬᠥᠳᠡᠯᠭᠡᠭᠡᠨ ᠤ 80 ᠵᠢᠯ ᠤᠨ ᠣᠶ ᠶᠢ ᠳᠤᠷᠠᠰᠬᠠᠬᠤ ᠶᠠᠷᠢᠯᠴᠠᠬᠤ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠪᠠ ᠠᠮᠢ ᠠᠬᠤᠶ ᠣᠷᠴᠢᠨ ᠲᠣᠭᠤᠷᠢᠨ ᠤ ᠶᠠᠮᠤᠨ ᠤ ᠤᠮᠠᠷᠠᠲᠤ ᠶᠢᠨ ᠰᠢᠮᠳᠠᠭᠤᠯᠤᠨ ᠪᠠᠶᠢᠴᠠᠭᠠᠬᠤ ᠲᠤᠪᠴᠢᠶᠠᠨ ᠤ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠬᠤᠶᠠᠷ ᠢ ᠬᠦᠷᠢᠶᠡᠯᠡᠬᠦ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ ︽ᠦᠬᠠᠶ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠵᠢᠯ ᠤᠨ ᠭᠤᠤᠯᠳᠠᠯᠭ᠎ᠠ︾ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠴᠡᠷᠢᠭ ᠢᠶᠠᠨ ᠬᠦᠷᠢᠶᠡᠯᠡᠨ ᠡᠮᠦᠨ᠎ᠡ ᠹᠷᠣᠨᠲ ᠢ ᠲᠡᠮᠵᠢᠬᠦ᠂ ᠴᠡᠷᠢᠭ ᠠᠩᠭᠢ ᠪᠠ ᠣᠷᠣᠨ ᠨᠤᠲᠤᠭ ᠤᠨ ᠵᠣᠬᠢᠴᠠᠭᠤᠯᠬᠤ ᠲᠣᠭᠲᠠᠴᠠ ᠪᠠᠨ ᠤᠯᠠᠮ ᠨᠢᠭᠡ ᠠᠯᠬᠤᠮ ᠪᠦᠷᠢᠨᠰᠢᠭᠦᠯᠵᠦ᠂ ᠴᠡᠷᠢᠭ ᠠᠩᠭᠢ ᠪᠠ ᠣᠷᠣᠨ ᠨᠤᠲᠤᠭ ᠤᠨ ᠬᠠᠷᠢᠯᠴᠠᠨ ᠪᠣᠳᠠᠲᠤ ᠶᠠᠪᠤᠳᠠᠯ ᠬᠢᠬᠦ ︽ᠬᠤᠣᠰ ᠨᠠᠷᠢᠨ ᠲᠠᠩᠰᠠ︾ ᠶᠢᠨ ᠲᠦᠷᠢᠮ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ᠂ ᠠᠰᠠᠷᠠᠮᠵᠢ ᠬᠠᠷᠠᠭᠠᠯᠵᠠᠯ ᠦᠵᠡᠭᠦᠯᠬᠦ᠂ ᠰᠠᠶᠢᠰᠢᠶᠠᠨ ᠳᠤᠷᠠᠰᠬᠠᠬᠤ ᠵᠡᠷᠭᠡ ᠠᠵᠢᠯ ᠢᠶᠠᠨ ᠬᠢᠨᠠᠮᠠᠭᠠᠶ ᠰᠠᠶᠢᠲᠤᠷ ᠬᠢᠵᠦ᠂ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠰᠠᠭᠤᠷᠢ ᠪᠠᠨ ᠯᠠᠪᠳᠠᠭᠤᠨ ᠪᠠᠲᠤᠲᠠᠶ ᠪᠠᠬᠢᠵᠢᠭᠦᠯᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠥᠬᠡᠶ ᠪᠠᠬᠢᠵᠢᠭᠦᠯᠦᠨ ᠬᠥᠭᠵᠢᠭᠦᠯᠬᠦ ᠬᠡᠷᠡᠭᠲᠡᠶ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠪᠠ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠤᠮᠠᠷᠠᠲᠤ ᠶᠢᠨ ᠰᠢᠮᠳᠠᠭᠤᠯᠤᠨ ᠪᠠᠶᠢᠴᠠᠭᠠᠬᠤ ᠲᠤᠪᠴᠢᠶᠠᠨ ᠤ ᠰᠢᠮᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠶᠢ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠬᠤᠳᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠠᠬᠢᠴᠠ ᠪᠠᠨ ᠲᠦᠷᠭᠡᠳᠬᠡᠵᠦ᠂ ᠡᠯ᠎ᠡ ᠲᠦᠷᠦᠯ ᠤᠨ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠶᠡᠭᠡ ᠲᠠᠯ᠎ᠠ ᠳᠤ ᠦᠢᠯᠡᠴᠢᠯᠡᠵᠦ᠂ ᠭᠠᠳᠠᠭᠠᠳᠤ ᠠᠷᠠᠯᠵᠢᠶ᠎ᠠ ᠶᠢ ᠥᠷᠭᠡᠳᠬᠡᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ ᠬᠦᠴᠦ ᠣᠷᠣᠭᠤᠯᠵᠤ᠂ ᠭᠠᠳᠠᠭᠠᠳᠤ ᠪᠡᠯᠡ ᠶᠢ ᠲᠠᠲᠠᠬᠤ ᠲᠠᠯ᠎ᠠ ᠪᠠᠷ ᠪᠣᠭᠤᠮᠲᠠ ᠰᠢᠪᠲᠤᠯᠤᠨ ᠬᠦᠴᠦᠯᠡᠵᠦ᠂ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ︽5.1︾ ᠤ ᠪᠠᠶᠠᠷ ᠤᠨ ᠡᠳᠦᠷ ᠤᠨ ᠬᠤᠭᠤᠴᠠᠭᠠᠨ ᠳᠠᠬᠢ ᠭᠤᠣᠯᠳᠠᠯᠭ᠎ᠠ ᠲᠠᠢ ᠠᠵᠢᠯ  ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠦᠬᠠᠢ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠺᠣᠮᠢᠰᠰᠠᠷ ᠿᠣᠣ ᠴᠥᠩ ᠱᠤ᠋ ᠤᠷᠢᠯᠭ᠎ᠠ ᠪᠠᠷ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号