ᠦᠪᠡᠷᠳᠡᠭᠡᠨ ᠰᠤᠷᠬᠤ ᠶᠢᠨ ᠠᠷᠭ᠎ᠠ ᠪᠠᠷᠢᠯ
ᠨᠡᠶᠢᠲᠡᠯᠡᠭᠰᠡᠨ ᠴᠠᠭ᠄
2023/5/8
     ᠦᠪᠡᠷᠳᠡᠭᠡᠨ ᠰᠤᠷᠤᠯᠴᠠᠬᠤ ᠨᠢ ᠴᠢᠳᠠᠪᠤᠷᠢᠳᠠᠨ ᠪᠤᠯᠬᠤ ᠶᠢᠨ ᠴᠢᠬᠤᠯᠠ ᠨᠦᠬᠦᠴᠡᠯ ᠪᠤᠯᠤᠨ᠎ᠠ᠃      ᠤᠴᠢᠷ ᠨᠢ᠄      1.ᠴᠠᠭ ᠤᠨ ᠲᠠᠯ᠎ᠠ ᠪᠠᠷ᠂ ᠦᠪᠡᠷᠳᠡᠭᠡᠨ ᠰᠤᠷᠤᠯᠴᠠᠬᠤ ᠨᠢ ᠨᠠᠰᠤᠨ ᠲᠤᠷᠰᠢᠳᠠ ᠶᠢᠨ ᠰᠤᠷᠤᠯᠭ᠎ᠠ ᠪᠤᠯᠤᠨ᠎ᠠ᠃ ᠬᠦᠮᠦᠨ ᠤ ᠮᠡᠳᠡᠯᠭᠡ ᠶᠢᠨ ᠵᠠᠭᠤᠨ ᠤ ᠭᠤᠴᠢ ᠨᠢ ᠰᠤᠷᠭᠠᠭᠤᠯᠢ ᠳᠤ ᠰᠤᠷᠤᠯᠴᠠᠬᠤ ᠵᠢᠩᠭᠢᠨᠢ ᠰᠤᠷᠭᠠᠨ ᠬᠦᠮᠦᠵᠢᠯ  ᠢᠶᠠᠷ ᠡᠵᠡᠮᠰᠢᠳᠡᠭ᠃ ᠶᠡᠬᠡᠩᠭᠢ ᠶᠢ ᠬᠠᠰᠢᠯᠠ ᠠᠵᠢᠯ ᠰᠤᠷᠤᠯᠭ᠎ᠠ ᠶᠢᠨ ᠲᠤᠮᠳᠠ ᠡᠵᠡᠮᠰᠢᠭᠳᠡᠳᠡᠭ᠃ ᠤᠳᠤ ᠦᠶ᠎ᠡ ᠶᠢᠨ ᠰᠤᠷᠭᠠᠨ ᠬᠦᠮᠦᠵᠢᠯ ᠪᠤᠯ ᠨᠠᠰᠤᠨ ᠲᠤᠷᠰᠢᠳᠠ ᠶᠢᠨ ᠰᠤᠷᠭᠠᠨ ᠬᠦᠮᠦᠵᠢᠯ ᠤᠯᠠᠮᠵᠢᠯᠠᠯᠳᠤ ᠰᠤᠷᠭᠠᠨ ᠬᠦᠮᠦᠵᠢᠯ ᠢ ᠤᠷᠤᠯᠠᠬᠤ ᠨᠢᠭᠡ ᠯᠡ ᠲᠡᠭᠡᠷ᠎ᠡ ᠪᠡᠶᠡᠯᠡᠭᠳᠡᠬᠦ ᠰᠤᠷᠭᠠᠨ ᠬᠦᠮᠦᠵᠢᠯ ᠪᠤᠯᠤᠨ᠎ᠠ᠃ ᠦᠪᠡᠰᠦᠪᠡᠨ ᠰᠤᠷᠬᠤ ᠨᠢ ᠨᠠᠰᠤᠨ ᠲᠤᠷᠰᠢᠳᠠ ᠶᠢᠨ ᠰᠤᠷᠭᠠᠨ ᠬᠦᠮᠦᠵᠢᠯ ᠤᠨ ᠠᠷᠭ᠎ᠠ ᠪᠠᠷᠢᠯ ᠤᠨ ᠨᠢᠭᠡ ᠨᠢ ᠪᠤᠯᠬᠤ ᠶᠤᠮ᠃      2.ᠬᠠᠷᠠᠯᠳᠠ ᠶᠢᠨ ᠲᠠᠯ᠎ᠠ ᠪᠠᠷ᠂ ᠦᠪᠡᠰᠦᠪᠡᠨ ᠰᠤᠷᠬᠤ ᠨᠢ ᠤᠯᠠᠨ ᠲᠠᠯ᠎ᠠ ᠪᠠᠷ ᠮᠡᠷᠭᠡᠵᠢᠬᠦ ᠲᠡᠰᠢ ᠬᠦᠭᠵᠢᠵᠤ ᠪᠠᠶᠢᠨ᠎ᠠ᠃ ᠡᠭᠦᠨ ᠳᠤ ︽ᠬᠦᠳᠡᠯᠮᠦᠷᠢ ᠶᠢᠨ ᠶᠢᠷᠳᠢᠨᠴᠦ ᠳᠤ ᠴᠢᠭᠯᠡᠬᠦ︾ ᠨᠢ ᠰᠤᠷᠭᠠᠨ ᠬᠦᠮᠦᠵᠢᠯ ᠤᠨ ᠬᠦᠭᠵᠢᠯᠳᠠ  ᠶᠢᠨ ᠲᠡᠯᠡᠬᠡᠢ ᠨᠡᠶᠢᠳᠡ ᠶᠢᠨ ᠬᠠᠨᠳᠤᠰᠢ ᠪᠤᠯᠵᠤ ᠪᠠᠶᠢᠨ᠎ᠠ᠃ ᠤᠳᠤ ᠦᠶ᠎ᠡ ᠶᠢᠨ ᠰᠢᠨᠵᠢᠯᠡᠬᠦ ᠤᠬᠠᠭᠠᠨ ᠤ ᠨᠢᠰᠬᠦ ᠬᠦᠭᠵᠢᠯᠳᠡ ᠨᠢ ᠬᠦᠮᠦᠰ ᠤᠨ ᠨᠡᠩ ︽ᠦᠷᠭᠡᠨ ᠮᠡᠳᠡᠯᠭᠡ ᠪᠠᠷ ᠦᠭᠡᠳᠡᠯᠡᠬᠦ︾ ᠶᠢ ᠱᠠᠭᠠᠷᠳᠠᠵᠤ ᠪᠠᠶᠢᠬᠤ ᠪᠠᠷ ᠪᠠᠷᠬᠤ ᠦᠭᠡᠢ᠂ ᠰᠡᠳᠭᠢᠵᠤ ᠪᠤᠳᠤᠬᠤ᠂ ᠵᠢᠷᠤᠵᠤ ᠲᠦᠯᠦᠪᠯᠡᠬᠦ᠂ ᠡᠭᠦᠳᠦᠨ ᠪᠦᠳᠦᠭᠡᠭᠦ᠂ ᠬᠠᠮᠢᠶᠠᠷᠴᠤ ᠲᠤᠳᠠᠮᠳᠠᠬᠤ᠂ ᠵᠠᠳᠠᠯᠤᠨ ᠰᠢᠨᠵᠢᠯᠡᠬᠦ ᠴᠢᠳᠠᠪᠤᠷᠢ ᠬᠢᠭᠡᠳ ᠠᠰᠠᠭᠤᠳᠠᠯ ᠰᠢᠢᠳᠪᠦᠷᠢᠯᠡᠬᠦ ᠴᠢᠳᠠᠪᠤᠷᠢ ᠲᠠᠢ ᠪᠤᠯᠬᠤ ᠶᠢ ᠴᠢᠬᠤᠯᠠᠴᠢᠯᠠᠵᠤ ᠪᠤᠢ᠃      3.ᠬᠤᠵᠢᠮ ᠤᠨ ᠦᠪᠡᠰᠦᠪᠡᠨ ᠰᠤᠷᠬᠤ ᠰᠤᠷᠤᠯᠭ᠎ᠠ ᠶᠢᠨ ᠲᠠᠯ᠎ᠠ ᠪᠠᠷ᠂ ᠦᠯᠡᠮᠵᠢ ᠪᠠᠶᠠᠯᠢᠭ ᠡᠷᠳᠡᠮ ᠮᠡᠳᠡᠯᠭᠡ  ᠲᠠᠢ᠂ ᠪᠤᠳᠤᠵᠤ ᠰᠡᠳᠭᠢᠭᠦ ᠳᠡᠭᠡᠨ ᠴᠢᠳᠠᠮᠠᠭᠠᠢ ᠪᠦᠭᠡᠳ ᠠᠰᠠᠭᠤᠳᠠᠯ ᠰᠢᠢᠳᠪᠦᠷᠢᠯᠡᠬᠦ ᠵᠡᠷᠭᠡ ᠤᠯᠠᠨ ᠲᠠᠯ᠎ᠠ ᠶᠢᠨ ᠴᠢᠳᠠᠪᠤᠷᠢ ᠲᠠᠢ ᠬᠦᠮᠦᠨ ᠪᠤᠯᠤᠨ ᠬᠦᠮᠦᠵᠢᠭᠳᠡᠬᠦ ᠪᠠᠷ ᠬᠠᠷᠠᠯᠳᠠ ᠪᠠᠨ ᠪᠤᠯᠭᠠᠪᠠᠯ ᠵᠤᠬᠢᠨ᠎ᠠ᠃      4.ᠤᠳᠤᠬᠠᠨ ᠳᠤ᠂ ᠮᠡᠳᠡᠭᠡ ᠵᠠᠩᠭᠢ ᠶᠢᠨ ᠬᠡᠮᠵᠢᠶ᠎ᠡ ᠠᠶᠢᠬᠤᠪᠳᠤᠷ ᠲᠦᠷᠭᠡᠨ ᠬᠦᠭᠵᠢᠵᠤ ᠪᠠᠶᠢᠨ᠎ᠠ᠃ ᠦᠪᠡᠷᠳᠡᠭᠡᠨ ᠰᠤᠷᠬᠤ ᠳᠤ ᠰᠤᠷᠤᠯᠭ᠎ᠠ ᠶᠢᠨ ᠲᠠᠯ᠎ᠠ ᠪᠠᠷ ᠬᠦᠨᠳᠡᠯᠦᠨ ᠬᠤᠯᠪᠤᠭᠠᠯᠠᠯ ᠲᠠᠢ ᠰᠤᠷᠤᠯᠭ᠎ᠠ ᠪᠠ ᠬᠤᠵᠢᠮ ᠢ ᠪᠤᠳᠤᠯᠬᠢᠯᠠᠬᠤ ᠭᠤᠣᠯᠲᠤ ᠴᠢᠭᠯᠡᠯᠳᠦ ᠰᠤᠷᠤᠯᠭ᠎ᠠ ᠶᠢ ᠴᠢᠬᠤᠯᠠᠴᠢᠯᠠᠬᠤ ᠨᠢ ᠲᠠᠮᠵᠢᠭ ᠦᠭᠡᠢ᠃ ᠡᠭᠦᠨ ᠠᠴᠠ ᠦᠵᠡᠬᠦᠯ᠎ᠡ ᠡᠯ᠎ᠡ ᠲᠤᠰᠬᠠᠢ ᠰᠢᠨᠵᠢᠯᠡᠭᠡᠨ ᠤ ᠰᠠᠯᠠᠭ᠎ᠠ ᠬᠤᠭᠤᠷᠤᠨᠳᠤ ᠪᠠᠨ ᠨᠡᠪᠴᠢᠭᠰᠡᠨ ᠪᠦᠭᠡᠳ ᠨᠢᠭᠳᠠ ᠬᠤᠯᠪᠤᠭᠳᠠᠯ ᠲᠠᠢ ᠰᠤᠷᠤᠯᠭ᠎ᠠ ᠶᠢ ᠴᠢᠬᠤᠯᠴᠢᠯᠠᠬᠤ ᠪᠤᠯᠤᠨ᠎ᠠ᠃      5.ᠠᠷᠭ᠎ᠠ ᠪᠠᠷᠢᠯ ᠤᠨ ᠲᠠᠯ᠎ᠠ ᠪᠠᠷ ᠲᠧᠭᠨᠢᠭ ᠮᠡᠷᠭᠡᠵᠢᠯ ᠬᠡᠷᠡᠭᠯᠡᠬᠦ ᠪᠠᠷ ᠭᠤᠥᠯ ᠪᠤᠯᠭᠠᠨ᠎ᠠ᠃      6.ᠬᠤᠪᠢᠷᠠᠯᠳᠠ ᠶᠢᠨ ᠲᠠᠯ᠎ᠠ ᠪᠠᠷ᠂ ᠦᠪᠡᠰᠦᠪᠡᠨ ᠰᠤᠷᠬᠤ ᠳᠤ ᠭᠡᠷ ᠪᠦᠯᠢ ᠪᠠᠷ ᠬᠢᠴᠢᠶᠠᠯ ᠤᠨ ᠲᠠᠩᠭᠢᠮ ᠪᠤᠯᠭᠠᠵᠤ ᠪᠤᠯᠤᠨ᠎ᠠ᠃
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号