ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠦᠬᠠᠶ ᠬᠤᠲᠠ ᠶᠢᠨ ᠭᠡᠨᠡᠳᠲᠡ ᠡᠭᠦᠰᠦᠭᠰᠡᠨ ᠠᠮᠢᠲᠠᠨ ᠤ | ᠬᠦᠨᠳᠦ ᠶᠡᠭᠡ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵2023 ᠣᠨ ᠤ ᠬᠡᠪᠯᠡᠯ︶ ᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | ᠦᠬᠠᠶ ᠵᠠᠰᠠᠭ ᠲᠠᠷᠬᠠᠭᠠᠭᠰᠠᠨ︹2020︺3 ᠳ᠋ᠤᠭᠠᠷ ᠲᠣᠭᠠᠲᠤ | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠡᠳᠦᠭᠡ ︽ᠦᠬᠠᠶ ᠬᠤᠲᠠ ᠶᠢᠨ ᠭᠡᠨᠡᠳᠳᠡ ᠡᠭᠦᠰᠦᠭᠰᠡᠨ ᠠᠮᠢᠲᠠᠨ ᠤ ᠬᠦᠨᠳᠦ ᠶᠡᠭᠡ ᠬᠢᠵᠢᠭ ᠤᠨ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵2023 ᠣᠨ ᠤ ᠬᠡᠪᠯᠡᠯ︶︾ ᠢ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | 2023 ᠣᠨ ᠤ 2 ᠰᠠᠷ᠎ᠠ ᠶᠢᠨ 10 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠠᠨᠡ︶ | ᠦᠬᠠᠶ ᠬᠤᠲᠠ ᠶᠢᠨ ᠭᠡᠨᠡᠳᠳᠡ ᠡᠭᠦᠰᠦᠭᠰᠡᠨ ᠠᠮᠢᠲᠠᠨ ᠤ ᠬᠦᠨᠳᠦ ᠶᠡᠭᠡ ᠬᠢᠵᠢᠭ ᠤᠨ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ | 1 ᠶᠡᠷᠦᠩᠭᠡᠢ ᠳᠥᠷᠢᠮ | 1.1 ᠨᠡᠶᠢᠷᠡᠭᠤᠯᠥᠨ ᠵᠤᠬᠢᠶ᠋ᠬᠠᠰᠠᠨ ᠵᠣᠷᠢᠯᠭ᠎ᠠ | ᠭᠡᠨᠡᠳᠳᠡ ᠡᠭᠦᠰᠦᠭᠰᠡᠨ ᠠᠮᠢᠲᠠᠨ ᠤ ᠬᠦᠨᠳᠦ ᠶᠡᠭᠡ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠬᠤ | ᠲᠣᠭᠲᠠᠴᠠ ᠪᠠᠨ ᠪᠠᠶᠢᠭᠤᠯᠤᠨ ᠪᠦᠷᠢᠨᠰᠢᠭᠦᠯᠵᠦ᠂ ᠭᠡᠨᠡᠳᠳᠡ ᠡᠭᠦᠰᠦᠭᠰᠡᠨ ᠠᠮᠢᠲᠠᠨ ᠤ ᠬᠦᠨᠳᠦ ᠶᠡᠭᠡ ᠬᠢᠵᠢᠭ ᠤᠨ | ᠪᠠᠶᠢᠳᠠᠯ ᠢ ᠰᠡᠷᠭᠡᠶᠢᠯᠡᠬᠦ᠂ ᠡᠵᠡᠮᠳᠡᠬᠦ ᠪᠠ ᠤᠰᠠᠳᠬᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠡᠨᠡᠳᠳᠡ | ᠡᠭᠦᠰᠦᠭᠰᠡᠨ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠤᠨ ᠲᠡᠵᠢᠭᠡᠨ ᠦᠷᠡᠵᠢᠭᠦᠯᠬᠦ ᠦᠢᠯᠡᠰ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠵᠢᠴᠢ ᠣᠯᠠᠨ ᠨᠡᠶᠢᠲᠡ ᠶᠢᠨ ᠡᠷᠡᠭᠦᠯ ᠮᠡᠨᠳᠦ ᠳᠤ | ᠤᠴᠠᠷᠠᠭᠤᠯᠬᠤ ᠬᠤᠣᠷ ᠬᠥᠨᠥᠭᠡᠯ ᠢ ᠴᠢᠩᠭ᠎ᠠ ᠡᠵᠡᠮᠳᠡᠬᠦ ᠪᠠ ᠪᠠᠭᠠᠰᠬᠠᠵᠤ᠂ ᠠᠷᠠᠳ ᠣᠯᠠᠨ ᠤ ᠪᠡᠶ᠎ᠡ ᠮᠠᠬᠠᠪᠣᠳ ᠤᠨ | ᠡᠷᠡᠭᠦᠯ ᠴᠢᠭᠢᠷᠠᠭ ᠢ ᠬᠠᠮᠠᠭᠠᠯᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠬᠠᠮᠠᠭᠠᠯᠠᠵᠤ᠂ | ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠪᠠᠲᠤᠯᠠᠭ᠎ᠠ | ᠬᠠᠩᠭᠠᠨ᠎ᠠ᠃ | 1.2 ᠨᠡᠶᠢᠷᠡᠭᠤᠯᠥᠨ ᠵᠤᠬᠢᠶ᠋ᠬᠠᠰᠠᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ︾ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠪᠠᠷ ᠣᠷᠣᠭᠤᠯᠵᠤ ᠭᠠᠷᠭᠠᠬᠤ ᠠᠮᠢᠲᠠᠨ | ᠤᠷᠭᠤᠮᠠᠯ ᠤᠨ ᠬᠢᠵᠢᠭ ᠢ ᠪᠠᠶᠢᠴᠠᠭᠠᠬᠤ ᠬᠠᠤᠯᠢ︾︽ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠢ ᠠᠷᠭᠠᠴᠠᠭᠠᠬᠤ | ᠲᠦᠷᠢᠮ︾︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠢ ᠰᠡᠷᠭᠡᠶᠢᠯᠡᠬᠦ ᠲᠦᠷᠢᠮ︾ | ︽ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠶᠢᠨ ᠠᠷᠭ᠎ᠠ︾ | ︽ᠤᠯᠤᠰ ᠤᠨ ᠭᠡᠨᠡᠳᠲᠡ ᠡᠭᠦᠰᠬᠦ ᠠᠮᠢᠳᠡᠨ ᠤ ᠬᠦᠨᠲᠤ ᠶᠡᠭᠡ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠦᠯ︾︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠡᠬᠦᠰᠬᠦ ᠬᠡᠷᠡᠭ ᠤᠨ | ᠪᠠᠴᠢᠮ ᠪᠠᠶᠢᠳᠠᠯ ᠢ ᠶᠡᠷᠦᠩᠬᠡᠶᠢᠯᠡᠨ ᠠᠷᠭᠠᠴᠠᠭᠠᠬᠤ ᠪᠡᠯᠡᠳᠬᠡᠯ ᠲᠥᠰᠦᠯ ︵ᠲᠤᠷᠰᠢᠨ ᠬᠡᠷᠡᠭᠵᠢᠭᠦᠯᠬᠦ︶︾ ᠵᠡᠷᠭᠡ ᠬᠠᠤᠯᠢ | ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠢ ᠦᠨᠳᠦᠰᠦᠯᠡᠪᠡ᠃ | 1.3 ᠬᠡᠷᠡᠭᠯᠡᠬᠦ ᠬᠡᠪᠴᠢᠶ᠎ᠡ | ᠲᠣᠰ ᠪᠡᠯᠡᠳᠬᠡᠯ ᠲᠥᠰᠦᠯ ᠨᠢ ᠦᠬᠠᠶ ᠬᠤᠲᠠ ᠶᠢᠨ ᠵᠠᠰᠠᠭ ᠵᠠᠬᠢᠷᠭᠠᠨ ᠤ ᠣᠷᠣᠨ ᠳᠤ ᠭᠡᠨᠡᠳᠲᠡ ᠡᠭᠦᠰᠴᠦ᠂ | ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠬᠦᠨᠳᠦ ᠨᠣᠴᠢᠲᠠᠶ ᠬᠤᠬᠢᠷᠠᠯ ᠤᠴᠠᠷᠠᠭᠤᠯᠤᠭᠰᠠᠨ ᠪᠤᠶᠤ ᠨᠡᠶᠢᠭᠡᠮ ᠤᠨ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠪᠣᠯᠤᠨ ᠣᠯᠠᠨ ᠨᠡᠶᠢᠲᠡ ᠶᠢᠨ ᠡᠷᠡᠭᠦᠯ ᠮᠡᠨᠳᠦ ᠶᠢ | ᠬᠦᠨᠳᠦ ᠨᠣᠴᠢᠲᠠᠶ ᠬᠤᠬᠢᠷᠠᠭᠤᠯᠤᠭᠰᠠᠨ ᠠᠮᠢᠲᠠᠨ ᠤ ᠬᠦᠨᠳᠦ ᠶᠡᠭᠡ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠠᠵᠢᠯ ᠳᠤ ᠲᠣᠬᠢᠷᠠᠨ᠎ᠠ᠃ | 1.4 ᠠᠵᠢᠯ ᠤᠨ ᠵᠠᠷᠴᠢᠮ | ︵1︶ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ | ᠡᠵᠡᠮᠳᠡᠬᠦ ᠬᠡᠷᠡᠭᠲᠡᠢ᠃ ᠰᠡᠷᠭᠡᠶᠢᠯᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠰᠡᠷᠭᠡᠶᠢᠯᠡᠬᠦ ᠪᠠ ᠡᠵᠡᠮᠳᠡᠬᠦ᠂ | ᠴᠡᠪᠡᠷᠰᠢᠭᠦᠯᠬᠦ᠂ ᠣᠰᠠᠳᠬᠠᠬᠤ ᠶᠢ ᠬᠠᠷᠢᠯᠴᠠᠨ ᠤᠶᠠᠯᠳᠤᠭᠤᠯᠵᠤ᠂ ᠠᠮᠢᠲᠠᠨ ᠤ ᠬᠢᠵᠢᠭ ᠢ ᠰᠡᠷᠭᠡᠶᠢᠯᠡᠬᠦ ᠮᠡᠳᠡᠯᠭᠡ ᠶᠢᠨ | ᠤᠬᠠᠭᠤᠯᠭ᠎ᠠ ᠪᠠᠨ ᠴᠢᠩᠭᠠᠳᠬᠠᠵᠤ᠂ ᠪᠦᠬᠦ ᠨᠡᠶᠢᠭᠡᠮ ᠤᠨ ᠭᠡᠨᠡᠳᠲᠡ ᠡᠭᠦᠰᠬᠦ ᠠᠮᠢᠲᠠᠨ ᠤ ᠬᠦᠨᠳᠦ ᠶᠡᠭᠡ ᠬᠢᠵᠢᠭ ᠤᠨ | ᠪᠠᠶᠢᠳᠠᠯ ᠢ ᠰᠡᠷᠭᠡᠶᠢᠯᠡᠬᠦ ᠦᠵᠡᠯ ᠤᠬᠠᠮᠰᠠᠷ ᠢ ᠨᠢ ᠳᠡᠭᠡᠭᠰᠢᠯᠡᠭᠦᠯᠬᠦ ᠬᠡᠷᠡᠭᠲᠡᠶ᠃ ᠡᠯ᠎ᠡ ᠵᠦᠢᠯ ᠤᠨ ᠰᠡᠷᠭᠡᠶᠢᠯᠡᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠢᠯᠲᠠᠨ᠂ ᠮᠡᠷᠭᠡᠵᠢᠯ᠂ ᠡᠳ᠋ ᠪᠣᠳᠠᠰ ᠪᠠ ᠲᠥᠬᠦᠭᠡᠷᠦᠮᠵᠢ ᠶᠢᠨ ᠪᠠᠴᠢᠮ ᠪᠠᠶᠢᠳᠠᠯ ᠢ | ᠠᠷᠭᠠᠴᠠᠭᠠᠬᠤ ᠨᠥᠭᠡᠴᠡ ᠪᠠᠨ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ | ᠳᠡᠭᠡᠭᠰᠢᠯᠡᠭᠦᠯᠬᠦ ᠬᠡᠷᠡᠭᠲᠡᠶ᠃ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠵᠢᠴᠢ ᠤᠷᠢᠳᠴᠢᠯᠠᠨ ᠰᠡᠷᠡᠮᠵᠢᠯᠡᠭᠦᠯᠵᠦ | ᠤᠷᠢᠳᠴᠢᠯᠠᠨ ᠮᠡᠳᠡᠭᠡᠯᠡᠬᠦ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠣᠯᠠᠨ ᠲᠦᠮᠡᠨ ᠳᠤ | ᠨᠢᠭᠲᠠ ᠲᠦᠰᠢᠭᠯᠡᠨ᠂ ᠠᠯᠢᠪᠠ ᠡᠬᠢ ᠪᠠᠶᠠᠯᠢᠭ ᠢ ᠳᠠᠶᠢᠴᠢᠯᠠᠵᠤ᠂ ᠪᠦᠬᠦ ᠠᠷᠠᠳ ᠢᠶᠠᠷ ᠢᠶᠠᠨ ᠬᠢᠵᠢᠭ ᠢ ᠰᠡᠷᠭᠡᠶᠢᠯᠡᠬᠦ᠂ | ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠶᠢ ᠪᠡᠶᠡᠯᠡᠭᠦᠯᠬᠦ ᠬᠡᠷᠡᠭᠲᠡᠶ᠃ | ︵2︶ ᠨᠢᠭᠡᠳᠦᠯᠲᠡᠶ ᠤᠳᠤᠷᠢᠳᠴᠤ᠂ ᠱᠠᠲᠤ ᠬᠤᠪᠢᠶᠠᠨ ᠬᠠᠮᠢᠶᠠᠷᠬᠤ ᠬᠡᠷᠡᠭᠳᠡᠢ᠃ ᠬᠤᠲᠠ᠂ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠭᠡᠨᠡᠳᠳᠡ ᠡᠭᠦᠰᠦᠭᠰᠡᠨ ᠠᠮᠢᠲᠠᠨ ᠤ ᠬᠦᠨᠳᠦ ᠶᠡᠭᠡ ᠬᠢᠵᠢᠭ ᠤᠨ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠠᠵᠢᠯ ᠢ ᠨᠢᠭᠡᠳᠦᠯᠲᠡᠶ ᠤᠳᠤᠷᠢᠳᠬᠤ ᠪᠠ ᠵᠢᠯᠣᠭᠤᠳᠴᠤ᠂ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠪᠡᠯᠡᠳᠬᠡᠯ ᠲᠥᠰᠦᠯ ᠤᠨ ᠲᠣᠭᠲᠠᠭᠠᠯ ᠶᠣᠰᠣᠭᠠᠷ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ | ᠬᠡᠪᠴᠢᠶᠡᠨ ᠳᠣᠲᠣᠷ᠎ᠠ ᠪᠠᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠤᠯᠪᠣᠭᠳᠠᠯ ᠪᠥᠬᠦᠶ ᠠᠵᠢᠯ ᠢ | ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠭᠡᠨᠡᠳᠳᠡ ᠡᠭᠦᠰᠦᠭᠰᠡᠨ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠳᠤ | ᠱᠠᠲᠤ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠬᠦᠨᠳᠦ ᠶᠡᠭᠡ᠂ ᠨᠡᠯᠢᠶᠡᠳ ᠶᠡᠭᠡ ᠬᠢᠵᠢᠭ ᠤᠨ ᠪᠠᠶᠢᠳᠠᠯ ᠢ | ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠬᠠᠮᠢᠶᠠᠷᠴᠤ᠂ ᠡᠩ ᠤᠨ ᠬᠢᠵᠢᠭ ᠤᠨ ᠪᠠᠶᠢᠳᠠᠯ ᠢ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠬᠠᠮᠢᠶᠠᠷᠬᠤ ᠬᠡᠷᠡᠭᠳᠡᠢ᠃ | ︵3︶ ᠬᠠᠤᠯᠢ ᠶᠣᠰᠣᠭᠠᠷ ᠳᠦᠷᠢᠮᠵᠢᠭᠦᠯᠵᠦ᠂ ᠠᠷᠭ᠎ᠠ ᠬᠡᠮᠵᠢᠶ᠎ᠡ ᠨᠢ ᠡᠷᠡᠰ ᠰᠢᠭᠤᠷᠬᠠᠢ ᠬᠠᠶᠢᠬᠤ ᠬᠡᠷᠡᠭᠳᠡᠢ᠃ | ᠵᠠᠰᠠᠭ ᠤᠨ ᠣᠷᠳᠣᠨ ᠤ ᠨᠡᠶᠢᠭᠡᠮ ᠤᠨ ᠬᠠᠮᠢᠶᠠᠷᠤᠯᠲᠠ ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠡᠭᠦᠷᠭᠡ | ᠴᠢᠳᠠᠪᠤᠷᠢ ᠪᠠᠨ ᠭᠦᠢᠴᠡᠳᠬᠡᠵᠦ᠂ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠶᠣᠰᠣᠭᠠᠷ | ᠰᠢᠰᠲ᠋ᠧᠮᠵᠢᠭᠰᠡᠨ᠂ ᠵᠢᠷᠤᠮᠵᠢᠭᠰᠠᠨ ᠭᠡᠨᠡᠳᠳᠡ ᠡᠭᠦᠰᠦᠭᠰᠡᠨ ᠠᠮᠢᠲᠠᠨ ᠤ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠬᠤ | ᠰᠢᠰᠲ᠋ᠧᠮ᠂ ᠬᠠᠷᠢᠭᠤ ᠲᠤᠰᠬᠠᠬᠤ ᠲᠣᠭᠲᠠᠴᠠ ᠪᠣᠯᠤᠨ ᠰᠢᠢᠳᠪᠦᠷᠢᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠠᠮᠢᠲᠠᠨ ᠤ ᠬᠦᠨᠳᠦ | ᠶᠡᠭᠡ ᠬᠢᠵᠢᠭ ᠤᠨ ᠪᠠᠶᠢᠳᠠᠯ ᠭᠡᠨᠡᠳᠲᠡ ᠡᠭᠦᠰᠬᠦ ᠳᠤ ᠲᠦᠷᠭᠡᠨ ᠲᠤᠰᠬᠠᠯ ᠭᠠᠷᠭᠠᠵᠤ᠂ ᠬᠢᠨᠠᠨ ᠬᠡᠮᠵᠢᠬᠦ᠂ ᠮᠡᠳᠡᠭᠦᠯᠬᠦ ᠪᠠ | ᠰᠢᠢᠳᠪᠦᠷᠢᠯᠡᠬᠦ ᠠᠵᠢᠯ ᠢᠶᠠᠨ ᠴᠠᠭ ᠲᠤᠬᠠᠶ ᠳᠤᠨᠢ ᠪᠦᠲᠦᠮᠵᠢᠲᠡᠶ ᠪᠠᠷ ᠥᠷᠨᠢᠭᠦᠯᠬᠦ ᠬᠡᠷᠡᠭᠲᠡᠶ᠃ | ︵4︶ ᠰᠢᠨᠵᠢᠯᠡᠬᠦ ᠣᠬᠠᠭᠠᠨ ᠳᠤ ᠲᠦᠰᠢᠭᠯᠡᠵᠦ᠂ ᠬᠠᠮᠵᠢᠯᠴᠠᠨ ᠠᠷᠭᠠᠴᠠᠭᠠᠬᠤ ᠬᠡᠷᠡᠭᠳᠡᠢ᠃ ᠭᠡᠨᠡᠳᠳᠡ | ᠡᠭᠦᠰᠦᠭᠰᠡᠨ ᠠᠮᠢᠲᠠᠨ ᠤ ᠬᠦᠨᠳᠦ ᠶᠡᠭᠡ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠳᠤ | ᠰᠢᠨᠵᠢᠯᠡᠬᠦ ᠤᠬᠠᠭᠠᠨ ᠢ ᠭᠦᠢᠴᠡᠳ ᠬᠦᠨᠳᠦᠳᠬᠡᠬᠦ ᠪᠠ ᠲᠦᠰᠢᠭᠯᠡᠵᠦ᠂ ᠮᠡᠷᠭᠡᠵᠢᠯ ᠤᠨ ᠪᠣᠯᠪᠠᠰᠤᠷᠠᠭᠤᠯᠤᠯ ᠪᠣᠯᠤᠨ | ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠬᠦ ᠶᠢ ᠴᠢᠬᠤᠯᠠᠴᠢᠯᠠᠨ᠂ ᠰᠢᠨᠵᠢᠯᠡᠬᠦ ᠤᠬᠠᠭᠠᠨ ᠤ ᠰᠤᠳᠤᠯᠤᠯ ᠪᠣᠯᠤᠨ | ᠮᠡᠷᠭᠡᠵᠢᠯ ᠤᠨ ᠨᠡᠭᠡᠭᠡᠯᠲᠡ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠳᠤ ᠰᠢᠨᠵᠢᠯᠡᠬᠦ | ᠤᠬᠠᠭᠠᠨ ᠮᠡᠷᠭᠡᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ | ᠨᠢᠭᠡᠴᠡ ᠨᠦᠭᠦᠳ ᠬᠠᠮᠲᠤᠷᠠᠨ ᠬᠥᠳᠡᠯᠦᠯᠴᠡᠵᠦ ᠵᠣᠬᠢᠴᠠᠭᠤᠯᠬᠤ ᠳᠦᠷᠢᠮ ᠪᠠᠶᠢᠭᠤᠯᠵᠤ᠂ ᠬᠦᠴᠦ ᠪᠠᠨ ᠨᠢᠭᠡᠳᠬᠡᠨ | ᠬᠠᠮᠲᠤᠷᠠᠯᠴᠠᠬᠤ᠂ ᠴᠢᠳᠠᠮᠵᠢ ᠪᠠᠷ ᠪᠦᠷᠢᠨ ᠭᠦᠢᠴᠡᠳ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠵᠣᠬᠢᠴᠠᠩᠭᠤᠶ ᠪᠥᠭᠡᠳ | ᠡᠮᠬᠢ ᠵᠢᠷᠤᠮ ᠲᠠᠢ᠂ ᠠᠵᠢᠯᠯᠠᠭᠠᠨ ᠢᠶᠠᠷ ᠥᠨᠳᠥᠷ ᠦᠷ᠎ᠡ ᠪᠦᠲᠦᠮᠵᠢᠲᠡᠶ ᠪᠠᠴᠢᠮ ᠪᠠᠶᠢᠳᠠᠯ ᠢ ᠠᠷᠭᠠᠴᠠᠭᠠᠬᠤ | ᠲᠣᠭᠲᠠᠴᠠ ᠶᠢ ᠪᠣᠶ ᠪᠣᠯᠭᠠᠬᠤ ᠬᠡᠷᠡᠭᠲᠡᠶ᠃ | 1.5 ᠬᠢᠵᠢᠭ ᠤᠨ ᠪᠠᠶᠢᠳᠠᠯ ᠤᠨ ᠲᠡᠰᠯᠡᠯ | ᠥᠪᠡᠷᠲᠡᠭᠡᠨ ᠵᠠᠰᠠᠬᠤ ᠣᠷᠣᠨ ᠤ ᠬᠦᠨᠳᠦ ᠶᠡᠭᠡ ᠠᠴᠠ ᠳᠡᠭᠡᠭᠰᠢᠬᠢ ᠭᠡᠨᠡᠳᠳᠡ ᠡᠭᠦᠰᠦᠭᠰᠡᠨ ᠠᠮᠢᠲᠠᠨ ᠤ | ᠬᠢᠵᠢᠭ ᠤᠨ ᠪᠠᠶᠢᠳᠠᠯ ᠡᠭᠢᠯᠡᠭᠰᠡᠨ ᠢ ᠴᠣᠣᠷᠢᠶᠠᠲᠤᠨ ᠲᠠᠭᠠᠬᠤ ᠪᠥᠭᠡᠳ ᠮᠠᠨ ᠤ ᠬᠤᠲᠠ ᠳᠤ ᠬᠤᠯᠪᠣᠭᠳᠠᠬᠤ ᠦᠶ᠎ᠡ ᠳᠤ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠡᠨᠡᠳᠲᠡ ᠡᠬᠦᠰᠦᠭᠰᠡᠨ ᠠᠮᠢᠳᠡᠨ ᠤ ᠬᠦᠨᠲᠤ | ᠶᠡᠭᠡ ᠬᠢᠵᠢᠭ ᠤᠨ ᠪᠠᠶᠢᠳᠠᠯ ᠤᠨ ᠲᠤᠬᠠᠶ ᠲᠠᠰ ᠬᠤᠪᠢᠶᠠᠭᠰᠠᠨ ᠲᠣᠭᠲᠠᠭᠠᠯ ᠢ ᠬᠡᠷᠡᠭᠵᠢᠭᠦᠯᠦᠨ᠎ᠡ᠃ ᠮᠠᠨ ᠤ ᠬᠤᠲᠠ ᠶᠢᠨ | ᠪᠣᠳᠠᠲᠠᠶ ᠲᠠᠢ ᠪᠠᠨ ᠤᠶᠠᠯᠳᠤᠭᠤᠯᠤᠨ᠂ ᠭᠡᠨᠡᠳᠲᠡ ᠡᠬᠦᠰᠦᠭᠰᠡᠨ ᠠᠮᠢᠳᠡᠨ ᠤ ᠬᠦᠨᠲᠤ ᠶᠡᠭᠡ ᠬᠢᠵᠢᠭ ᠤᠨ ᠰᠢᠨᠵᠢ ᠴᠢᠨᠠᠷ᠂ | ᠬᠥᠨᠥᠭᠡᠯ ᠤᠨ ᠬᠡᠮᠵᠢᠶ᠎ᠡ ᠪᠠ ᠬᠤᠯᠪᠣᠭᠳᠠᠬᠤ ᠬᠡᠪᠴᠢᠶ᠎ᠡ ᠶᠢ ᠦᠨᠳᠦᠰᠦᠯᠡᠨ᠂ ᠮᠠᠨ ᠤ ᠬᠤᠲᠠ ᠶᠢᠨ ᠭᠡᠨᠡᠳᠳᠡ | ᠡᠭᠦᠰᠦᠭᠰᠡᠨ ᠠᠮᠢᠳᠡᠨ ᠤ ᠬᠦᠨᠲᠤ ᠶᠡᠭᠡ ᠬᠢᠵᠢᠭ ᠤᠨ ᠪᠠᠶᠢᠳᠠᠯ ᠢ ᠶᠡᠭᠡ ᠠᠴᠠ ᠳᠣᠤᠷ᠎ᠠ ᠪᠣᠯᠲᠠᠯ᠎ᠠ ᠭᠤᠷᠪᠠᠨ ᠳᠡᠰ | ᠪᠣᠯᠭᠠᠨ ᠬᠤᠪᠢᠶᠠᠷᠢᠯᠠᠨ᠎ᠠ᠂ ᠲᠤᠬᠠᠶᠢᠯᠠᠪᠠᠯ ᠬᠦᠨᠳᠦ ᠶᠡᠭᠡ ︵Ⅰᠲᠠᠰ︶᠂ ᠨᠡᠯᠢᠶᠡᠳ ᠶᠡᠭᠡ ︵Ⅱᠲᠠᠰ︶᠂ ᠡᠩ ᠤᠨ ︵Ⅲ | ᠲᠠᠰ︶ ᠪᠣᠯᠤᠨ᠎ᠠ᠃ | 1.5.1 ᠭᠡᠨᠡᠳᠳᠡ ᠡᠭᠦᠰᠦᠭᠰᠡᠨ ᠠᠮᠢᠲᠠᠨ ᠤ ᠬᠦᠨᠳᠦ ᠶᠡᠭᠡ ︵Ⅰᠳᠡᠰ︶ ᠬᠢᠵᠢᠭ ᠤᠨ ᠪᠠᠶᠢᠳᠠᠯ | ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ ᠭᠡᠨᠡᠳᠳᠡ ᠡᠭᠦᠰᠦᠭᠰᠡᠨ ᠠᠮᠢᠲᠠᠨ ᠤ ᠬᠦᠨᠳᠦ ᠶᠡᠭᠡ ᠬᠢᠵᠢᠭ ᠤᠨ | ᠪᠠᠶᠢᠳᠠᠯ ᠪᠤᠯᠤᠨ᠎ᠠ᠄ | ︵1︶ ᠠᠹᠷᠢᠺᠠ ᠲᠢᠪ ᠤᠨ ᠭᠠᠭ᠋ᠠᠶ ᠶᠢᠨ ᠬᠢᠵᠢᠭ 21 ᠡᠳᠦᠷ ᠤᠨ ᠳᠣᠲᠣᠷ᠎ᠠ᠂ ᠪᠥᠬᠦ ᠬᠤᠲᠠ ᠶᠢᠨ 3 | ᠲᠤᠭᠤᠷᠢᠭ ᠲᠤ ᠬᠢᠵᠢᠭ ᠤᠨ ᠪᠠᠶᠢᠳᠠᠯ ᠭᠠᠷᠤᠭᠰᠠᠨ ᠪᠥᠭᠡᠳ ᠤᠯᠠᠮ ᠨᠢᠭᠡ ᠠᠯᠬᠤᠮ ᠲᠠᠷᠬᠠᠬᠤ ᠬᠠᠨᠳᠤᠰᠢ ᠲᠠᠢ᠃ | ︵2︶ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ 21 ᠡᠳᠦᠷ ᠤᠨ | ᠳᠣᠲᠣᠷ᠎ᠠ᠂ ᠪᠥᠬᠦ ᠬᠤᠲᠠ ᠶᠢᠨ 3 ᠲᠤᠭᠤᠷᠢᠭ ᠲᠤ ᠴᠥᠮ ᠬᠢᠵᠢᠭ ᠤᠨ ᠪᠠᠶᠢᠳᠠᠯ ᠭᠠᠷᠤᠭᠰᠠᠨ ᠪᠥᠭᠡᠳ ᠤᠯᠠᠮ ᠨᠢᠭᠡ | ᠠᠯᠬᠤᠮ ᠲᠠᠷᠬᠠᠬᠤ ᠬᠠᠨᠳᠤᠰᠢ ᠲᠠᠢ᠃ | ︵3︶ ᠰᠢᠯᠦᠬᠡᠶ ᠡᠪᠡᠳᠴᠢᠨ 14 ᠡᠳᠦᠷ ᠤᠨ ᠳᠣᠲᠣᠷ᠎ᠠ᠂ ᠪᠥᠬᠦ ᠬᠤᠲᠠ ᠶᠢᠨ 3 ᠲᠤᠭᠤᠷᠢᠭ ᠲᠤ ᠴᠥᠮ | ᠬᠢᠵᠢᠭ ᠤᠨ ᠪᠠᠶᠢᠳᠠᠯ ᠭᠠᠷᠤᠭᠰᠠᠨ ᠪᠥᠭᠡᠳ ᠤᠯᠠᠮ ᠨᠢᠭᠡ ᠠᠯᠬᠤᠮ ᠲᠠᠷᠬᠠᠬᠤ ᠬᠠᠨᠳᠤᠰᠢ ᠲᠠᠢ᠃ | ︵4︶ ᠬᠡᠪᠢᠭᠴᠢ ᠪᠠᠭ᠎ᠠ ᠮᠠᠯ ᠤᠨ ᠬᠢᠵᠢᠭ 21 ᠡᠳᠦᠷ ᠤᠨ ᠳᠣᠲᠣᠷ᠎ᠠ᠂ ᠪᠥᠬᠦ ᠬᠤᠲᠠ ᠶᠢᠨ 3 ᠲᠤᠭᠤᠷᠢᠭ | ᠲᠤ ᠴᠥᠮ ᠬᠢᠵᠢᠭ ᠤᠨ ᠪᠠᠶᠢᠳᠠᠯ ᠭᠠᠷᠤᠭᠰᠠᠨ ᠪᠥᠭᠡᠳ ᠤᠯᠠᠮ ᠨᠢᠭᠡ ᠠᠯᠬᠤᠮ ᠲᠠᠷᠬᠠᠬᠤ ᠬᠠᠨᠳᠤᠰᠢ ᠲᠠᠢ᠃ | ︵5︶ ᠨᠢᠭᠡ ᠳᠤᠮᠳᠠᠴᠢ ᠨᠢᠭᠤᠭᠳᠠᠮᠠᠯ ᠬᠤᠭᠤᠴᠠᠭᠠᠨ ᠳᠤ᠂ ᠭᠠᠭ᠋ᠠᠶ ᠶᠢᠨ ᠬᠢᠵᠢᠭ᠂ ᠡᠪᠡᠳᠴᠢᠯᠡᠭᠦᠯᠬᠦ ᠴᠢᠨᠠᠷ ᠢᠶᠠᠷ | ᠴᠢᠩᠭ᠎ᠠ ᠭᠠᠭ᠋ᠠᠶ ᠶᠢᠨ ᠬᠥᠬᠡ ᠴᠢᠬᠢᠲᠦ ᠡᠪᠡᠳᠴᠢᠨ᠂ ᠰᠢᠨᠡᠬᠤᠳᠠ ᠬᠢᠵᠢᠭ᠂ ᠪᠷᠦ᠋ᠼᠧᠯ ᠡᠪᠡᠳᠴᠢᠨ᠂ ᠦᠬᠡᠷ ᠤᠨ | ᠰᠦᠷᠢᠶ᠎ᠡ ᠡᠪᠡᠳᠴᠢᠨ᠂ ᠥᠷᠭᠡᠰᠦᠲᠦ ᠪᠥᠮᠪᠥᠭᠡᠯᠢᠭ ᠠᠪᠠᠭᠠᠯᠳᠠᠢ ᠡᠪᠡᠳᠴᠢᠨ᠂ ᠭᠠᠯᠵᠠᠭᠤ ᠡᠪᠡᠳᠴᠢᠨ᠂ ᠪᠣᠭᠤᠮ᠎ᠠ | ᠡᠪᠡᠳᠴᠢᠨ ᠵᠡᠷᠭᠡ ᠬᠤᠶᠠᠳᠤᠭᠠᠷ ᠲᠥᠷᠥᠯ ᠤᠨ ᠠᠮᠢᠲᠠᠨ ᠤ ᠬᠢᠵᠢᠭ ᠡᠪᠡᠳᠴᠢᠨ ᠭᠡᠨᠡᠳᠲᠡ ᠳᠡᠯᠭᠡᠷᠡᠵᠦ᠂ 3 | ᠲᠣᠭᠤᠷᠢᠭ ᠢ ᠨᠥᠯᠥᠭᠡᠯᠡᠭᠰᠡᠨ ᠪᠥᠭᠡᠳ ᠤᠯᠠᠮ ᠨᠢᠭᠡ ᠠᠯᠬᠤᠮ ᠲᠠᠷᠬᠠᠬᠤ ᠬᠠᠨᠳᠤᠰᠢ ᠲᠠᠢ᠃ | ︵6︶ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠪᠤᠶᠤ ᠬᠤᠲᠠ ᠶᠢᠨ | ᠠᠷᠠᠳ ᠤᠨ ᠵᠠᠰᠠᠭ ᠤᠨ ᠣᠷᠳᠣᠨ ᠠᠴᠠ ᠮᠠᠭᠠᠳᠯᠠᠨ ᠲᠣᠭᠲᠠᠭᠠᠭᠰᠠᠨ ᠪᠤᠰᠤᠳ ᠭᠡᠨᠡᠳᠳᠡ ᠡᠭᠦᠰᠦᠭᠰᠡᠨ ᠠᠮᠢᠲᠠᠨ ᠤ | ᠬᠦᠨᠳᠦ ᠶᠡᠭᠡ ᠬᠢᠵᠢᠭ ᠤᠨ ᠪᠠᠶᠢᠳᠠᠯ᠃ | 1.5.2 ᠭᠡᠨᠡᠳᠳᠡ ᠡᠭᠦᠰᠦᠭᠰᠡᠨ ᠠᠮᠢᠲᠠᠨ ᠤ ᠨᠡᠯᠢᠶᠡᠳ ᠶᠡᠭᠡ ︵Ⅱ ᠳᠡᠰ︶ ᠬᠢᠵᠢᠭ ᠤᠨ ᠪᠠᠶᠢᠳᠠᠯ | ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ ᠭᠡᠨᠡᠳᠳᠡ ᠡᠭᠦᠰᠦᠭᠰᠡᠨ ᠠᠮᠢᠲᠠᠨ ᠤ ᠨᠡᠯᠢᠶᠡᠳ ᠶᠡᠭᠡ ᠬᠢᠵᠢᠭ ᠤᠨ | ᠪᠠᠶᠢᠳᠠᠯ ᠪᠣᠯᠤᠨ᠎ᠠ᠄ | ︵1︶ ᠠᠹᠷᠢᠺᠠ ᠲᠢᠪ ᠤᠨ ᠭᠠᠭ᠋ᠠᠢ ᠶᠢᠨ ᠬᠢᠵᠢᠭ 21 ᠡᠳᠦᠷ ᠤᠨ ᠳᠣᠲᠣᠷ᠎ᠠ᠂ ᠪᠥᠬᠦ ᠬᠤᠲᠠ ᠶᠢᠨ 2 | ᠲᠤᠭᠤᠷᠢᠭ ᠲᠤ ᠬᠢᠵᠢᠭ ᠤᠨ ᠪᠠᠶᠢᠳᠠᠯ ᠭᠠᠷᠤᠭᠰᠠᠨ ᠪᠥᠭᠡᠳ ᠤᠯᠠᠮ ᠨᠢᠭᠡ ᠠᠯᠬᠤᠮ ᠲᠠᠷᠬᠠᠬᠤ ᠬᠠᠨᠳᠤᠰᠢ ᠲᠠᠢ᠃ | ︵2︶ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ 21 ᠡᠳᠦᠷ ᠤᠨ | ᠳᠣᠲᠣᠷ᠎ᠠ᠂ ᠪᠥᠬᠦ ᠬᠤᠲᠠ ᠶᠢᠨ 2 ᠲᠤᠭᠤᠷᠢᠭ ᠲᠤ ᠬᠢᠵᠢᠭ ᠤᠨ ᠪᠠᠶᠢᠳᠠᠯ ᠭᠠᠷᠤᠭᠰᠠᠨ ᠪᠥᠭᠡᠳ ᠤᠯᠠᠮ ᠨᠢᠭᠡ | ᠠᠯᠬᠤᠮ ᠲᠠᠷᠬᠠᠬᠤ ᠬᠠᠨᠳᠤᠰᠢ ᠲᠠᠢ᠃ | ︵3︶ ᠰᠢᠯᠦᠬᠡᠶ ᠡᠪᠡᠳᠴᠢᠨ 14 ᠡᠳᠦᠷ ᠤᠨ ᠳᠣᠲᠣᠷ᠎ᠠ᠂ ᠪᠥᠬᠦ ᠬᠤᠲᠠ ᠶᠢᠨ 2 ᠲᠤᠭᠤᠷᠢᠭ ᠲᠤ ᠬᠢᠵᠢᠭ ᠤᠨ | ᠪᠠᠶᠢᠳᠠᠯ ᠭᠠᠷᠤᠭᠰᠠᠨ ᠪᠥᠭᠡᠳ ᠤᠯᠠᠮ ᠨᠢᠭᠡ ᠠᠯᠬᠤᠮ ᠲᠠᠷᠬᠠᠬᠤ ᠬᠠᠨᠳᠤᠰᠢ ᠲᠠᠢ᠃ | ︵4︶ ᠬᠡᠪᠢᠭᠴᠢ ᠪᠠᠭ᠎ᠠ ᠮᠠᠯ ᠤᠨ ᠬᠢᠵᠢᠭ 21 ᠡᠳᠦᠷ ᠤᠨ ᠳᠣᠲᠣᠷ᠎ᠠ᠂ ᠪᠥᠬᠦ ᠬᠤᠲᠠ ᠶᠢᠨ 2 ᠲᠤᠭᠤᠷᠢᠭ ᠲᠤ | ᠬᠢᠵᠢᠭ ᠤᠨ ᠪᠠᠶᠢᠳᠠᠯ ᠭᠠᠷᠤᠭᠰᠠᠨ ᠪᠥᠭᠡᠳ ᠤᠯᠠᠮ ᠨᠢᠭᠡ ᠠᠯᠬᠤᠮ ᠲᠠᠷᠬᠠᠬᠤ ᠬᠠᠨᠳᠤᠰᠢ ᠲᠠᠢ᠃ | ︵5︶ ᠨᠢᠭᠡ ᠳᠤᠮᠳᠠᠴᠢ ᠨᠢᠭᠤᠭᠳᠠᠮᠠᠯ ᠬᠤᠭᠤᠴᠠᠭᠠᠨ ᠳᠤ᠂ ᠭᠠᠭ᠋ᠠᠶ ᠶᠢᠨ ᠬᠢᠵᠢᠭ᠂ ᠡᠪᠡᠳᠴᠢᠯᠡᠭᠦᠯᠬᠦ ᠴᠢᠨᠠᠷ ᠢᠶᠠᠷ | ᠴᠢᠩᠭ᠎ᠠ ᠭᠠᠭ᠋ᠠᠶ ᠶᠢᠨ ᠬᠥᠬᠡ ᠴᠢᠬᠢᠨ ᠤ ᠡᠪᠡᠳᠴᠢᠨ᠂ ᠰᠢᠨᠡᠬᠤᠳᠠ ᠬᠢᠵᠢᠭ᠂ ᠪᠷᠦ᠋ᠼᠧᠯ ᠡᠪᠡᠳᠴᠢᠨ᠂ ᠦᠬᠡᠷ ᠤᠨ | ᠰᠦᠷᠢᠶ᠎ᠡ ᠡᠪᠡᠳᠴᠢᠨ᠂ ᠥᠷᠭᠡᠰᠦᠳᠦ ᠪᠥᠮᠪᠥᠭᠡᠯᠢᠭ ᠠᠪᠠᠭᠠᠯᠳᠠᠢ ᠡᠪᠡᠳᠴᠢᠨ᠂ ᠭᠠᠯᠵᠠᠭᠤ ᠡᠪᠡᠳᠴᠢᠨ᠂ ᠪᠣᠭᠤᠮ᠎ᠠ | ᠡᠪᠡᠳᠴᠢᠨ ᠵᠡᠷᠭᠡ ᠬᠤᠶᠠᠳᠤᠭᠠᠷ ᠲᠥᠷᠥᠯ ᠤᠨ ᠠᠮᠢᠲᠠᠨ ᠤ ᠬᠢᠵᠢᠭ ᠡᠪᠡᠳᠴᠢᠨ ᠭᠡᠨᠡᠳᠲᠡ ᠳᠡᠯᠭᠡᠷᠡᠵᠦ᠂ 2 | ᠲᠣᠭᠤᠷᠢᠭ ᠢ ᠨᠥᠯᠥᠭᠡᠯᠡᠭᠰᠡᠨ ᠪᠥᠭᠡᠳ ᠤᠯᠠᠮ ᠨᠢᠭᠡ ᠠᠯᠬᠤᠮ ᠲᠠᠷᠬᠠᠬᠤ ᠬᠠᠨᠳᠤᠰᠢ ᠲᠠᠢ᠃ | ︵6︶ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠮᠠᠭᠠᠳᠯᠠᠨ ᠲᠣᠭᠲᠠᠭᠠᠭᠰᠠᠨ | ᠪᠤᠰᠤᠳ ᠨᠡᠯᠢᠶᠡᠳ ᠶᠡᠭᠡ ᠭᠡᠨᠡᠳᠲᠡ ᠡᠬᠦᠰᠦᠭᠰᠡᠨ ᠠᠮᠢᠲᠠᠨ ᠤ ᠬᠢᠵᠢᠭ ᠤᠨ ᠪᠠᠶᠢᠳᠠᠯ᠃ | 1.5.3 ᠭᠡᠨᠡᠳᠳᠡ ᠡᠭᠦᠰᠦᠭᠰᠡᠨ ᠠᠮᠢᠲᠠᠨ ᠤ ᠡᠩ ᠤᠨ ︵Ⅲ ᠲᠠᠰ︶ ᠬᠢᠵᠢᠭ ᠤᠨ ᠪᠠᠶᠢᠳᠠᠯ | ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ ᠭᠡᠨᠡᠳᠳᠡ ᠡᠭᠦᠰᠦᠭᠰᠡᠨ ᠠᠮᠢᠲᠠᠨ ᠤ ᠡᠩ ᠤᠨ ᠬᠢᠵᠢᠭ ᠤᠨ | ᠪᠠᠶᠢᠳᠠᠯ ᠪᠣᠯᠤᠨ᠎ᠠ᠄ | ︵1︶ ᠠᠹᠷᠢᠺᠠ ᠲᠢᠪ ᠤᠨ ᠭᠠᠭ᠋ᠠᠢ ᠶᠢᠨ ᠬᠢᠵᠢᠭ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ | ᠬᠠᠯᠳᠠᠪᠤᠷᠢᠲᠤ ᠲᠠᠭᠰᠢᠭᠤᠷ᠂ ᠰᠢᠯᠦᠬᠡᠶ ᠡᠪᠡᠳᠴᠢᠨ᠂ ᠬᠡᠪᠢᠭᠴᠢ ᠪᠠᠭ᠎ᠠ ᠮᠠᠯ ᠤᠨ ᠬᠢᠵᠢᠭ ᠵᠡᠷᠭᠡ ᠨᠢᠭᠡᠳᠦᠭᠡᠷ | ᠲᠥᠷᠥᠯ ᠤᠨ ᠬᠢᠵᠢᠭ ᠡᠪᠡᠳᠴᠢᠨ 1 ᠲᠤᠭᠤᠷᠢᠭ ᠤᠨ ᠳᠣᠲᠣᠷ᠎ᠠ ᠬᠢᠵᠢᠭ ᠤᠨ ᠪᠠᠶᠢᠳᠠᠯ ᠭᠠᠷᠤᠭᠰᠠᠨ ᠪᠥᠭᠡᠳ ᠤᠯᠠᠮ | ᠨᠢᠭᠡ ᠠᠯᠬᠤᠮ ᠲᠠᠷᠬᠠᠬᠤ ᠬᠠᠨᠳᠤᠰᠢ ᠲᠠᠢ᠃ | ︵2︶ ᠨᠢᠭᠡ ᠳᠤᠮᠳᠠᠴᠢ ᠨᠢᠭᠤᠭᠳᠠᠮᠠᠯ ᠬᠤᠭᠤᠴᠠᠭᠠᠨ ᠳᠤ᠂ ᠭᠠᠭ᠋ᠠᠶ ᠶᠢᠨ ᠬᠢᠵᠢᠭ᠂ ᠡᠪᠡᠳᠴᠢᠯᠡᠭᠦᠯᠬᠦ ᠴᠢᠨᠠᠷ ᠢᠶᠠᠷ | ᠴᠢᠩᠭ᠎ᠠ ᠭᠠᠭ᠋ᠠᠶ ᠶᠢᠨ ᠬᠥᠬᠡ ᠴᠢᠬᠢᠲᠦ ᠡᠪᠡᠳᠴᠢᠨ᠂ ᠰᠢᠨ᠎ᠡ ᠬᠤᠲᠠ ᠶᠢᠨ ᠬᠢᠵᠢᠭ᠂ ᠪᠷᠦ᠋ᠼᠧᠯ ᠡᠪᠡᠳᠴᠢᠨ᠂ ᠦᠬᠡᠷ ᠤᠨ | ᠰᠦᠷᠢᠶ᠎ᠡ ᠡᠪᠡᠳᠴᠢᠨ᠂ ᠥᠷᠭᠡᠰᠦᠲᠦ ᠪᠥᠮᠪᠥᠭᠡᠨ ᠠᠪᠠᠭᠠᠯᠳᠠᠢ ᠡᠪᠡᠳᠴᠢᠨ᠂ ᠭᠠᠯᠵᠠᠭᠤ ᠡᠪᠡᠳᠴᠢᠨ᠂ ᠪᠣᠭᠤᠮ᠎ᠠ | ᠡᠪᠡᠳᠴᠢᠨ ᠵᠡᠷᠭᠡ ᠬᠤᠶᠠᠷ᠂ ᠭᠤᠷᠪᠠᠳᠤᠭᠠᠷ ᠲᠥᠷᠥᠯ ᠤᠨ ᠠᠮᠢᠲᠠᠨ ᠤ ᠬᠢᠵᠢᠭ ᠡᠪᠡᠳᠴᠢᠨ ᠭᠡᠨᠡᠳᠲᠡ ᠳᠡᠯᠭᠡᠷᠡᠵᠦ᠂ 1 | ᠲᠣᠭᠤᠷᠢᠭ ᠢ ᠨᠥᠯᠥᠭᠡᠯᠡᠭᠰᠡᠨ ᠪᠥᠭᠡᠳ ᠤᠯᠠᠮ ᠨᠢᠭᠡ ᠠᠯᠬᠤᠮ ᠲᠠᠷᠬᠠᠬᠤ ᠬᠠᠨᠳᠤᠰᠢ ᠲᠠᠢ᠃ | ︵3︶ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠮᠠᠭᠠᠳᠯᠠᠨ | ᠲᠣᠭᠲᠠᠭᠠᠭᠰᠠᠨ ᠪᠤᠰᠤᠳ ᠭᠡᠨᠡᠳᠳᠡ ᠡᠭᠦᠰᠦᠭᠰᠡᠨ ᠠᠮᠢᠲᠠᠨ ᠤ ᠡᠩ ᠤᠨ ᠬᠢᠵᠢᠭ ᠤᠨ ᠪᠠᠶᠢᠳᠠᠯ᠃ | 2 ᠪᠠᠴᠢᠮ ᠪᠠᠶᠢᠳᠠᠯ ᠢ ᠠᠷᠭᠠᠴᠠᠭᠠᠬᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠵᠢᠴᠢ ᠡᠭᠦᠷᠭᠡ | ᠬᠠᠷᠢᠭᠤᠴᠠᠯᠭ᠎ᠠ | 2.1 ᠪᠠᠴᠢᠮ ᠪᠠᠶᠢᠳᠡᠯ ᠢ ᠠᠷᠭᠠᠴᠠᠭᠠᠬᠤ ᠵᠢᠯᠥᠭᠤᠳᠬᠤ ᠪᠠᠶᠢᠭᠤᠯᠥᠮᠵᠢ | ᠬᠤᠲᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠣᠰ ᠱᠠᠲᠤᠨ ᠤ ᠲᠠᠷᠢᠶᠠᠯᠠᠩ ᠮᠠᠯ ᠠᠵᠤ | ᠠᠬᠤᠶ ᠶᠢᠨ ᠰᠠᠯᠠᠭ᠎ᠠ ᠮᠥᠴᠢᠷ ᠤᠨ ᠰᠠᠨᠠᠭᠤᠯᠭ᠎ᠠ ᠪᠠ ᠪᠣᠳᠠᠲᠠᠶ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠲᠣᠰ | ᠱᠠᠲᠤᠨ ᠤ ᠭᠡᠨᠡᠳᠳᠡ ᠡᠭᠦᠰᠦᠭᠰᠡᠨ ᠠᠮᠢᠳᠡᠨ ᠤ ᠬᠦᠨᠲᠤ ᠶᠡᠭᠡ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠬᠤ | ᠵᠢᠯᠣᠭᠤᠳᠬᠤ ᠭᠠᠵᠠᠷ ᠠᠴᠠ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠵᠦ᠂ ᠲᠣᠰ ᠵᠠᠰᠠᠭ | ᠵᠠᠬᠢᠷᠭᠠᠨ ᠤ ᠣᠷᠣᠨ ᠤ ᠳᠣᠲᠣᠷ᠎ᠠ ᠡᠭᠦᠰᠦᠭᠰᠡᠨ ᠭᠡᠨᠡᠳᠳᠡ ᠡᠭᠦᠰᠦᠭᠰᠡᠨ ᠠᠮᠢᠳᠡᠨ ᠤ ᠬᠦᠨᠲᠤ ᠶᠡᠭᠡ ᠬᠢᠵᠢᠭ ᠤᠨ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠶᠢ | ᠬᠠᠷᠢᠭᠤᠴᠠᠨ᠎ᠠ᠃ | 2.1.1 ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠶᠢᠨ ᠪᠦᠷᠢᠯᠳᠦᠯ | ᠬᠤᠲᠠ ᠶᠢᠨ ᠭᠡᠨᠡᠳᠳᠡ ᠡᠭᠦᠰᠦᠭᠰᠡᠨ ᠠᠮᠢᠲᠠᠨ ᠤ ᠬᠦᠨᠳᠦ ᠶᠡᠭᠡ ᠬᠢᠵᠢᠭ ᠤᠨ ᠪᠠᠢᠳᠠᠯ ᠢ ᠠᠷᠭᠠᠴᠠᠭᠠᠬᠤ | ᠵᠢᠯᠣᠭᠤᠳᠬᠤ ᠭᠠᠵᠠᠷ᠃ ᠬᠢᠵᠢᠭ ᠤᠨ ᠪᠠᠶᠢᠳᠠᠯ ᠡᠭᠦᠰᠬᠦ ᠦᠶ᠎ᠡ ᠳᠤ᠂ ᠬᠤᠲᠠ ᠶᠢᠨ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠠᠶᠠᠨᠳᠠᠭᠠᠨ ᠬᠤᠲᠠ ᠶᠢᠨ ᠭᠡᠨᠡᠳᠳᠡ ᠡᠭᠦᠰᠦᠭᠰᠡᠨ | ᠠᠮᠢᠳᠡᠨ ᠤ ᠬᠦᠨᠲᠤ ᠶᠡᠭᠡ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠭᠠᠵᠠᠷ ︵ᠳᠣᠷᠣᠭᠰᠢ | ᠬᠤᠲᠠ ᠶᠢᠨ ᠵᠢᠯᠣᠭᠤᠳᠬᠤ ᠭᠠᠵᠠᠷ ᠭᠡᠵᠦ ᠲᠣᠪᠴᠢᠯᠠᠨ᠎ᠠ︶ ᠪᠣᠯᠤᠨ ᠬᠤᠪᠢᠷᠠᠵᠤ᠂ ᠭᠡᠨᠡᠳᠳᠡ ᠡᠭᠦᠰᠦᠭᠰᠡᠨ ᠠᠮᠢᠳᠡᠨ ᠤ | ᠬᠦᠨᠲᠤ ᠶᠡᠭᠡ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠢᠢᠳᠪᠦᠷᠢᠯᠡᠬᠦ ᠠᠵᠢᠯ ᠢ ᠨᠢᠭᠡᠳᠦᠯᠲᠡᠶ ᠤᠳᠤᠷᠢᠳᠤᠨ | ᠵᠢᠯᠣᠭᠤᠳᠬᠤ ᠶᠢ ᠬᠠᠷᠢᠭᠤᠴᠠᠨ᠎ᠠ᠃ ᠠᠷᠭᠠᠴᠠᠭᠠᠬᠤ ᠠᠷᠭ᠎ᠠ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠰᠤᠳᠤᠯᠵᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠡᠯ᠎ᠡ ᠲᠣᠭᠤᠷᠢᠭ ᠢ ᠵᠢᠯᠣᠭᠤᠳᠤᠨ ᠵᠣᠬᠢᠴᠠᠭᠤᠯᠵᠤ ᠪᠠᠶᠢᠭᠠᠳ ᠪᠠᠴᠢᠮ | ᠪᠠᠶᠢᠳᠠᠯ ᠢ ᠠᠷᠭᠠᠴᠠᠭᠠᠬᠤ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ | ᠠᠵᠢᠯᠯᠠᠬᠤ ᠳᠤᠭᠤᠶᠢᠯᠠᠩ ᠲᠣᠮᠢᠯᠠᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠤᠯᠪᠤᠭᠳᠠᠯ ᠪᠦᠬᠦᠢ ᠠᠵᠢᠯ ᠢ | ᠵᠢᠯᠣᠭᠤᠳᠤᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ | ᠬᠤᠲᠠ ᠶᠢᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠶᠢᠨ ᠲᠤᠰᠢᠶᠠᠯ ᠢ ᠡᠭᠦᠷᠭᠡᠯᠡᠵᠦ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠬᠤᠪᠢᠶᠠᠨ ᠬᠠᠮᠢᠶᠠᠷᠬᠤ ᠳᠡᠳ᠋ ᠨᠠᠷᠢᠨ ᠪᠢᠴᠢᠭ ᠤᠨ ᠳᠠᠷᠤᠭ᠎ᠠ ᠪᠤᠶᠤ ᠵᠠᠰᠠᠭ ᠤᠨ | ᠣᠷᠳᠣᠨ ᠤ ᠠᠯᠪᠠᠨ ᠬᠡᠷ ᠤᠨ ᠬᠤᠪᠢᠳᠠᠨ ᠬᠠᠮᠢᠶᠠᠷᠬᠤ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ᠂ ᠬᠤᠲᠠ ᠶᠢᠨ | ᠲᠠᠷᠢᠶᠠᠯᠠᠩ ᠮᠠᠯ ᠠᠵᠤ ᠠᠬᠤᠶ ᠶᠢᠨ ᠲᠤᠪᠴᠢᠶᠠᠨ ᠤ ᠳᠠᠷᠤᠭ᠎ᠠ ᠳᠡᠳ᠋ ᠶᠡᠷᠦᠩᠬᠡᠶ ᠵᠢᠯᠤᠭᠤᠳᠤᠭᠴᠢ ᠶᠢᠨ ᠲᠤᠰᠢᠶᠠᠯ ᠢ | ᠡᠭᠦᠷᠭᠡᠯᠡᠨ᠎ᠡ᠃ | ᠬᠤᠲᠠ ᠶᠢᠨ ᠭᠡᠨᠡᠳᠳᠡ ᠡᠭᠦᠰᠦᠭᠰᠡᠨ ᠠᠮᠢᠳᠡᠨ ᠤ ᠬᠦᠨᠲᠤ ᠶᠡᠭᠡ ᠬᠢᠵᠢᠭ ᠤᠨ ᠪᠠᠴᠢᠮ ᠪᠠᠶᠢᠳᠠᠯ ᠢ | ᠠᠷᠭᠠᠴᠠᠭᠠᠬᠤ ᠵᠢᠯᠣᠭᠤᠳᠬᠤ ᠭᠠᠵᠠᠷ ᠤᠨ ᠠᠯᠪᠠᠨ ᠭᠡᠷ᠃ ᠬᠢᠵᠢᠭ ᠤᠨ ᠪᠠᠶᠢᠳᠠᠯ ᠡᠭᠦᠰᠬᠦ ᠦᠶ᠎ᠡ ᠳᠤ᠂ ᠬᠤᠲᠠ ᠶᠢᠨ | ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠬᠡᠷ ᠢ ᠬᠤᠲᠠ ᠶᠢᠨ ᠭᠡᠨᠡᠳᠳᠡ ᠡᠭᠦᠰᠦᠭᠰᠡᠨ ᠠᠮᠢᠳᠡᠨ ᠤ ᠬᠦᠨᠲᠤ ᠶᠡᠭᠡ ᠬᠢᠵᠢᠭ ᠤᠨ ᠪᠠᠴᠢᠮ ᠪᠠᠶᠢᠳᠠᠯ ᠢ | ᠠᠷᠭᠠᠴᠠᠭᠠᠬᠤ ᠵᠢᠯᠣᠭᠤᠳᠬᠤ ᠭᠠᠵᠠᠷ ᠤᠨ ᠠᠯᠪᠠᠨ ᠬᠡᠷ ︵ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ᠳᠤ ᠳᠣᠭᠢᠷᠠᠭᠤᠯᠵᠤ᠂ ᠳᠣᠷᠣᠭᠰᠢ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠭᠡᠵᠦ | ᠲᠣᠪᠴᠢᠯᠠᠨ᠎ᠠ︶ ᠪᠣᠯᠭᠠᠨ ᠬᠤᠪᠢᠷᠠᠭᠤᠯᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠲᠠ ᠶᠢᠨ | ᠵᠢᠯᠣᠭᠤᠳᠬᠤ ᠭᠠᠵᠠᠷ ᠤᠨ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ | ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠲᠣᠭᠲᠠᠭᠠᠯ ᠤᠨ ᠤᠴᠢᠷ ᠶᠠᠪᠤᠳᠠᠯ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠠᠵᠢᠯᠯᠠᠭᠠᠨ ᠤ ᠬᠦᠢᠰᠦ ᠶᠢᠨ ᠦᠢᠯᠡᠳᠦᠯ ᠢᠶᠠᠨ ᠪᠠᠳᠠᠷᠠᠭᠤᠯᠵᠤ᠂ | ᠵᠢᠵᠢᠭᠦᠷᠯᠡᠨ ᠰᠠᠬᠢᠵᠤ ᠪᠠᠴᠢᠮ ᠪᠠᠶᠢᠳᠠᠯ ᠢ ᠠᠷᠭᠠᠴᠠᠭᠠᠬᠤ᠂ ᠮᠡᠳᠡᠭᠡ ᠵᠠᠩᠭᠢ ᠶᠢ ᠬᠤᠷᠢᠶᠠᠩᠭᠤᠶᠢᠯᠠᠬᠤ ᠪᠠ ᠶᠡᠷᠦᠩᠬᠡᠶᠢᠯᠡᠨ | ᠵᠣᠬᠢᠴᠠᠭᠤᠯᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠲᠤᠰᠬᠠᠶ ᠵᠦᠢᠯ ᠪᠠ ᠰᠠᠯᠠᠭ᠎ᠠ ᠮᠥᠴᠢᠷ ᠤᠨ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠤᠭᠤᠷᠪᠢᠬᠤ᠂ ᠵᠠᠰᠠᠪᠤᠷᠢ ᠣᠷᠣᠭᠤᠯᠬᠤ ᠪᠠ ᠬᠡᠷᠡᠭᠵᠢᠭᠦᠯᠬᠦ ᠠᠵᠢᠯ ᠢ | ᠪᠣᠳᠠᠲᠠᠶ ᠬᠠᠷᠢᠭᠤᠴᠠᠵᠤ᠂ ᠡᠯ᠎ᠡ ᠲᠣᠭᠤᠷᠢᠭ ᠢ ᠵᠢᠯᠣᠭᠤᠳᠤᠨ ᠬᠠᠪᠰᠤᠷᠴᠤ ᠪᠠᠶᠢᠭᠠᠳ ᠴᠢᠬᠤᠯᠠ ᠪᠠᠶᠢᠳᠠᠯ ᠢ | ᠤᠷᠢᠳᠴᠢᠯᠠᠨ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ᠂ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠪᠠ ᠦᠢᠯᠡᠳᠪᠦᠷᠢᠯᠡᠯ ᠢ ᠰᠡᠷᠭᠦᠭᠡᠬᠦ ᠵᠡᠷᠭᠡ ᠠᠵᠢᠯ ᠢ ᠰᠠᠶᠢᠲᠤᠷ ᠬᠢᠨ᠎ᠡ᠃ ᠬᠤᠲᠠ ᠶᠢᠨ ᠪᠠᠴᠢᠮ | ᠪᠠᠶᠢᠳᠠᠯ ᠢ ᠠᠷᠭᠠᠴᠠᠭᠠᠬᠤ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶᠠᠨ ᠤ ᠳᠠᠷᠤᠭ᠎ᠠ ᠡᠭᠦᠷᠭᠡᠯᠡᠨ᠎ᠡ᠃ | ᠬᠤᠲᠠ ᠶᠢᠨ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ᠄ ᠬᠤᠲᠠ ᠶᠢᠨ ᠨᠠᠮ ᠤᠨ ᠬᠤᠷᠢᠶᠠᠨ ᠤ | ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ | ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︵ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ︶᠂ ᠬᠤᠲᠠ ᠶᠢᠨ | ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠦᠬᠠᠶ ᠶᠢᠨ ᠪᠣᠭᠤᠮᠲᠠ᠂ ᠬᠥᠬᠡᠬᠤᠲᠠ ᠶᠢᠨ ᠲᠡᠮᠦᠷ ᠵᠠᠮ ᠤᠨ | ᠲᠤᠪᠴᠢᠶᠠᠨ ᠤ ᠦᠬᠠᠶ ᠶᠢᠨ ᠲᠡᠷᠭᠡ ᠶᠠᠪᠤᠳᠠᠯ ᠤᠨ ᠬᠡᠰᠡᠭ᠂ ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠦᠬᠠᠶ ᠶᠢᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ | ᠲᠣᠪᠴᠢᠶ᠎ᠠ᠂ ᠦᠬᠠᠶ ᠶᠢᠨ ᠴᠡᠷᠢᠭ ᠤᠨ ᠬᠤᠪᠢᠶᠠᠷᠢ ᠲᠣᠪᠴᠢᠶ᠎ᠠ᠂ ᠵᠡᠪᠰᠡᠭᠲᠦ ᠴᠠᠭᠳᠠᠭ᠎ᠠ ᠶᠢᠨ ᠦᠬᠠᠶ ᠶᠢᠨ ᠰᠠᠯᠪᠤᠷᠢ | ᠠᠩᠭᠢ᠂ ᠦᠬᠠᠶ ᠶᠢᠨ ᠨᠢᠰᠬᠡᠯ ᠤᠨ ᠪᠠᠭᠤᠳᠠᠯ ᠵᠡᠷᠭᠡ ᠰᠠᠯᠠᠭ᠎ᠠ ᠮᠥᠴᠢᠷ ᠨᠢᠭᠡᠴᠡ᠃ | 2.1.2 ᠬᠤᠲᠠ ᠶᠢᠨ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ | ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠄ ᠭᠡᠨᠡᠳᠳᠡ ᠡᠭᠦᠰᠦᠭᠰᠡᠨ ᠠᠮᠢᠲᠠᠨ ᠤ | ᠬᠦᠨᠳᠦ ᠶᠡᠭᠡ ᠬᠢᠵᠢᠭ ᠤᠨ ᠪᠠᠶᠢᠳᠠᠯ ᠢ ᠰᠢᠢᠳᠪᠦᠷᠢᠯᠡᠬᠦ ᠶᠠᠪᠤᠴᠠ ᠳᠤ᠂ ᠤᠳᠤᠷᠢᠳᠬᠤ ᠪᠠᠭ ᠪᠣᠯᠤᠨ ᠤᠳᠤᠷᠢᠳᠬᠤ | ᠺᠠᠳ᠋ᠷ ᠤᠨ ᠢᠯᠡᠷᠡᠯ ᠢ ᠣᠶᠢᠯᠠᠭᠠᠬᠤ ᠶᠢ ᠴᠢᠬᠤᠯᠠᠴᠢᠯᠠᠵᠤ᠂ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ᠂ ᠬᠢᠨᠠᠨ | ᠰᠢᠯᠭᠠᠬᠤ᠂ ᠦᠨᠡᠯᠡᠬᠦ᠂ ᠱᠠᠩᠨᠠᠵᠤ ᠲᠣᠷᠭᠠᠬᠤ᠂ ᠬᠠᠷᠢᠭᠤᠴᠠᠯᠭ᠎ᠠ ᠨᠡᠬᠡᠮᠵᠢᠯᠡᠬᠦ ᠴᠢᠬᠤᠯᠠ ᠦᠨᠳᠦᠰᠦᠯᠡᠯ ᠪᠣᠯᠭᠠᠨ᠎ᠠ᠃ | ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠄ ᠰᠣᠨᠢᠨ ᠮᠡᠳᠡᠭᠡᠨ ᠤ ᠵᠠᠭᠤᠴᠢᠯᠠᠭᠤᠷ ᠢ ᠵᠣᠬᠢᠶᠠᠨ | ᠪᠠᠶᠢᠭᠤᠯᠤᠨ ᠵᠢᠯᠣᠭᠤᠳᠴᠤ ᠪᠠᠶᠢᠭᠠᠳ ᠤᠬᠠᠭᠤᠯᠤᠨ ᠮᠡᠳᠡᠭᠡᠯᠡᠬᠦ ᠪᠠ ᠶᠠᠷᠢᠶ᠎ᠠ ᠬᠡᠯᠡᠯᠴᠡᠭᠡ ᠶᠢ ᠬᠥᠲᠥᠯᠥᠨ | ᠵᠢᠯᠣᠭᠤᠳᠬᠤ ᠪᠠᠨ ᠰᠠᠶᠢᠲᠤᠷ ᠬᠢᠵᠦ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠥᠪ ᠢᠶᠠᠷ ᠬᠥᠲᠥᠯᠥᠨ | ᠵᠢᠯᠣᠭᠤᠳᠴᠤ᠂ ᠰᠦᠯᠵᠢᠶᠡᠨ ᠳᠡᠭᠡᠷ᠎ᠡ ᠮᠡᠳᠡᠭᠡ ᠵᠠᠩᠭᠢ ᠨᠡᠶᠢᠲᠡᠯᠡᠬᠦ ᠶᠢ ᠬᠢᠨᠠᠨ ᠬᠠᠮᠢᠶᠠᠷᠬᠤ᠂ ᠬᠠᠮᠢᠶᠠᠷᠣᠯᠳᠠ ᠪᠠ | ᠬᠥᠲᠥᠯᠥᠨ ᠵᠢᠯᠣᠭᠤᠳᠬᠤ ᠪᠠᠨ ᠴᠢᠩᠭᠠᠳᠬᠠᠨ᠎ᠠ᠃ ᠠᠮᠢᠲᠠᠨ ᠤ ᠭᠡᠨᠡᠳᠲᠡ ᠡᠬᠦᠰᠦᠭᠰᠡᠨ ᠬᠢᠵᠢᠭ ᠤᠨ ᠪᠠᠶᠢᠳᠠᠯ ᠤᠨ | ᠬᠤᠯᠪᠤᠭᠳᠠᠯ ᠪᠦᠬᠦᠢ ᠰᠢᠨᠵᠢᠯᠡᠬᠦ ᠤᠬᠠᠭᠠᠨ ᠤ ᠮᠡᠳᠡᠯᠭᠡ ᠶᠢ ᠤᠬᠠᠭᠤᠯᠬᠤ ᠪᠠ ᠲᠦᠭᠡᠮᠡᠯᠵᠢᠭᠦᠯᠬᠦ ᠠᠵᠢᠯ ᠢ ᠢᠳᠡᠪᠬᠢᠲᠡᠢ | ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠴᠣᠯᠭᠤᠷᠠᠨ ᠭᠠᠷᠤᠭᠰᠠᠨ ᠲᠡᠷᠢᠭᠦᠨ ᠤ | ᠨᠡᠶᠢᠲᠡᠯᠢᠭ ᠵᠢᠱᠢᠶ᠎ᠡ ᠶᠢ ᠤᠬᠠᠭᠤᠯᠤᠨ᠎ᠠ᠃ | ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ᠲᠠᠢ ᠬᠠᠮᠲᠤᠷᠠᠨ ᠠᠮᠢᠲᠠᠨ ᠤ ᠬᠦᠨᠲᠤ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠬᠦ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠪ ᠤᠨ ᠲᠥᠰᠦᠪ ᠤᠨ ᠳᠣᠲᠣᠷᠠᠬᠢ ᠪᠡᠯᠡ | ᠣᠷᠣᠭᠤᠯᠤᠯᠲᠠ ᠶᠢ ᠣᠯᠵᠤ᠂ ᠠᠮᠢᠲᠠᠨ ᠤ ᠬᠢᠵᠢᠭ ᠢ ᠰᠡᠷᠭᠡᠶᠢᠯᠡᠬᠦ ᠰᠢᠰᠲ᠋ᠧᠮ ᠪᠠ ᠠᠮᠢᠳᠡᠨ ᠤ ᠬᠦᠨᠲᠤ ᠶᠡᠭᠡ | ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠳᠡᠮᠵᠢᠵᠦ᠂ | ᠭᠤᠣᠯᠳᠠᠭᠤ ᠦᠨᠳᠦᠰᠦᠨ ᠱᠠᠲᠤᠨ ᠤ ᠮᠠᠯ ᠤᠨ ᠡᠮᠨᠡᠯᠭᠡ ᠶᠢᠨ ᠲᠤᠷᠰᠢᠯᠲᠠ ᠶᠢᠨ ᠲᠠᠰᠤᠭ᠂ ᠠᠮᠢᠲᠠᠨ ᠤ ᠡᠷᠡᠭᠦᠯ | ᠬᠠᠮᠠᠭᠠᠯᠠᠯ ᠤᠨ ᠬᠢᠨᠠᠯᠲᠠ ᠪᠠᠶᠢᠴᠠᠭᠠᠯᠲᠠ ᠶᠢᠨ ᠥᠷᠲᠡᠭᠡ᠂ ᠬᠦᠢᠲᠡᠨ ᠬᠡᠯᠬᠢᠶᠡᠲᠦ ᠰᠢᠰᠲ᠋ᠧᠮᠵᠢ ᠵᠡᠷᠭᠡ ᠪᠡᠯᠡᠳᠬᠡᠮᠵᠢ | ᠲᠥᠬᠦᠭᠡᠷᠦᠮᠵᠢ ᠶᠢ ᠲᠡᠭᠦᠯᠳᠡᠷᠵᠢᠭᠦᠯᠬᠦ ᠶᠢ ᠳᠡᠮᠵᠢᠨ᠎ᠡ᠃ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ ᠠᠮᠢᠲᠠᠨ ᠤ ᠬᠦᠨᠳᠦ ᠶᠡᠭᠡ ᠬᠢᠵᠢᠭ ᠤᠨ | ᠪᠠᠶᠢᠳᠠᠯ ᠢ ᠤᠷᠢᠳᠴᠢᠯᠠᠨ ᠰᠡᠷᠭᠡᠶᠢᠯᠡᠬᠦ᠂ ᠤᠰᠠᠳᠬᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠮᠡᠷᠭᠡᠵᠢᠯ ᠤᠨ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠶᠢ ᠥᠷᠨᠢᠭᠦᠯᠵᠦ᠂ ᠴᠢᠬᠤᠯᠠ ᠶᠡᠭᠡ ᠮᠡᠷᠭᠡᠵᠢᠯ ᠤᠨ ᠦᠷ᠎ᠡ | ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠵᠤ᠂ ᠠᠮᠢᠲᠠᠨ ᠤ ᠬᠢᠵᠢᠭ ᠡᠪᠡᠳᠴᠢᠨ ᠤ ᠰᠢᠨᠵᠢᠯᠡᠬᠦ ᠤᠬᠠᠭᠠᠨ ᠤ | ᠰᠤᠳᠤᠯᠭᠠᠨ ᠤ ᠨᠥᠬᠦᠴᠡᠯ ᠢ ᠪᠠᠲᠤᠯᠠᠬᠤ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ | ᠨᠡᠭᠡᠭᠡᠨ ᠬᠥᠭᠵᠢᠭᠦᠯᠵᠦ ᠬᠠᠮᠲᠤ ᠪᠠᠷ ᠡᠳ᠋ᠯᠡᠬᠦ ᠡᠷᠴᠢᠮ ᠢ ᠲᠡᠮᠵᠢᠨ᠎ᠡ᠃ | ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠄ ᠦᠢᠯᠡᠳᠪᠦᠷᠢᠯᠡᠯ ᠤᠨ ᠠᠵᠤ | ᠠᠬᠤᠶᠢᠯᠠᠯ ᠢ ᠵᠢᠯᠣᠭᠤᠳᠬᠤ ᠪᠠ ᠬᠠᠷᠢᠯᠴᠠᠵᠤ᠂ ᠠᠮᠢᠲᠠᠨ ᠤ ᠬᠦᠨᠳᠦ ᠶᠡᠭᠡ ᠬᠢᠵᠢᠭ ᠤᠨ ᠭᠠᠮᠰᠢᠭ ᠠᠴᠠ ᠠᠪᠤᠷᠠᠬᠤ | ᠲᠣᠨᠤᠭ ᠲᠥᠬᠦᠭᠡᠷᠦᠮᠵᠢ᠂ ᠡᠮ ᠤᠨ ᠵᠦᠢᠯ᠂ ᠰᠡᠷᠭᠡᠶᠢᠯᠡᠨ ᠬᠠᠮᠠᠭᠠᠯᠠᠬᠤ ᠪᠠ ᠠᠷᠢᠭᠤᠳᠬᠠᠬᠤ ᠬᠡᠷᠡᠭᠰᠡᠯ ᠤᠨ | ᠦᠢᠯᠡᠳᠪᠦᠷᠢᠯᠡᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠦᠢᠯᠡᠳᠪᠦᠷᠢᠯᠡᠯ ᠤᠨ ᠪᠠᠲᠤᠯᠠᠭ᠎ᠠ ᠶᠢᠨ ᠠᠵᠢᠯ ᠢᠶᠠᠨ | ᠰᠠᠶᠢᠲᠤᠷ ᠬᠢᠨ᠎ᠡ᠃ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠭᠡᠨᠡᠳᠳᠡ ᠡᠭᠦᠰᠦᠭᠰᠡᠨ ᠠᠮᠢᠳᠡᠨ ᠤ ᠬᠦᠨᠲᠤ ᠶᠡᠭᠡ | ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠬᠢᠵᠢᠭᠲᠦ ᠣᠷᠣᠨ ᠤ ᠨᠡᠶᠢᠭᠡᠮ ᠤᠨ ᠠᠮᠤᠷ ᠲᠦᠪᠰᠢᠨ ᠤ ᠡᠮᠬᠢ | ᠳᠢᠭᠯᠢᠮ ᠤᠨ ᠬᠠᠮᠠᠭᠠᠯᠠᠯᠲᠠ ᠶᠢ ᠰᠠᠶᠢᠲᠤᠷ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ | ᠰᠢᠢᠳᠪᠦᠷᠢᠯᠡᠬᠦ ᠵᠡᠷᠭᠡ ᠠᠵᠢᠯ ᠳᠤ ᠬᠠᠮᠵᠢᠯᠴᠠᠨ ᠰᠠᠶᠢᠲᠤᠷ ᠬᠢᠬᠦ ᠶᠢ ᠬᠠᠷᠢᠭᠤᠴᠠᠨ᠎ᠠ᠃ ᠣᠷᠣᠨ ᠨᠤᠲᠤᠭ ᠤᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠵᠢᠯᠣᠭᠤᠳᠤᠨ ᠬᠤᠯᠪᠣᠭᠳᠠᠯ ᠪᠦᠬᠦᠢ ᠬᠡᠷᠡᠭ ᠢ ᠲᠠᠩᠨᠠᠨ | ᠰᠢᠢᠳᠪᠦᠷᠢᠯᠡᠬᠦ ᠶᠢ ᠬᠠᠤᠯᠢ ᠶᠣᠰᠣᠭᠠᠷ ᠴᠢᠩᠭᠠᠳᠬᠠᠵᠤ᠂ ᠮᠠᠭᠤ ᠰᠠᠨᠠᠭ᠎ᠠ ᠲᠠᠢ ᠪᠠᠷ ᠠᠮᠢᠳᠡᠨ ᠤ ᠬᠦᠨᠲᠤ ᠶᠡᠭᠡ | ᠬᠢᠵᠢᠭ ᠤᠨ ᠪᠠᠶᠢᠳᠠᠯ ᠢ ᠲᠠᠷᠬᠠᠭᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠴᠢ ᠮᠠᠭᠤ | ᠰᠠᠨᠠᠭ᠎ᠠ ᠲᠠᠢ ᠪᠠᠷ ᠴᠤᠤᠷᠬᠠᠯ ᠲᠠᠷᠬᠠᠭᠠᠭᠰᠠᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ | ᠥᠭᠭᠦᠨ᠎ᠡ᠃ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠄ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠯᠠ ᠮᠥᠩᠭᠦ ᠶᠢᠨ ᠪᠠᠲᠤᠯᠠᠭ᠎ᠠ ᠶᠢᠨ ᠠᠵᠢᠯ ᠢᠶᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠤᠨ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠳᠤ ᠬᠡᠷᠡᠭᠰᠡᠬᠦ ᠵᠠᠷᠤᠳᠠᠯ ᠢ ᠴᠠᠭ ᠲᠤᠬᠠᠶ ᠳᠤᠨᠢ | ᠪᠣᠳᠠᠲᠠᠶᠢᠵᠢᠭᠤᠯᠬᠤ ᠶᠢ ᠪᠠᠲᠤᠯᠠᠬᠤ ᠶᠢᠨ ᠬᠠᠮᠲᠤ ᠵᠠᠷᠤᠳᠠᠯ ᠤᠨ ᠬᠡᠷᠡᠭᠯᠡᠯᠲᠡ ᠶᠢ ᠬᠠᠮᠢᠶᠠᠷᠬᠤ ᠪᠠ ᠬᠢᠨᠠᠯᠲᠠ ᠲᠠᠯᠪᠢᠬᠤ | ᠠᠵᠢᠯ ᠢᠶᠠᠨ ᠰᠠᠶᠢᠲᠤᠷ ᠬᠢᠨ᠎ᠡ᠃ ᠲᠣᠭᠤᠷᠢᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ | ᠬᠢᠵᠢᠭ ᠤᠨ ᠪᠠᠶᠢᠳᠠᠯ ᠢ ᠰᠢᠢᠳᠪᠦᠷᠢᠯᠡᠬᠦ ᠳᠤ ᠬᠡᠷᠡᠭᠰᠡᠬᠦ ᠡᠯ᠎ᠡ ᠵᠦᠢᠯ ᠤᠨ ᠵᠠᠷᠤᠳᠠᠯ ᠤᠨ ᠪᠠᠲᠤᠯᠠᠭ᠎ᠠ ᠶᠢ | ᠨᠠᠶᠢᠳᠠᠪᠤᠷᠢᠵᠢᠭᠤᠯᠤᠨ᠎ᠠ᠃ | ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠄ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ᠂ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠢ ᠰᠢᠢᠳᠪᠦᠷᠢᠯᠡᠬᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠪᠤᠰᠤᠳ ᠬᠤᠯᠪᠣᠭᠳᠠᠯ ᠪᠦᠬᠦᠢ ᠠᠵᠢᠯ ᠳᠤ ᠣᠷᠣᠯᠴᠠᠭᠰᠠᠨ ᠠᠵᠢᠯᠲᠠᠨ ᠤ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠤᠨ ᠣᠯᠭᠤᠮᠵᠢ ᠶᠢ ᠨᠠᠶᠢᠳᠠᠪᠤᠷᠢᠵᠢᠭᠤᠯᠤᠨ᠎ᠠ᠃ | ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ᠭᠡᠨᠡᠳᠳᠡ ᠡᠭᠦᠰᠦᠭᠰᠡᠨ ᠠᠮᠢᠳᠡᠨ ᠤ ᠬᠦᠨᠲᠤ | ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠥᠮᠦᠰ ᠪᠠ ᠡᠳ᠋ ᠪᠣᠳᠠᠰ ᠢ ᠤᠷᠢᠳᠠᠪᠠᠷ ᠵᠣᠬᠢᠶᠠᠨ ᠪᠠᠶᠢᠭᠤᠯᠤᠨ | ᠲᠡᠭᠡᠭᠡᠪᠦᠷᠢᠯᠡᠨ ᠬᠦᠷᠭᠡᠨ᠎ᠡ᠃ ᠲᠠᠷᠢᠶᠠᠯᠠᠩ ᠮᠠᠯ ᠠᠵᠤ ᠠᠬᠤᠶ ᠵᠢᠴᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠠᠢ ᠬᠠᠮᠵᠢᠯᠴᠠᠨ ᠵᠠᠰᠠᠮᠠᠯ ᠵᠠᠮ ᠵᠡᠷᠭᠡ ᠭᠦᠢᠯᠭᠡᠭᠡᠨ ᠤ ᠵᠠᠩᠭᠢᠯᠠᠭ᠎ᠠ ᠶᠢᠨ ᠠᠮᠢᠲᠠᠨ ᠤ ᠬᠢᠵᠢᠭ ᠢ | ᠰᠡᠷᠭᠡᠶᠢᠯᠡᠬᠦ ᠳᠤ ᠬᠢᠨᠠᠯᠲᠠ ᠲᠠᠯᠪᠢᠵᠤ ᠪᠠᠶᠢᠴᠠᠭᠠᠬᠤ ᠪᠠ ᠬᠢᠵᠢᠭᠲᠦ ᠣᠷᠣᠨ ᠢ ᠪᠢᠲᠡᠭᠦᠮᠵᠢᠯᠡᠬᠦ ᠠᠵᠢᠯ ᠢᠶᠠᠨ ᠰᠠᠶᠢᠲᠤᠷ | ᠬᠢᠵᠦ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠠᠴᠠ ᠵᠥᠪᠰᠢᠶᠡᠷᠡᠭᠰᠡᠨ ᠤ ᠳᠠᠷᠠᠭ᠎ᠠ᠂ ᠲᠠᠷᠢᠶᠠᠯᠠᠩ ᠮᠠᠯ ᠠᠵᠤ | ᠠᠬᠤᠶ ᠶᠢᠨ ᠰᠠᠯᠠᠭ᠎ᠠ ᠮᠥᠴᠢᠷ ᠤᠨ ᠬᠢᠵᠢᠭ ᠢ ᠰᠡᠷᠭᠡᠶᠢᠯᠡᠬᠦ ᠲᠤᠰᠬᠠᠶ ᠲᠡᠷᠭᠡ ᠬᠥᠰᠬᠡ ᠳᠤ ᠲᠦᠷ ᠴᠠᠭ ᠤᠨ ᠣᠨᠴᠠᠭᠠᠶ | ᠨᠡᠪᠲᠡᠷᠡᠬᠦ ᠭᠡᠷᠡᠴᠢ ᠣᠯᠭᠤᠨ᠎ᠠ᠃ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠄ ᠬᠤᠲᠠ ᠶᠢᠨ ᠪᠠᠴᠢᠮ ᠪᠠᠶᠢᠳᠠᠯ ᠢ | ᠠᠷᠭᠠᠴᠠᠭᠠᠬᠤ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠢ ᠲᠦᠷᠦᠭᠦᠯᠡᠨ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠠᠮᠢᠳᠡᠨ ᠤ ᠬᠦᠨᠲᠤ ᠶᠡᠭᠡ ᠬᠢᠵᠢᠭ ᠤᠨ | ᠪᠠᠶᠢᠳᠠᠯ ᠢ ᠰᠡᠷᠭᠡᠶᠢᠯᠡᠬᠦ᠂ ᠡᠵᠡᠮᠳᠡᠬᠦ ᠪᠠ ᠤᠰᠠᠳᠬᠠᠬᠤ ᠠᠵᠢᠯ ᠢ ᠬᠠᠤᠯᠢ ᠶᠣᠰᠣᠭᠠᠷ ᠰᠠᠶᠢᠲᠤᠷ ᠬᠢᠨ᠎ᠡ᠃ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢ ᠬᠠᠷᠢᠭᠤᠴᠠᠨ᠎ᠠ᠃ | ᠬᠢᠵᠢᠭ ᠤᠨ ᠪᠠᠶᠢᠳᠠᠯ ᠢ ᠮᠡᠳᠡᠭᠦᠯᠬᠦ ᠬᠠᠮᠢᠶᠠᠷᠤᠯᠲᠠ ᠶᠢ ᠬᠠᠷᠢᠭᠤᠴᠠᠬᠤ ᠶᠢᠨ ᠬᠠᠮᠲᠤ ᠬᠤᠯᠪᠣᠭᠳᠠᠯ ᠪᠦᠬᠦᠢ ᠭᠠᠵᠠᠷ | ᠣᠷᠣᠨ᠂ ᠰᠠᠯᠠᠭ᠎ᠠ ᠮᠥᠴᠢᠷ ᠲᠤ ᠬᠢᠵᠢᠭ ᠤᠨ ᠪᠠᠶᠢᠳᠠᠯ ᠤᠨ ᠬᠤᠯᠪᠤᠭᠳᠠᠯ ᠪᠦᠬᠦᠢ ᠪᠠᠶᠢᠳᠠᠯ ᠢ ᠮᠡᠳᠡᠭᠳᠡᠨ᠎ᠡ᠃ | ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠲᠠᠭᠠᠬᠤ ᠠᠷᠭ᠎ᠠ ᠬᠡᠮᠵᠢᠶ᠎ᠡ ᠶᠢ ᠡᠬᠢᠯᠡᠭᠦᠯᠬᠦ ᠪᠠ | ᠵᠣᠭᠰᠣᠭᠠᠬᠤ ᠰᠠᠨᠠᠭᠤᠯᠭ᠎ᠠ ᠳᠤᠷᠠᠳᠤᠨ᠎ᠠ᠃ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠄ ᠠᠮᠢᠲᠠᠨ ᠤ ᠬᠦᠨᠳᠦ ᠶᠡᠭᠡ ᠬᠢᠵᠢᠭ ᠤᠨ | ᠪᠠᠶᠢᠳᠠᠯ ᠤᠨ ᠬᠤᠭᠤᠴᠠᠭᠠᠨ ᠳᠠᠬᠢ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ | ᠵᠠᠬ᠎ᠠ ᠳᠡᠯᠭᠡᠭᠦᠷ ᠤᠨ ᠠᠵᠢᠯᠯᠠᠭᠠᠨ ᠪᠠ ᠬᠠᠩᠭᠠᠯᠭ᠎ᠠ ᠶᠢᠨ ᠪᠠᠶᠢᠳᠠᠯ ᠢ ᠬᠢᠨᠠᠨ ᠡᠵᠡᠮᠳᠡᠬᠦ ᠶᠢ ᠬᠠᠷᠢᠭᠤᠴᠠᠨ᠎ᠠ᠃ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠬᠥᠮᠦᠨ ᠤ ᠬᠤᠭᠤᠷᠤᠨᠳᠤᠬᠢ ᠬᠢᠵᠢᠭ ᠤᠨ | ᠪᠠᠶᠢᠳᠠᠯ ᠢ ᠬᠢᠨᠠᠨ ᠬᠡᠮᠵᠢᠬᠦ ᠵᠢᠴᠢ ᠰᠡᠷᠭᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠥᠮᠦᠨ | ᠮᠠᠯ ᠳᠤ ᠪᠦᠷ ᠬᠠᠯᠳᠠᠪᠤᠷᠢᠯᠠᠳᠠᠭ ᠡᠪᠡᠳᠴᠢᠨ ᠤ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠮᠵᠢᠯᠴᠠᠨ | ᠥᠷᠨᠢᠭᠦᠯᠦᠨ᠎ᠡ᠃ ᠬᠥᠮᠦᠨ ᠮᠠᠯ ᠳᠤ ᠪᠦᠷ ᠬᠠᠯᠳᠠᠪᠤᠷᠢᠯᠠᠳᠠᠭ ᠡᠪᠡᠳᠴᠢᠨ ᠤ ᠬᠤᠯᠪᠣᠭᠳᠠᠯ ᠪᠦᠬᠦᠢ ᠮᠡᠳᠡᠯᠭᠡ ᠶᠢᠨ | ᠤᠬᠠᠭᠤᠯᠭ᠎ᠠ ᠶᠢ ᠰᠠᠶᠢᠲᠤᠷ ᠬᠢᠨ᠎ᠡ᠃ | ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠄ ᠠᠮᠢᠲᠠᠨ ᠤ ᠬᠦᠨᠳᠦ ᠶᠡᠭᠡ | ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠬᠠᠮᠵᠢᠨ ᠵᠣᠬᠢᠶᠠᠨ ᠪᠠᠶᠢᠭᠤᠯᠵᠤ᠂ ᠵᠠᠰᠠᠭ ᠤᠨ | ᠵᠠᠷᠯᠢᠭ ᠤᠨ ᠰᠠᠭᠠᠳ ᠥᠬᠡᠶ ᠶᠠᠪᠤᠭᠳᠠᠬᠤ᠂ ᠵᠢᠯᠣᠭᠤᠳᠣᠯᠭ᠎ᠠ ᠪᠦᠲᠦᠮᠵᠢᠲᠡᠶ ᠪᠠᠶᠢᠬᠤ ᠶᠢ ᠪᠠᠲᠤᠯᠠᠨ᠎ᠠ᠃ ᠠᠷᠢᠭᠤᠳᠬᠠᠬᠤ | ᠡᠮ ᠵᠡᠷᠭᠡ ᠪᠠᠴᠢᠮ ᠪᠠᠶᠢᠳᠠᠯ ᠢ ᠠᠷᠭᠠᠴᠠᠭᠠᠨ ᠬᠢᠵᠢᠭ ᠢ ᠰᠡᠷᠭᠡᠶᠢᠯᠡᠬᠦ ᠡᠳ᠋ ᠪᠣᠳᠠᠰ ᠢ ᠵᠣᠬᠢᠴᠠᠭᠤᠯᠤᠨ᠎ᠠ᠃ ᠠᠵᠢᠯ ᠤᠨ | ᠬᠡᠷᠡᠭᠴᠡᠭᠡ ᠪᠠᠨ ᠦᠨᠳᠦᠰᠦᠯᠡᠨ᠂ ᠬᠢᠵᠢᠭ ᠤᠨ ᠪᠠᠶᠢᠳᠠᠯ ᠠᠴᠠ ᠪᠣᠯᠵᠣ ᠭᠠᠮᠰᠢᠭᠳᠠᠭᠰᠠᠨ ᠣᠯᠠᠨ ᠲᠦᠮᠡᠨ ᠳᠤ | ᠦᠢᠯᠡᠳᠪᠦᠷᠢᠯᠡᠯ ᠤᠨ ᠠᠪᠤᠷᠠᠨ ᠲᠤᠰᠠᠯᠠᠯᠲᠠ ᠥᠷᠨᠢᠭᠦᠯᠦᠨ᠎ᠡ᠃ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠭᠡᠨᠡᠳᠳᠡ ᠡᠭᠦᠰᠦᠭᠰᠡᠨ | ᠠᠮᠢᠳᠡᠨ ᠤ ᠬᠦᠨᠲᠤ ᠶᠡᠭᠡ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠬᠢᠵᠢᠭᠲᠦ ᠣᠷᠣᠨ᠂ ᠰᠦᠷᠳᠡᠭᠦᠯᠦᠯ ᠳᠤ | ᠤᠴᠠᠷᠠᠭᠰᠠᠨ ᠣᠷᠣᠨ ᠤ ᠳᠣᠲᠣᠷᠠᠬᠢ ᠢᠳᠡᠭᠡᠨ ᠤ ᠵᠦᠢᠯ ᠵᠢᠴᠢ ᠲᠡᠭᠦᠨ ᠤ ᠪᠦᠲᠦᠭᠡᠭᠳᠡᠬᠦᠨ ᠢ ᠵᠢᠭᠰᠠᠭᠠᠨ | ᠪᠠᠶᠢᠴᠠᠭᠠᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠵᠤ᠂ ᠲᠣᠭᠲᠠᠭᠠᠯ ᠶᠣᠰᠣᠭᠠᠷ ᠬᠢᠵᠢᠭ ᠤᠨ ᠪᠠᠶᠢᠴᠠᠭᠠᠯᠲᠠ | ᠬᠢᠭᠰᠡᠨ ᠦᠭᠡᠢ ᠪᠤᠶᠤ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠮᠢᠬᠠᠨ ᠤ ᠵᠦᠢᠯ᠂ ᠮᠢᠬᠠᠨ ᠤ | ᠵᠦᠢᠯ ᠤᠨ ᠪᠦᠲᠦᠭᠡᠭᠳᠡᠬᠦᠨ ᠢ ᠴᠢᠩᠭ᠎ᠠ ᠪᠠᠶᠢᠴᠠᠭᠠᠵᠤ᠂ ᠡᠪᠡᠳᠴᠢᠨ ᠢᠶᠠᠷ ᠦᠬᠦᠭᠰᠡᠨ᠂ ᠬᠤᠣᠷ ᠢᠶᠠᠷ ᠦᠬᠦᠭᠰᠡᠨ ᠪᠤᠶᠤ | ᠦᠬᠦᠭᠰᠡᠨ ᠰᠢᠯᠲᠠᠭᠠᠨ ᠨᠢ ᠲᠣᠳᠣᠷᠬᠠᠶ ᠦᠭᠡᠢ ᠠᠮᠢᠲᠠᠨ ᠤ ᠮᠢᠬ᠎ᠠ ᠵᠢᠴᠢ ᠲᠡᠭᠦᠨ ᠤ ᠪᠦᠲᠦᠭᠡᠭᠳᠡᠬᠦᠨ ᠢ ᠵᠠᠬ᠎ᠠ | ᠳᠡᠯᠭᠡᠭᠦᠷ ᠲᠤ ᠣᠷᠣᠭᠤᠯᠬᠤ ᠶᠢ ᠴᠢᠩᠭ᠎ᠠ ᠰᠡᠷᠭᠡᠶᠢᠯᠡᠨ᠎ᠡ᠃ ᠲᠠᠷᠢᠶᠠᠯᠠᠩ ᠮᠠᠯ ᠠᠵᠤ ᠠᠬᠤᠶ᠂ ᠳᠣᠲᠣᠭᠠᠳᠤ ᠶᠢ | ᠬᠠᠮᠠᠭᠠᠯᠠᠬᠤ ᠰᠠᠯᠠᠭ᠎ᠠ ᠮᠥᠴᠢᠷ ᠲᠠᠢ ᠬᠠᠮᠵᠢᠯᠴᠠᠨ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠭᠴᠤᠭ᠎ᠠ ᠳᠤ | ᠣᠷᠣᠵᠤ ᠢᠷᠡᠭᠰᠡᠨ ᠬᠢᠵᠢᠭ ᠬᠠᠯᠳᠠᠪᠤᠷᠢᠯᠠᠭᠰᠠᠨ ᠠᠮᠢᠲᠠᠨ ᠤ ᠮᠢᠬ᠎ᠠ ᠵᠢᠴᠢ ᠲᠡᠭᠦᠨ ᠤ ᠪᠦᠲᠦᠭᠡᠭᠳᠡᠬᠦᠨ ᠢ ᠬᠠᠤᠯᠢ | ᠲᠣᠭᠲᠠᠭᠠᠯ ᠶᠣᠰᠣᠭᠠᠷ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠥᠷᠨᠢᠭᠦᠯᠦᠨ᠎ᠡ᠃ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︵ᠣᠶ ᠰᠢᠭᠤᠶ ᠨᠤᠲᠤᠭ ᠪᠡᠯᠴᠢᠭᠡᠷ ᠤᠨ | ᠲᠣᠪᠴᠢᠶ᠎ᠠ︶᠄ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠪᠠᠶᠢᠴᠠᠭᠠᠬᠤ ᠪᠠ ᠠᠵᠢᠭᠯᠠᠬᠤ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠡᠭᠡ ᠬᠠᠭᠤᠷᠠᠶ ᠶᠢᠨ | ᠬᠡᠭᠡᠷ᠎ᠡ ᠶᠢᠨ ᠠᠮᠢᠲᠠᠨ ᠤ ᠲᠠᠷᠬᠠᠯᠲᠠ᠂ ᠠᠵᠢᠯᠯᠠᠭ᠎ᠠ ᠶᠢᠨ ᠬᠡᠪᠴᠢᠶ᠎ᠡ ᠪᠠ ᠨᠡᠭᠦᠳᠡᠯ ᠤᠨ ᠪᠠᠶᠢᠳᠠᠯ ᠵᠡᠷᠭᠡ ᠤᠷᠢᠳᠴᠢᠯᠠᠨ | ᠰᠡᠷᠡᠮᠵᠢᠯᠡᠭᠦᠯᠬᠦ ᠮᠡᠳᠡᠭᠡ ᠵᠠᠩᠭᠢ ᠶᠢ ᠵᠠᠳᠠᠯᠤᠨ ᠳᠤᠷᠠᠳᠤᠨ᠎ᠠ᠃ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤ | ᠬᠢᠵᠢᠭ ᠤᠨ ᠢᠷᠡᠯᠲᠡ ᠶᠢᠨ ᠬᠢᠵᠢᠭ ᠡᠪᠡᠳᠴᠢᠨ ᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠬᠡᠭᠡᠷ᠎ᠡ ᠶᠢᠨ ᠠᠮᠢᠲᠠᠨ ᠳᠤ | ᠬᠤᠯᠪᠣᠭᠳᠠᠭᠰᠠᠨ ᠬᠢᠵᠢᠭ ᠤᠨ ᠪᠠᠶᠢᠳᠠᠯ ᠢ ᠡᠷᠢᠬᠦ ᠪᠠ ᠰᠢᠢᠳᠪᠦᠷᠢᠯᠡᠬᠦ ᠠᠵᠢᠯ ᠢ ᠥᠷᠨᠢᠭᠦᠯᠦᠨ᠎ᠡ᠃ ᠡᠭᠡ ᠬᠠᠭᠤᠷᠠᠶ ᠶᠢᠨ | ᠬᠡᠭᠡᠷ᠎ᠡ ᠶᠢᠨ ᠠᠮᠢᠲᠠᠨ ᠤ ᠬᠢᠵᠢᠭ ᠤᠨ ᠪᠠᠶᠢᠳᠠᠯ ᠡᠭᠦᠰᠬᠦ ᠦᠶ᠎ᠡ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠲᠤᠰᠠᠭᠠᠷᠯᠠᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠶᠢ ᠲᠦᠷᠭᠡᠨ ᠠᠪᠤᠨ᠎ᠠ᠃ | ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠄ ᠰᠢᠤᠳᠠᠨ᠂ ᠲᠦᠷᠭᠡᠨ ᠬᠦᠷᠭᠡᠯᠳᠡ ᠶᠢᠨ ᠠᠵᠤ | ᠠᠬᠤᠶᠢᠯᠠᠯ ᠢ ᠰᠢᠮᠳᠠᠭᠤᠯᠵᠤ ᠪᠠᠶᠢᠭᠠᠳ ︽ᠭᠤᠷᠪᠠᠨ ᠵᠦᠢᠯ ᠤᠨ ᠲᠦᠷᠢᠮ︾ ︵ᠦᠨᠡᠨ ᠨᠡᠷ᠎ᠡ ᠪᠠᠷ ᠢᠶᠠᠨ ᠬᠤᠷᠢᠶᠠᠨ | ᠢᠯᠡᠭᠡᠬᠦ᠂ ᠬᠤᠷᠢᠶᠠᠨ ᠢᠯᠡᠭᠡᠬᠦ ᠶᠢ ᠰᠢᠯᠭᠠᠨ ᠦᠵᠡᠬᠦ᠂ ᠮᠠᠰᠢᠨ ᠢᠶᠠᠷ ᠠᠮᠤᠷ ᠲᠦᠪᠰᠢᠨ ᠤ ᠪᠠᠶᠢᠴᠠᠭᠠᠯᠲᠠ ᠬᠢᠬᠦ︶ ᠢ | ᠴᠢᠩᠭ᠎ᠠ ᠬᠡᠷᠡᠭᠵᠢᠭᠦᠯᠵᠦ᠂ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠲᠥᠷᠥ ᠶᠢᠨ ᠶᠠᠪᠤᠳᠠᠯ ᠤᠨ ᠬᠤᠷᠢᠶ᠎ᠠ | ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠢᠯᠡᠭᠡᠬᠦ ᠶᠢ | ᠴᠠᠭᠠᠵᠠᠯᠠᠬᠤ ᠪᠤᠶᠤ ᠢᠯᠡᠭᠡᠬᠦ ᠶᠢ ᠡᠵᠡᠮᠳᠡᠬᠦ ᠲᠤᠬᠠᠶ ᠲᠣᠭᠲᠠᠭᠠᠯ ᠢ ᠵᠢᠷᠤᠮᠯᠠᠨ᠎ᠠ᠃ | ᠦᠬᠠᠶ ᠪᠣᠭᠤᠮᠲᠠ᠄ ᠬᠢᠯᠢ ᠪᠠᠷ ᠣᠷᠣᠵᠤ ᠭᠠᠷᠬᠤ ᠠᠮᠢᠲᠠᠨ ᠵᠢᠴᠢ ᠠᠮᠢᠲᠠᠨ ᠤ ᠪᠦᠲᠦᠭᠡᠭᠳᠡᠬᠦᠨ ᠢ ᠰᠢᠯᠭᠠᠨ | ᠪᠠᠶᠢᠴᠠᠭᠠᠬᠤ ᠪᠠ ᠬᠢᠵᠢᠭ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠬᠢᠵᠢᠭ ᠡᠪᠡᠳᠴᠢᠨ ᠬᠠᠯᠳᠠᠪᠤᠷᠢᠯᠠᠨ ᠣᠷᠣᠵᠤ | ᠢᠷᠡᠬᠦ ᠶᠢ ᠰᠡᠷᠭᠡᠶᠢᠯᠡᠨ᠎ᠡ᠃ ᠬᠢᠯᠢ ᠶᠢᠨ ᠭᠠᠳᠠᠨᠠᠬᠢ ᠭᠡᠨᠡᠳᠳᠡ ᠡᠭᠦᠰᠦᠭᠰᠡᠨ ᠠᠮᠢᠳᠡᠨ ᠤ ᠬᠦᠨᠲᠤ ᠶᠡᠭᠡ ᠬᠢᠵᠢᠭ ᠤᠨ | ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠴᠤᠭᠯᠠᠭᠤᠯᠤᠨ ᠵᠠᠳᠠᠯᠬᠤ ᠶᠢᠨ ᠬᠠᠮᠲᠤ ᠬᠤᠲᠠ ᠶᠢᠨ | ᠵᠢᠯᠣᠭᠤᠳᠬᠤ ᠭᠠᠵᠠᠷ ᠲᠤ ᠬᠤᠯᠪᠣᠭᠳᠠᠯ ᠪᠦᠬᠦᠢ ᠪᠠᠶᠢᠳᠠᠯ ᠢᠶᠠᠨ ᠴᠠᠭ ᠲᠤᠬᠠᠶ ᠳᠤᠨᠢ ᠮᠡᠳᠡᠭᠦᠯᠦᠨ᠎ᠡ᠃ ᠣᠯᠠᠨ | ᠤᠯᠤᠰ ᠤᠨ ᠲᠡᠭᠡᠭᠡᠪᠦᠷᠢ ᠶᠢᠨ ᠪᠠᠭᠠᠵᠢ᠂ ᠣᠯᠠᠨ ᠤᠯᠤᠰ ᠤᠨ ᠰᠢᠤᠳᠠᠨ ᠤ ᠵᠦᠢᠯ᠂ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠪᠦᠲᠦᠭᠡᠭᠳᠡᠬᠦᠨ᠂ ᠬᠢᠯᠢ ᠪᠠᠷ ᠣᠷᠣᠵᠤ ᠭᠠᠷᠬᠤ ᠠᠶᠠᠨᠴᠢᠳ ᠤᠨ ᠠᠪᠴᠤ ᠶᠠᠪᠤᠭ᠎ᠠ ᠪᠣᠳᠠᠰ ᠢ | ᠪᠠᠶᠢᠴᠠᠭᠠᠨ ᠰᠢᠯᠭᠠᠬᠤ ᠪᠠ ᠬᠢᠵᠢᠭ ᠪᠠᠶᠢᠴᠠᠭᠠᠬᠤ ᠪᠠᠨ ᠴᠢᠩᠭᠠᠳᠬᠠᠨ᠎ᠠ᠃ ᠳᠠᠯᠳᠠᠭᠤᠷ ᠠᠷᠠᠯᠵᠢᠶᠠᠯᠠᠬᠤ ᠠᠵᠢᠯᠯᠠᠭ᠎ᠠ ᠳᠤ | ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠪᠤᠰᠤ ᠪᠠᠷ ᠬᠢᠯᠢ ᠪᠠᠷ ᠣᠷᠣᠵᠤ ᠢᠷᠡᠭᠰᠡᠨ ᠠᠮᠢᠲᠠᠨ ᠵᠢᠴᠢ | ᠲᠡᠭᠦᠨ ᠤ ᠪᠦᠲᠦᠭᠡᠭᠳᠡᠬᠦᠨ ᠢ ᠬᠠᠤᠯᠢ ᠶᠣᠰᠣᠭᠠᠷ ᠰᠢᠢᠳᠪᠦᠷᠢᠯᠡᠨ᠎ᠡ᠃ ᠣᠯᠠᠨ ᠤᠯᠤᠰ ᠤᠨ ᠲᠡᠭᠡᠭᠡᠪᠦᠷᠢ ᠶᠢᠨ | ᠪᠠᠭᠠᠵᠢ ᠶᠢᠨ ᠠᠷᠢᠭᠤᠳᠬᠠᠯ ᠵᠢᠴᠢ ᠬᠤᠭᠤᠯᠠᠨ ᠭᠡᠷ ᠤᠨ ᠦᠯᠡᠳᠡᠭᠰᠡᠨ ᠪᠣᠳᠠᠰ ᠢ ᠬᠤᠣᠷ ᠦᠭᠡᠶᠢᠵᠢᠬᠦᠯᠦᠨ | ᠰᠢᠢᠳᠪᠦᠷᠢᠯᠡᠬᠦ ᠶᠢ ᠴᠢᠩᠳᠠᠯᠠᠵᠤ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠬᠠᠯᠳᠠᠪᠤᠷᠢᠯᠠᠨ ᠣᠷᠣᠵᠤ ᠢᠷᠡᠬᠦ ᠶᠢ | ᠴᠢᠩᠭ᠎ᠠ ᠰᠡᠷᠭᠡᠶᠢᠯᠡᠨ᠎ᠡ᠃ | ᠬᠥᠬᠡᠬᠤᠲᠠ ᠶᠢᠨ ᠲᠡᠮᠦᠷ ᠵᠠᠮ ᠤᠨ ᠲᠤᠪᠴᠢᠶᠠᠨ ᠤ ᠦᠬᠠᠶ ᠶᠢᠨ ᠲᠡᠷᠭᠡᠨ ᠤ ᠶᠠᠪᠤᠳᠠᠯ ᠤᠨ ᠬᠡᠰᠡᠭ᠄ ᠲᠡᠮᠦᠷ | ᠵᠠᠮ᠂ ᠲᠡᠷᠭᠡᠨ ᠥᠷᠲᠡᠭᠡ᠂ ᠡᠭᠡᠯᠵᠢ ᠶᠢᠨ ᠭᠠᠯᠲᠤ ᠲᠡᠷᠭᠡᠨ ᠤ ᠠᠮᠢᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢᠶᠠᠨ ᠰᠠᠶᠢᠲᠤᠷ ᠬᠢᠨ᠎ᠡ᠃ ᠭᠡᠨᠡᠳᠳᠡ ᠡᠭᠦᠰᠦᠭᠰᠡᠨ ᠠᠮᠢᠳᠡᠨ ᠤ ᠬᠦᠨᠲᠤ ᠶᠡᠭᠡ ᠬᠢᠵᠢᠭ ᠤᠨ ᠪᠠᠶᠢᠳᠠᠯ | ᠡᠭᠦᠰᠬᠦ ᠦᠶ᠎ᠡ ᠳᠤ᠂ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠥᠮᠦᠰ ᠵᠢᠴᠢ | ᠡᠮ ᠤᠨ ᠵᠦᠢᠯ᠂ ᠪᠠᠭᠠᠵᠢ ᠬᠡᠷᠡᠭᠰᠡᠯ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠪᠣᠯᠤᠨ ᠬᠤᠯᠪᠣᠭᠳᠠᠯ | ᠪᠦᠬᠦᠢ ᠦᠯᠢᠭᠡᠷ ᠬᠡᠪ ᠢ ᠠᠮᠤᠷ ᠲᠦᠪᠰᠢᠨ᠂ ᠲᠦᠷᠭᠡᠨ ᠬᠦᠷᠭᠡᠵᠦ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ | ᠮᠥᠴᠢᠷ ᠲᠠᠢ ᠬᠠᠮᠵᠢᠯᠴᠠᠨ ᠠᠮᠢᠲᠠᠨ ᠵᠢᠴᠢ ᠠᠮᠢᠲᠠᠨ ᠤ ᠪᠦᠲᠦᠭᠡᠭᠳᠡᠬᠦᠨ ᠢ ᠬᠠᠰᠢᠵᠤ᠂ ᠬᠢᠵᠢᠭ ᠤᠨ ᠪᠠᠶᠢᠴᠠᠭᠠᠯᠲᠠ | ᠬᠢᠵᠦ᠂ ᠬᠢᠵᠢᠭ ᠤᠨ ᠲᠠᠷᠬᠠᠯᠲᠠ ᠶᠢ ᠰᠡᠷᠭᠡᠶᠢᠯᠡᠨ᠎ᠡ᠃ | ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠦᠪᠯᠡᠯ ᠤᠨ ᠦᠬᠠᠶ ᠶᠢᠨ | ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠄ ᠡᠯ᠎ᠡ ᠳᠠᠭᠠᠳᠬᠠᠯ ᠤᠨ ᠺᠣᠮᠫᠠᠨᠢ ᠶᠢ | ᠵᠢᠯᠣᠭᠤᠳᠴᠤ ᠪᠠᠶᠢᠭᠠᠳ ᠬᠤᠯᠪᠤᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠶᠣᠰᠣᠭᠠᠷ ᠮᠠᠯ ᠵᠢᠭᠦᠷᠲᠡᠨ ᠤ | ᠳᠠᠭᠠᠳᠬᠠᠯ ᠤᠨ ᠲᠤᠬᠠᠶᠢᠯᠠᠭᠰᠠᠨ ᠠᠵᠢᠯ ᠢ ᠥᠷᠨᠢᠭᠦᠯᠵᠦ᠂ ᠬᠤᠯᠪᠣᠭᠳᠠᠯ ᠪᠥᠬᠦᠶ ᠳᠠᠭᠠᠳᠬᠠᠯ ᠤᠨ ᠺᠣᠮᠫᠠᠨᠢ ᠶᠢᠨ | ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠤ ᠳᠠᠭᠠᠳᠬᠠᠯ ᠤᠨ ᠲᠦᠯᠦᠪᠦᠷᠢ ᠶᠢᠨ ᠠᠵᠢᠯ ᠢᠶᠠᠨ ᠰᠠᠶᠢᠲᠤᠷ ᠬᠢᠨ᠎ᠠ᠃ | ᠦᠬᠠᠶ ᠶᠢᠨ ᠴᠡᠷᠢᠭ ᠤᠨ ᠬᠤᠪᠢᠶᠠᠷᠢ ᠲᠣᠭᠤᠷᠢᠭ᠄ ᠴᠡᠷᠢᠭ ᠠᠩᠭᠢ ᠶᠢᠨ ᠰᠢᠰᠲ᠋ᠧᠮ ᠤᠨ ᠭᠡᠨᠡᠳᠳᠡ | ᠡᠭᠦᠰᠦᠭᠰᠡᠨ ᠠᠮᠢᠳᠡᠨ ᠤ ᠬᠦᠨᠲᠤ ᠶᠡᠭᠡ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ | ᠬᠠᠷᠢᠭᠤᠴᠠᠨ᠎ᠠ᠃ ᠰᠢᠰᠲ᠋ᠧᠮ ᠤᠨ ᠳᠣᠲᠣᠷᠠᠬᠢ ᠲᠡᠵᠢᠭᠡᠨ ᠦᠷᠡᠵᠢᠭᠦᠯᠬᠦ ᠲᠠᠯᠠᠪᠠᠢ ᠶᠢᠨ ᠠᠮᠢᠲᠠᠨ ᠤ ᠬᠢᠵᠢᠭ ᠢ | ᠰᠡᠷᠭᠡᠶᠢᠯᠡᠬᠦ ᠶᠢ ᠵᠣᠬᠢᠶᠠᠨ ᠪᠠᠶᠢᠭᠤᠯᠤᠨ ᠰᠠᠶᠢᠲᠤᠷ ᠬᠢᠨ᠎ᠡ᠃ ᠰᠠᠭᠤᠭ᠎ᠠ ᠭᠠᠵᠠᠷ ᠤᠨ ᠴᠡᠷᠢᠭ ᠠᠩᠭᠢ ᠵᠡᠷᠭᠡ ᠴᠡᠷᠢᠭ | ᠠᠩᠭᠢ ᠶᠢᠨ ᠬᠤᠯᠪᠣᠭᠳᠠᠯ ᠪᠦᠬᠦᠢ ᠬᠢᠵᠢᠭ ᠢ ᠰᠡᠷᠭᠡᠶᠢᠯᠡᠬᠦ ᠡᠬᠢ ᠪᠠᠶᠠᠯᠢᠭ ᠢ ᠵᠣᠬᠢᠴᠠᠭᠤᠯᠵᠤ᠂ ᠬᠤᠲᠠ ᠶᠢᠨ | ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠳᠡᠮᠵᠢᠨ᠎ᠡ᠃ | ᠵᠡᠪᠰᠡᠭᠲᠦ ᠴᠠᠭᠳᠠᠭ᠎ᠠ ᠶᠢᠨ ᠦᠬᠠᠶ ᠶᠢᠨ ᠰᠠᠯᠪᠤᠷᠢ ᠠᠩᠭᠢ᠄ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢ | ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠭᠠᠳ ᠭᠡᠨᠡᠳᠳᠡ ᠡᠭᠦᠰᠦᠭᠰᠡᠨ ᠠᠮᠢᠳᠡᠨ ᠤ ᠬᠦᠨᠲᠤ ᠶᠡᠭᠡ ᠬᠢᠵᠢᠭ ᠤᠨ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯᠯᠠᠭ᠎ᠠ ᠳᠤ ᠣᠷᠣᠯᠴᠠᠭᠤᠯᠵᠤ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠲᠠᠢ ᠬᠠᠮᠵᠢᠯᠴᠠᠨ ᠲᠤᠬᠠᠶ ᠶᠢᠨ ᠲᠠᠯᠠᠪᠤᠷ ᠢ ᠡᠵᠡᠮᠳᠡᠬᠦ ᠠᠵᠢᠯ ᠢ ᠰᠠᠶᠢᠲᠤᠷ ᠬᠢᠨ᠎ᠡ᠃ | ᠦᠬᠠᠶ ᠶᠢᠨ ᠨᠢᠰᠬᠡᠯ ᠤᠨ ᠪᠠᠭᠤᠳᠠᠯ᠄ ᠤᠯᠤᠰ ᠤᠨ ᠳᠣᠲᠣᠭᠠᠳᠤ ᠶᠢᠨ ᠡᠭᠡᠯᠵᠢ ᠶᠢᠨ ᠨᠢᠰᠬᠡᠯ ᠤᠨ | ᠲᠡᠭᠡᠭᠡᠪᠦᠷᠢ ᠶᠢᠨ ᠬᠠᠮᠢᠶᠠᠷᠤᠯᠲᠠ ᠪᠠ ᠠᠮᠢᠲᠠᠨ ᠤ ᠬᠢᠵᠢᠭ ᠤᠨ ᠪᠠᠶᠢᠳᠠᠯ ᠤᠨ ᠮᠡᠳᠡᠭᠦᠯᠦᠯᠲᠡ ᠶᠢ ᠴᠢᠩᠭᠠᠳᠬᠠᠵᠤ᠂ | ᠮᠡᠳᠡᠭᠡ ᠵᠠᠩᠭᠢ ᠶᠢᠨ ᠰᠣᠯᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠨ᠎ᠠ᠃ ᠭᠡᠨᠡᠳᠳᠡ ᠡᠭᠦᠰᠦᠭᠰᠡᠨ ᠠᠮᠢᠳᠡᠨ ᠤ | ᠬᠦᠨᠲᠤ ᠶᠡᠭᠡ ᠬᠢᠵᠢᠭ ᠤᠨ ᠪᠠᠶᠢᠳᠠᠯ ᠡᠭᠦᠰᠬᠦ ᠦᠶ᠎ᠡ ᠳᠤ᠂ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠬᠥᠮᠦᠰ ᠵᠢᠴᠢ ᠰᠡᠷᠭᠡᠶᠢᠯᠡᠨ ᠵᠠᠰᠠᠬᠤ ᠡᠮ ᠤᠨ ᠵᠦᠢᠯ᠂ ᠮᠠᠰᠢᠨ ᠮᠧᠬᠠᠨᠢᠭ ᠵᠡᠷᠭᠡ ᠪᠠᠴᠢᠮ ᠪᠠᠶᠢᠳᠠᠯ ᠢ | ᠠᠷᠭᠠᠴᠠᠭᠠᠬᠤ ᠡᠳ᠋ ᠪᠣᠳᠠᠰ ᠪᠣᠯᠤᠨ ᠬᠤᠯᠪᠣᠭᠳᠠᠯ ᠪᠦᠬᠦᠢ ᠦᠯᠢᠭᠡᠷ ᠬᠡᠪ ᠢ ᠠᠮᠤᠷ ᠲᠦᠪᠰᠢᠨ᠂ ᠲᠦᠷᠭᠡᠨ ᠬᠦᠷᠭᠡᠵᠦ᠂ | ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠠᠮᠢᠲᠠᠨ ᠵᠢᠴᠢ ᠠᠮᠢᠲᠠᠨ ᠤ | ᠪᠦᠲᠦᠭᠡᠭᠳᠡᠬᠦᠨ ᠢ ᠬᠠᠰᠢᠵᠤ᠂ ᠬᠢᠵᠢᠭ ᠤᠨ ᠪᠠᠶᠢᠴᠠᠭᠠᠯᠲᠠ ᠬᠢᠵᠦ᠂ ᠬᠢᠵᠢᠭ ᠤᠨ ᠲᠠᠷᠬᠠᠯᠲᠠ ᠶᠢ ᠰᠡᠷᠭᠡᠶᠢᠯᠡᠨ᠎ᠡ᠃ | ᠲᠣᠰ ᠪᠡᠯᠡᠳᠬᠡᠯ ᠲᠥᠰᠦᠯ ᠳᠤ ᠲᠣᠳᠣᠷᠬᠠᠶ ᠲᠣᠭᠲᠠᠭᠠᠭᠰᠠᠨ ᠦᠭᠡᠢ ᠪᠤᠰᠤᠳ ᠰᠠᠯᠠᠭ᠎ᠠ ᠮᠥᠴᠢᠷ ᠨᠢᠭᠡᠴᠡ | ᠬᠤᠲᠠ ᠶᠢᠨ ᠵᠢᠯᠣᠭᠤᠳᠬᠤ ᠭᠠᠵᠠᠷ ᠤᠨ ᠨᠢᠭᠡᠳᠦᠯᠲᠡᠶ ᠵᠢᠯᠣᠭᠤᠳᠣᠯᠭ᠎ᠠ ᠶᠢ ᠳᠠᠭᠠᠵᠤ᠂ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠵᠤᠬᠢᠴᠠᠭᠤᠯᠬᠤ ᠠᠵᠢᠯ ᠥᠷᠨᠢᠭᠦᠯᠬᠦ ᠬᠡᠷᠡᠭᠲᠡᠶ᠃ | 2.2 ᠲᠣᠰᠬᠠᠢ ᠮᠡᠷᠭᠡᠵᠢᠯᠳᠡᠨ ᠤ ᠺᠣᠮᠢᠰ | ᠬᠤᠲᠠ ᠶᠢᠨ ᠵᠢᠯᠣᠭᠤᠳᠬᠤ ᠭᠠᠵᠠᠷ ᠠᠴᠠ ᠪᠥᠬᠦ ᠬᠤᠲᠠ ᠶᠢᠨ ᠭᠡᠨᠡᠳᠳᠡ ᠡᠭᠦᠰᠦᠭᠰᠡᠨ ᠠᠮᠢᠳᠡᠨ ᠤ ᠬᠦᠨᠲᠤ | ᠶᠡᠭᠡ ᠬᠢᠵᠢᠭ ᠤᠨ ᠪᠠᠶᠢᠳᠠᠯ ᠤᠨ ᠲᠤᠰᠬᠠᠶ ᠮᠡᠷᠭᠡᠵᠢᠯᠲᠡᠨ ᠤ ᠺᠤᠮᠢᠰ ᠢ ᠵᠣᠬᠢᠶᠠᠨ ᠪᠠᠶᠢᠭᠤᠯᠵᠤ᠂ ᠭᠤᠣᠯ ᠡᠭᠦᠷᠭᠡ | ᠬᠠᠷᠢᠭᠤᠴᠠᠯᠭ᠎ᠠ ᠨᠢ ᠬᠢᠵᠢᠭ ᠤᠨ ᠪᠠᠶᠢᠳᠠᠯ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠶᠢᠨ ᠬᠠᠮᠲᠤ ᠰᠠᠨᠠᠯ | ᠰᠠᠨᠠᠭᠤᠯᠭ᠎ᠠ ᠳᠤᠷᠠᠳᠴᠤ᠂ ᠬᠤᠲᠠ ᠶᠢᠨ ᠵᠢᠯᠣᠭᠤᠳᠬᠤ ᠭᠠᠵᠠᠷ ᠤᠨ ᠲᠤᠰᠢᠶᠠᠭᠰᠠᠨ ᠪᠤᠰᠤᠳ ᠠᠵᠢᠯ ᠢ ᠡᠭᠦᠷᠭᠡᠯᠡᠨ᠎ᠡ᠃ | 3 ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠬᠦᠯᠬᠦ | 3.1 ᠳᠥᠭᠰᠢᠬᠦᠷᠢ ᠶᠢ ᠰᠡᠷᠭᠡᠢᠯᠡᠨ ᠡᠵᠡᠮᠳᠡᠬᠦ | ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ᠂ ᠡᠯ᠎ᠡ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠡᠳᠦᠷ ᠲᠤᠲᠤᠮ ᠤᠨ ᠭᠡᠨᠡᠳᠳᠡ ᠡᠭᠦᠰᠦᠭᠰᠡᠨ ᠠᠮᠢᠲᠠᠨ ᠤ ᠬᠢᠵᠢᠭ ᠡᠪᠡᠳᠴᠢᠨ ᠤ ᠲᠦᠭᠰᠢᠭᠦᠷᠢ ᠶᠢ ᠦᠨᠡᠯᠡᠨ | ᠵᠢᠱᠢᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠤ | ᠲᠦᠭᠰᠢᠭᠦᠷᠢ ᠶᠢ ᠡᠬᠢᠨ ᠤ ᠬᠤᠭᠤᠴᠠᠭᠠᠨ ᠳᠤ ᠬᠢᠨᠠᠨ ᠬᠡᠮᠵᠢᠬᠦ ᠪᠠ ᠢᠯᠭᠠᠨ ᠲᠠᠨᠢᠬᠤ ᠴᠢᠳᠠᠪᠤᠷᠢ ᠪᠠᠨ ᠳᠡᠭᠡᠭᠰᠢᠯᠡᠭᠦᠯᠵᠦ᠂ | ᠡᠯ᠎ᠡ ᠲᠥᠷᠥᠯ ᠤᠨ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ᠂ ᠮᠠᠯ ᠵᠢᠭᠦᠷᠲᠡᠨ ᠨᠢᠲᠤᠯᠬᠤ ᠲᠠᠯᠠᠪᠠᠶ᠂ ᠡᠪᠡᠳᠴᠢᠨ ᠢᠶᠠᠷ | ᠥᠭᠦᠭᠰᠡᠨ ᠮᠠᠯ ᠵᠢᠭᠦᠷᠲᠡᠨ ᠢ ᠬᠤᠤᠷ ᠥᠬᠡᠶ ᠪᠣᠯᠭᠠᠨ ᠰᠢᠢᠳᠪᠦᠷᠢᠯᠡᠬᠦ ᠲᠠᠯᠠᠪᠤᠷ ᠵᠡᠷᠭᠡ ᠠᠮᠢᠲᠠᠨ ᠤ ᠬᠢᠵᠢᠭ | ᠡᠪᠡᠳᠴᠢᠨ ᠠᠶᠤᠯ ᠲᠦᠭᠰᠢᠭᠦᠷᠢ ᠶᠡᠬᠡᠲᠡᠶ ᠣᠷᠣᠨ ᠪᠦᠰᠡ ᠳᠤ ᠬᠠᠤᠯᠢ ᠶᠣᠰᠣᠭᠠᠷ ᠪᠠᠶᠢᠴᠠᠭᠠᠯᠲᠠ ᠬᠢᠵᠦ᠂ ᠦᠨᠡᠯᠡᠨ | ᠵᠢᠱᠢᠵᠦ᠂ ᠵᠠᠳᠠᠯᠤᠨ ᠰᠢᠨᠵᠢᠯᠡᠵᠦ᠂ ᠳᠡᠩᠰᠡᠯᠡᠨ ᠲᠡᠮᠳᠡᠭᠯᠡᠵᠦ᠂ ᠡᠬᠡ ᠲᠠᠩᠰᠠ ᠪᠠᠶᠢᠭᠤᠯᠵᠤ᠂ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠬᠢᠨᠠᠨ ᠡᠵᠡᠮᠳᠡᠬᠦ ᠬᠡᠷᠡᠭᠳᠡᠢ᠃ ᠡᠯ᠎ᠡ ᠱᠠᠲᠤᠨ ᠤ ᠲᠠᠷᠢᠶᠠᠯᠠᠩ ᠮᠠᠯ ᠠᠵᠤ | ᠠᠬᠤᠶ ᠶᠢᠨ ᠰᠠᠯᠠᠭ᠎ᠠ ᠮᠥᠴᠢᠷ ᠡᠭᠦᠰᠴᠦ ᠮᠡᠳᠡᠬᠦ ᠭᠡᠨᠡᠳᠲᠡ ᠡᠭᠦᠰᠬᠦ ᠠᠮᠢᠲᠠᠨ ᠤ ᠬᠦᠨᠳᠦ ᠶᠡᠭᠡ ᠬᠢᠵᠢᠭ ᠤᠨ | ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠪᠠ ᠬᠠᠨᠳᠤᠰᠢ ᠳᠤ ᠵᠠᠳᠠᠯᠤᠯᠲᠠ ᠬᠢᠵᠦ᠂ ᠰᠡᠷᠭᠡᠶᠢᠯᠡᠬᠦ ᠠᠷᠭ᠎ᠠ | ᠬᠡᠮᠵᠢᠶ᠎ᠡ ᠶᠢᠨ ᠰᠠᠨᠠᠭᠤᠯᠭ᠎ᠠ ᠳᠤᠷᠠᠳᠬᠤ ᠶᠢᠨ ᠬᠠᠮᠲᠤ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠳᠠᠭᠠᠨ | ᠮᠡᠳᠡᠭᠦᠯᠬᠦ ᠬᠡᠷᠡᠭᠲᠡᠶ᠃ | 3.2 ᠬᠢᠨᠡᠨ ᠬᠡᠮᠵᠢᠬᠦ | ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ᠂ ᠡᠯ᠎ᠡ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠭᠡᠨᠡᠳᠳᠡ ᠡᠭᠦᠰᠦᠭᠰᠡᠨ ᠠᠮᠢᠳᠡᠨ ᠤ ᠬᠦᠨᠲᠤ ᠶᠡᠭᠡ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠪᠠ ᠮᠡᠳᠡᠭᠦᠯᠬᠦ | ᠲᠣᠤᠷ ᠰᠦᠯᠵᠢᠶᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠱᠠᠲᠤᠨ ᠤ ᠲᠠᠷᠢᠶᠠᠯᠠᠩ ᠮᠠᠯ | ᠠᠵᠤ ᠠᠬᠤᠶ ᠶᠢᠨ ᠰᠠᠯᠠᠭ᠎ᠠ ᠮᠥᠴᠢᠷ ᠬᠠᠷᠢᠶ᠎ᠠ ᠣᠷᠣᠨ ᠤ ᠪᠠᠨ ᠳᠣᠲᠣᠷᠠᠬᠢ ᠠᠮᠢᠲᠠᠨ ᠤ ᠬᠦᠨᠳᠦ ᠶᠡᠭᠡ ᠬᠢᠵᠢᠭ ᠤᠨ | ᠪᠠᠶᠢᠳᠠᠯ ᠢ ᠬᠢᠨᠠᠨ ᠬᠡᠮᠵᠢᠬᠦ ᠠᠵᠢᠯ ᠢᠶᠠᠨ ᠴᠢᠩᠭᠠᠳᠬᠠᠵᠤ ᠬᠢᠨᠠᠨ ᠬᠡᠮᠵᠢᠬᠦ ᠶᠠᠰᠤ ᠴᠢᠨᠠᠷ ᠢ ᠪᠠᠲᠤᠯᠠᠬᠤ ᠬᠡᠷᠡᠭᠲᠡᠶ᠃ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠡᠷᠡᠭᠦᠯ ᠬᠠᠮᠠᠭᠠᠯᠠᠯ ᠡᠷᠡᠭᠦᠯ ᠮᠡᠨᠳᠦ᠂ ᠣᠶ ᠰᠢᠭᠤᠶ | ᠨᠤᠲᠤᠭ ᠪᠡᠯᠴᠢᠭᠡᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ᠂ ᠮᠠᠨ ᠤ ᠬᠤᠲᠠ ᠶᠢᠨ | ᠪᠣᠳᠠᠲᠠᠶ ᠲᠠᠢ ᠪᠠᠨ ᠤᠶᠠᠯᠳᠤᠭᠤᠯᠵᠤ᠂ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠬᠦ ᠬᠡᠷᠡᠭᠲᠡᠶ᠃ | 3.3 ᠣᠷᠢᠳᠴᠢᠯᠠᠨ ᠰᠡᠷᠡᠮᠵᠢᠯᠡᠬᠦᠯᠬᠦ | ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠬᠠᠩᠭᠠᠭᠰᠠᠨ ᠬᠢᠨᠠᠨ ᠬᠡᠮᠵᠢᠭᠰᠡᠨ ᠮᠡᠳᠡᠭᠡ ᠵᠠᠩᠭᠢ ᠶᠢ ᠦᠨᠳᠦᠰᠦᠯᠡᠨ᠂ | ᠭᠡᠨᠡᠳᠲᠡ ᠡᠭᠦᠰᠬᠦ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠤᠨ ᠡᠭᠦᠰᠦᠯ᠂ ᠲᠠᠷᠬᠠᠬᠤ ᠵᠢᠮ᠎ᠡ ᠶᠣᠰᠣ ᠪᠣᠯᠤᠨ | ᠣᠨᠴᠠᠯᠢᠭ ᠶᠣᠰᠣᠭᠠᠷ᠂ ᠬᠤᠤᠷ ᠬᠥᠨᠥᠭᠡᠯ ᠢ ᠨᠤᠲᠠᠯᠠᠬᠤ᠂ ᠲᠦᠭᠰᠢᠭᠦᠷᠢ ᠶᠢ ᠦᠨᠡᠯᠡᠨ ᠵᠢᠱᠢᠬᠦ᠂ ᠲᠦᠭᠰᠢᠭᠦᠷᠢ ᠶᠢᠨ | ᠬᠠᠮᠢᠶᠠᠷᠤᠯᠲᠠ ᠪᠣᠯᠤᠨ ᠮᠡᠳᠡᠭᠡ ᠵᠠᠩᠭᠢ ᠶᠢᠨ ᠰᠣᠯᠢᠯᠴᠠᠭ᠎ᠠ ᠪᠠᠷ ᠳᠠᠮᠵᠢᠭᠤᠯᠤᠨ᠂ ᠲᠠᠷᠬᠠᠨ ᠣᠷᠣᠵᠤ ᠢᠷᠡᠬᠦ ᠪᠠ | ᠡᠭᠦᠰᠬᠦ ᠲᠦᠭᠰᠢᠭᠦᠷᠢ᠂ ᠬᠤᠤᠷ ᠬᠥᠨᠥᠭᠡᠯ ᠤᠨ ᠬᠡᠮᠵᠢᠶ᠎ᠡ᠂ ᠪᠣᠯᠤᠯᠴᠠᠭ᠎ᠠ ᠲᠠᠢ ᠬᠥᠭᠵᠢᠯᠲᠡ ᠶᠢᠨ ᠬᠠᠨᠳᠤᠰᠢ ᠶᠢ ᠵᠠᠳᠠᠯᠵᠤ᠂ | ᠵᠣᠬᠢᠴᠠᠩᠭᠤᠶ ᠪᠦᠬᠦᠢ ᠲᠠᠰ ᠤᠨ ᠰᠡᠷᠡᠮᠵᠢᠯᠡᠭᠦᠯᠦᠯ ᠭᠠᠷᠭᠠᠵᠤ᠂ ᠳᠡᠰ ᠳᠠᠷᠠᠭᠠᠯᠠᠨ ᠤᠯᠠᠪᠤᠷ ᠥᠩᠭᠡ᠂ ᠰᠢᠷ᠎ᠠ ᠪᠣᠯᠤᠨ | ᠬᠥᠬᠡ ᠥᠩᠭᠡ ᠪᠠᠷ ᠬᠦᠨᠳᠦ ᠶᠡᠭᠡ᠂ ᠨᠡᠯᠢᠶᠡᠳ ᠶᠡᠭᠡ ᠪᠠ ᠡᠩ ᠤᠨ ᠭᠤᠷᠪᠠᠨ ᠰᠡᠷᠡᠮᠵᠢᠯᠡᠭᠦᠯᠬᠦ ᠳᠡᠰ ᠢ ᠬᠡᠷᠡᠭᠯᠡᠬᠦ | ᠬᠡᠷᠡᠭᠲᠡᠶ᠃ | ︵1︶ ᠤᠯᠠᠪᠤᠷ ᠥᠩᠭᠡ ᠪᠠ ᠰᠢᠷ᠎ᠠ ᠥᠩᠭᠡ ᠶᠢᠨ ᠰᠡᠷᠡᠮᠵᠢᠯᠡᠭᠦᠯᠦᠯ ᠢ ᠬᠤᠲᠠ ᠶᠢᠨ ᠠᠷᠠᠳ ᠤᠨ ᠵᠠᠰᠠᠭ ᠤᠨ | ᠣᠷᠳᠣᠨ ᠠᠴᠠ ᠬᠠᠷᠢᠭᠤᠴᠠᠨ ᠨᠡᠶᠢᠲᠡᠯᠡᠵᠦ᠂ ᠬᠤᠯᠪᠣᠭᠳᠠᠯ ᠪᠦᠬᠦᠢ ᠭᠠᠵᠠᠷ ᠣᠷᠣᠨ ᠤ ᠰᠡᠷᠡᠮᠵᠢᠯᠡᠭᠦᠯᠬᠦ | ᠬᠤᠭᠤᠴᠠᠭᠠᠨ ᠳᠤ ᠣᠷᠣᠭᠰᠠᠨ ᠢ ᠨᠡᠶᠢᠲᠡᠯᠡᠨ᠎ᠡ᠃ | ︵2︶ ᠬᠥᠬᠡ ᠥᠩᠭᠡ ᠶᠢᠨ ᠰᠡᠷᠡᠮᠵᠢᠯᠡᠭᠦᠯᠦᠯ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ | ᠬᠠᠷᠢᠭᠤᠴᠠᠨ ᠨᠡᠶᠢᠲᠡᠯᠡᠵᠦ᠂ ᠬᠤᠯᠪᠣᠭᠳᠠᠯ ᠪᠥᠬᠦᠶ ᠭᠠᠵᠠᠷ ᠣᠷᠣᠨ ᠤ ᠰᠡᠷᠡᠮᠵᠢᠯᠡᠭᠦᠯᠬᠦ ᠬᠤᠭᠤᠴᠠᠭᠠᠨ ᠳᠤ | ᠣᠷᠣᠭᠰᠠᠨ ᠢ ᠨᠡᠶᠢᠲᠡᠯᠡᠨ᠎ᠡ᠃ | ︵3︶ ᠥᠪᠡᠷᠲᠡᠭᠡᠨ ᠵᠠᠰᠠᠬᠤ ᠣᠷᠣᠨ ᠠᠴᠠ ᠤᠷᠢᠳᠴᠢᠯᠠᠨ ᠰᠡᠷᠡᠮᠵᠢᠯᠡᠭᠦᠯᠬᠦ ᠦᠶᠡᠰ᠂ ᠬᠤᠲᠠ᠂ ᠲᠣᠭᠤᠷᠢᠭ | ᠬᠤᠶᠠᠷ ᠱᠠᠲᠤᠨ ᠤ ᠬᠢᠨ ᠠᠮᠢᠲᠠᠨ ᠲᠡᠵᠢᠭᠡᠬᠦ᠂ ᠡᠵᠡᠩᠨᠡᠬᠦ ᠪᠠ ᠠᠮᠢᠲᠠᠨ ᠤ ᠠᠰᠢᠭ ᠰᠢᠮ᠎ᠡ ᠶᠢᠨ ᠪᠦᠲᠦᠭᠡᠭᠳᠡᠬᠦᠨ ᠢ | ᠦᠢᠯᠡᠳᠪᠦᠷᠢᠯᠡᠬᠦ᠂ ᠡᠵᠡᠩᠨᠡᠬᠦ᠂ ᠡᠳ᠋ᠰᠢᠭᠦᠯᠬᠦ ᠳᠤ ᠴᠢᠬᠤᠯᠠ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠬᠤ | ᠬᠡᠷᠡᠭᠲᠡᠶ᠃ | ︵4︶ ᠭᠡᠨᠡᠳᠳᠡ ᠡᠭᠦᠰᠦᠭᠰᠡᠨ ᠠᠮᠢᠳᠡᠨ ᠤ ᠬᠦᠨᠲᠤ ᠶᠡᠭᠡ ᠬᠢᠵᠢᠭ ᠤᠨ ᠰᠦᠷᠳᠡᠭᠦᠯᠦᠯ ᠢ ᠨᠢᠭᠡᠨᠲᠡ ᠠᠷᠢᠯᠭᠠᠵᠤ᠂ | ᠨᠡᠶᠢᠲᠡᠯᠡᠭᠰᠡᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠴᠠᠭ ᠲᠤᠬᠠᠶ ᠳᠤᠨᠢ ᠰᠡᠷᠡᠮᠵᠢᠯᠡᠭᠦᠯᠬᠦ ᠶᠢ ᠬᠦᠴᠦᠨ ᠦᠭᠡᠶ | ᠪᠣᠯᠭᠠᠵᠤ᠂ ᠤᠷᠢᠳᠴᠢᠯᠠᠨ ᠰᠡᠷᠡᠮᠵᠢᠯᠡᠭᠦᠯᠬᠦ ᠬᠤᠭᠤᠴᠠᠭ᠎ᠠ ᠶᠢ ᠳᠠᠭᠤᠰᠬᠠᠬᠤ ᠬᠡᠷᠡᠭᠲᠡᠶ᠃ | 3.4 ᠮᠡᠳᠡᠬᠦᠯᠬᠦ | 3.4.1 ᠮᠡᠳᠡᠭᠦᠯᠬᠦ ᠴᠢᠬᠤᠯᠠ ᠲᠠᠢ ᠪᠠᠶᠢᠳᠠᠯ | ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠮᠡᠳᠡᠭᠦᠯᠬᠦ ᠬᠡᠷᠡᠭᠲᠡᠶ᠄ | ︵1︶ ᠠᠹᠷᠢᠺᠠ ᠲᠢᠪ ᠤᠨ ᠭᠠᠭ᠋ᠠᠢ ᠶᠢᠨ ᠬᠢᠵᠢᠭ᠂ ᠰᠢᠯᠦᠬᠡᠶ ᠡᠪᠡᠳᠴᠢᠨ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ | ᠵᠢᠭᠦᠷᠲᠡᠨ ᠤ ᠬᠠᠯᠳᠠᠪᠤᠷᠢᠲᠤ ᠲᠠᠭᠰᠢᠭᠤᠷ᠂ ᠬᠡᠪᠢᠭᠴᠢ ᠪᠠᠭ᠎ᠠ ᠮᠠᠯ ᠤᠨ ᠬᠢᠵᠢᠭ ᠵᠡᠷᠭᠡ ᠠᠮᠢᠳᠡᠨ ᠤ ᠬᠦᠨᠲᠤ ᠶᠡᠭᠡ | ᠬᠢᠵᠢᠭ ᠤᠨ ᠪᠠᠶᠢᠳᠠᠯ ᠡᠭᠦᠰᠬᠦ᠃ | ︵2︶ ᠰᠢᠨ᠎ᠡ ᠪᠠᠷ ᠡᠭᠦᠰᠦᠭᠰᠡᠨ ᠠᠮᠢᠳᠠᠨ ᠤ ᠬᠢᠵᠢᠭ ᠡᠪᠡᠳᠴᠢᠨ ᠪᠤᠶᠤ ᠰᠢᠨ᠎ᠡ ᠪᠠᠷ ᠲᠠᠷᠬᠠᠭᠰᠠᠨ ᠠᠮᠢᠲᠠᠨ ᠤ | ᠬᠢᠵᠢᠭ ᠡᠪᠡᠳᠴᠢᠨ ᠡᠬᠦᠰᠬᠦ᠃ | ︵3︶ ᠲᠤᠭᠳᠠᠭᠠᠯ ᠦᠭᠡᠢ ᠠᠮᠢᠲᠠᠨ ᠤ ᠬᠢᠵᠢᠭ ᠡᠪᠡᠳᠴᠢᠨ ᠤ ᠣᠷᠣᠨ ᠪᠠ ᠲᠤᠭᠳᠠᠭᠠᠯ ᠦᠭᠡᠢ ᠠᠮᠢᠲᠠᠨ ᠤ | ᠬᠢᠵᠢᠭ ᠡᠪᠡᠳᠴᠢᠨ ᠤ ᠵᠢᠵᠢᠭ ᠲᠣᠭᠤᠷᠢᠭ ᠲᠤ ᠲᠣᠭᠲᠠᠭᠰᠠᠨ ᠠᠮᠢᠲᠠᠨ ᠤ ᠬᠢᠵᠢᠭ ᠡᠪᠡᠳᠴᠢᠨ ᠡᠭᠦᠰᠬᠦ᠃ | ︵4︶ ᠬᠤᠶᠠᠷ᠂ ᠭᠤᠷᠪᠠᠳᠤᠭᠠᠷ ᠲᠥᠷᠥᠯ ᠤᠨ ᠠᠮᠢᠲᠠᠨ ᠤ ᠬᠢᠵᠢᠭ ᠡᠪᠡᠳᠴᠢᠨ ᠶᠡᠭᠡ ᠪᠠᠷ ᠲᠠᠷᠬᠠᠬᠤ᠃ | ︵5︶ ᠠᠮᠢᠲᠠᠨ ᠤ ᠬᠢᠵᠢᠭ ᠡᠪᠡᠳᠴᠢᠨ ᠤ ᠮᠦᠯᠵᠢᠭᠳᠡᠭᠴᠢ ᠶᠢᠨ ᠬᠡᠪᠴᠢᠶ᠎ᠡ᠂ ᠡᠪᠡᠳᠴᠢᠯᠡᠭᠦᠯᠬᠦ ᠴᠢᠨᠠᠷ ᠵᠢᠴᠢ | ᠡᠪᠡᠳᠴᠢᠨ ᠤ ᠡᠭᠦᠰᠦᠯ ᠤᠨ ᠰᠤᠳᠤᠯᠤᠯ ᠤᠨ ᠣᠨᠴᠠᠯᠢᠭ ᠵᠡᠷᠭᠡ ᠳᠤ ᠴᠢᠬᠤᠯᠠ ᠶᠡᠭᠡ ᠬᠤᠪᠢᠷᠠᠯᠲᠠ ᠭᠠᠷᠬᠤ᠃ | ︵6︶ ᠠᠮᠢᠳᠠᠳ ᠲᠤ ᠰᠢᠯᠲᠠᠭᠠᠨ ᠨᠢ ᠲᠣᠳᠣᠷᠬᠠᠶ ᠦᠭᠡᠶ ᠲᠦᠷᠭᠡᠨ ᠴᠢᠨᠠᠷᠲᠠᠶ ᠡᠪᠡᠳᠴᠢᠨ ᠡᠭᠦᠰᠴᠦ᠂ ᠶᠡᠭᠡ | ᠬᠡᠮᠵᠢᠶ᠎ᠡ ᠪᠠᠷ ᠦᠬᠦᠬᠦ᠃ | ︵7︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠮᠡᠳᠡᠭᠦᠯᠬᠦ ᠴᠢᠬᠤᠯᠠ ᠲᠠᠢ ᠪᠤᠰᠤᠳ | ᠪᠠᠶᠢᠳᠠᠯ᠃ | 3.4.2 ᠬᠠᠷᠢᠭᠤᠴᠠᠯᠭᠠᠲᠤ ᠮᠡᠳᠡᠬᠦᠯᠬᠦ ᠨᠢᠭᠡᠴᠡ ᠪᠠ ᠬᠠᠷᠢᠭᠤᠴᠠᠯᠭᠠᠲᠤ ᠮᠡᠳᠡᠬᠦᠯᠦᠭᠴᠢ | ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ᠂ ᠪᠠᠶᠢᠴᠠᠭᠠᠨ ᠬᠡᠮᠵᠢᠬᠦ᠂ ᠰᠢᠯᠭᠠᠨ ᠪᠠᠶᠢᠴᠠᠭᠠᠬᠤ ᠪᠠ ᠬᠢᠵᠢᠭ | ᠪᠠᠶᠢᠴᠠᠭᠠᠬᠤ᠂ ᠰᠤᠳᠤᠯᠬᠤ᠂ ᠣᠨᠣᠰᠢᠯᠠᠨ ᠡᠮᠨᠡᠬᠦ ᠵᠢᠴᠢ ᠠᠮᠢᠲᠠᠨ ᠲᠡᠵᠢᠭᠡᠬᠦ᠂ ᠨᠢᠲᠤᠯᠬᠤ᠂ ᠡᠵᠡᠩᠨᠡᠬᠦ᠂ ᠲᠤᠰᠠᠭᠠᠷᠯᠠᠬᠤ᠂ | ᠲᠡᠭᠡᠭᠡᠪᠦᠷᠢᠯᠡᠬᠦ ᠵᠡᠷᠭᠡ ᠠᠵᠢᠯᠯᠠᠭ᠎ᠠ ᠬᠢᠵᠦ ᠪᠠᠶᠢᠭ᠎ᠠ ᠨᠢᠭᠡᠴᠡ ᠪᠣᠯᠤᠨ ᠬᠤᠪᠢ ᠬᠥᠮᠦᠨ ᠠᠮᠢᠲᠠᠨ ᠤ ᠬᠢᠵᠢᠭ | ᠬᠠᠯᠳᠠᠪᠤᠷᠢᠯᠠᠭᠰᠠᠨ ᠪᠤᠶᠤ ᠬᠢᠵᠢᠭ ᠬᠠᠯᠳᠠᠪᠤᠷᠢᠯᠠᠭᠰᠠᠨ ᠰᠡᠵᠢᠭ ᠲᠠᠢ ᠪᠠᠶᠢᠬᠤ ᠶᠢ ᠣᠯᠵᠤ ᠮᠡᠳᠡᠪᠡᠯ᠂ ᠳᠠᠷᠦ᠋ᠢᠬᠠᠨ | ᠰᠠᠭᠤᠭ᠎ᠠ ᠭᠠᠵᠠᠷ ᠤᠨ ᠢᠶᠠᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠪᠤᠶᠤ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠳᠤ ᠮᠡᠳᠡᠭᠦᠯᠬᠦ ᠶᠢᠨ ᠬᠠᠮᠲᠤ ᠪᠤᠰᠢᠭᠤ ᠲᠦᠷᠭᠡᠨ ᠲᠤᠰᠠᠭᠠᠷᠯᠠᠬᠤ | ᠵᠡᠷᠭᠡ ᠡᠵᠡᠮᠳᠡᠬᠦ ᠠᠷᠭ᠎ᠠ ᠬᠡᠮᠵᠢᠶ᠎ᠡ ᠶᠢ ᠠᠪᠴᠤ᠂ ᠠᠮᠢᠲᠠᠨ ᠤ ᠬᠢᠵᠢᠭ ᠳᠡᠯᠭᠡᠷᠡᠬᠦ ᠶᠢ ᠰᠡᠷᠭᠡᠶᠢᠯᠡᠬᠦ ᠬᠡᠷᠡᠭᠲᠡᠶ᠃ ᠪᠤᠰᠤᠳ | ᠶᠠᠮᠠᠷᠪᠠ ᠨᠢᠭᠡᠴᠡ ᠪᠣᠯᠤᠨ ᠬᠤᠪᠢ ᠬᠥᠮᠦᠨ ᠠᠮᠢᠲᠠᠨ ᠳᠤ ᠬᠢᠵᠢᠭ ᠬᠠᠯᠳᠠᠪᠤᠷᠢᠯᠠᠭᠰᠠᠨ ᠪᠤᠶᠤ ᠬᠢᠵᠢᠭ | ᠬᠠᠯᠳᠠᠪᠤᠷᠢᠯᠠᠭᠰᠠᠨ ᠰᠡᠵᠢᠭᠯᠡᠯᠲᠡᠶ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ | 3.4.3 ᠮᠡᠳᠡᠭᠦᠯᠬᠦ ᠠᠷᠭ᠎ᠠ ᠮᠠᠶ᠋ᠢᠭ ᠪᠠ ᠠᠭᠤᠯᠭ᠎ᠠ | ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠨᠢ ᠤᠯᠤᠰ ᠤᠨ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠬᠢᠵᠢᠭ ᠤᠨ ᠪᠠᠶᠢᠳᠠᠯ ᠢ ᠮᠡᠳᠡᠭᠦᠯᠬᠦ ᠬᠡᠷᠡᠭᠲᠡᠶ᠃ ᠪᠤᠰᠤᠳ ᠬᠠᠷᠢᠭᠤᠴᠠᠯᠭᠠᠲᠤ ᠮᠡᠳᠡᠭᠦᠯᠬᠦ | ᠨᠢᠭᠡᠴᠡ ᠪᠣᠯᠤᠨ ᠬᠤᠪᠢ ᠬᠥᠮᠦᠨ ᠣᠳᠠᠰᠣ ᠪᠤᠶᠤ ᠪᠢᠴᠢᠭ ᠤᠨ ᠬᠡᠯᠪᠡᠷᠢ ᠪᠠᠷ ᠲᠤᠰ ᠵᠠᠰᠠᠭ ᠵᠠᠬᠢᠷᠭᠠᠨ ᠤ | ᠣᠷᠣᠨ ᠤ ᠪᠠᠨ ᠳᠣᠲᠣᠷᠠᠬᠢ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠪᠤᠶᠤ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠳᠤ ᠮᠡᠳᠡᠭᠦᠯᠬᠦ ᠬᠡᠷᠡᠭᠲᠡᠶ᠃ ᠡᠯ᠎ᠡ ᠱᠠᠲᠤᠨ ᠤ ᠲᠠᠷᠢᠶᠠᠯᠠᠩ ᠮᠠᠯ | ᠠᠵᠤ ᠠᠬᠤᠶ ᠶᠢᠨ ᠰᠠᠯᠠᠭ᠎ᠠ ᠮᠥᠴᠢᠷ ᠬᠢᠵᠢᠭ ᠤᠨ ᠪᠠᠶᠢᠳᠠᠯ ᠢ ᠢᠯᠡᠴᠢᠯᠡᠨ ᠮᠡᠳᠡᠭᠦᠯᠬᠦ ᠤᠲᠠᠰᠤ ᠲᠣᠬᠢᠷᠠᠭᠤᠯᠬᠤ ᠶᠢᠨ | ᠬᠠᠮᠲᠤ ᠨᠡᠶᠢᠭᠡᠮ ᠨᠡᠶᠢᠲᠡ ᠳᠤ ᠨᠡᠶᠢᠲᠡᠯᠡᠬᠦ ᠬᠡᠷᠡᠭᠲᠡᠶ ︵ᠬᠤᠲᠠ ᠶᠢᠨ ᠠᠮᠢᠲᠠᠨ ᠤ ᠬᠢᠵᠢᠭ ᠤᠨ ᠪᠠᠶᠢᠳᠠᠯ ᠢ ᠢᠯᠡᠴᠢᠯᠡᠨ | ᠮᠡᠳᠡᠭᠦᠯᠬᠦ ᠤᠲᠠᠰᠤ᠄ 0473 — 3998704︶᠃ | ᠮᠡᠳᠡᠭᠦᠯᠬᠦ ᠠᠭᠤᠯᠭ᠎ᠠ ᠳᠤ ᠦᠨᠳᠦᠰᠦᠨ ᠮᠡᠳᠡᠭᠡ ᠵᠠᠩᠭᠢ᠂ ᠬᠢᠵᠢᠭ ᠤᠨ ᠪᠠᠶᠢᠳᠠᠯ ᠤᠨ ᠲᠦᠢᠮᠣ ᠪᠠᠶᠢᠳᠠᠯ᠂ | ᠬᠢᠵᠢᠭ ᠤᠨ ᠴᠢᠭ ᠤᠨ ᠪᠠᠶᠢᠳᠠᠯ᠂ ᠬᠢᠵᠢᠭᠲᠦ ᠣᠷᠣᠨ ᠵᠢᠴᠢ ᠰᠦᠷᠳᠡᠭᠦᠯᠦᠯ ᠳᠤ ᠤᠴᠠᠷᠠᠭᠰᠠᠨ ᠣᠷᠣᠨ ᠤ ᠪᠠᠶᠢᠳᠠᠯ᠂ | ᠲᠠᠬᠤᠯ ᠡᠪᠡᠳᠴᠢᠨ ᠤ ᠰᠤᠳᠤᠯᠤᠯ ᠤᠨ ᠮᠡᠳᠡᠭᠡ ᠵᠠᠩᠭᠢ᠂ ᠡᠵᠡᠮᠳᠡᠬᠦ ᠠᠷᠭ᠎ᠠ ᠬᠡᠮᠵᠢᠶ᠎ᠡ᠂ ᠣᠨᠣᠰᠢᠯᠠᠬᠤ ᠠᠷᠭ᠎ᠠ ᠵᠢᠴᠢ | ᠦᠷ᠎ᠡ ᠳ᠋ᠦᠩ᠂ ᠬᠢᠵᠢᠭᠲᠦ ᠣᠷᠣᠨ ᠤ ᠣᠷᠣᠨ ᠪᠠᠶᠢᠷᠢ ᠵᠢᠴᠢ ᠤᠷᠳᠤᠷᠢᠭ ᠦᠷᠭᠡᠷᠢᠭ᠂ ᠬᠢᠵᠢᠭ ᠤᠨ ᠪᠠᠶᠢᠳᠠᠯ ᠢ | ᠰᠢᠢᠳᠪᠦᠷᠢᠯᠡᠭᠰᠡᠨ ᠠᠬᠢᠴᠠ ᠵᠢᠴᠢ ᠪᠤᠰᠤᠳ ᠲᠣᠳᠣᠷᠬᠠᠶᠢᠯᠠᠬᠤ ᠴᠢᠬᠤᠯᠠ ᠲᠠᠢ ᠮᠡᠳᠡᠭᠡ ᠵᠠᠩᠭᠢ ᠵᠡᠷᠭᠡ ᠠᠭᠤᠯᠭ᠎ᠠ | ᠪᠠᠭᠲᠠᠨ᠎ᠠ᠃ | ᠠᠩᠬ᠎ᠠ ᠣᠳᠠᠭ᠎ᠠ ᠮᠡᠳᠡᠭᠦᠯᠦᠭᠰᠡᠨ ᠤ ᠳᠠᠷᠠᠭ᠎ᠠ᠂ ᠲᠤᠭᠤᠷᠢᠭ ᠤᠨ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠨᠢ ᠭᠠᠷᠠᠭ ᠪᠦᠷᠢ ᠦᠷᠭᠦᠯᠵᠢᠯᠡᠨ ᠮᠡᠳᠡᠭᠦᠯᠬᠦ ᠬᠡᠷᠡᠭᠲᠡᠶ᠃ ᠬᠢᠵᠢᠭ ᠤᠨ | ᠪᠠᠶᠢᠳᠠᠯ ᠢ ᠠᠷᠢᠯᠭᠠᠭᠰᠠᠨ ᠪᠤᠶᠤ ᠪᠢᠲᠡᠭᠦᠮᠵᠢᠯᠡᠯ ᠢᠶᠠᠨ ᠲᠠᠶᠢᠯᠠᠵᠤ᠂ ᠬᠢᠵᠢᠭᠲᠦ ᠣᠷᠣᠨ ᠢ ᠬᠦᠴᠦᠨ ᠦᠭᠡᠶ | ᠪᠣᠯᠭᠠᠭᠰᠠᠨ ᠤ ᠳᠠᠷᠠᠭ᠎ᠠ ᠡᠴᠦᠰ ᠤᠨ ᠮᠡᠳᠡᠭᠦᠯᠦᠯᠲᠡ ᠬᠢᠬᠦ ᠬᠡᠷᠡᠭᠲᠡᠶ᠃ ᠲᠠᠷᠠᠭᠠᠴᠢ ᠶᠢᠨ ᠮᠡᠳᠡᠭᠦᠯᠦᠯᠲᠡ ᠪᠠ | ᠡᠴᠦᠰ ᠤᠨ ᠮᠡᠳᠡᠭᠦᠯᠦᠯᠲᠡ ᠶᠢ ᠲᠦᠷᠭᠡᠨ ᠮᠡᠳᠡᠬᠦᠯᠬᠦ ᠵᠢᠷᠤᠮ ᠢᠶᠠᠷ ᠳᠡᠭᠡᠭᠰᠢ ᠮᠡᠳᠡᠬᠦᠯᠬᠦ ᠬᠡᠷᠡᠭᠳᠡᠢ᠃ | 3.4.4 ᠠᠩᠬ᠎ᠠ ᠤᠳᠠᠭ᠎ᠠ ᠮᠡᠳᠡᠭᠦᠯᠬᠦ ᠴᠠᠭ ᠬᠤᠭᠤᠴᠠᠭ᠎ᠠ ᠪᠠ ᠲᠠᠰ ᠳᠠᠷᠠᠭᠠᠯᠠᠯ | ︽ᠤᠯᠤᠰ ᠤᠨ ᠭᠡᠨᠡᠳᠳᠡ ᠡᠭᠦᠰᠦᠭᠰᠡᠨ ᠠᠮᠢᠳᠡᠨ ᠤ ᠬᠦᠨᠲᠤ ᠶᠡᠭᠡ ᠬᠢᠵᠢᠭ ᠤᠨ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠳᠡ | ᠡᠭᠦᠰᠦᠭᠰᠡᠨ ᠠᠮᠢᠳᠡᠨ ᠤ ᠬᠦᠨᠲᠤ ᠶᠡᠭᠡ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ | ︵2022 ᠣᠨ ᠤ ᠬᠡᠪᠯᠡᠯ︶︾ ᠤᠨ ᠲᠣᠭᠲᠠᠭᠠᠯ ᠶᠣᠰᠣᠭᠠᠷ᠂ ᠰᠡᠵᠢᠭᠯᠡᠯᠲᠡᠢ ᠠᠮᠢᠲᠠᠨ ᠤ ᠬᠢᠵᠢᠭ ᠤᠨ ᠪᠠᠶᠢᠳᠠᠯ ᠢ ᠣᠯᠵᠤ | ᠮᠡᠳᠡᠪᠡᠯ᠂ ᠡᠷᠬᠡᠪᠰᠢ ᠳᠠᠷᠤᠶ ᠲᠦᠷᠭᠡᠨ ᠲᠤᠬᠠᠶ ᠶᠢᠨ ᠭᠠᠵᠠᠷ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ | ᠡᠵᠡᠮᠳᠡᠬᠦ ᠪᠠᠶᠢᠭᠤᠯᠤᠮᠵᠢ ᠳᠤ ᠮᠡᠳᠡᠭᠦᠯᠬᠦ ᠬᠡᠷᠡᠭᠲᠡᠶ᠃ ᠲᠤᠭᠤᠷᠢᠭ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ | ᠡᠵᠡᠮᠳᠡᠬᠦ ᠪᠠᠶᠢᠭᠤᠯᠤᠮᠵᠢ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ ᠳᠠᠷᠤᠶ ᠲᠦᠷᠭᠡᠨ ᠲᠤᠬᠠᠶ ᠶᠢᠨ ᠲᠠᠯᠠᠪᠠᠶ ᠳᠤ | ᠬᠦᠷᠴᠦ ᠣᠨᠣᠰᠢᠯᠠᠬᠤ ᠬᠡᠷᠡᠭᠲᠡᠶ᠂ ᠴᠢᠬᠤᠯᠠ ᠲᠠᠢ ᠦᠶ᠎ᠡ ᠳᠤ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠮᠢᠲᠠᠨ ᠤ | ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠠᠴᠠ ᠭᠤᠶᠤᠴᠢᠯᠠᠯ ᠭᠠᠷᠭᠠᠵᠤ ᠬᠥᠮᠦᠨ ᠲᠣᠮᠢᠯᠠᠨ | ᠬᠠᠪᠰᠤᠷᠤᠨ ᠣᠨᠣᠰᠢᠯᠠᠵᠤ ᠪᠣᠯᠤᠨ᠎ᠠ᠂ ᠰᠡᠵᠢᠭᠯᠡᠯᠲᠡᠶ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠢᠶᠠᠷ ᠠᠩᠬ᠎ᠠ | ᠠᠯᠬᠤᠮ ᠮᠠᠭᠠᠳᠯᠠᠨ ᠲᠣᠭᠲᠠᠭᠠᠭᠰᠠᠨ ᠪᠣᠯ᠂ 2 ᠴᠠᠭ ᠤᠨ ᠳᠣᠲᠣᠷ᠎ᠠ ᠱᠠᠲᠤ ᠳᠠᠷᠠᠭᠠᠯᠠᠨ ᠥᠪᠡᠷᠲᠡᠭᠡᠨ ᠵᠠᠰᠠᠬᠤ | ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠲᠤ ᠮᠡᠳᠡᠭᠦᠯᠦᠨ ᠬᠦᠷᠭᠡᠬᠦ ᠶᠢᠨ ᠬᠠᠮᠲᠤ | ᠰᠠᠭᠤᠭ᠎ᠠ ᠭᠠᠵᠠᠷ ᠤᠨ ᠢᠶᠠᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ | ᠬᠡᠷᠡᠭᠲᠡᠶ᠃ | ᠰᠡᠵᠢᠭᠯᠡᠯᠲᠡᠶ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠢᠶᠠᠷ ᠮᠠᠭᠠᠳᠯᠠᠨ ᠲᠣᠭᠲᠠᠭᠠᠭᠰᠠᠨ ᠪᠣᠯ᠂ ᠲᠡᠷᠡ | ᠳᠠᠷᠤᠶ ᠳᠤᠨᠢ ᠱᠠᠭᠠᠷᠳᠠᠯᠭ᠎ᠠ ᠶᠣᠰᠣᠭᠠᠷ ᠡᠪᠡᠳᠴᠢᠨ ᠤ ᠮᠠᠲ᠋ᠧᠷᠢᠶᠠᠯ ᠤᠨ ᠦᠯᠢᠭᠡᠷ ᠬᠡᠪ ᠴᠤᠭᠯᠠᠭᠤᠯᠵᠤ ᠥᠪᠡᠷᠲᠡᠭᠡᠨ | ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠤᠨ ᠲᠤᠷᠰᠢᠯᠲᠠ ᠶᠢᠨ | ᠲᠠᠰᠤᠭ ᠲᠤ ᠬᠦᠷᠭᠡᠵᠦ ᠲᠤᠳᠤᠯᠠᠭᠤᠯᠬᠤ ᠬᠡᠷᠡᠭᠲᠡᠶ᠃ | ᠬᠤᠲᠠ᠂ ᠲᠣᠭᠤᠷᠢᠭ ᠬᠤᠶᠠᠷ ᠱᠠᠲᠤᠨ ᠤ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠤᠨ ᠵᠢᠯᠣᠭᠤᠳᠬᠤ | ᠭᠠᠵᠠᠷ ᠤᠨ ᠪᠦᠷᠢᠯᠳᠦᠬᠦᠨ ᠨᠢᠭᠡᠴᠡ ᠰᠡᠵᠢᠭᠯᠡᠯᠲᠡᠶ ᠠᠮᠢᠲᠠᠨ ᠤ ᠬᠢᠵᠢᠭ ᠤᠨ ᠪᠠᠶᠢᠳᠠᠯ ᠢ ᠣᠯᠵᠤ ᠮᠡᠳᠡᠪᠡᠯ᠂ ᠲᠡᠷᠡ | ᠳᠠᠷᠤᠶ ᠳᠤᠨᠢ ᠲᠣᠰ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠲᠤ ᠬᠤᠯᠪᠤᠭᠳᠠᠯ ᠪᠦᠬᠦᠢ | ᠪᠠᠶᠢᠳᠠᠯ ᠢᠶᠠᠨ ᠨᠡᠶᠢᠳᠡᠯᠡᠨ ᠮᠡᠳᠡᠭᠳᠡᠬᠦ ᠬᠡᠷᠡᠭᠲᠡᠶ᠃ | 4 ᠪᠠᠴᠢᠮ ᠪᠠᠶᠢᠳᠡᠯ ᠢ ᠠᠷᠭᠠᠴᠠᠭᠠᠬᠤ ᠳᠤ ᠴᠤᠤᠷᠢᠶᠠᠲᠤᠨ ᠲᠠᠭᠠᠬᠤ ᠪᠠ ᠲᠠᠭᠤᠰᠬᠠᠬᠤ | 4.1 ᠴᠤᠤᠷᠢᠶᠠᠲᠤᠨ ᠳᠠᠭᠠᠬᠤ ᠵᠠᠷᠴᠢᠮ | ᠭᠡᠨᠡᠳᠳᠡ ᠡᠭᠦᠰᠦᠭᠰᠡᠨ ᠠᠮᠢᠳᠡᠨ ᠤ ᠬᠦᠨᠲᠤ ᠶᠡᠭᠡ ᠬᠢᠵᠢᠭ ᠤᠨ ᠪᠠᠶᠢᠳᠠᠯ ᠭᠠᠷᠪᠠᠯ᠂ ᠬᠡᠷᠡᠭ ᠭᠠᠷᠤᠭᠰᠠᠨ | ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠱᠠᠲᠤ ᠬᠤᠪᠢᠶᠠᠨ ᠴᠤᠤᠷᠢᠶᠠᠲᠤᠨ ᠳᠠᠭᠠᠬᠤ ᠵᠠᠷᠴᠢᠮ ᠶᠣᠰᠣᠭᠠᠷ ᠪᠠᠴᠢᠮ | ᠪᠠᠶᠢᠳᠠᠯ ᠢ ᠠᠷᠭᠠᠴᠠᠭᠠᠬᠤ ᠴᠣᠣᠷᠢᠶᠠᠳᠣᠯ ᠭᠠᠷᠭᠠᠬᠤ ᠬᠡᠷᠡᠭᠲᠡᠶ᠃ ᠡᠭᠦᠨ ᠤ ᠬᠠᠮᠲᠤ᠂ ᠠᠮᠢᠲᠠᠨ ᠤ ᠬᠦᠨᠳᠦ ᠶᠡᠭᠡ ᠬᠢᠵᠢᠭ | ᠡᠭᠦᠰᠬᠦ ᠬᠥᠭᠵᠢᠯᠲᠡ ᠶᠢᠨ ᠪᠤᠰᠤᠳᠴᠢ ᠵᠢᠮ᠎ᠡ ᠶᠣᠰᠣ ᠶᠢ ᠵᠢᠷᠤᠮᠯᠠᠵᠤ᠂ ᠪᠣᠳᠠᠲᠤ ᠪᠠᠶᠢᠳᠠᠯ ᠪᠣᠯᠤᠨ ᠰᠡᠷᠭᠡᠶᠢᠯᠡᠨ | ᠡᠵᠡᠮᠳᠡᠬᠦ ᠠᠵᠢᠯ ᠤᠨ ᠬᠡᠷᠡᠭᠴᠡᠭᠡ ᠯᠦᠭᠡ ᠤᠶᠠᠯᠳᠤᠭᠤᠯᠤᠨ᠂ ᠤᠷᠢᠳᠴᠢᠯᠠᠨ ᠰᠡᠷᠡᠮᠵᠢᠯᠡᠭᠦᠯᠬᠦ ᠪᠠ ᠴᠤᠤᠷᠢᠶᠠᠲᠤᠨ | ᠳᠠᠭᠠᠬᠤ ᠳᠡᠰ ᠢᠶᠠᠨ ᠴᠠᠭ ᠲᠤᠬᠠᠶ ᠳᠤᠨᠢ ᠬᠥᠳᠡᠯᠦᠩᠭᠦᠶ ᠪᠠᠷ ᠲᠣᠬᠢᠷᠠᠭᠤᠯᠬᠤ ᠬᠡᠷᠡᠭᠲᠡᠶ᠃ ᠠᠳᠠᠯᠢ ᠪᠤᠰᠤ ᠠᠮᠢᠲᠠᠨ ᠤ | ᠬᠢᠵᠢᠭ ᠡᠪᠡᠳᠴᠢᠨ ᠤ ᠰᠢᠨᠵᠢ ᠴᠢᠨᠠᠷ ᠪᠠ ᠣᠨᠴᠠᠯᠢᠭ ᠢ ᠨᠢ ᠦᠨᠳᠦᠰᠦᠯᠡᠨ᠂ ᠬᠢᠵᠢᠭ ᠤᠨ ᠪᠠᠶᠢᠳᠠᠯ ᠤᠨ | ᠬᠥᠭᠵᠢᠯᠲᠡ ᠶᠢᠨ ᠬᠠᠨᠳᠤᠰᠢ ᠶᠢ ᠵᠠᠳᠠᠯᠬᠤ ᠶᠢ ᠴᠢᠬᠤᠯᠠᠴᠢᠯᠠᠵᠤ᠂ ᠬᠢᠵᠢᠭ ᠤᠨ ᠪᠠᠶᠢᠳᠠᠯ ᠪᠠ ᠨᠥᠯᠥᠭᠡ ᠶᠢᠨ | ᠲᠠᠰᠤᠷᠠᠯᠲᠠ ᠤᠢᠭᠡᠢ ᠥᠷᠭᠡᠳᠬᠦ ᠶᠢ ᠲᠠᠭᠠᠯᠳᠣᠨ᠂ ᠤᠷᠢᠳᠴᠢᠯᠠᠨ ᠰᠡᠷᠡᠮᠵᠢᠯᠡᠭᠦᠯᠬᠦ ᠪᠠ ᠴᠤᠤᠷᠢᠶᠠᠲᠤᠨ ᠳᠠᠭᠠᠬᠤ ᠳᠡᠰ | ᠢᠶᠠᠨ ᠴᠠᠭ ᠲᠤᠬᠠᠶ ᠳᠤᠨᠢ ᠳᠡᠰ ᠳᠡᠪᠰᠢᠭᠦᠯᠬᠦ ᠬᠡᠷᠡᠭᠳᠡᠢ᠃ ᠬᠡᠪᠴᠢᠶ᠎ᠡ ᠨᠢ ᠬᠢᠵᠠᠭᠠᠷ ᠲᠠᠢ᠂ ᠤᠯᠠᠮ ᠨᠢᠭᠡ ᠠᠯᠬᠤᠮ | ᠥᠷᠭᠡᠳᠬᠦ ᠦᠭᠡᠢ ᠬᠢᠵᠢᠭ ᠤᠨ ᠪᠠᠶᠢᠳᠠᠯ ᠢ ᠴᠤᠤᠷᠢᠶᠠᠲᠤᠨ ᠳᠠᠭᠠᠬᠤ ᠳᠡᠰ ᠢᠶᠠᠨ ᠪᠠᠭᠤᠷᠠᠭᠤᠯᠤᠨ᠂ ᠤᠷᠢᠳᠴᠢᠯᠠᠨ | ᠰᠡᠷᠡᠮᠵᠢᠯᠡᠭᠦᠯᠬᠦ ᠪᠠᠨ ᠬᠦᠴᠦᠨ ᠦᠭᠡᠢ ᠪᠤᠯᠭᠠᠬᠤ ᠬᠡᠷᠡᠭᠳᠡᠢ᠃ | ᠭᠡᠨᠡᠳᠳᠡ ᠡᠭᠦᠰᠦᠭᠰᠡᠨ ᠠᠮᠢᠲᠠᠨ ᠤ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠳᠤ | ᠪᠠᠶᠢᠴᠠᠭᠠᠯᠲᠠ ᠬᠢᠬᠦ᠂ ᠰᠢᠢᠳᠪᠦᠷᠢᠯᠡᠬᠦ᠂ ᠬᠢᠨᠠᠨ ᠬᠠᠷᠭᠤᠭᠤᠯᠬᠤ ᠠᠷᠭ᠎ᠠ ᠮᠠᠶ᠋ᠢᠭ ᠢ ᠠᠪᠴᠤ᠂ ᠬᠢᠵᠢᠭ ᠤᠨ ᠬᠥᠭᠵᠢᠯᠲᠡ ᠶᠢ | ᠪᠦᠲᠦᠮᠵᠢᠲᠡᠶ ᠡᠵᠡᠮᠳᠡᠬᠦ ᠬᠡᠷᠡᠭᠲᠡᠶ᠃ | ᠠᠮᠢᠲᠠᠨ ᠤ ᠬᠦᠨᠳᠦ ᠶᠡᠭᠡ ᠬᠢᠵᠢᠭ ᠭᠠᠷᠤᠭᠰᠠᠨ ᠦᠭᠡᠶ ᠣᠷᠣᠨ ᠨᠤᠲᠤᠭ ᠤᠨ ᠲᠠᠷᠢᠶᠠᠯᠠᠩ ᠮᠠᠯ ᠠᠵᠤ | ᠠᠬᠤᠶ ᠶᠢᠨ ᠰᠠᠯᠠᠭ᠎ᠠ ᠮᠥᠴᠢᠷ ᠬᠢᠵᠢᠭ ᠤᠨ ᠪᠠᠶᠢᠳᠠᠯ ᠢ ᠵᠠᠷᠯᠠᠨ ᠮᠡᠳᠡᠭᠳᠡᠭᠰᠡᠨ ᠤ ᠳᠠᠷᠠᠭ᠎ᠠ᠂ ᠠᠵᠢᠯᠲᠠᠨ᠂ ᠡᠳ᠋ ᠪᠣᠳᠠᠰ | ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢᠶᠠᠨ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠴᠢᠬᠤᠯᠠ | ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠬᠢᠵᠢᠭ ᠤᠨ ᠪᠠᠶᠢᠳᠠᠯ ᠤᠨ ᠲᠤᠰ ᠵᠠᠰᠠᠭ ᠵᠠᠬᠢᠷᠭᠠᠨ ᠤ | ᠣᠷᠣᠨ ᠤ ᠪᠠᠨ ᠳᠣᠲᠣᠷ᠎ᠠ ᠡᠭᠦᠰᠬᠦ ᠶᠢ ᠰᠡᠷᠭᠡᠶᠢᠯᠡᠨ ᠬᠤᠷᠢᠭᠯᠠᠬᠤ ᠶᠢᠨ ᠬᠠᠮᠲᠤ ᠳᠡᠭᠡᠳᠦ ᠱᠠᠲᠤᠨ ᠤ ᠰᠠᠯᠠᠭ᠎ᠠ | ᠮᠥᠴᠢᠷ ᠤᠨ ᠨᠢᠭᠡᠳᠦᠯᠲᠡᠶ ᠵᠢᠯᠣᠭᠤᠳᠣᠯᠭ᠎ᠠ ᠶᠢ ᠳᠠᠭᠠᠵᠤ᠂ ᠭᠡᠨᠡᠳᠳᠡ ᠡᠭᠦᠰᠦᠭᠰᠡᠨ ᠬᠢᠵᠢᠭ ᠭᠠᠷᠤᠭᠰᠠᠨ ᠭᠠᠵᠠᠷ ᠤᠨ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠲᠤᠰᠠᠯᠠᠬᠤ ᠬᠡᠷᠡᠭᠲᠡᠶ᠃ | 4.2 ᠡᠮᠦᠨᠡᠬᠢ ᠬᠤᠭᠤᠴᠠᠭᠠᠨ ᠳᠤ ᠰᠢᠢᠳᠪᠦᠷᠢᠯᠡᠬᠦ | ᠬᠢᠵᠢᠭ ᠤᠨ ᠪᠠᠶᠢᠳᠠᠯ ᠡᠭᠦᠰᠦᠭᠰᠡᠨ ᠦᠶ᠎ᠡ ᠳᠤ᠂ ᠬᠢᠵᠢᠭ ᠡᠭᠦᠰᠦᠭᠰᠡᠨ ᠭᠠᠵᠠᠷ ᠤᠨ ᠵᠢᠯᠣᠭᠤᠳᠬᠤ ᠭᠠᠵᠠᠷ | ᠡᠮᠦᠨᠡᠬᠢ ᠬᠤᠭᠤᠴᠠᠭᠠᠨ ᠤ ᠰᠢᠢᠳᠪᠦᠷᠢᠯᠡᠯᠲᠡ ᠬᠢᠵᠦ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ | ᠦᠷ᠎ᠡ ᠳ᠋ᠦᠩ ᠢᠶᠠᠨ ᠦᠨᠳᠦᠰᠦᠯᠡᠨ᠂ ᠬᠢᠵᠢᠭ ᠤᠨ ᠡᠬᠢ ᠰᠤᠷᠪᠤᠯᠵᠢ ᠵᠢᠴᠢ ᠳᠠᠷᠬᠠᠨ ᠳᠡᠯᠭᠡᠷᠡᠬᠦ ᠠᠶᠤᠯ ᠲᠦᠭᠰᠢᠭᠦᠷᠢ | ᠵᠡᠷᠭᠡ ᠪᠠᠶᠢᠳᠠᠯ ᠢ ᠨᠢ ᠵᠠᠳᠠᠯᠬᠤ ᠬᠡᠷᠡᠭᠳᠡᠢ᠃ ᠰᠡᠵᠢᠭᠯᠡᠯᠳᠡᠢ ᠬᠢᠵᠢᠭ ᠤᠨ ᠪᠠᠶᠢᠳᠠᠯ ᠢ ᠮᠡᠳᠡᠭᠦᠯᠬᠦ ᠶᠢᠨ ᠬᠠᠮᠲᠤ᠂ ᠬᠢᠵᠢᠭ | ᠡᠭᠦᠰᠦᠭᠰᠡᠨ ᠲᠠᠯᠠᠪᠤᠷ ᠡᠷᠦᠬᠡ ᠶᠢ ᠲᠤᠰᠠᠭᠠᠷᠯᠠᠵᠤ᠂ ᠬᠢᠨᠠᠨ ᠡᠵᠡᠮᠳᠡᠵᠦ᠂ ᠠᠮᠢᠲᠠᠨ ᠵᠢᠴᠢ ᠲᠡᠭᠦᠨ ᠪᠦᠲᠦᠭᠡᠭᠳᠡᠬᠦᠨ᠂ | ᠲᠡᠵᠢᠭᠡᠯ ᠪᠣᠷᠳᠤᠭ᠎ᠠ ᠵᠢᠴᠢ ᠬᠤᠯᠪᠤᠭᠳᠠᠯ ᠪᠥᠬᠦᠶ ᠡᠳ᠋ ᠪᠣᠳᠠᠰ ᠢ ᠰᠢᠯᠵᠢᠭᠦᠯᠬᠦ ᠶᠢ ᠴᠠᠭᠠᠵᠠᠯᠠᠵᠤ᠂ ᠥᠯᠢᠭᠡᠷ | ᠠᠪᠤᠭᠰᠠᠨ ᠤ ᠳᠠᠷᠠᠭ᠎ᠠ ᠴᠢᠩᠭ᠎ᠠ ᠠᠷᠢᠭᠤᠳᠬᠠᠬᠤ ᠵᠡᠷᠭᠡ ᠲᠦᠷ ᠴᠠᠭ ᠤᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠵᠦ᠂ ᠬᠥᠮᠦᠰ ᠤᠨ ᠰᠢᠯᠵᠢᠬᠦ ᠶᠢ ᠬᠢᠵᠠᠭᠠᠷᠯᠠᠬᠤ ᠬᠡᠷᠡᠭᠳᠡᠢ᠃ ᠬᠠᠯᠳᠠᠪᠤᠷᠢᠯᠠᠬᠤ ᠡᠬᠢ ᠡᠭᠦᠰᠦᠯ ᠵᠢᠴᠢ ᠬᠢᠵᠢᠭ | ᠡᠪᠡᠳᠴᠢᠨ ᠤ ᠨᠢᠭᠤᠭᠳᠠᠮᠠᠯ ᠬᠤᠭᠤᠴᠠᠭ᠎ᠠ ᠪᠣᠯᠤᠨ ᠡᠪᠡᠳᠴᠢᠯᠡᠭᠰᠡᠨ ᠬᠤᠭᠤᠴᠠᠭᠠᠨ ᠳᠤ ᠬᠤᠳᠠᠯᠳᠤᠵᠤ ᠭᠠᠷᠭᠠᠭᠰᠠᠨ | ᠠᠮᠢᠲᠠᠨ ᠵᠢᠴᠢ ᠲᠡᠭᠦᠨ ᠤ ᠪᠦᠲᠦᠭᠡᠭᠳᠡᠬᠦᠨ᠂ ᠪᠣᠬᠢᠷᠲᠤᠭᠰᠠᠨ ᠪᠤᠶᠤ ᠰᠡᠵᠢᠭᠯᠡᠯᠳᠡᠢ ᠪᠣᠬᠢᠷᠲᠤᠭᠰᠠᠨ ᠡᠳ᠋ ᠪᠣᠳᠠᠰ | ︵ᠪᠠᠭᠠᠰᠤ ᠰᠢᠭᠡᠰᠦ᠂ ᠳᠡᠪᠢᠰᠦᠭᠰᠡᠨ ᠮᠠᠲ᠋ᠧᠷᠢᠶᠠᠯ᠂ ᠲᠡᠵᠢᠭᠡᠯ ᠪᠣᠷᠳᠤᠭ᠎ᠠ ᠵᠡᠷᠭᠡ ᠪᠠᠭᠲᠠᠨ᠎ᠠ︶ ᠢ ᠳᠠᠷᠦ᠋ᠢᠬᠠᠨ ᠮᠥᠷᠳᠡᠨ | ᠪᠠᠶᠢᠴᠠᠭᠠᠬᠤ ᠶᠢᠨ ᠬᠠᠮᠲᠤ ᠲᠣᠭᠲᠠᠭᠠᠯ ᠶᠣᠰᠣᠭᠠᠷ ᠲᠤᠤᠱᠲᠠᠶ ᠠᠷᠢᠭᠤᠳᠬᠠᠬᠤ ᠪᠠ ᠬᠤᠤᠷ ᠦᠭᠡᠶᠢᠵᠢᠬᠦᠯᠦᠨ | ᠰᠢᠢᠳᠪᠦᠷᠢᠯᠡᠬᠦ ᠬᠡᠷᠡᠭᠲᠡᠶ᠃ ᠴᠢᠬᠤᠯᠠ ᠲᠠᠢ ᠦᠶ᠎ᠡ ᠳᠤ ᠪᠢᠲᠡᠭᠦᠮᠵᠢᠯᠡᠬᠦ᠂ ᠠᠯᠠᠵᠤ ᠨᠢᠲᠤᠯᠬᠤ ᠵᠡᠷᠭᠡ ᠠᠷᠭ᠎ᠠ ᠬᠡᠮᠵᠢᠶ᠎ᠡ | ᠠᠪᠴᠤ ᠪᠣᠯᠤᠨ᠎ᠠ᠃ | 4.3 ᠴᠤᠤᠷᠢᠶᠠᠲᠤᠨ ᠳᠠᠭᠠᠬᠤ ᠳᠡᠰ ᠬᠤᠪᠢᠶᠡᠬᠤ | 4.3.1 Ⅰᠳᠡᠰ ᠤᠨ ᠴᠤᠤᠷᠢᠶᠠᠲᠤᠨ ᠳᠠᠭᠠᠬᠤ | ᠭᠡᠨᠡᠳᠳᠡ ᠡᠭᠦᠰᠦᠭᠰᠡᠨ ᠠᠮᠢᠳᠡᠨ ᠤ ᠬᠦᠨᠲᠤ ᠶᠡᠭᠡ ᠬᠢᠵᠢᠭ ᠤᠨ ᠪᠠᠶᠢᠳᠠᠯ ᠢ ᠨᠤᠲᠠᠯᠠᠭᠰᠠᠨ ᠤ ᠳᠠᠷᠠᠭ᠎ᠠ᠂ | ᠬᠤᠲᠠ ᠶᠢᠨ ᠵᠢᠯᠣᠭᠤᠳᠬᠤ ᠭᠠᠵᠠᠷ ᠪᠠᠶᠢᠳᠠᠯ ᠢᠶᠠᠨ ᠦᠨᠳᠦᠰᠦᠯᠡᠨ ᠬᠤᠲᠠ ᠶᠢᠨ ᠠᠷᠠᠳ ᠤᠨ ᠵᠠᠰᠠᠭ ᠤᠨ | ᠣᠷᠳᠣᠨ ᠳᠤⅠᠲᠠᠰ ᠤᠨ ᠪᠠᠴᠢᠮ ᠪᠠᠶᠢᠳᠠᠯ ᠢ ᠠᠷᠭᠠᠴᠠᠭᠠᠵᠤ ᠴᠤᠤᠷᠢᠶᠠᠲᠤᠨ ᠳᠠᠭᠠᠬᠤ ᠰᠠᠨᠠᠭᠤᠯᠭ᠎ᠠ ᠳᠤᠷᠠᠳᠴᠤ᠂ | ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷⅠᠲᠠᠰ ᠤᠨ ᠪᠠᠴᠢᠮ ᠪᠠᠶᠢᠳᠠᠯ ᠢ ᠠᠷᠭᠠᠴᠠᠭᠠᠵᠤ | ᠴᠤᠤᠷᠢᠶᠠᠲᠤᠨ ᠳᠠᠭᠠᠬᠤ ᠪᠠᠶᠢᠳᠠᠯ ᠳᠤ ᠣᠷᠣᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠯᠡᠬᠦ | ᠴᠢᠳᠠᠪᠤᠷᠢ ᠠᠴᠠ ᠬᠡᠲᠦᠷᠡᠭᠰᠡᠨ ᠪᠤᠶᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠰᠢᠭᠤᠳ ᠰᠢᠢᠳᠪᠦᠷᠢᠯᠡᠬᠦ ᠴᠢᠬᠤᠯᠠ ᠲᠠᠢ ᠭᠡᠵᠦ ᠦᠵᠡᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠠᠮᠢᠳᠡᠨ ᠤ ᠬᠦᠨᠲᠤ ᠶᠡᠭᠡ ᠬᠢᠵᠢᠭ ᠤᠨ ᠪᠠᠴᠢᠮ | ᠪᠠᠶᠢᠳᠠᠯ ᠢ ᠠᠷᠭᠠᠴᠠᠭᠠᠬᠤ ᠶᠢᠨ ᠴᠤᠤᠷᠢᠶᠠᠲᠤᠨ ᠳᠠᠭᠠᠬᠤ ᠲᠣᠭᠲᠠᠴᠠ ᠶᠢ ᠡᠬᠢᠯᠡᠭᠦᠯᠦᠨ ᠰᠢᠢᠳᠪᠦᠷᠢᠯᠡᠨ᠎ᠡ᠃ | 4.3.2 Ⅱᠲᠠᠰ ᠤᠨ ᠳᠠᠭᠠᠬᠤ | ᠭᠡᠨᠡᠳᠳᠡ ᠡᠭᠦᠰᠦᠭᠰᠡᠨ ᠠᠮᠢᠲᠠᠨ ᠤ ᠨᠡᠯᠢᠶᠡᠳ ᠶᠡᠭᠡ ᠬᠢᠵᠢᠭ ᠤᠨ ᠪᠠᠶᠢᠳᠠᠯ ᠢ ᠨᠤᠲᠠᠯᠠᠭᠰᠠᠨ ᠤ ᠳᠠᠷᠠᠭ᠎ᠠ᠂ | ᠬᠤᠲᠠ ᠶᠢᠨ ᠵᠢᠯᠣᠭᠤᠳᠬᠤ ᠭᠠᠵᠠᠷ ᠪᠠᠶᠢᠳᠠᠯ ᠢᠶᠠᠨ ᠦᠨᠳᠦᠰᠦᠯᠡᠨ ᠬᠤᠲᠠ ᠶᠢᠨ ᠠᠷᠠᠳ ᠤᠨ ᠵᠠᠰᠠᠭ ᠤᠨ | ᠣᠷᠳᠣᠨ ᠳᠤⅡᠲᠠᠰ ᠤᠨ ᠪᠠᠴᠢᠮ ᠪᠠᠶᠢᠳᠠᠯ ᠢ ᠠᠷᠭᠠᠴᠠᠭᠠᠵᠤ ᠴᠤᠤᠷᠢᠶᠠᠲᠤᠨ ᠳᠠᠭᠠᠬᠤ ᠰᠠᠨᠠᠭᠤᠯᠭ᠎ᠠ ᠳᠤᠷᠠᠳᠴᠤ᠂ | ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷⅡᠲᠠᠰ ᠤᠨ ᠪᠠᠴᠢᠮ ᠪᠠᠶᠢᠳᠠᠯ ᠢ ᠠᠷᠭᠠᠴᠠᠭᠠᠵᠤ | ᠴᠤᠤᠷᠢᠶᠠᠲᠤᠨ ᠳᠠᠭᠠᠬᠤ ᠪᠠᠶᠢᠳᠠᠯ ᠳᠤ ᠣᠷᠣᠵᠤ᠂ ᠪᠤᠰᠤᠳ ᠬᠤᠯᠪᠤᠭᠳᠠᠯ ᠪᠥᠬᠦᠶ ᠪᠦᠷᠢᠯᠳᠦᠬᠦᠨ ᠨᠢᠭᠡᠴᠡ ᠶᠢ | ᠵᠣᠬᠢᠴᠠᠭᠤᠯᠤᠨ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠢᠵᠢᠭ ᠤᠨ ᠪᠠᠶᠢᠳᠠᠯ ᠡᠭᠦᠰᠦᠭᠰᠡᠨ | ᠭᠠᠵᠠᠷ ᠣᠷᠣᠨ ᠢ ᠵᠢᠯᠣᠭᠤᠳᠴᠤ ᠪᠠᠶᠢᠭᠠᠳ ᠰᠢᠢᠳᠪᠦᠷᠢᠯᠡᠬᠦ ᠠᠵᠢᠯ ᠢᠶᠠᠨ ᠰᠠᠶᠢᠲᠤᠷ ᠬᠢᠵᠦ᠂ ᠮᠡᠳᠡᠭᠡ ᠵᠠᠩᠭᠢ ᠶᠢ ᠴᠠᠭ | ᠲᠤᠬᠠᠶ ᠳᠤᠨᠢ ᠬᠤᠯᠪᠤᠭᠳᠠᠯ ᠪᠥᠬᠦᠶ ᠪᠦᠷᠢᠯᠳᠦᠬᠦᠨ ᠨᠢᠭᠡᠴᠡ ᠳᠤ ᠵᠠᠷᠯᠠᠨ ᠮᠡᠳᠡᠭᠳᠡᠵᠦ᠂ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠠᠵᠢᠯ ᠤᠨ ᠠᠬᠢᠴᠠ ᠶᠢ ᠮᠦᠷᠳᠡᠨ ᠲᠠᠭᠠᠵᠤ᠂ ᠲᠣᠭᠲᠠᠭᠠᠯ ᠶᠣᠰᠣᠭᠠᠷ ᠳᠡᠭᠡᠳᠦ | ᠱᠠᠲᠤᠨ ᠳᠤ ᠬᠤᠯᠪᠤᠭᠳᠠᠯ ᠪᠥᠬᠦᠶ ᠮᠡᠳᠡᠭᠡ ᠵᠠᠩᠭᠢ ᠶᠢ ᠮᠡᠳᠡᠭᠦᠯᠬᠦ ᠬᠡᠷᠡᠭᠳᠡᠢ᠃ ᠴᠢᠬᠤᠯᠠ ᠲᠠᠢ ᠦᠶ᠎ᠡ ᠳᠤ᠂ ᠲᠤᠰᠬᠠᠶ | ᠮᠡᠷᠭᠡᠵᠢᠯᠲᠡᠳ ᠢ ᠵᠣᠬᠢᠶᠠᠨ ᠪᠠᠶᠢᠭᠤᠯᠤᠨ ᠬᠢᠵᠢᠭ ᠤᠨ ᠪᠠᠶᠢᠳᠠᠯ ᠭᠠᠷᠤᠭᠰᠠᠨ ᠬᠠᠷᠢᠶ᠎ᠠ ᠣᠷᠣᠨ ᠳᠤ ᠮᠡᠷᠭᠡᠵᠢᠯ ᠤᠨ | ᠵᠢᠯᠣᠭᠤᠳᠣᠯᠭ᠎ᠠ ᠪᠠ ᠳᠡᠮᠵᠢᠯᠭᠡ ᠬᠠᠩᠭᠠᠵᠤ᠂ ᠬᠢᠵᠢᠭ ᠤᠨ ᠪᠠᠶᠢᠳᠠᠯ ᠲᠠᠷᠬᠠᠬᠤ ᠶᠢ ᠰᠡᠷᠭᠡᠶᠢᠯᠡᠬᠦ ᠬᠡᠷᠡᠭᠲᠡᠶ᠃ | 4.3.3 Ⅲ ᠲᠠᠰ ᠤᠨ ᠴᠤᠤᠷᠢᠶᠠᠲᠤᠨ ᠳᠠᠭᠠᠬᠤ | ᠭᠡᠨᠡᠳᠳᠡ ᠡᠭᠦᠰᠦᠭᠰᠡᠨ ᠠᠮᠢᠲᠠᠨ ᠤ ᠡᠩ ᠤᠨ ᠬᠢᠵᠢᠭ ᠤᠨ ᠪᠠᠶᠢᠳᠠᠯ ᠢ ᠨᠤᠲᠠᠯᠠᠭᠰᠠᠨ ᠤ ᠳᠠᠷᠠᠭ᠎ᠠ᠂ | ᠲᠤᠭᠤᠷᠢᠭ ᠤᠨ ᠵᠢᠯᠣᠭᠤᠳᠬᠤ ᠭᠠᠵᠠᠷ ᠪᠠᠶᠢᠳᠠᠯ ᠢᠶᠠᠨ ᠦᠨᠳᠦᠰᠦᠯᠡᠨ ᠲᠤᠭᠤᠷᠢᠭ ᠤᠨ ᠠᠷᠠᠳ ᠤᠨ ᠵᠠᠰᠠᠭ ᠤᠨ | ᠣᠷᠳᠣᠨ ᠳᠤ Ⅲ ᠲᠠᠰ ᠤᠨ ᠪᠠᠴᠢᠮ ᠪᠠᠶᠢᠳᠠᠯ ᠢ ᠠᠷᠭᠠᠴᠠᠭᠠᠵᠤ ᠴᠤᠤᠷᠢᠶᠠᠲᠤᠨ ᠳᠠᠭᠠᠬᠤ ᠰᠠᠨᠠᠭᠤᠯᠭ᠎ᠠ ᠳᠤᠷᠠᠳᠴᠤ᠂ | ᠪᠤᠰᠤᠳ ᠬᠤᠯᠪᠤᠭᠳᠠᠯ ᠪᠥᠬᠦᠶ ᠪᠦᠷᠢᠯᠳᠦᠬᠦᠨ ᠨᠢᠭᠡᠴᠡ ᠶᠢ ᠵᠣᠬᠢᠴᠠᠭᠤᠯᠤᠨ ᠲᠣᠰ ᠲᠣᠰ ᠤᠨ ᠡᠭᠦᠷᠭᠡ | ᠬᠠᠷᠢᠭᠤᠴᠠᠯᠭ᠎ᠠ ᠶᠢᠨ ᠶᠣᠰᠣᠭᠠᠷ ᠠᠷᠭᠠᠴᠠᠭᠠᠬᠤ ᠠᠵᠢᠯ ᠢᠶᠠᠨ ᠰᠠᠶᠢᠲᠤᠷ ᠬᠢᠵᠦ᠂ ᠬᠤᠲᠠ ᠶᠢᠨ ᠪᠠᠴᠢᠮ ᠪᠠᠶᠢᠳᠠᠯ ᠢ | ᠠᠷᠭᠠᠴᠠᠭᠠᠬᠤ ᠠᠯᠪᠠᠨ ᠬᠡᠷ ᠪᠠᠶᠢᠳᠠᠯ ᠢ ᠨᠢ ᠦᠵᠡᠵᠦ ᠪᠠᠶᠢᠭᠠᠳ ᠬᠢᠵᠢᠭ ᠤᠨ ᠪᠠᠶᠢᠳᠠᠯ ᠡᠭᠦᠰᠦᠭᠰᠡᠨ ᠭᠠᠵᠠᠷ | ᠣᠷᠣᠨ ᠳᠤ ᠠᠵᠢᠯᠯᠠᠬᠤ ᠳᠤᠭᠤᠶᠢᠯᠠᠩ ᠪᠠ ᠮᠡᠷᠭᠡᠵᠢᠯ ᠤᠨ ᠳᠤᠭᠤᠶᠢᠯᠠᠩ ᠲᠤᠮᠢᠯᠠᠨ ᠰᠠᠭᠤᠯᠭᠠᠵᠤ᠂ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠠᠵᠢᠯ ᠢ ᠵᠢᠯᠤᠭᠤᠳᠬᠤ ᠬᠡᠷᠡᠭᠳᠡᠢ᠃ | 4.3.4 ᠭᠡᠨᠡᠳᠲᠡ ᠡᠬᠦᠰᠬᠦ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠭᠠᠷᠤᠭᠰᠠᠨ ᠦᠭᠡᠶ ᠭᠠᠵᠠᠷ | ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠴᠤᠤᠷᠢᠶᠠᠲᠤᠨ ᠳᠠᠭᠠᠬᠤ | ᠭᠡᠨᠡᠳᠳᠡ ᠡᠭᠦᠰᠦᠭᠰᠡᠨ ᠠᠮᠢᠲᠠᠨ ᠤ ᠬᠦᠨᠲᠤ ᠶᠡᠭᠡ ᠬᠢᠵᠢᠭ ᠭᠠᠷᠤᠭᠰᠠᠨ ᠭᠠᠵᠠᠷ ᠣᠷᠣᠨ ᠤ ᠬᠢᠵᠢᠭ ᠤᠨ | ᠰᠢᠨᠵᠢ ᠴᠢᠨᠠᠷ᠂ ᠣᠨᠴᠠᠯᠢᠭ᠂ ᠡᠭᠦᠰᠦᠭᠰᠡᠨ ᠣᠷᠣᠨ ᠪᠦᠰᠡ ᠪᠣᠯᠤᠨ ᠬᠥᠭᠵᠢᠯᠲᠡ ᠶᠢᠨ ᠬᠠᠨᠳᠤᠰᠢ ᠶᠢ ᠦᠨᠳᠦᠰᠦᠯᠡᠨ᠂ | ᠲᠤᠰ ᠭᠠᠵᠠᠷ ᠣᠷᠣᠨ ᠤ ᠨᠥᠯᠥᠭᠡᠯᠡᠭᠳᠡᠬᠦ ᠪᠣᠯᠤᠯᠴᠠᠭ᠎ᠠ ᠪᠣᠯᠤᠨ ᠬᠡᠮᠵᠢᠶ᠎ᠡ ᠶᠢ ᠵᠠᠳᠠᠯᠵᠤ᠂ ᠳᠣᠤᠷᠠᠬᠢ ᠠᠵᠢᠯ ᠤᠳ ᠢ | ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄ | ︵1︶ ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠯᠤᠭ᠎ᠠ ᠶᠢᠨ ᠬᠠᠷᠢᠯᠴᠠᠭ᠎ᠠ ᠪᠠᠨ ᠨᠢᠭᠲᠠ ᠪᠠᠲᠤᠯᠠᠵᠤ᠂ | ᠬᠤᠯᠪᠤᠭᠳᠠᠯ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ ᠣᠯᠬᠤ ᠬᠡᠷᠡᠭᠲᠡᠶ᠃ | ︵2︶ ᠲᠣᠰ ᠵᠠᠰᠠᠭ ᠵᠠᠬᠢᠷᠭᠠᠨ ᠤ ᠣᠷᠣᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠳᠤ ᠬᠡᠷᠡᠭᠰᠡᠬᠦ | ᠠᠵᠢᠯᠲᠠᠨ ᠪᠠ ᠡᠳ᠋ ᠪᠣᠳᠠᠰ ᠤᠨ ᠪᠡᠯᠡᠳᠬᠡᠯ ᠢᠶᠠᠨ ᠰᠠᠶᠢᠲᠤᠷ ᠬᠢᠬᠦ ᠬᠡᠷᠡᠭᠲᠡᠶ᠃ | ︵3︶ ᠲᠡᠵᠢᠭᠡᠨ ᠦᠷᠡᠵᠢᠭᠦᠯᠬᠦ᠂ ᠵᠥᠭᠡᠭᠡᠪᠦᠷᠢᠯᠡᠬᠦ᠂ ᠨᠢᠲᠤᠯᠬᠤ᠂ ᠡᠵᠡᠩᠨᠡᠬᠦ ᠪᠠ ᠵᠠᠬ᠎ᠠ ᠳᠡᠯᠭᠡᠭᠦᠷ ᠤᠨ | ᠵᠠᠩᠭᠢᠯᠠᠭ᠎ᠠ ᠶᠢᠨ ᠠᠮᠢᠲᠠᠨ ᠤ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠪᠠ ᠰᠡᠷᠭᠡᠶᠢᠯᠡᠨ ᠡᠵᠡᠮᠳᠡᠬᠦ ᠠᠵᠢᠯ ᠢ | ᠥᠷᠨᠢᠭᠦᠯᠵᠦ᠂ ᠬᠢᠵᠢᠭ ᠡᠪᠡᠳᠴᠢᠨ ᠡᠭᠦᠰᠬᠦ᠂ ᠬᠠᠯᠳᠠᠪᠤᠷᠢᠯᠠᠬᠤ ᠪᠠ ᠲᠠᠷᠬᠠᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ᠃ | ︵4︶ ᠠᠮᠢᠲᠠᠨ ᠤ ᠬᠢᠵᠢᠭ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢ ᠥᠷᠨᠢᠭᠦᠯᠵᠦ᠂ ᠣᠯᠠᠨ ᠨᠡᠶᠢᠲᠡ ᠶᠢᠨ | ᠰᠡᠷᠭᠡᠶᠢᠯᠡᠨ ᠬᠠᠮᠠᠭᠠᠯᠠᠬᠤ ᠴᠢᠳᠠᠪᠤᠷᠢ ᠪᠠ ᠦᠵᠡᠯ ᠤᠬᠠᠮᠰᠠᠷ ᠢ ᠨᠢ ᠳᠡᠭᠡᠭᠰᠢᠯᠡᠭᠦᠯᠬᠦ ᠬᠡᠷᠡᠭᠲᠡᠶ᠃ | ︵5︶ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠠᠶᠠᠯᠠᠯ᠂ ᠤᠰᠤᠨ ᠲᠡᠭᠡᠭᠡᠪᠦᠷᠢ ᠶᠢᠨ ᠵᠠᠮ ᠬᠠᠷᠢᠯᠴᠠᠭᠠᠨ ᠤ | ᠬᠢᠵᠢᠭ ᠪᠠᠶᠢᠴᠠᠭᠠᠬᠤ ᠳᠤ ᠬᠢᠨᠠᠯᠲᠠ ᠲᠠᠯᠪᠢᠬᠤ ᠠᠵᠢᠯ ᠢᠶᠠᠨ ᠲᠣᠭᠲᠠᠭᠠᠯ ᠶᠣᠰᠣᠭᠠᠷ ᠰᠠᠶᠢᠲᠤᠷ ᠬᠢᠬᠦ ᠬᠡᠷᠡᠭᠲᠡᠶ᠃ | 4.4 ᠴᠤᠤᠷᠢᠶᠠᠲᠤᠨ ᠳᠠᠭᠠᠬᠤ ᠠᠷᠭ᠎ᠠ ᠭᠡᠮᠵᠢᠶ᠎ᠠ | 4.4.1 ᠬᠢᠵᠢᠭ ᠤᠨ ᠴᠢᠭ᠂ ᠬᠢᠵᠢᠭᠲᠦ ᠤᠷᠤᠨ ᠪᠠ ᠰᠦᠷᠳᠡᠬᠦᠯᠥᠯ ᠳᠤ ᠤᠴᠠᠷᠠᠭᠰᠠᠨ ᠤᠷᠤᠨ ᠢ ᠳᠠᠷᠤᠢ | ᠲᠦᠷᠭᠡᠨ ᠢᠯᠭᠠᠨ ᠲᠤᠭᠳᠠᠭᠠᠬᠤ | ᠬᠢᠵᠢᠭ ᠤᠨ ᠴᠢᠭ᠂ ᠬᠢᠵᠢᠭᠲᠦ ᠣᠷᠣᠨ ᠪᠠ ᠰᠦᠷᠳᠡᠭᠦᠯᠦᠯ ᠳᠤ ᠤᠴᠠᠷᠠᠭᠰᠠᠨ ᠣᠷᠣᠨ ᠢ ᠬᠤᠪᠢᠶᠠᠷᠢᠯᠠᠨ | ᠲᠣᠭᠲᠠᠭᠠᠬᠤ ᠳᠠᠭᠠᠨ᠂ ᠲᠤᠬᠠᠶ ᠶᠢᠨ ᠭᠠᠵᠠᠷ ᠤᠨ ᠪᠠᠶᠢᠭᠠᠯᠢ ᠶᠢᠨ ᠬᠠᠯᠬᠠᠪᠴᠢ ︵ᠭᠤᠤᠯ ᠮᠥᠷᠡᠨ᠂ ᠠᠭᠤᠯᠠ ᠨᠢᠷᠤᠭᠤ | ᠵᠡᠷᠭᠡ︶᠂ ᠬᠥᠮᠦᠨ ᠤ ᠬᠦᠴᠦᠨ ᠤ ᠬᠠᠯᠬᠠᠪᠴᠢ ︵ᠵᠠᠮ᠂ ᠬᠦᠷᠢᠶ᠎ᠡ ᠵᠡᠷᠭᠡ︶᠂ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ᠂ | ᠠᠷᠠᠴᠢᠯᠠᠨ ᠲᠡᠵᠢᠭᠡᠬᠦ ᠣᠷᠴᠢᠨ ᠲᠣᠭᠤᠷᠢᠨ᠂ ᠬᠡᠭᠡᠷ᠎ᠡ ᠶᠢᠨ ᠠᠮᠢᠲᠠᠨ ᠤ ᠲᠠᠷᠬᠠᠯᠲᠠ ᠶᠢᠨ ᠪᠠᠶᠢᠳᠠᠯ ᠵᠢᠴᠢ ᠬᠢᠵᠢᠭ ᠤᠨ | ᠪᠠᠶᠢᠳᠠᠯ ᠤᠨ ᠡᠬᠢ ᠡᠭᠦᠰᠦᠯ᠂ ᠪᠠᠶᠢᠴᠠᠭᠠᠯᠲᠠ ᠪᠠ ᠲᠦᠭᠰᠢᠭᠦᠷᠢ ᠶᠢᠨ ᠵᠠᠳᠠᠯᠤᠯᠲᠠ ᠶᠢᠨ ᠦᠷ᠎ᠡ ᠳ᠋ᠦᠩ ᠢ | ᠦᠨᠳᠦᠰᠦᠯᠡᠨ᠂ ᠣᠨᠴᠠᠭᠠᠶ ᠬᠠᠩᠭᠠᠯᠭ᠎ᠠ ᠶᠢᠨ ᠪᠠᠲᠤᠯᠠᠭ᠎ᠠ ᠶᠢᠨ ᠬᠡᠷᠡᠭᠴᠡᠭᠡ ᠶᠢ ᠪᠣᠳᠣᠯᠬᠢᠯᠠᠵᠤ᠂ ᠶᠡᠷᠦᠩᠬᠡᠶᠢᠯᠡᠨ ᠦᠨᠡᠯᠡᠨ | ᠵᠢᠱᠢᠭᠰᠡᠨ ᠤ ᠳᠠᠷᠠᠭ᠎ᠠ ᠢᠯᠭᠠᠨ ᠲᠤᠭᠳᠠᠭᠠᠬᠤ ᠬᠡᠷᠡᠭᠳᠡᠢ᠃ | 4.4.2 ᠪᠢᠲᠡᠭᠦᠮᠵᠢᠯᠡᠬᠦ | ᠪᠠᠴᠢᠮ ᠪᠠᠶᠢᠳᠠᠯ ᠢ ᠠᠷᠭᠠᠴᠠᠭᠠᠵᠤ ᠴᠤᠤᠷᠢᠶᠠᠲᠤᠨ ᠳᠠᠭᠠᠬᠤ ᠶᠢ ᠡᠬᠢᠯᠡᠭᠦᠯᠦᠭᠰᠡᠨ ᠤ ᠳᠠᠷᠠᠭ᠎ᠠ᠂ ᠬᠤᠲᠠ᠂ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠪᠢᠲᠡᠭᠦᠮᠵᠢᠯᠡᠨ ᠴᠠᠭᠠᠵᠠᠯᠠᠬᠤ ᠵᠠᠷᠯᠢᠭ ᠨᠡᠶᠢᠲᠡᠯᠡᠵᠦ᠂ | ᠬᠠᠷᠢᠶᠠᠯᠠᠬᠤ ᠡᠷᠬᠡ ᠶᠢᠨ ᠬᠡᠪᠴᠢᠶ᠎ᠡ ᠶᠣᠰᠣᠭᠠᠷ ᠬᠢᠵᠢᠭᠲᠦ ᠣᠷᠣᠨ ᠢ ᠪᠢᠲᠡᠭᠦᠮᠵᠢᠯᠡᠬᠦ ᠶᠢᠨ ᠬᠠᠮᠲᠤ᠂ ᠠᠮᠢᠲᠠᠨ ᠤ | ᠬᠢᠵᠢᠭ ᠤᠨ ᠢᠷᠡᠯᠲᠡ ᠶᠢᠨ ᠪᠣᠬᠢᠷᠲᠤᠭᠰᠠᠨ ᠣᠯᠠᠨ ᠨᠡᠶᠢᠲᠡ ᠶᠢᠨ ᠤᠤᠭᠤᠬᠤ ᠤᠰᠤᠨ ᠤ ᠡᠬᠢ ᠰᠤᠷᠪᠤᠯᠵᠢ ᠵᠡᠷᠭᠡ ᠶᠢ | ᠪᠢᠲᠡᠭᠦᠮᠵᠢᠯᠡᠬᠦ ᠬᠡᠷᠡᠭᠲᠡᠶ᠃ ᠭᠡᠨᠡᠳᠳᠡ ᠡᠭᠦᠰᠦᠭᠰᠡᠨ ᠠᠮᠢᠲᠠᠨ ᠤ ᠬᠦᠨᠲᠤ ᠶᠡᠭᠡ ᠬᠢᠵᠢᠭ ᠭᠠᠷᠤᠭᠰᠠᠨ ᠭᠠᠵᠠᠷ ᠣᠷᠣᠨ ᠤ | ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠠᠭᠠᠨ | ᠮᠡᠳᠡᠭᠦᠯᠵᠦ ᠬᠢᠵᠢᠭᠲᠦ ᠣᠷᠣᠨ ᠢ ᠪᠢᠲᠡᠭᠦᠮᠵᠢᠯᠡᠬᠦ ᠶᠢ ᠬᠡᠷᠡᠭᠵᠢᠭᠦᠯᠦᠭᠦᠯᠵᠦ᠂ ᠲᠤᠬᠠᠶ ᠶᠢᠨ ᠭᠠᠵᠠᠷ ᠤᠨ ᠠᠷᠠᠳ ᠤᠨ | ᠵᠠᠰᠠᠭ ᠤᠨ ᠣᠷᠳᠣᠨ ᠠᠴᠠ ᠬᠠᠤᠯᠢ ᠶᠣᠰᠣᠭᠠᠷ ᠪᠢᠲᠡᠭᠦᠮᠵᠢᠯᠡᠬᠦ ᠵᠠᠷᠯᠢᠭ ᠨᠡᠶᠢᠲᠡᠯᠡᠬᠦ ᠬᠡᠷᠡᠭᠲᠡᠶ᠃ ᠬᠢᠵᠢᠭᠲᠦ ᠣᠷᠣᠨ ᠨᠢ | ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠪᠠᠶᠢᠪᠠᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ | ᠬᠢᠵᠢᠭᠲᠦ ᠣᠷᠣᠨ ᠢ ᠪᠢᠲᠡᠭᠦᠮᠵᠢᠯᠡᠨ᠎ᠡ᠃ ᠴᠢᠬᠤᠯᠠ ᠲᠠᠢ ᠦᠶ᠎ᠡ ᠳᠤ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠠᠴᠠ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠵᠠᠷᠯᠢᠭᠳᠠᠨ ᠬᠢᠵᠢᠭᠲᠦ ᠣᠷᠣᠨ ᠳᠤ | ᠪᠢᠲᠡᠭᠦᠮᠵᠢᠯᠡᠯ ᠬᠢᠯᠭᠡᠵᠦ ᠪᠣᠯᠤᠨ᠎ᠠ᠃ | 4.4.3 ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠠᠵᠢᠯᠲᠠᠨ᠂ ᠡᠳ᠋ ᠪᠠᠷᠠᠭ᠎ᠠ᠂ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠵᠡᠷᠭᠡ ᠲᠥᠬᠦᠭᠡᠷᠦᠮᠵᠢ᠂ ᠪᠡᠯᠡᠳᠬᠡᠮᠵᠢ ᠶᠢ | ᠪᠠᠴᠢᠮ ᠲᠠᠲᠠᠪᠤᠷᠢᠯᠠᠨ ᠰᠢᠯᠵᠢᠭᠦᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠥᠷᠨᠢᠭᠦᠯᠬᠦ | ᠬᠡᠷᠡᠭᠳᠡᠢ᠃ | ︵1︶ ᠬᠢᠵᠢᠭ ᠤᠨ ᠴᠢᠭ ᠤᠨ ᠳᠤᠲᠤᠷ᠎ᠠ ᠠᠪᠬᠤ ᠠᠷᠭ᠎ᠠ ᠬᠡᠮᠵᠢᠶ᠎ᠡ᠃ ᠭᠡᠨᠡᠳᠳᠡ ᠡᠭᠦᠰᠦᠭᠰᠡᠨ ᠠᠮᠢᠳᠡᠨ ᠤ | ᠬᠦᠨᠲᠤ ᠶᠡᠭᠡ ᠬᠢᠵᠢᠭ ᠤᠨ ᠪᠠᠶᠢᠳᠠᠯ ᠭᠠᠷᠤᠭᠰᠠᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ ᠬᠢᠵᠢᠭ ᠤᠨ | ᠴᠢᠭ ᠤᠨ ᠳᠣᠲᠣᠷᠠᠬᠢ ᠠᠮᠠᠷᠬᠠᠨ ᠬᠠᠯᠳᠠᠪᠤᠷᠢᠯᠠᠭᠳᠠᠬᠤ ᠠᠮᠢᠳᠠᠨ ᠢ ᠬᠠᠤᠯᠢ ᠶᠣᠰᠣᠭᠠᠷ ᠴᠠᠭ ᠲᠤᠬᠠᠶ ᠳᠤᠨᠢ ᠵᠣᠬᠢᠶᠠᠨ | ᠪᠠᠶᠢᠭᠤᠯᠤᠨ ᠠᠯᠠᠬᠤ ᠶᠢᠨ ᠬᠠᠮᠲᠤ ᠡᠪᠡᠳᠴᠢᠨ ᠢᠶᠠᠷ ᠥᠭᠦᠭᠰᠡᠨ ᠠᠮᠢᠲᠠᠨ᠂ ᠠᠯᠠᠵᠤ ᠨᠢᠲᠤᠯᠠᠭᠰᠠᠨ ᠠᠮᠢᠲᠠᠨ ᠵᠢᠴᠢ | ᠲᠡᠭᠦᠨ ᠤ ᠪᠦᠲᠦᠭᠡᠭᠳᠡᠬᠦᠨ ᠢ ᠨᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠬᠡᠷᠡᠭᠲᠡᠶ᠃ ᠢᠯᠭᠠᠳᠠᠰᠤ᠂ ᠲᠣᠭᠤᠭᠠᠨ | ᠭᠡᠷ ᠤᠨ ᠬᠠᠶᠠᠭᠳᠠᠮᠠᠯ ᠪᠣᠳᠠᠰ᠂ ᠪᠣᠬᠢᠷᠲᠤᠭᠰᠠᠨ ᠪᠤᠶᠤ ᠪᠣᠬᠢᠷᠳᠤᠵᠤ ᠮᠡᠳᠡᠬᠦ ᠲᠡᠵᠢᠭᠡᠯ ᠪᠣᠷᠳᠤᠭ᠎ᠠ ᠪᠠ ᠳᠡᠪᠢᠰᠦᠮᠡᠯ | ᠮᠠᠲ᠋ᠧᠷᠢᠶᠠᠯ᠂ ᠪᠣᠬᠢᠷ ᠤᠰᠤ ᠵᠡᠷᠭᠡ ᠶᠢ ᠬᠤᠤᠷ ᠦᠭᠡᠶᠢᠵᠢᠬᠦᠯᠦᠨ ᠰᠢᠢᠳᠪᠦᠷᠢᠯᠡᠬᠦ ᠬᠡᠷᠡᠭᠲᠡᠶ᠃ ᠪᠣᠬᠢᠷᠳᠤᠭᠰᠠᠨ ᠪᠤᠶᠤ | ᠪᠣᠬᠢᠷᠳᠤᠵᠤ ᠮᠡᠳᠡᠬᠦ ᠡᠳ᠋ ᠪᠣᠳᠠᠰ᠂ ᠵᠠᠮ ᠬᠠᠷᠢᠯᠴᠠᠭᠠᠨ ᠤ ᠪᠠᠭᠠᠵᠢ᠂ ᠪᠠᠭᠠᠵᠢ ᠬᠡᠷᠡᠭᠰᠡᠯ᠂ ᠬᠠᠰᠢᠶ᠎ᠠ ᠬᠦᠷᠢᠶ᠎ᠡ᠂ ᠲᠠᠯᠠᠪᠤᠷ | ᠭᠠᠵᠠᠷ ᠤᠨ ᠣᠷᠴᠢᠨ ᠲᠣᠭᠤᠷᠢᠨ ᠵᠡᠷᠭᠡ ᠶᠢ ᠲᠦᠢᠯᠪᠤᠷᠢᠲᠠᠢ ᠤᠬᠢᠶᠠᠵᠤ ᠠᠷᠢᠭᠤᠳᠬᠠᠬᠤ ᠬᠡᠷᠡᠭᠳᠡᠢ᠃ ᠣᠷᠣᠵᠤ ᠭᠠᠷᠬᠤ | ᠬᠥᠮᠦᠰ᠂ ᠲᠡᠭᠡᠭᠡᠪᠦᠷᠢᠯᠡᠬᠦ ᠪᠠᠭᠠᠵᠢ ᠬᠡᠷᠡᠭᠰᠡᠯ ᠪᠣᠯᠤᠨ ᠬᠤᠯᠪᠤᠭᠳᠠᠯ ᠪᠦᠬᠦᠢ ᠪᠡᠯᠡᠳᠬᠡᠮᠵᠢ ᠲᠥᠬᠦᠭᠡᠷᠦᠮᠵᠢ ᠪᠠᠨ | ᠲᠣᠭᠲᠠᠭᠠᠯ ᠶᠣᠰᠣᠭᠠᠷ ᠠᠷᠢᠭᠤᠳᠭᠠᠬᠤ ᠬᠡᠷᠡᠭᠲᠡᠶ᠃ ᠠᠮᠠᠷᠬᠠᠨ ᠬᠠᠯᠳᠠᠪᠤᠷᠢᠯᠠᠭᠳᠠᠬᠤ ᠠᠮᠢᠳᠠᠨ ᠢ ᠣᠷᠣᠭᠤᠯᠵᠤ | ᠭᠠᠷᠭᠠᠬᠤ ᠪᠠ ᠬᠤᠯᠪᠤᠭᠳᠠᠯ ᠪᠦᠬᠦᠢ ᠪᠦᠲᠦᠭᠡᠭᠳᠡᠬᠦᠨ ᠢ ᠨᠢ ᠰᠢᠯᠵᠢᠭᠦᠯᠵᠤ ᠭᠠᠷᠭᠠᠬᠤ ᠶᠢ ᠴᠠᠭᠠᠵᠠᠯᠠᠬᠤ ᠬᠡᠷᠡᠭᠳᠡᠢ᠃ | ᠬᠢᠵᠢᠭᠲᠦ ᠴᠢᠭ ᠨᠢ ᠨᠢᠲᠤᠯᠵᠤ ᠡᠳ᠋ᠰᠢᠭᠦᠯᠦᠨ ᠪᠣᠯᠪᠠᠰᠤᠷᠠᠭᠤᠯᠬᠤ ᠲᠠᠯᠠᠪᠤᠷ ᠭᠠᠵᠠᠷ ᠪᠤᠶᠤ ᠠᠮᠢᠲᠠᠨ ᠤ ᠠᠷᠠᠯᠵᠢᠶᠠᠨ ᠤ | ᠲᠠᠯᠠᠪᠤᠷ ᠭᠠᠵᠠᠷ ᠪᠠᠶᠢᠪᠠᠯ᠂ ᠡᠵᠡᠩᠨᠡᠯᠲᠡ ᠶᠢᠨ ᠠᠵᠢᠯᠯᠠᠭ᠎ᠠ ᠪᠠᠨ ᠵᠣᠭᠰᠣᠭᠠᠬᠤ ᠬᠡᠷᠡᠭᠲᠡᠶ᠃ | ︵2︶ ᠬᠢᠵᠢᠭᠲᠦ ᠤᠷᠤᠨ ᠤ ᠳᠤᠲᠤᠷ᠎ᠠ ᠠᠪᠬᠤ ᠠᠷᠭ᠎ᠠ ᠬᠡᠮᠵᠢᠶ᠎ᠡ᠃ ᠭᠡᠨᠡᠳᠳᠡ ᠡᠭᠦᠰᠦᠭᠰᠡᠨ ᠠᠮᠢᠲᠠᠨ ᠤ ᠬᠢᠵᠢᠭ | ᠭᠠᠷᠤᠭᠰᠠᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ ᠨᠢ ᠳᠡᠰ ᠳᠠᠷᠠᠭᠠᠯᠠᠯ ᠪᠣᠯᠤᠨ ᠱᠠᠭᠠᠷᠳᠠᠯᠭ᠎ᠠ | ᠶᠣᠰᠣᠭᠠᠷ᠂ ᠰᠡᠷᠡᠮᠵᠢᠯᠡᠭᠦᠯᠬᠦ ᠲᠡᠮᠳᠡᠭ ᠵᠣᠬᠢᠶᠠᠵᠤ᠂ ᠲᠦᠷ ᠴᠠᠭ ᠤᠨ ᠠᠷᠢᠭᠤᠳᠭᠠᠬᠤ ᠥᠷᠲᠡᠭᠡ ᠭᠠᠷᠭᠠᠵᠤ᠂ ᠣᠷᠣᠵᠤ | ᠭᠠᠷᠬᠤ ᠬᠤᠯᠪᠤᠭᠳᠠᠯ ᠪᠦᠬᠦᠢ ᠬᠥᠮᠦᠰ ᠪᠣᠯᠤᠨ ᠲᠡᠷᠭᠡ ᠬᠥᠰᠬᠡ ᠶᠢ ᠠᠷᠢᠭᠤᠳᠬᠠᠬᠤ ᠬᠡᠷᠡᠭᠲᠡᠶ᠃ ᠠᠮᠠᠷᠬᠠᠨ | ᠬᠠᠯᠳᠠᠪᠤᠷᠢᠯᠠᠭᠳᠠᠬᠤ ᠠᠮᠢᠳᠠᠨ ᠢ ᠣᠷᠣᠭᠤᠯᠵᠤ ᠭᠠᠷᠭᠠᠬᠤ ᠪᠠ ᠬᠤᠯᠪᠤᠭᠳᠠᠯ ᠪᠦᠬᠦᠢ ᠪᠦᠲᠦᠭᠡᠭᠳᠡᠬᠦᠨ ᠢ ᠨᠢ | ᠰᠢᠯᠵᠢᠭᠦᠯᠵᠤ ᠭᠠᠷᠭᠠᠬᠤ ᠶᠢ ᠴᠠᠭᠠᠵᠠᠯᠠᠬᠤ ᠬᠡᠷᠡᠭᠳᠡᠢ᠃ ᠠᠮᠢᠲᠠᠨ ᠤ ᠠᠷᠠᠯᠵᠢᠶᠠᠨ ᠤ ᠲᠠᠯᠠᠪᠤᠷ ᠭᠠᠵᠠᠷ ᠢ ᠬᠠᠭᠠᠬᠤ | ᠬᠡᠷᠡᠭᠳᠡᠢ᠃ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ᠂ ᠠᠮᠢᠲᠠᠨ ᠤ ᠠᠷᠠᠯᠵᠢᠶᠠᠨ ᠤ ᠲᠠᠯᠠᠪᠤᠷ ᠭᠠᠵᠠᠷ ᠵᠡᠷᠭᠡ ᠶᠢ | ᠲᠦᠢᠯᠪᠤᠷᠢᠲᠠᠶ ᠠᠷᠢᠭᠤᠳᠬᠠᠬᠤ ᠶᠢᠨ ᠬᠠᠮᠲᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠪᠠ | ᠲᠦᠭᠰᠢᠭᠦᠷᠢ ᠶᠢ ᠦᠨᠡᠯᠡᠨ ᠵᠢᠱᠢᠬᠦ ᠠᠵᠢᠯ ᠢᠶᠠᠨ ᠰᠠᠶᠢᠲᠤᠷ ᠬᠢᠬᠦ ᠬᠡᠷᠡᠭᠲᠡᠶ᠃ | ᠬᠢᠵᠢᠭ ᠤᠨ ᠴᠢᠭ᠂ ᠬᠢᠵᠢᠭᠲᠦ ᠣᠷᠣᠨ ᠤ ᠳᠣᠲᠣᠷ᠎ᠠ ᠠᠯᠠᠵᠤ ᠨᠢᠲᠤᠯᠠᠭᠰᠠᠨ ᠠᠮᠢᠲᠠᠨ ᠢ ᠵᠠᠷᠴᠢᠮ ᠳᠡᠭᠡᠷ᠎ᠡ ᠪᠠᠨ | ᠲᠤᠬᠠᠶ ᠶᠢᠨ ᠭᠠᠵᠠᠷ ᠲᠤᠨᠢ ᠬᠤᠤᠷ ᠦᠭᠡᠶᠢᠵᠢᠬᠦᠯᠦᠨ ᠰᠢᠢᠳᠪᠦᠷᠢᠯᠡᠪᠡᠯ ᠵᠤᠬᠢᠨ᠎ᠠ᠂ ᠬᠡᠷᠪᠡ ᠬᠢᠵᠢᠭᠲᠦ ᠣᠷᠣᠨ ᠠᠴᠠ | ᠦᠨᠡᠨᠬᠦ ᠵᠥᠭᠡᠭᠡᠪᠦᠷᠢᠯᠡᠨ ᠭᠠᠷᠭᠠᠵᠤ ᠬᠤᠤᠷ ᠦᠭᠡᠶᠢᠵᠢᠬᠦᠯᠦᠨ ᠰᠢᠢᠳᠪᠦᠷᠢᠯᠡᠬᠦ ᠴᠢᠬᠤᠯᠠ ᠲᠠᠢ ᠪᠤᠯ᠂ ᠡᠷᠬᠡᠪᠰᠢ | ᠲᠤᠬᠠᠶ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠬᠢᠨᠠᠯᠲᠠ ᠲᠠᠯᠪᠢᠯᠲᠠ ᠳᠣᠤᠷ᠎ᠠ᠂ | ᠨᠢᠭᠲᠠ ᠪᠢᠲᠡᠭᠦᠮᠵᠢᠯᠡᠨ ᠰᠠᠪᠠᠯᠠᠬᠤ ᠪᠠᠭᠠᠵᠢ ︵ᠲᠡᠷᠭᠡ ᠬᠥᠰᠬᠡ︶ ᠪᠠᠷ ᠲᠡᠭᠡᠭᠡᠪᠦᠷᠢᠯᠡᠨ ᠭᠠᠷᠭᠠᠵᠤ᠂ ᠭᠡᠭᠡᠭᠳᠡᠵᠦ | ᠭᠤᠭᠤᠵᠢᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠲᠡᠭᠡᠭᠡᠪᠦᠷᠢᠯᠡᠬᠦ ᠠᠴᠠ ᠡᠮᠦᠨ᠎ᠡ ᠪᠠ ᠠᠴᠢᠶ᠎ᠠ ᠪᠠᠭᠤᠯᠭᠠᠭᠰᠠᠨ ᠤ | ᠳᠠᠷᠠᠭ᠎ᠠ᠂ ᠠᠴᠢᠶᠠᠯᠠᠭᠰᠠᠨ ᠪᠠᠭᠠᠵᠢ ︵ᠲᠡᠷᠭᠡ ᠬᠦᠰᠭᠡ︶ ᠪᠠᠨ ᠲᠦᠢᠯᠪᠤᠷᠢᠲᠠᠶ ᠴᠡᠪᠡᠷᠯᠡᠨ ᠤᠬᠢᠶᠠᠵᠤ ᠠᠷᠢᠭᠤᠳᠬᠠᠬᠤ | ᠬᠡᠷᠡᠭᠲᠡᠶ᠃ | ︵3︶ ᠰᠦ᠋ᠷᠳᠡᠭᠦᠯᠦᠯ ᠳᠤ ᠤᠴᠠᠷᠠᠭᠰᠠᠨ ᠣᠷᠤᠨ ᠳᠤ ᠠᠪᠬᠤ ᠠᠷᠭ᠎ᠠ ᠬᠡᠮᠵᠢᠶ᠎ᠡ᠃ ᠠᠮᠠᠷᠬᠠᠨ | ᠬᠠᠯᠳᠠᠪᠤᠷᠢᠯᠠᠭᠳᠠᠬᠤ ᠠᠮᠢᠳᠠᠨ ᠢ ᠰᠢᠯᠵᠢᠭᠦᠯᠵᠤ ᠭᠠᠷᠭᠠᠬᠤ ᠶᠢ ᠴᠠᠭᠠᠵᠠᠯᠠᠵᠤ᠂ ᠠᠮᠢᠲᠠᠨ ᠤ ᠠᠷᠠᠯᠵᠢᠶᠠᠨ ᠤ ᠲᠠᠯᠠᠪᠤᠷ | ᠭᠠᠵᠠᠷ ᠢ ᠬᠠᠭᠠᠬᠤ ᠬᠡᠷᠡᠭᠳᠡᠢ᠃ ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢᠨ | ᠰᠠᠯᠠᠭ᠎ᠠ ᠮᠥᠴᠢᠷ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ | ᠡᠮᠴᠢᠯᠡᠭᠡᠨ ᠤ ᠬᠢᠨᠠᠯᠲᠠ ᠲᠠᠯᠪᠢᠯᠲᠠ ᠶᠢ ᠪᠥᠬᠦ ᠲᠠᠯ᠎ᠠ ᠪᠠᠷ ᠥᠷᠨᠢᠭᠦᠯᠬᠦ ᠬᠡᠷᠡᠭᠲᠡᠶ᠃ ᠴᠢᠬᠤᠯᠠ ᠲᠠᠢ ᠦᠶ᠎ᠡ ᠳᠤ ᠦᠯᠢᠭᠡᠷ | ᠡᠳ᠋ ᠴᠤᠭᠯᠠᠭᠤᠯᠤᠨ ᠰᠢᠯᠭᠠᠨ ᠪᠠᠶᠢᠴᠠᠭᠠᠯᠭᠠᠵᠤ᠂ ᠬᠢᠵᠢᠭ ᠤᠨ ᠪᠠᠶᠢᠳᠠᠯ ᠢ ᠡᠵᠡᠮᠰᠢᠵᠦ᠂ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠪᠠᠨ ᠴᠢᠩᠭᠠᠳᠬᠠᠬᠤ ᠬᠡᠷᠡᠭᠲᠡᠶ᠃ ᠰᠦᠷᠳᠡᠭᠦᠯᠦᠯ ᠳᠤ ᠤᠴᠠᠷᠠᠭᠰᠠᠨ ᠣᠷᠣᠨ ᠤ ᠳᠣᠲᠣᠷᠠᠬᠢ ᠠᠯᠠᠵᠤ | ᠨᠢᠲᠤᠯᠬᠤ ᠲᠠᠯᠠᠪᠤᠷ ᠨᠢ ᠨᠢᠲᠤᠯᠬᠤ ᠠᠵᠢᠯᠯᠠᠭ᠎ᠠ ᠪᠠᠨ ᠲᠦᠷ ᠵᠣᠭᠰᠣᠭᠠᠬᠤ ᠶᠢᠨ ᠬᠠᠮᠲᠤ ᠲᠦᠢᠯᠪᠤᠷᠢᠲᠠᠶ ᠴᠡᠪᠡᠷᠯᠡᠨ | ᠤᠬᠢᠶᠠᠵᠤ ᠠᠷᠢᠭᠤᠳᠬᠠᠵᠤ᠂ ᠲᠤᠬᠠᠶ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠠᠴᠠ | ᠣᠷᠴᠢᠨ ᠲᠣᠭᠤᠷᠢᠨ ᠤ ᠦᠯᠢᠭᠡᠷ ᠬᠡᠪ ᠪᠠ ᠠᠮᠢᠲᠠᠨ ᠤ ᠪᠦᠲᠦᠭᠡᠭᠳᠡᠬᠦᠨ ᠢ ᠨᠢ ᠪᠠᠶᠢᠴᠠᠭᠠᠨ ᠰᠢᠯᠭᠠᠵᠤ᠂ ᠬᠢᠵᠢᠭ | ᠭᠠᠷᠤᠭᠰᠠᠨ ᠭᠠᠵᠠᠷ ᠤᠨ ᠳᠡᠭᠡᠷ᠎ᠡ ᠨᠢᠭᠡ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠠᠴᠠ | ᠠᠮᠢᠲᠠᠨ ᠤ ᠬᠢᠵᠢᠭ ᠡᠪᠡᠳᠴᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠤ | ᠪᠠᠲᠤᠯᠠᠭᠰᠠᠨ ᠤ ᠳᠠᠷᠠᠭ᠎ᠠ ᠰᠠᠶ᠋ᠢ ᠦᠢᠯᠡᠳᠪᠦᠷᠢᠯᠡᠯ ᠢᠶᠠᠨ ᠰᠡᠷᠭᠦᠭᠡᠵᠦ ᠪᠣᠯᠤᠨ᠎ᠠ᠃ | ︵4︶ ᠲᠡᠭᠡᠭᠡᠪᠤᠷᠢ ᠶᠢᠨ ᠵᠠᠮ ᠳᠤᠮᠳᠠ ᠬᠢᠵᠢᠭ ᠤᠨ ᠪᠠᠶᠢᠳᠠᠯ ᠢ ᠣᠯᠵᠤ ᠮᠡᠳᠡᠪᠡᠯ ᠠᠪᠬᠤ ᠠᠷᠭ᠎ᠠ ᠬᠡᠮᠵᠢᠶ᠎ᠡ᠃ | ᠭᠡᠨᠡᠳᠳᠡ ᠡᠭᠦᠰᠦᠭᠰᠡᠨ ᠠᠮᠢᠳᠡᠨ ᠤ ᠬᠦᠨᠲᠤ ᠶᠡᠭᠡ ᠬᠢᠵᠢᠭ ᠤᠨ ᠪᠠᠶᠢᠳᠠᠯ ᠭᠠᠷᠤᠭᠰᠠᠨ ᠭᠠᠵᠠᠷ ᠣᠷᠣᠨ ᠤ ᠠᠷᠠᠳ ᠤᠨ | ᠵᠠᠰᠠᠭ ᠤᠨ ᠣᠷᠳᠣᠨ ᠬᠢᠵᠢᠭ ᠢ ᠰᠡᠷᠭᠡᠶᠢᠯᠡᠬᠦ ᠴᠢᠭ ᠤᠨ ᠳᠣᠲᠣᠷᠠᠬᠢ ᠪᠤᠶ ᠪᠦᠬᠦᠢ ᠠᠮᠠᠷᠬᠠᠨ ᠬᠠᠯᠳᠠᠪᠤᠷᠢᠯᠠᠭᠳᠠᠬᠤ | ᠠᠮᠢᠳᠠᠨ ᠢ ᠬᠠᠤᠯᠢ ᠶᠣᠰᠣᠭᠠᠷ ᠴᠠᠭ ᠲᠤᠬᠠᠶ ᠳᠤᠨᠢ ᠪᠠᠷᠢᠨ ᠠᠯᠠᠵᠤ᠂ ᠡᠪᠡᠳᠴᠢᠨ ᠢᠶᠠᠷ ᠦᠬᠦᠭᠰᠡᠨ ᠠᠮᠢᠲᠠᠨ᠂ ᠪᠠᠷᠢᠵᠦ | ᠠᠯᠠᠭᠰᠠᠨ ᠠᠮᠢᠲᠠᠨ ᠵᠢᠴᠢ ᠲᠡᠭᠦᠨ ᠤ ᠪᠦᠲᠦᠭᠡᠭᠳᠡᠬᠦᠨ ᠢ ᠨᠢ ᠬᠤᠣᠷ ᠦᠭᠡᠶᠢᠵᠢᠬᠦᠯᠦᠨ ᠰᠢᠢᠳᠪᠦᠷᠢᠯᠡᠵᠦ᠂ | ᠵᠥᠭᠡᠭᠡᠪᠦᠷᠢ ᠶᠢᠨ ᠪᠠᠭᠠᠵᠢ ᠶᠢ ᠨᠢ ᠲᠦᠢᠯᠪᠤᠷᠢᠲᠠᠢ ᠴᠡᠪᠡᠷᠯᠡᠨ ᠤᠬᠢᠶᠠᠵᠤ ᠠᠷᠢᠭᠤᠳᠬᠠᠬᠤ ᠮᠥᠷᠲᠡᠭᠡᠨ ᠢᠳᠬᠠᠨ | ᠪᠤᠴᠠᠭᠠᠵᠤ ᠪᠣᠯᠬᠤ ᠦᠭᠡᠢ᠃ ᠲᠤᠬᠠᠶ ᠶᠢᠨ ᠭᠠᠵᠠᠷ ᠤᠨ ᠬᠢᠨ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ | ᠢᠶᠠᠨ ᠦᠨᠳᠦᠰᠦᠯᠡᠨ᠂ ᠬᠢᠵᠢᠭᠲᠦ ᠣᠷᠣᠨ ᠪᠠ ᠰᠦᠷᠳᠡᠭᠦᠯᠦᠯ ᠳᠤ ᠤᠴᠠᠷᠠᠭᠰᠠᠨ ᠣᠷᠣᠨ ᠢ ᠵᠠᠭᠠᠭᠯᠠᠨ ᠲᠣᠭᠲᠠᠭᠠᠬᠤ | ᠴᠢᠬᠤᠯᠠ ᠲᠠᠢ ᠡᠰᠡᠬᠦ ᠶᠢ ᠲᠣᠭᠲᠠᠭᠠᠬᠤ ᠶᠢᠨ ᠬᠠᠮᠲᠤ ᠵᠣᠬᠢᠴᠠᠩᠭᠤᠶ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ | ᠪᠣᠯᠤᠨ᠎ᠠ᠃ | ︵5︶ ᠬᠢᠵᠢᠭ ᠤᠨ ᠪᠠᠶᠢᠳᠠᠯ ᠢ ᠵᠢᠭᠰᠠᠭᠠᠨ ᠪᠠᠶᠢᠴᠠᠭᠠᠵᠤ ᠬᠢᠨᠠᠨ ᠬᠡᠮᠵᠢᠬᠦ᠃ ᠱᠠᠭᠠᠷᠳᠠᠯᠭ᠎ᠠ ᠶᠣᠰᠣᠭᠠᠷ ᠪᠥᠬᠦ | ᠲᠠᠯ᠎ᠠ ᠪᠠᠷ ᠵᠢᠭᠰᠠᠭᠠᠨ ᠪᠠᠶᠢᠴᠠᠭᠠᠬᠤ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠵᠢᠭ ᠤᠨ | ᠪᠠᠶᠢᠳᠠᠯ ᠡᠭᠦᠰᠬᠦ ᠠᠴᠠ ᠡᠮᠦᠨ᠎ᠡ ᠨᠠᠭᠠᠳᠤ ᠵᠠᠬ᠎ᠠ ᠳᠠᠭᠠᠨ 1 ᠰᠠᠷ᠎ᠠ ᠠᠴᠠ ᠨᠠᠰᠢᠬᠢ ᠬᠢᠵᠢᠭ ᠤᠨ ᠴᠢᠭ ᠤᠨ ᠠᠮᠢᠲᠠᠨ ᠢ | ᠰᠢᠯᠵᠢᠭᠦᠯᠦᠨ ᠣᠷᠣᠭᠤᠯᠵᠤ ᠭᠠᠷᠭᠠᠬᠤ᠂ ᠠᠮᠢᠲᠠᠨ ᠤ ᠡᠪᠡᠳᠴᠢᠨ ᠢᠶᠠᠷ ᠦᠬᠦᠭᠰᠡᠨ ᠪᠠᠶᠢᠳᠠᠯ᠂ ᠲᠡᠵᠢᠭᠡᠨ ᠦᠷᠡᠵᠢᠭᠦᠯᠬᠦ | ᠠᠷᠭ᠎ᠠ ᠮᠠᠶ᠋ᠢᠭ ᠵᠡᠷᠭᠡ ᠳᠤ ᠬᠢᠨᠠᠨ ᠪᠠᠶᠢᠴᠠᠭᠠᠯᠲᠠ ᠬᠢᠬᠦ ᠶᠢᠨ ᠬᠠᠮᠲᠤ ᠰᠠᠶᠢᠲᠤᠷ ᠲᠡᠮᠳᠡᠭᠯᠡᠯ ᠬᠢᠬᠦ ᠬᠡᠷᠡᠭᠲᠡᠶ᠃ | ᠭᠤᠤᠯᠳᠠᠯᠭ᠎ᠠ ᠲᠠᠢ ᠣᠷᠣᠨ ᠪᠦᠰᠡ᠂ ᠵᠠᠩᠭᠢᠯᠠᠭ᠎ᠠ ᠶᠢᠨ ᠭᠤᠭᠴᠤᠭ᠎ᠠ ᠪᠠ ᠬᠡᠪ ᠤᠨ ᠪᠤᠰᠤ ᠦᠬᠦᠭᠰᠡᠨ ᠠᠮᠢᠲᠠᠨ ᠳᠤ | ᠬᠢᠨᠠᠨ ᠬᠡᠮᠵᠢᠬᠦ ᠡᠷᠴᠢᠮ ᠢᠶᠠᠨ ᠨᠡᠮᠡᠭᠳᠡᠭᠦᠯᠵᠦ᠂ ᠬᠢᠵᠢᠭ ᠤᠨ ᠪᠠᠶᠢᠳᠠᠯ ᠤᠨ ᠳᠠᠯᠳᠠ ᠭᠡᠮ ᠢ ᠴᠠᠭ ᠲᠤᠬᠠᠶ ᠳᠤᠨᠢ | ᠢᠯᠡᠷᠡᠭᠦᠯᠬᠦ ᠬᠡᠷᠡᠭᠲᠡᠶ᠃ ᠠᠮᠢᠲᠠᠨ ᠤ ᠠᠷᠠᠯᠵᠢᠶᠠᠨ ᠤ ᠲᠠᠯᠠᠪᠤᠷ ᠭᠠᠵᠠᠷ᠂ ᠠᠯᠠᠵᠤ ᠨᠢᠲᠤᠯᠬᠤ ᠲᠠᠯᠠᠪᠠᠶ᠂ ᠬᠤᠤᠷ | ᠦᠭᠡᠶᠢᠵᠢᠬᠦᠯᠦᠨ ᠰᠢᠢᠳᠪᠦᠷᠢᠯᠡᠬᠦ ᠲᠠᠯᠠᠪᠠᠶ ᠶᠢ ᠲᠣᠭᠤᠷᠢᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠴᠢᠭᠯᠡᠭᠦᠯᠬᠦ | ᠴᠢᠨᠠᠷᠲᠠᠶ ᠪᠠᠷ ᠬᠢᠨᠠᠨ ᠬᠡᠮᠵᠢᠬᠦ ᠶᠢ ᠥᠷᠨᠢᠭᠦᠯᠬᠦ ᠬᠡᠷᠡᠭᠲᠡᠶ᠃ ᠵᠠᠮ ᠬᠠᠷᠢᠯᠴᠠᠭ᠎ᠠ ᠶᠢᠨ ᠬᠦᠢᠰᠦ ᠶᠢᠨ ᠦᠢᠷ᠎ᠠ ᠬᠠᠪᠢ ᠶᠢᠨ | ᠭᠠᠵᠡᠷ ᠣᠷᠣᠨ ᠢ ᠬᠢᠨᠡᠨ ᠬᠡᠮᠵᠢᠬᠦ ᠡᠷᠴᠢᠮ ᠢᠶᠠᠨ ᠴᠢᠩᠭᠠᠷᠡᠭᠤᠯᠬᠤ ᠬᠡᠷᠡᠭᠲᠡᠶ᠃ ᠠᠮᠢᠲᠠᠨ ᠤ ᠬᠡᠪ ᠤᠨ ᠪᠤᠰᠤ | ᠡᠪᠡᠳᠴᠢᠨ ᠪᠠ ᠥᠭᠦᠭᠰᠡᠨ ᠪᠠᠶᠢᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠵᠢᠭᠰᠠᠭᠠᠨ ᠪᠠᠶᠢᠴᠠᠭᠠᠬᠤ ᠳᠤᠮᠳᠠ | ᠬᠡᠪ ᠤᠨ ᠪᠤᠰᠤ ᠪᠠᠶᠢᠳᠠᠯ ᠢ ᠨᠢ ᠣᠯᠵᠤ ᠮᠡᠳᠡᠪᠡᠯ᠂ ᠡᠷᠬᠡᠪᠰᠢ ᠲᠣᠭᠲᠠᠭᠠᠯ ᠶᠣᠰᠣᠭᠠᠷ ᠳᠠᠷᠤᠶ ᠲᠦᠷᠭᠡᠨ ᠦᠯᠢᠭᠡᠷ | ᠠᠪᠴᠤ ᠪᠠᠶᠢᠴᠠᠭᠠᠯᠭᠠᠬᠤ ᠶᠢᠨ ᠬᠠᠮᠲᠤ ᠵᠣᠬᠢᠴᠠᠩᠭᠤᠶ ᠰᠢᠢᠳᠪᠦᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ | ︵6︶ ᠬᠢᠵᠢᠭ ᠤᠨ ᠪᠠᠶᠢᠳᠠᠯ ᠢ ᠵᠠᠷᠯᠠᠨ ᠮᠡᠳᠡᠭᠳᠡᠬᠦ᠃ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠᠨ | ᠴᠢᠩᠭᠠᠳᠬᠠᠵᠤ᠂ ᠬᠤᠲᠠ ᠶᠢᠨ ᠵᠢᠯᠣᠭᠤᠳᠬᠤ ᠭᠠᠵᠠᠷ ᠠᠴᠠ ᠡᠯ᠎ᠡ ᠲᠣᠭᠤᠷᠢᠭ᠂ ᠬᠤᠯᠪᠣᠭᠳᠠᠯ ᠪᠥᠬᠦᠶ ᠰᠠᠯᠠᠭ᠎ᠠ ᠮᠥᠴᠢᠷ | ᠪᠤᠶᠤ ᠪᠤᠰᠤᠳ ᠭᠠᠵᠠᠷ ᠣᠷᠣᠨ ᠳᠤ ᠬᠢᠵᠢᠭ ᠤᠨ ᠪᠠᠶᠢᠳᠠᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠢᠯᠠᠩᠭᠤᠶ᠎ᠠ ᠬᠥᠮᠦᠨ | ᠮᠠᠯ ᠳᠤ ᠴᠥᠮ ᠬᠠᠯᠳᠠᠪᠤᠷᠢᠯᠠᠬᠤ ᠬᠠᠯᠳᠠᠪᠤᠷᠢᠲᠤ ᠡᠪᠡᠳᠴᠢᠨ ᠲᠦᠷᠭᠡᠨ ᠲᠠᠷᠬᠠᠭᠰᠠᠨ ᠤ ᠳᠠᠷᠠᠭ᠎ᠠ᠂ ᠡᠷᠡᠭᠦᠯ ᠬᠠᠮᠠᠭᠠᠯᠠᠯ | ᠡᠷᠡᠭᠦᠯ ᠮᠡᠨᠳᠦ᠂ ᠪᠠᠶᠢᠭᠠᠯᠢ ᠶᠢᠨ ᠡᠬᠢ ᠪᠠᠶᠠᠯᠢᠭ ︵ᠣᠶ ᠰᠢᠭᠤᠶ ᠨᠤᠲᠤᠭ ᠪᠡᠯᠴᠢᠭᠡᠷ︶ ᠵᠡᠷᠭᠡ ᠰᠠᠯᠠᠭ᠎ᠠ ᠮᠥᠴᠢᠷ ᠲᠤ | ᠴᠠᠭ ᠲᠤᠬᠠᠶ ᠳᠤᠨᠢ ᠵᠠᠷᠯᠠᠨ ᠮᠡᠳᠡᠭᠳᠡᠨ᠎ᠡ᠃ ᠬᠥᠮᠦᠰ ᠢ ᠬᠢᠨᠠᠨ ᠬᠡᠮᠵᠢᠬᠦ᠂ ᠵᠢᠭᠰᠠᠭᠠᠨ ᠪᠠᠶᠢᠴᠠᠭᠠᠬᠤ᠂ ᠰᠡᠷᠭᠡᠶᠢᠯᠡᠨ | ᠬᠠᠮᠠᠭᠠᠯᠠᠬᠤ ᠵᠡᠷᠭᠡ ᠠᠷᠭ᠎ᠠ ᠬᠡᠮᠵᠢᠶ᠎ᠡ ᠶᠢ ᠡᠬᠢᠯᠡᠭᠦᠯᠵᠦ᠂ ᠬᠥᠮᠦᠰ ᠲᠤ ᠬᠠᠯᠳᠠᠪᠤᠷᠢᠯᠠᠬᠤ ᠪᠠ ᠲᠠᠷᠬᠠᠬᠤ ᠶᠢ ᠬᠤᠷᠢᠭᠯᠠᠬᠤ | ᠬᠡᠷᠡᠭᠲᠡᠶ᠃ | ︵7︶ ᠬᠢᠵᠢᠭ ᠤᠨ ᠡᠬᠢ ᠰᠤᠷᠪᠤᠯᠵᠢ ᠶᠢ ᠮᠥᠷᠳᠡᠬᠦ᠃ ᠭᠡᠨᠡᠳᠳᠡ ᠡᠭᠦᠰᠦᠭᠰᠡᠨ ᠠᠮᠢᠳᠡᠨ ᠤ ᠬᠦᠨᠲᠤ ᠶᠡᠭᠡ | ᠬᠢᠵᠢᠭ ᠤᠨ ᠪᠠᠶᠢᠳᠠᠯ ᠡᠭᠦᠰᠬᠦ ᠠᠴᠠ ᠡᠮᠦᠨ᠎ᠡ ᠠᠳᠠᠭ ᠲᠠᠭᠠᠨ 1 ᠨᠢᠭᠤᠭᠳᠠᠮᠠᠯ ᠬᠤᠭᠤᠴᠠᠭ᠎ᠠ ᠲᠠᠢ ᠠᠮᠢᠲᠠᠨ᠂ | ᠬᠤᠯᠪᠤᠭᠳᠠᠯ ᠪᠦᠬᠦᠢ ᠪᠦᠲᠦᠭᠡᠭᠳᠡᠬᠦᠨ᠂ ᠲᠡᠭᠡᠭᠡᠪᠦᠷᠢ ᠶᠢᠨ ᠪᠠᠭᠠᠵᠢ ᠬᠡᠷᠡᠭᠰᠡᠯ ᠪᠣᠯᠤᠨ ᠬᠥᠮᠦᠰ ᠤᠨ ᠶᠠᠪᠤᠯᠴᠠᠭ᠎ᠠ ᠶᠢᠨ | ᠪᠠᠶᠢᠳᠠᠯ ᠵᠡᠷᠭᠡ ᠳᠤ ᠡᠬᠢ ᠡᠭᠦᠰᠦᠯ ᠤᠨ ᠴᠢᠨᠠᠷᠲᠠᠶ ᠪᠠᠶᠢᠴᠠᠭᠠᠯᠲᠠ ᠬᠢᠵᠦ᠂ ᠲᠠᠬᠤᠯ ᠡᠪᠡᠳᠴᠢᠨ ᠤ ᠰᠤᠳᠤᠯᠤᠯ ᠤᠨ | ᠬᠤᠯᠪᠣᠭ᠎ᠠ ᠲᠠᠢ ᠬᠤᠯᠪᠤᠭᠳᠠᠯ ᠪᠦᠬᠦᠢ ᠲᠠᠯᠠᠪᠤᠷ ᠭᠠᠵᠠᠷ᠂ ᠲᠡᠭᠡᠭᠡᠪᠦᠷᠢ ᠶᠢᠨ ᠪᠠᠭᠠᠵᠢ ᠬᠡᠷᠡᠭᠰᠡᠯ ᠳᠤ ᠦᠯᠢᠭᠡᠷ ᠠᠪᠴᠤ | ᠰᠢᠯᠭᠠᠨ ᠪᠠᠶᠢᠴᠠᠭᠠᠯᠲᠠ ᠬᠢᠵᠦ᠂ ᠬᠢᠵᠢᠭ ᠤᠨ ᠪᠠᠶᠢᠳᠠᠯ ᠤᠨ ᠢᠷᠡᠯᠲᠡ ᠶᠢ ᠵᠠᠳᠠᠯᠬᠤ ᠬᠡᠷᠡᠭᠳᠡᠢ᠃ ᠬᠢᠵᠢᠭ ᠤᠨ ᠪᠠᠶᠢᠳᠠᠯ ᠢ | ᠮᠥᠷᠳᠡᠬᠦ ᠶᠠᠪᠤᠴᠠ ᠳᠤ ᠬᠡᠪ ᠤᠨ ᠪᠤᠰᠤ ᠪᠠᠶᠢᠳᠠᠯ ᠢ ᠣᠯᠵᠤ ᠮᠡᠳᠡᠭᠰᠡᠨ ᠪᠠᠶᠢᠪᠠᠯ᠂ ᠪᠠᠶᠢᠴᠠᠭᠠᠨ ᠰᠢᠯᠭᠠᠭᠰᠠᠨ ᠦᠷ᠎ᠡ | ᠳ᠋ᠦᠩ ᠪᠠ ᠲᠦᠭᠰᠢᠭᠦᠷᠢ ᠶᠢ ᠵᠠᠳᠠᠯᠤᠭᠰᠠᠨ ᠪᠠᠶᠢᠳᠠᠯ ᠢᠶᠠᠨ ᠦᠨᠳᠦᠰᠦᠯᠡᠨ ᠵᠣᠬᠢᠴᠠᠩᠭᠤᠶ ᠰᠢᠢᠳᠪᠦᠷᠢᠯᠡᠬᠦ ᠠᠷᠭ᠎ᠠ | ᠬᠡᠮᠵᠢᠶ᠎ᠡ ᠠᠪᠬᠤ ᠬᠡᠷᠡᠭᠲᠡᠶ᠃ | ︵8︶ ᠤᠷᠢᠳᠴᠢᠯᠠᠨ ᠰᠡᠷᠭᠡᠶᠢᠯᠡᠬᠦ ᠲᠠᠷᠢᠯᠭ᠎ᠠ᠃ ᠭᠡᠨᠡᠳᠳᠡ ᠡᠭᠦᠰᠦᠭᠰᠡᠨ ᠠᠮᠢᠳᠡᠨ ᠤ ᠬᠦᠨᠲᠤ ᠶᠡᠭᠡ | ᠬᠢᠵᠢᠭ ᠤᠨ ᠪᠠᠶᠢᠳᠠᠯ ᠭᠠᠷᠤᠭᠰᠠᠨ ᠭᠠᠵᠠᠷ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ | ᠪᠠᠶᠢᠭᠤᠯᠤᠮᠵᠢ ᠠᠴᠠ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ ᠶᠢ ᠬᠢᠨᠠᠨ ᠵᠢᠯᠣᠭᠤᠳᠬᠤ ᠠᠵᠢᠯ ᠢ ᠬᠠᠷᠢᠭᠤᠴᠠᠵᠤ᠂ | ᠰᠦᠷᠳᠡᠭᠦᠯᠦᠯ ᠳᠤ ᠤᠴᠠᠷᠠᠭᠰᠠᠨ ᠣᠷᠣᠨ — ᠬᠢᠵᠢᠭᠲᠦ ᠣᠷᠣᠨ — ᠬᠢᠵᠢᠭ ᠤᠨ ᠴᠢᠭ ᠤᠨ ᠠᠮᠠᠷᠬᠠᠨ | ᠬᠠᠯᠳᠠᠪᠤᠷᠢᠯᠠᠭᠳᠠᠬᠤ ᠠᠮᠢᠳᠠᠨ ᠳᠤ ᠲᠤᠰ ᠲᠤᠰ ᠦᠯᠦ ᠬᠠᠯᠳᠠᠭᠠᠬᠤ ᠪᠠᠴᠢᠮ ᠲᠠᠷᠢᠯᠭ᠎ᠠ ᠬᠢᠵᠦ᠂ ᠪᠦᠷᠢᠨ ᠪᠦᠲᠦᠨ | ᠡᠭᠡᠯᠢᠯᠡᠭᠡ ᠶᠢᠨ ᠳᠠᠩᠰᠠ ᠡᠪᠬᠡᠮᠡᠯ ᠪᠠᠶᠢᠭᠤᠯᠬᠤ ᠬᠡᠷᠡᠭᠳᠡᠢ᠃ ᠡᠭᠡᠯᠢᠯᠡᠭᠡ ᠶᠢᠨ ᠮᠠᠯ ᠵᠢᠭᠦᠷᠲᠡᠨ ᠳᠤ ᠲᠣᠭᠲᠠᠮᠠᠯ | ᠬᠤᠭᠤᠴᠠᠭ᠎ᠠ ᠲᠠᠢ ᠪᠠᠷ ᠡᠭᠡᠯᠢᠯᠡᠭᠡ ᠶᠢᠨ ᠡᠰᠡᠷᠭᠦᠴᠡᠭᠴᠢ ᠶᠢᠨ ᠬᠢᠷᠢ ᠬᠡᠮᠵᠢᠶ᠎ᠡ ᠶᠢ ᠬᠢᠨᠠᠨ ᠬᠡᠮᠵᠢᠵᠦ᠂ ᠨᠡᠶᠢᠲᠡ ᠣᠯᠠᠨ ᠤ | ᠡᠰᠡᠷᠭᠦᠴᠡᠭᠴᠢ ᠶᠢᠨ ᠬᠢᠷᠢ ᠬᠡᠮᠵᠢᠶ᠎ᠡ ᠶᠢ ᠦᠨᠳᠦᠰᠦᠯᠡᠨ ᠴᠠᠭ ᠲᠤᠬᠠᠶ ᠳᠤᠨᠢ ᠦᠯᠦ ᠬᠠᠯᠳᠠᠭᠠᠬᠤ ᠶᠢ ᠴᠢᠩᠭᠠᠳᠬᠠᠬᠤ | ᠬᠡᠷᠡᠭᠳᠡᠢ᠃ | 4.5 ᠠᠮᠤᠷ ᠲᠦᠪᠰᠢᠨ ᠤ ᠬᠠᠮᠠᠭᠠᠯᠠᠯᠳᠠ | ᠭᠡᠨᠡᠳᠲᠡ ᠡᠭᠦᠰᠦᠭᠰᠡᠨ ᠠᠮᠢᠲᠠᠨ ᠤ ᠬᠦᠨᠳᠦ ᠶᠡᠭᠡ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠳᠤ ᠣᠷᠣᠯᠴᠠᠬᠤ ᠬᠥᠮᠦᠰ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ ᠠᠳᠠᠯᠢ | ᠪᠤᠰᠤ ᠬᠢᠵᠢᠭ ᠡᠪᠡᠳᠴᠢᠨ ᠢᠯᠠᠩᠭᠤᠶ᠎ᠠ ᠬᠥᠮᠦᠨ ᠮᠠᠯ ᠳᠤ ᠴᠥᠮ ᠲᠠᠷᠬᠠᠳᠠᠭ ᠡᠪᠡᠳᠴᠢᠨ ᠳᠤ ᠴᠢᠭᠯᠡᠭᠦᠯᠵᠦ᠂ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠥᠮᠦᠰ ᠲᠤ ᠣᠨᠴᠣᠭᠤᠶ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ | ᠠᠪᠬᠤ ᠬᠡᠷᠡᠭᠲᠡᠶ᠂ ᠵᠢᠱᠢᠶᠡᠯᠡᠪᠡᠯ ᠬᠠᠮᠠᠭᠠᠯᠠᠯᠲᠠ ᠶᠢᠨ ᠬᠤᠪᠴᠠᠰᠤ ᠡᠮᠦᠰᠬᠦ᠂ ᠵᠣᠬᠢᠴᠠᠩᠭᠤᠶ ᠪᠦᠬᠦᠢ ᠸᠠᠺᠼᠢᠨ ᠤ | ᠲᠠᠷᠢᠯᠭ᠎ᠠ ᠬᠢᠬᠦ᠂ ᠴᠢᠰᠤᠨ ᠴᠠᠶᠢᠪᠠᠩ ᠤᠨ ᠰᠤᠳᠤᠯᠤᠯ ᠤᠨ ᠬᠢᠨᠠᠨ ᠬᠡᠮᠵᠢᠯᠲᠡ ᠬᠢᠬᠦ ᠬᠡᠷᠡᠭᠲᠡᠶ᠃ | 4.6 ᠴᠤᠤᠷᠢᠶᠠᠲᠤᠨ ᠳᠠᠭᠠᠬᠤ ᠶᠢ ᠵᠣᠭᠰᠤᠭᠠᠬᠤ | ᠭᠡᠨᠡᠳᠳᠡ ᠡᠭᠦᠰᠦᠭᠰᠡᠨ ᠠᠮᠢᠳᠡᠨ ᠤ ᠬᠦᠨᠲᠤ ᠶᠡᠭᠡ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠬᠤ | ᠠᠵᠢᠯᠯᠠᠭ᠎ᠠ ᠳᠠᠭᠤᠰᠴᠤ᠂ ︽ᠬᠢᠵᠢᠭᠲᠦ ᠣᠷᠣᠨ ᠤ ᠳᠣᠲᠣᠷᠠᠬᠢ ᠪᠤᠢ ᠪᠦᠬᠦᠢ ᠬᠢᠵᠢᠭ ᠬᠠᠯᠳᠠᠪᠤᠷᠢᠯᠠᠭᠰᠠᠨ ᠠᠮᠢᠲᠠᠨ᠂ | ᠠᠮᠠᠷᠬᠠᠨ ᠬᠠᠯᠳᠠᠪᠤᠷᠢᠯᠠᠭᠳᠠᠬᠤ ᠠᠮᠢᠳᠠᠨ ᠵᠢᠴᠢ ᠪᠦᠲᠦᠭᠡᠭᠳᠡᠬᠦᠨ ᠢ ᠨᠢ ᠲᠣᠭᠲᠠᠭᠠᠯ ᠶᠣᠰᠣᠭᠠᠷ ᠰᠢᠢᠳᠪᠦᠷᠢᠯᠡᠭᠰᠡᠨ ᠤ | ᠳᠠᠷᠠᠭ᠎ᠠ᠂ ᠲᠤᠰ ᠬᠢᠵᠢᠭ ᠡᠪᠡᠳᠴᠢᠨ ᠳᠤ ᠨᠠᠭᠠᠳᠤ ᠵᠠᠬ᠎ᠠ ᠳᠠᠭᠠᠨ ᠬᠠᠮᠤᠭ ᠤᠨ ᠤᠷᠲᠤ ᠨᠢᠭᠤᠭᠳᠠᠮᠠᠯ | ᠬᠤᠭᠤᠴᠠᠭᠠᠨ ᠳᠤ ᠰᠢᠨ᠎ᠡ ᠡᠪᠡᠳᠴᠢᠨ ᠤ ᠵᠢᠱᠢᠶ᠎ᠡ ᠢᠯᠡᠷᠡᠭᠰᠡᠨ ᠦᠭᠡᠢ︾ ᠨᠥᠬᠦᠴᠡᠯ ᠳᠤ ᠨᠡᠶᠢᠴᠡᠭᠰᠡᠨ ᠪᠠᠶᠢᠬᠤ | ᠬᠡᠷᠡᠭᠲᠡᠶ᠃ | ᠭᠡᠨᠡᠳᠳᠡ ᠡᠭᠦᠰᠦᠭᠰᠡᠨ ᠠᠮᠢᠲᠠᠨ ᠤ ᠬᠦᠨᠳᠦ ᠶᠡᠭᠡ᠂ ᠨᠡᠯᠢᠶᠡᠳ ᠶᠡᠭᠡ ᠬᠢᠵᠢᠭ ᠤᠨ ᠪᠠᠶᠢᠳᠠᠯ ᠢ ᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠬᠢᠵᠢᠭ ᠤᠨ ᠪᠠᠶᠢᠳᠠᠯ ᠢ ᠡᠵᠡᠮᠳᠡᠵᠦ ᠪᠠᠶᠢᠭ᠎ᠠ ᠪᠠᠶᠢᠳᠠᠯ ᠳᠤ | ᠦᠨᠡᠯᠡᠨ ᠵᠢᠱᠢᠯᠲᠡ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠵᠣᠭᠰᠣᠭᠠᠬᠤ ᠰᠠᠨᠠᠭᠤᠯᠭ᠎ᠠ | ᠳᠤᠷᠠᠳᠴᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠬᠤᠲᠠ ᠶᠢᠨ ᠵᠢᠯᠣᠭᠤᠳᠬᠤ ᠭᠠᠵᠠᠷ ᠲᠤ | ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠶᠢᠨ ᠲᠢᠩᠬᠢᠮ ᠳᠤ ᠮᠡᠳᠡᠭᠦᠯᠬᠦ ᠬᠡᠷᠡᠭᠳᠡᠢ᠃ | ᠭᠡᠨᠡᠳᠳᠡ ᠡᠭᠦᠰᠦᠭᠰᠡᠨ ᠠᠮᠢᠲᠠᠨ ᠤ ᠡᠩ ᠤᠨ ᠬᠢᠵᠢᠭ ᠤᠨ ᠪᠠᠶᠢᠳᠠᠯ ᠢ ᠲᠣᠭᠤᠷᠢᠭ ᠤᠨ ᠲᠠᠷᠢᠶᠠᠯᠠᠩ ᠮᠠᠯ | ᠠᠵᠤ ᠠᠬᠤᠶ ᠶᠢᠨ ᠰᠠᠯᠠᠭ᠎ᠠ ᠮᠥᠴᠢᠷ ᠠᠴᠠ ᠬᠢᠵᠢᠭ ᠤᠨ ᠪᠠᠶᠢᠳᠠᠯ ᠢ ᠡᠵᠡᠮᠳᠡᠵᠦ ᠪᠠᠶᠢᠭ᠎ᠠ ᠪᠠᠶᠢᠳᠠᠯ ᠳᠤ ᠦᠨᠡᠯᠡᠨ | ᠵᠢᠱᠢᠯᠲᠡ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠵᠣᠭᠰᠣᠭᠠᠬᠤ ᠰᠠᠨᠠᠭᠤᠯᠭ᠎ᠠ ᠳᠤᠷᠠᠳᠴᠤ᠂ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠤᠶᠤ ᠲᠣᠭᠤᠷᠢᠭ ᠤᠨ ᠵᠢᠯᠣᠭᠤᠳᠬᠤ ᠭᠠᠵᠠᠷ ᠲᠤ ᠮᠡᠳᠡᠭᠦᠯᠦᠨ | ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠬᠦ ᠶᠢᠨ ᠬᠠᠮᠲᠤ ᠬᠤᠲᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠶ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠳᠡᠢ᠃ | ᠳᠡᠭᠡᠳᠦ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠳᠣᠤᠷᠠᠳᠤ ᠱᠠᠲᠤᠨ ᠤ | ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠵᠢᠭᠠᠪᠤᠷᠢ ᠶᠢ ᠦᠨᠳᠦᠰᠦᠯᠡᠨ᠂ ᠴᠠᠭ ᠲᠤᠬᠠᠶ ᠳᠤᠨᠢ | ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠭᠡᠨᠡᠳᠳᠡ ᠡᠭᠦᠰᠦᠭᠰᠡᠨ ᠠᠮᠢᠳᠡᠨ ᠤ ᠬᠦᠨᠲᠤ ᠶᠡᠭᠡ ᠬᠢᠵᠢᠭ ᠤᠨ | ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠵᠣᠭᠰᠣᠭᠠᠭᠰᠠᠨ ᠦᠨᠡᠯᠡᠨ ᠵᠢᠱᠢᠯᠲᠡ ᠳᠤ ᠮᠡᠷᠭᠡᠵᠢᠯ ᠤᠨ | ᠵᠢᠯᠣᠭᠤᠳᠣᠯᠭ᠎ᠠ ᠪᠠ ᠳᠡᠮᠵᠢᠯᠭᠡ ᠬᠠᠩᠭᠠᠵᠤ ᠪᠣᠯᠤᠨ᠎ᠠ᠃ | 5 ᠬᠤᠶᠢᠨᠠᠬᠢ ᠶᠠᠪᠤᠳᠠᠯ ᠢ ᠰᠢᠢᠳᠪᠤᠷᠢᠯᠡᠬᠦ | 5.1 ᠬᠤᠶᠢᠨᠠᠬᠢ ᠦᠨᠡᠯᠡᠨ ᠵᠢᠱᠢᠯᠲᠡ | ᠭᠡᠨᠡᠳᠳᠡ ᠡᠭᠦᠰᠦᠭᠰᠡᠨ ᠠᠮᠢᠳᠡᠨ ᠤ ᠬᠦᠨᠲᠤ ᠶᠡᠭᠡ ᠬᠢᠵᠢᠭ ᠤᠨ ᠪᠠᠶᠢᠳᠠᠯ ᠢ ᠤᠰᠠᠳᠬᠠᠭᠰᠠᠨ ᠤ ᠳᠠᠷᠠᠭ᠎ᠠ᠂ | ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠲᠤᠰ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠬᠤᠯᠪᠣᠭᠳᠠᠯ ᠪᠦᠬᠦᠢ ᠬᠥᠮᠦᠰ ᠢ ᠵᠣᠬᠢᠶᠠᠨ ᠪᠠᠶᠢᠭᠤᠯᠤᠨ | ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠢ ᠰᠢᠢᠳᠪᠦᠷᠢᠯᠡᠭᠰᠡᠨ ᠪᠠᠶᠢᠳᠠᠯ ᠳᠤ ᠦᠨᠡᠯᠡᠨ ᠵᠢᠱᠢᠯᠲᠡ ᠬᠢᠬᠦ | ᠬᠡᠷᠡᠭᠲᠡᠶ᠃ ᠦᠨᠡᠯᠡᠨ ᠵᠢᠱᠢᠭᠰᠡᠨ ᠠᠭᠤᠯᠭ᠎ᠠ ᠳᠤ᠄ ᠬᠢᠵᠢᠭ ᠤᠨ ᠪᠠᠶᠢᠳᠠᠯ ᠤᠨ ᠦᠨᠳᠦᠰᠦᠨ ᠪᠠᠶᠢᠳᠠᠯ ᠪᠣᠯᠤᠨ | ᠡᠭᠦᠰᠦᠭᠰᠡᠨ ᠥᠩᠭᠡᠷᠡᠯᠲᠡ᠂ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠭᠰᠡᠨ ᠪᠠ ᠲᠤᠷᠰᠢᠯᠲᠠ ᠶᠢᠨ ᠲᠠᠰᠤᠭ ᠤᠨ | ᠪᠠᠶᠢᠴᠠᠭᠠᠨ ᠬᠡᠮᠵᠢᠭᠰᠡᠨ ᠦᠷ᠎ᠡ ᠳ᠋ᠦᠩ᠃ ᠬᠢᠵᠢᠭ ᠤᠨ ᠪᠠᠶᠢᠳᠠᠯ ᠡᠭᠦᠰᠦᠭᠰᠡᠨ ᠭᠤᠣᠯ ᠰᠢᠯᠲᠠᠭᠠᠨ ᠤ ᠵᠠᠳᠠᠯᠤᠯᠳᠠ ᠪᠠ | ᠦᠷ᠎ᠡ ᠳ᠋ᠦᠩ᠃ ᠬᠢᠵᠢᠭ ᠤᠨ ᠪᠠᠶᠢᠳᠠᠯ ᠢ ᠰᠢᠢᠳᠪᠦᠷᠢᠯᠡᠵᠤ ᠰᠡᠷᠭᠡᠶᠢᠯᠡᠨ ᠵᠠᠰᠠᠭᠰᠠᠨ ᠠᠷᠭ᠎ᠠ ᠬᠡᠮᠵᠢᠶ᠎ᠡ ᠪᠣᠯᠤᠨ ᠦᠷ᠎ᠡ | ᠪᠦᠲᠦᠮᠵᠢ᠃ ᠪᠠᠴᠢᠮ ᠪᠠᠶᠢᠳᠠᠯ ᠢ ᠠᠷᠭᠠᠴᠠᠭᠠᠬᠤ ᠶᠠᠪᠤᠴᠠ ᠳᠤ ᠣᠷᠣᠭᠰᠢᠭᠰᠠᠨ ᠠᠰᠠᠭᠤᠳᠠᠯ ᠪᠣᠯᠤᠨ ᠬᠦᠴᠢᠷᠳᠡᠯ᠃ | ᠪᠠᠴᠢᠮ ᠪᠠᠶᠢᠳᠠᠯ ᠢ ᠠᠷᠭᠠᠴᠠᠭᠠᠬᠤ ᠶᠠᠪᠤᠴᠠ ᠳᠤ ᠣᠷᠣᠭᠰᠢᠭᠰᠠᠨ ᠠᠰᠠᠭᠤᠳᠠᠯ ᠪᠣᠯᠤᠨ ᠬᠦᠴᠢᠷᠳᠡᠯ ᠢ ᠦᠨᠳᠦᠰᠦᠯᠡᠨ | ᠳᠤᠷᠠᠳᠤᠭᠰᠠᠨ ᠰᠠᠶᠢᠵᠢᠷᠠᠭᠤᠯᠬᠤ ᠰᠠᠨᠠᠭᠤᠯᠭ᠎ᠠ ᠪᠣᠯᠤᠨ ᠠᠷᠭᠠᠴᠠᠭᠠᠬᠤ ᠠᠷᠭ᠎ᠠ ᠬᠡᠮᠵᠢᠶ᠎ᠡ ᠵᠡᠷᠭᠡ ᠪᠠᠭᠲᠠᠨ᠎ᠠ᠃ ᠦᠨᠡᠯᠡᠨ | ᠵᠢᠱᠢᠭᠰᠡᠨ ᠮᠡᠳᠡᠭᠦᠯᠦᠯᠲᠡ ᠶᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ | ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠳᠡᠢ᠃ | 5.2 ᠦᠢᠯᠡᠳᠪᠦᠷᠢᠯᠡᠯ ᠢᠶᠠᠨ ᠰᠡᠷᠬᠦᠭᠡᠬᠦ | ᠭᠡᠨᠡᠳᠳᠡ ᠡᠭᠦᠰᠦᠭᠰᠡᠨ ᠠᠮᠢᠲᠠᠨ ᠤ ᠬᠦᠨᠳᠦ ᠶᠡᠭᠡ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠵᠤ | ᠴᠤᠤᠷᠢᠶᠠᠳᠣᠨ ᠳᠠᠭᠠᠬᠤ ᠶᠢ ᠵᠣᠭᠰᠣᠭᠠᠬᠤ ᠪᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠤᠷᠢᠲᠠᠯ ᠳᠣᠤᠷ᠎ᠠ᠂ | ᠠᠷᠠᠯᠵᠢᠶᠠᠨ ᠤ ᠬᠢᠵᠠᠭᠠᠷᠯᠠᠯ ᠵᠢᠴᠢ ᠭᠦᠢᠯᠭᠡᠭᠡᠨ ᠤ ᠡᠵᠡᠮᠳᠡᠯ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠴᠢᠨᠠᠷᠲᠠᠶ | ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠬᠦᠴᠦᠨ ᠥᠬᠡᠶ ᠪᠣᠯᠭᠠᠬᠤ ᠶᠢᠨ ᠬᠠᠮᠲᠤ᠂ ᠬᠢᠵᠢᠭ ᠡᠪᠡᠳᠴᠢᠨ ᠤ | ᠣᠨᠴᠠᠯᠢᠭ ᠢ ᠦᠨᠳᠦᠰᠦᠯᠡᠨ ᠬᠢᠵᠢᠭ ᠤᠨ ᠴᠢᠭ ᠪᠠ ᠬᠢᠵᠢᠭᠲᠦ ᠣᠷᠣᠨ ᠳᠤ ᠦᠷᠭᠦᠯᠵᠢᠯᠡᠨ ᠬᠢᠨᠠᠨ ᠬᠡᠮᠵᠢᠯᠲᠡ ᠬᠢᠵᠦ᠂ | ᠤᠯᠤᠰ ᠤᠨ ᠬᠤᠯᠪᠣᠭᠳᠠᠯ ᠪᠥᠬᠦᠶ ᠱᠠᠭᠠᠷᠳᠠᠯᠭ᠎ᠠ ᠳᠤ ᠨᠡᠶᠢᠴᠡᠪᠡᠯ ᠰᠠᠶ᠋ᠢ ᠠᠮᠢᠲᠠᠨ ᠢ ᠳᠠᠬᠢᠨ ᠣᠷᠣᠭᠤᠯᠵᠤ ᠪᠣᠯᠤᠨ᠎ᠠ᠃ | ᠲᠠᠷᠢᠶᠠᠯᠠᠩ ᠤᠨ ᠠᠷᠠᠯᠵᠢᠶᠠᠨ ᠤ ︵ᠴᠤᠭᠯᠠᠭ᠎ᠠ ᠮᠠᠶᠢᠮᠠᠶ︶ ᠵᠠᠬ᠎ᠠ ᠳᠡᠯᠭᠡᠭᠦᠷ᠂ ᠠᠯᠠᠰᠢᠨ ᠤ ᠲᠠᠯᠠᠪᠠᠢ ᠵᠡᠷᠭᠡ | ᠭᠤᠣᠯᠳᠠᠯᠭ᠎ᠠ ᠲᠠᠢ ᠲᠠᠯᠠᠪᠤᠷ ᠢ ᠡᠮᠬᠢ ᠵᠢᠷᠤᠮ ᠲᠠᠢ ᠪᠠᠷ ᠨᠡᠭᠡᠭᠡᠵᠦ᠂ ᠠᠵᠤ ᠠᠬᠤᠶᠢᠯᠠᠯ ᠢ ᠬᠠᠪᠰᠤᠷᠤᠨ | ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢ ᠪᠠᠲᠤᠯᠠᠵᠤ᠂ | ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠡᠮᠬᠢ ᠵᠢᠷᠤᠮ ᠲᠠᠢ ᠪᠠᠷ ᠰᠡᠷᠭᠦᠭᠡᠨ᠎ᠡ᠃ | 5.3 ᠭᠠᠢ ᠭᠠᠮᠰᠢᠭ ᠤᠨ ᠨᠦᠬᠦᠪᠦᠷᠢ | ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠤ ᠭᠠᠶ ᠭᠠᠮᠰᠢᠭ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ᠂ ᠲᠤᠭ᠎ᠠ ᠬᠡᠮᠵᠢᠶ᠎ᠡ ᠶᠢᠨ ᠵᠡᠷᠭᠡ ᠲᠠᠰ ᠤᠨ ᠪᠠᠷᠢᠮᠵᠢᠶ᠎ᠠ ᠶᠢ ᠲᠣᠭᠲᠠᠭᠠᠵᠤ᠂ ᠳᠡᠰ ᠳᠠᠷᠠᠭᠠᠯᠠᠯ ᠤᠨ ᠶᠣᠰᠣᠭᠠᠷ | ᠨᠥᠬᠦᠪᠥᠷᠢ ᠥᠭᠬᠦ ᠬᠡᠷᠡᠭᠲᠡᠶ᠃ ᠨᠥᠬᠦᠪᠥᠷᠢ ᠥᠭᠬᠦ ᠡᠲᠡᠭᠡᠳ ᠨᠢ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ | ᠤᠰᠠᠳᠬᠠᠬᠤ ᠪᠤᠶᠤ ᠬᠤᠷᠢᠭᠯᠠᠬᠤ ᠳᠤ ᠮᠠᠯ ᠤᠨᠤᠭ᠎ᠠ ᠪᠤᠶᠤ ᠡᠳ᠋ ᠬᠥᠷᠥᠩᠭᠡ ᠨᠢ ᠬᠤᠬᠢᠷᠠᠯ ᠠᠮᠰᠠᠭᠰᠠᠨ ᠨᠢᠭᠡᠴᠡ ᠪᠠ | ᠬᠤᠪᠢ ᠬᠥᠮᠦᠨ ᠪᠤᠯᠤᠨ᠎ᠠ᠃ ᠨᠥᠬᠦᠪᠥᠷᠢ ᠥᠭᠬᠦ ᠪᠠᠷᠢᠮᠵᠢᠶ᠎ᠠ ᠶᠢ ᠡᠳ᠋ ᠤᠨ ᠵᠠᠰᠠᠭ ᠤᠨ ᠶᠠᠮᠤᠨ᠂ ᠲᠠᠷᠢᠶᠠᠯᠠᠩ ᠬᠥᠳᠡᠭᠡ | ᠲᠣᠰᠬᠤᠨ ᠤ ᠶᠠᠮᠤᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | 5.4 ᠠᠰᠠᠷᠠᠮᠵᠢ ᠪᠠ ᠨᠦᠬᠦᠪᠦᠷᠢ | ᠭᠡᠨᠡᠳᠳᠡ ᠡᠭᠦᠰᠦᠭᠰᠡᠨ ᠠᠮᠢᠳᠡᠨ ᠤ ᠬᠦᠨᠲᠤ ᠶᠡᠭᠡ ᠬᠢᠵᠢᠭ ᠤᠨ ᠪᠠᠴᠢᠮ ᠪᠠᠶᠢᠳᠠᠯ ᠢ ᠰᠢᠢᠳᠪᠦᠷᠢᠯᠡᠬᠦ | ᠠᠵᠢᠯ ᠳᠤ ᠣᠷᠣᠯᠴᠠᠭᠰᠠᠨ ᠠᠴᠠ ᠪᠣᠯᠵᠤ ᠡᠪᠡᠳᠴᠢᠯᠡᠬᠦ᠂ ᠵᠡᠮᠳᠡᠭ ᠪᠣᠯᠬᠤ᠂ ᠠᠳᠡᠭᠰᠡᠨ ᠬᠥᠮᠦᠰ ᠲᠤ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠠᠴᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠷᠠᠳ ᠤᠨ ᠶᠠᠪᠤᠳᠠᠯ | ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠤᠬᠢᠶᠠᠨ ᠪᠠᠶᠢᠭᠤᠯᠤᠨ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠵᠣᠬᠢᠴᠠᠩᠭᠤᠶ ᠪᠦᠬᠦᠢ ᠲᠤᠰᠠᠯᠠᠮᠵᠢ ᠪᠠ ᠠᠰᠠᠷᠠᠮᠵᠢ ᠣᠯᠭᠤᠬᠤ ᠬᠡᠷᠡᠭᠲᠡᠶ᠃ | 5.5 ᠨᠡᠶᠢᠭᠡᠮ ᠤᠨ ᠠᠪᠤᠷᠠᠨ ᠲᠤᠰᠠᠯᠠᠬᠤ | ᠭᠡᠨᠡᠳᠳᠡ ᠡᠭᠦᠰᠦᠭᠰᠡᠨ ᠠᠮᠢᠳᠡᠨ ᠤ ᠬᠦᠨᠲᠤ ᠶᠡᠭᠡ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ᠂ | ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠵᠢᠭᠲᠦ | ᠣᠷᠣᠨ ᠳᠤ ᠬᠠᠩᠭᠠᠭᠰᠠᠨ ᠠᠪᠤᠷᠠᠨ ᠲᠤᠰᠠᠯᠠᠬᠤ ᠡᠳ᠋ ᠪᠣᠳᠠᠰ ᠵᠢᠴᠢ ᠪᠡᠯᠡ ᠮᠥᠩᠭᠦ ᠶᠢ ᠬᠦᠯᠢᠶᠡᠨ ᠠᠪᠬᠤ᠂ | ᠬᠤᠪᠢᠶᠠᠷᠢᠯᠠᠬᠤ ᠪᠠ ᠬᠢᠨᠠᠯᠲᠠ ᠲᠠᠯᠪᠢᠵᠤ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠬᠦ ᠬᠡᠷᠡᠭᠲᠡᠶ᠃ | 5.6 ᠱᠠᠩᠨᠠᠯ ᠬᠥᠬᠢᠭᠦᠯᠦᠯ | ᠭᠡᠨᠡᠳᠳᠡᠡᠭᠦᠰᠦᠭᠰᠡᠨ ᠠᠮᠢᠳᠡᠨᠤ ᠬᠦᠨᠲᠤ ᠶᠡᠭᠡ ᠬᠢᠵᠢᠭᠤᠨ ᠪᠠᠴᠢᠮ ᠪᠠᠶᠢᠳᠠᠯᠢ ᠠᠷᠭᠠᠴᠠᠭᠠᠨ | ᠰᠢᠢᠳᠪᠦᠷᠢᠯᠡᠬᠦᠳᠤᠣᠷᠣᠯᠴᠠᠵᠤ ᠬᠤᠪᠢ ᠨᠡᠮᠡᠷᠢ ᠦᠵᠡᠭᠦᠯᠦᠭᠰᠡᠨ ᠲᠡᠷᠢᠭᠦᠨᠤ ᠬᠠᠮᠲᠤ ᠪᠠ ᠬᠤᠪᠢ ᠬᠥᠮᠦᠨᠢ | ᠬᠤᠯᠪᠣᠭᠳᠠᠯ ᠪᠦᠬᠦᠢᠲ᠋ᠣᠭᠲᠠᠭᠠᠯ ᠶᠣᠰᠣᠭᠠᠷ ᠬᠥᠬᠢᠭᠦᠯᠦᠨ ᠰᠠᠶᠢᠰᠢᠶᠠᠬᠤ ᠬᠡᠷᠡᠭᠳᠡᠢ᠃ ᠪᠠᠴᠢᠮᠪᠠᠶᠢᠳᠠᠯᠢ ᠠᠷᠭᠠᠴᠠᠭᠠᠨ | ᠰᠢᠢᠳᠪᠦᠷᠢᠯᠡᠬᠦ ᠠᠵᠢᠯᠤᠨ ᠳᠤᠮᠳᠠ ᠡᠷᠡᠯᠬᠡᠭ ᠪᠠᠭᠠᠲᠤᠷᠯᠢᠭᠢᠶ᠋ᠠᠷ ᠠᠮᠢ ᠪᠡᠶᠡᠪᠠᠨ ᠵᠣᠷᠢᠭᠤᠯᠤᠭᠰᠠᠨ ᠬᠥᠮᠦᠰᠢ | ᠬᠤᠯᠪᠣᠭᠳᠠᠯ ᠪᠦᠬᠦᠢᠲ᠋ᠣᠭᠲᠠᠭᠠᠯ ᠶᠣᠰᠣᠭᠠᠷᠦᠷᠡᠭᠳᠡᠭᠰᠡᠨᠪᠠᠭᠠᠲᠤᠷᠴᠤᠳᠢᠶ᠋ᠠᠷ ᠨᠡᠬᠡᠮᠵᠢᠯᠡᠨ ᠲᠣᠭᠲᠠᠭᠠᠬᠤ ᠬᠡᠷᠡᠭᠳᠡᠢ᠃ | 5.7 ᠬᠠᠷᠢᠭᠤᠴᠠᠯᠭ᠎ᠠ ᠨᠡᠬᠡᠮᠵᠢᠯᠡᠬᠦ | ᠭᠡᠨᠡᠳᠳᠡ ᠡᠭᠦᠰᠦᠭᠰᠡᠨ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠬᠦ᠂ ᠮᠡᠳᠡᠭᠦᠯᠬᠦ᠂ | ᠪᠠᠶᠢᠴᠠᠭᠠᠬᠤ᠂ ᠡᠵᠡᠮᠳᠡᠬᠦ ᠪᠠ ᠰᠢᠢᠳᠪᠦᠷᠢᠯᠡᠬᠦ ᠶᠠᠪᠤᠴᠠ ᠳᠤ᠂ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ | ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ ᠵᠡᠷᠭᠡ ᠬᠠᠤᠯᠢ ᠴᠠᠭᠠᠵᠠ ᠰᠠᠬᠢᠯᠭ᠎ᠠ ᠪᠠᠲᠤ ᠠᠴᠠ | ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ | ᠦᠨᠳᠦᠰᠦᠯᠡᠨ ᠲᠤᠬᠠᠢ ᠶᠢᠨ ᠬᠥᠮᠦᠨ ᠤ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ᠃ | ᠠᠮᠢᠲᠠᠨ ᠤ ᠬᠢᠵᠢᠭ ᠤᠨ ᠪᠠᠶᠢᠳᠠᠯ ᠢ ᠮᠡᠳᠡᠭᠦᠯᠬᠦ ᠦᠭᠡᠶ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ᠂ | ᠤᠳᠠᠭᠠᠰᠢᠷᠠᠭᠤᠯᠤᠨ ᠮᠡᠳᠡᠭᠦᠯᠦᠭᠰᠡᠨ᠂ ᠪᠤᠰᠤᠳ ᠤᠨ ᠮᠡᠳᠡᠬᠦᠯᠬᠦ ᠶᠢ ᠬᠠᠷᠰᠢᠯᠠᠭᠰᠠᠨ ᠵᠢᠴᠢ ᠬᠢᠵᠢᠭ ᠤᠨ ᠪᠠᠶᠢᠳᠠᠯ ᠢ | ᠮᠡᠳᠡᠭᠦᠯᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠶ ᠨᠢᠭᠡᠴᠡ ᠪᠣᠯᠤᠨ ᠬᠤᠪᠢ ᠬᠥᠮᠦᠨ ᠢ ᠬᠤᠯᠪᠣᠭᠳᠠᠯ | ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠶ᠃ | 6 ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠᠲᠤᠯᠠᠭ᠎ᠠ | ᠭᠡᠨᠡᠳᠳᠡ ᠡᠭᠦᠰᠦᠭᠰᠡᠨ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ᠂ ᠬᠤᠲᠠ᠂ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠥᠭᠵᠢᠭᠦᠯᠦᠯᠲᠡ ᠪᠠ ᠥᠭᠡᠷᠡᠴᠢᠯᠡᠯᠲᠡ᠂ ᠲᠠᠷᠢᠶᠠᠯᠠᠩ ᠮᠠᠯ ᠠᠵᠤ | ᠠᠬᠤᠶ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠳ᠋ ᠤᠨ ᠵᠠᠰᠠᠭ᠂ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ | ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠢᠨᠵᠢᠯᠡᠬᠦ ᠤᠬᠠᠭᠠᠨ ᠮᠡᠷᠭᠡᠵᠢᠯ᠂ ᠴᠢᠮᠡᠭᠡ ᠬᠤᠯᠪᠣᠭ᠎ᠠ | ᠵᠡᠷᠭᠡ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠵᠤ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠪᠠᠴᠢᠮ ᠪᠠᠶᠢᠳᠠᠯ ᠢ | ᠠᠷᠭᠠᠴᠠᠭᠠᠬᠤ ᠪᠠᠲᠤᠯᠠᠭ᠎ᠠ ᠶᠢᠨ ᠠᠵᠢᠯ ᠢᠶᠠᠨ ᠰᠠᠶᠢᠲᠤᠷ ᠬᠢᠬᠦ ᠬᠡᠷᠡᠭᠲᠡᠶ᠃ | 6.1 ᠴᠢᠮᠡᠭᠡ ᠬᠤᠯᠪᠣᠭ᠎ᠠ ᠬᠢᠭᠡᠳ ᠮᠡᠳᠡᠭᠡ ᠵᠠᠩᠭᠢ ᠶᠢᠨ ᠪᠠᠲᠤᠯᠠᠭ᠎ᠠ | ᠡᠯ᠎ᠡ ᠱᠠᠲᠤᠨ ᠤ ᠵᠢᠯᠣᠭᠤᠳᠬᠤ ᠭᠠᠵᠠᠷ ᠨᠢ ᠬᠦᠳᠡᠯᠦᠩᠬᠦᠢ ᠵᠢᠯᠣᠭᠤᠳᠣᠯᠭ᠎ᠠ᠂ ᠲᠣᠭᠠᠵᠢᠭᠤᠯᠤᠭᠰᠠᠨ ᠬᠢᠨᠠᠯᠲᠠ | ᠬᠠᠮᠢᠶᠠᠷᠤᠯᠲᠠ ᠪᠠ ᠬᠢᠨᠠᠨ ᠬᠡᠮᠵᠢᠬᠦ ᠴᠢᠳᠠᠪᠤᠷᠢ ᠶᠢ ᠪᠦᠷᠢᠯᠳᠦᠭᠦᠯᠵᠦ᠂ ᠲᠡᠷᠭᠡᠨ ᠳᠡᠭᠡᠷᠡᠬᠢ ᠷᠠᠳᠢᠣ᠋ ᠬᠤᠷᠢᠶ᠎ᠠ᠂ | ᠶᠠᠷᠢᠯᠴᠠᠭᠤᠷ ᠵᠡᠷᠭᠡ ᠴᠢᠮᠡᠭᠡ ᠬᠤᠯᠪᠣᠭᠠᠨ ᠤ ᠪᠠᠭᠠᠵᠢ ᠶᠢ ᠬᠢᠵᠢᠭ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠡᠳ᠋ | ᠪᠣᠳᠠᠰ ᠨᠥᠭᠡᠴᠡᠯᠡᠬᠦ ᠬᠡᠪᠴᠢᠶᠡᠨ ᠳᠤ ᠣᠷᠣᠭᠤᠯᠵᠤ᠂ ᠲᠣᠭᠲᠠᠭᠠᠯ ᠶᠣᠰᠣᠭᠠᠷ ᠨᠥᠭᠡᠴᠡᠯᠡᠵᠦ ᠠᠷᠠᠴᠢᠯᠠᠨ ᠬᠠᠮᠠᠭᠠᠯᠠᠬᠤ | ᠠᠵᠢᠯ ᠢᠶᠠᠨ ᠰᠠᠶᠢᠲᠤᠷ ᠬᠢᠬᠦ ᠬᠡᠷᠡᠭᠲᠡᠶ᠃ | ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠯᠤᠰ ᠤᠨ ᠬᠤᠯᠪᠣᠭᠳᠠᠯ ᠪᠦᠬᠦᠢ ᠬᠠᠤᠯᠢ | ᠲᠣᠭᠲᠠᠭᠠᠯ ᠢ ᠦᠨᠳᠦᠰᠦᠯᠡᠨ᠂ ᠪᠠᠴᠢᠮ ᠪᠠᠶᠢᠳᠠᠯ ᠳᠣᠤᠷᠠᠬᠢ ᠣᠳᠠᠰᠣ᠂ ᠴᠠᠬᠢᠯᠭᠠᠨ ᠮᠡᠳᠡᠭᠡ᠂ ᠹᠠᠺᠰ᠂ ᠴᠢᠮᠡᠭᠡ | ᠨᠡᠪᠲᠡᠷᠡᠯᠭᠡ ᠶᠢᠨ ᠳᠠᠪᠲᠠᠮᠵᠢ ᠵᠡᠷᠭᠡ ᠶᠢ ᠡᠩ ᠲᠡᠷᠢᠭᠦᠨ ᠳᠤ ᠪᠠᠲᠤᠯᠠᠬᠤ ᠬᠡᠷᠡᠭᠲᠡᠶ᠃ | 6.2 ᠪᠠᠴᠢᠮ ᠪᠠᠶᠢᠳᠠᠯ ᠢ ᠠᠷᠭᠠᠴᠠᠭᠠᠬᠤ ᠡᠬᠢ ᠪᠠᠶᠠᠯᠢᠭ ᠬᠢᠭᠡᠳ ᠲᠣᠨᠤᠭ ᠲᠥᠬᠦᠭᠡᠷᠦᠮᠵᠢ ᠶᠢᠨ ᠪᠠᠲᠤᠯᠠᠭ᠎ᠠ | 6.2.1 ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢᠨ ᠪᠠᠲᠤᠯᠠᠭ᠎ᠠ | ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ᠂ ᠡᠯ᠎ᠡ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠭᠡᠨᠡᠳᠳᠡ ᠡᠭᠦᠰᠦᠭᠰᠡᠨ ᠠᠮᠢᠲᠠᠨ ᠤ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠪᠡᠯᠡᠳᠬᠡᠯ ᠡᠩᠨᠡᠭᠡ ᠪᠠᠶᠢᠭᠤᠯᠵᠤ᠂ ᠲᠤᠰᠠᠭᠠᠷᠯᠠᠬᠤ᠂ ᠪᠠᠷᠢᠵᠦ ᠠᠯᠠᠬᠤ᠂ ᠤᠰᠠᠳᠬᠠᠬᠤ᠂ ᠠᠷᠢᠭᠤᠳᠬᠠᠬᠤ᠂ ᠬᠤᠣᠷ | ᠦᠬᠡᠶᠢᠵᠢᠬᠦᠯᠦᠨ ᠰᠢᠢᠳᠪᠦᠷᠢᠯᠡᠬᠦ᠂ ᠪᠠᠴᠢᠮ ᠡᠭᠡᠯᠢᠯᠡᠭᠡ ᠶᠢᠨ ᠲᠠᠷᠢᠯᠭ᠎ᠠ ᠬᠢᠬᠦ᠂ ᠠᠮᠠᠷᠬᠠᠨ ᠬᠠᠯᠳᠠᠪᠤᠷᠢᠯᠠᠭᠳᠠᠬᠤ ᠠᠮᠢᠳᠠᠨ | ᠪᠠ ᠠᠮᠢᠲᠠᠨ ᠤ ᠪᠦᠲᠦᠭᠡᠭᠳᠡᠬᠦᠨ ᠵᠢᠴᠢ ᠬᠤᠯᠪᠣᠭᠳᠠᠯ ᠪᠥᠬᠦᠶ ᠡᠳ᠋ ᠪᠣᠳᠠᠰ ᠢ ᠣᠷᠣᠭᠤᠯᠵᠤ ᠭᠠᠷᠭᠠᠬᠤ ᠶᠢ ᠡᠵᠡᠮᠳᠡᠬᠦ | ᠵᠡᠷᠭᠡ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠪᠣᠳᠠᠲᠠᠶ ᠬᠡᠷᠡᠭᠵᠢᠭᠦᠯᠬᠦ ᠬᠡᠷᠡᠭᠲᠡᠶ᠃ ᠪᠡᠯᠡᠳᠬᠡᠯ ᠡᠩᠨᠡᠭᠡ ᠨᠢ | ᠲᠠᠷᠢᠶᠠᠯᠠᠩ ᠮᠠᠯ ᠠᠵᠤ ᠠᠬᠤᠶ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠳᠣᠲᠣᠭᠠᠳᠤ ᠶᠢ ᠬᠠᠮᠠᠭᠠᠯᠠᠬᠤ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠡᠪᠰᠡᠭᠲᠦ ᠴᠠᠭᠳᠠᠭ᠎ᠠ ᠵᠡᠷᠭᠡ ᠰᠠᠯᠠᠭ᠎ᠠ ᠮᠥᠴᠢᠷ ᠨᠢᠭᠡᠴᠡ ᠶᠢᠨ ᠬᠥᠮᠦᠰ ᠢᠶᠠᠷ | ᠪᠦᠷᠢᠯᠳᠦᠵᠦ᠂ ᠬᠠᠷᠢᠴᠠᠩᠭᠤᠶ ᠪᠠᠷ ᠲᠤᠭᠳᠠᠩᠭᠤᠢ ᠪᠠᠶᠢᠬᠤ ᠶᠢ ᠪᠠᠲᠤᠯᠠᠬᠤ ᠬᠡᠷᠡᠭᠳᠡᠢ᠃ | 6.2.2 ᠵᠠᠮ ᠬᠠᠷᠢᠯᠴᠠᠭ᠎ᠠ ᠳᠡᠭᠡᠭᠡᠪᠦᠷᠢ ᠶᠢᠨ ᠪᠠᠳᠣᠯᠠᠭ᠎ᠠ | ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠠᠮᠢᠲᠠᠨ ᠤ ᠭᠡᠨᠡᠳᠳᠡ ᠡᠭᠦᠰᠦᠭᠰᠡᠨ ᠠᠮᠢᠲᠠᠨ ᠤ | ᠬᠢᠵᠢᠭ ᠤᠨ ᠪᠠᠶᠢᠳᠠᠯ ᠢ ᠵᠠᠮ ᠲᠡᠭᠡᠭᠡᠪᠦᠷᠢ ᠶᠢᠨ ᠬᠦᠢᠰᠦ ᠪᠠᠷ ᠳᠠᠮᠵᠢᠭᠤᠯᠤᠨ ᠲᠠᠷᠬᠠᠬᠤ ᠶᠢ ᠴᠢᠩᠭ᠎ᠠ ᠰᠡᠷᠭᠡᠶᠢᠯᠡᠬᠦ ᠶᠢᠨ | ᠬᠠᠮᠲᠤ᠂ ᠪᠠᠴᠢᠮ ᠬᠢᠵᠢᠭ ᠰᠡᠷᠭᠡᠶᠢᠯᠡᠬᠦ ᠡᠳ᠋ ᠪᠠᠷᠠᠭ᠎ᠠ ᠶᠢ ᠰᠢᠯᠵᠢᠭᠦᠯᠦᠨ ᠲᠡᠭᠡᠭᠡᠪᠦᠷᠢᠯᠡᠬᠦ ᠪᠠ ᠬᠤᠯᠪᠣᠭᠳᠠᠯ ᠪᠦᠬᠦᠢ | ᠭᠤᠤᠯᠳᠠᠯᠭ᠎ᠠ ᠲᠠᠢ ᠡᠳ᠋ ᠪᠠᠷᠠᠭ᠎ᠠ ᠶᠢᠨ ᠲᠡᠭᠡᠭᠡᠪᠦᠷᠢ ᠶᠢᠨ ᠪᠠᠲᠤᠯᠠᠭ᠎ᠠ ᠶᠢᠨ ᠠᠵᠢᠯ ᠢ ᠤᠷᠢᠳᠠᠪᠠᠷ ᠲᠣᠬᠢᠷᠠᠭᠤᠯᠬᠤ | ᠬᠡᠷᠡᠭᠲᠡᠶ᠃ ᠵᠠᠰᠠᠮᠠᠯ ᠵᠠᠮ ᠤᠨ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢᠨ ᠪᠤᠭᠤᠮᠳᠠ ᠴᠢᠭ ᠢ ᠰᠢᠨᠵᠢᠯᠡᠬᠦ | ᠤᠬᠠᠭᠠᠨᠴᠢ ᠪᠠᠷ ᠵᠢᠷᠤᠮᠵᠢᠭᠤᠯᠤᠨ ᠪᠠᠶᠢᠷᠢᠯᠠᠭᠤᠯᠵᠤ᠂ ᠬᠢᠵᠢᠭ ᠢ ᠰᠡᠷᠭᠡᠶᠢᠯᠡᠬᠦ ᠪᠠᠴᠢᠮ ᠡᠳ᠋ ᠪᠣᠳᠠᠰ ᠤᠨ | ᠲᠡᠭᠡᠭᠡᠪᠦᠷᠢ ᠶᠢᠨ ᠲᠡᠷᠭᠡ ᠬᠥᠰᠬᠡ ᠶᠢᠨ ᠨᠡᠪᠲᠡᠷᠡᠬᠦ ᠦᠨᠡᠮᠯᠡᠯ ᠤᠨ ᠲᠦᠷᠢᠮ ᠢ ᠪᠠᠶᠢᠭᠤᠯᠤᠨ᠂ ᠲᠡᠷᠭᠡ ᠬᠥᠰᠬᠡ ᠶᠢᠨ | ᠨᠡᠪᠲᠡᠷᠡᠬᠦ ᠶᠢ ᠬᠠᠮᠢᠶᠠᠷᠤᠨ ᠡᠵᠡᠮᠳᠡᠬᠦ ᠶᠢ ᠲᠥᠷᠥᠯ ᠬᠤᠪᠢᠶᠠᠨ ᠣᠨᠣᠪᠴᠢᠲᠠᠶ ᠬᠡᠷᠡᠭᠵᠢᠭᠦᠯᠬᠦ ᠬᠡᠷᠡᠭᠳᠡᠢ᠃ | 6.2.3 ᠡᠮᠴᠢᠯᠡᠭᠡ ᠡᠷᠡᠬᠦᠯ ᠬᠠᠮᠠᠭᠠᠯᠠᠯ ᠤᠨ ᠪᠠᠳᠣᠯᠠᠭ᠎ᠠ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ | ︵ᠬᠥᠮᠦᠨ ᠮᠠᠯ ᠳᠤ ᠪᠦᠷ ᠨᠡᠷᠪᠡᠭᠳᠡᠬᠦ ᠡᠪᠡᠳᠴᠢᠨ︶ ᠳᠤ ᠬᠥᠮᠦᠨ ᠤ ᠬᠤᠭᠤᠷᠤᠨᠳᠣᠬᠢ ᠬᠢᠨᠠᠨ ᠬᠡᠮᠵᠢᠯᠲᠡ | ᠥᠷᠨᠢᠭᠦᠯᠬᠦ ᠶᠢ ᠬᠠᠷᠢᠭᠤᠴᠠᠵᠤ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠶᠠᠪᠤᠴᠠ ᠳᠠᠬᠢ ᠬᠥᠮᠦᠨ ᠤ ᠬᠤᠭᠤᠷᠤᠨᠳᠣᠬᠢ | ᠭᠡᠨᠡᠳᠲᠡ ᠶᠢᠨ ᠡᠪᠡᠳᠴᠢᠨ ᠡᠮᠭᠡᠭ ᠢ ᠠᠪᠤᠷᠠᠨ ᠵᠠᠰᠠᠬᠤ ᠶᠢ ᠬᠠᠷᠢᠭᠤᠴᠠᠬᠤ ᠶᠢᠨ ᠬᠠᠮᠲᠤ ᠬᠤᠯᠪᠣᠭᠳᠠᠯ ᠪᠦᠬᠦᠢ | ᠤᠷᠢᠳᠴᠢᠯᠠᠨ ᠰᠡᠷᠭᠡᠶᠢᠯᠡᠬᠦ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠳᠡᠢ᠃ | 6.2.4 ᠠᠮᠥᠷ ᠢ ᠬᠠᠮᠠᠭᠠᠯᠠᠬᠤ ᠪᠠᠳᠣᠯᠠᠭ᠎ᠠ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠭᠡᠨᠡᠳᠳᠡ | ᠡᠭᠦᠰᠦᠭᠰᠡᠨ ᠬᠦᠨᠳᠦ ᠶᠡᠭᠡ ᠠᠮᠢᠲᠠᠨ ᠤ ᠬᠢᠵᠢᠭ ᠤᠨ ᠬᠢᠵᠢᠭᠲᠦ ᠣᠷᠣᠨ ᠢ ᠪᠢᠲᠡᠭᠦᠮᠵᠢᠯᠡᠬᠦ ᠪᠠ ᠠᠯᠪᠠᠳᠠᠯᠭ᠎ᠠ ᠪᠠᠷ | ᠪᠠᠷᠢᠵᠦ ᠠᠯᠬᠤ ᠠᠵᠢᠯ ᠢ ᠬᠠᠪᠰᠤᠷᠤᠨ ᠰᠠᠶᠢᠲᠤᠷ ᠬᠢᠵᠦ᠂ ᠬᠢᠵᠢᠭᠲᠦ ᠣᠷᠣᠨ ᠤ ᠨᠡᠶᠢᠭᠡᠮ ᠤᠨ ᠠᠮᠤᠷ ᠲᠦᠪᠰᠢᠨ ᠤ | ᠡᠮᠬᠢ ᠳᠢᠭᠯᠢᠮ ᠢ ᠰᠠᠶᠢᠲᠤᠷ ᠬᠠᠮᠠᠭᠠᠯᠠᠬᠤ ᠶᠢᠨ ᠬᠠᠮᠲᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠢ | ᠬᠠᠪᠰᠤᠷᠤᠨ ᠬᠤᠷᠢᠭ᠎ᠠ ᠲᠠᠯᠪᠢᠵᠤ᠂ ᠬᠢᠵᠢᠭ ᠲᠠᠷᠬᠠᠨ ᠣᠷᠣᠵᠤ ᠢᠷᠡᠬᠦ ᠶᠢ ᠬᠤᠷᠢᠭᠯᠠᠨ ᠵᠣᠭᠰᠣᠭᠠᠬᠤ ᠬᠡᠷᠡᠭᠲᠡᠶ᠃ | 6.2.5 ᠡᠳ᠋ ᠪᠠᠷᠠᠭ᠎ᠠ ᠶᠢᠨ ᠪᠠᠳᠣᠯᠠᠭ᠎ᠠ | ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠡᠵᠡᠮᠳᠡᠬᠦ ᠲᠥᠯᠥᠪᠯᠡᠭᠡ ᠲᠠᠢ ᠪᠠᠶᠢᠭᠤᠯᠤᠮᠵᠢ ᠳᠤ ᠬᠢᠵᠢᠭ ᠰᠡᠷᠭᠡᠶᠢᠯᠡᠬᠦ ᠪᠠᠴᠢᠮ ᠡᠳ᠋ ᠪᠠᠷᠠᠭ᠎ᠠ ᠨᠥᠭᠡᠴᠡᠯᠡᠬᠦ | ᠬᠥᠮᠥᠷᠭᠡ ᠪᠠᠶᠢᠭᠤᠯᠵᠤ᠂ ᠨᠥᠭᠡᠴᠡᠯᠡᠬᠦ ᠬᠥᠮᠥᠷᠭᠡ ᠶᠢ ᠵᠠᠮ ᠬᠠᠷᠢᠯᠴᠠᠭ᠎ᠠ ᠳᠥᠭᠦᠮ᠂ ᠬᠠᠳᠠᠭᠠᠯᠠᠵᠤ ᠲᠡᠭᠡᠭᠡᠪᠦᠷᠢᠯᠡᠬᠦ | ᠨᠥᠬᠦᠴᠡᠯ ᠢ ᠪᠦᠷᠢᠳᠦᠭᠦᠯᠦᠭᠰᠡᠨ᠂ ᠠᠶᠤᠯ ᠦᠭᠡᠶ ᠶᠢᠨ ᠳᠠᠭᠠᠳᠬᠠᠯ ᠢ ᠪᠦᠷᠢᠳᠦᠭᠦᠯᠦᠭᠰᠡᠨ ᠭᠠᠵᠠᠷ ᠣᠷᠣᠨ ᠳᠤ | ᠪᠠᠶᠢᠷᠢᠯᠠᠭᠤᠯᠬᠤ ᠬᠡᠷᠡᠭᠲᠡᠶ᠃ ᠨᠥᠭᠡᠴᠡᠯᠡᠭᠰᠡᠨ ᠡᠳ᠋ ᠪᠣᠳᠠᠰ ᠨᠢ ᠠᠮᠢᠲᠠᠨ ᠤ ᠲᠡᠵᠢᠭᠡᠨ ᠦᠷᠡᠵᠢᠭᠦᠯᠬᠦ ᠬᠡᠮᠵᠢᠶ᠎ᠡ ᠪᠠ | ᠬᠢᠵᠢᠭ ᠡᠪᠡᠳᠴᠢᠨ ᠢ ᠡᠵᠡᠮᠳᠡᠬᠦ ᠪᠠᠶᠢᠳᠠᠯ ᠢ ᠦᠨᠳᠦᠰᠦᠯᠡᠨ ᠵᠦᠶ ᠵᠣᠬᠢᠰᠲᠠᠶ ᠲᠥᠯᠥᠪᠯᠡᠭᠡ ᠬᠢᠬᠦ ᠬᠡᠷᠡᠭᠲᠡᠶ᠂ | ᠭᠤᠤᠯᠳᠠᠭᠤ᠄ ᠡᠮ ᠤᠨ ᠵᠦᠢᠯ᠂ ᠸᠠᠺᠼᠢᠨ᠂ ᠣᠨᠣᠰᠢᠯᠠᠬᠤ ᠲᠤᠷᠰᠢᠯᠲᠠ ᠶᠢᠨ ᠡᠳ᠋᠂ ᠮᠠᠯ ᠳᠤ ᠬᠡᠷᠡᠭᠯᠡᠬᠦ ᠠᠮᠢᠳᠤ | ᠪᠣᠳᠠᠰ ᠤᠨ ᠪᠦᠲᠦᠭᠡᠭᠳᠡᠬᠦᠨ᠂ ᠪᠠᠭᠠᠵᠢ ᠬᠡᠷᠡᠭᠰᠡᠯ᠂ ᠠᠷᠢᠭᠤᠳᠬᠠᠬᠤ ᠲᠥᠬᠦᠭᠡᠷᠦᠮᠵᠢ᠂ ᠰᠡᠷᠭᠡᠶᠢᠯᠡᠨ ᠬᠠᠮᠠᠭᠠᠯᠠᠬᠤ | ᠬᠡᠷᠡᠭᠰᠡᠯ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠲᠣᠨᠤᠭ ᠲᠥᠬᠦᠭᠡᠷᠦᠮᠵᠢ ᠪᠠ ᠲᠡᠷᠭᠡ ᠬᠥᠰᠬᠡ᠂ ᠴᠢᠮᠡᠭᠡ | ᠬᠤᠯᠪᠣᠭᠠᠨ ᠤ ᠪᠠᠭᠠᠵᠢ ᠬᠡᠷᠡᠭᠰᠡᠯ ᠵᠡᠷᠭᠡ ᠪᠠᠭᠲᠠᠨ᠎ᠠ᠃ | ᠡᠯ᠎ᠡ ᠱᠠᠲᠤᠨ ᠤ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠨᠦᠭᠦᠳ ᠬᠢᠵᠢᠭ ᠢ ᠰᠡᠷᠭᠡᠶᠢᠯᠡᠬᠦ ᠪᠠᠴᠢᠮ | ᠡᠳ᠋ ᠪᠠᠷᠠᠭ᠎ᠠ ᠨᠥᠭᠡᠴᠡᠯᠡᠬᠦ ᠲᠥᠯᠥᠪᠯᠡᠭᠡ ᠲᠣᠭᠲᠠᠭᠠᠵᠤ᠂ ᠡᠳ᠋ ᠪᠠᠷᠠᠭ᠎ᠠ ᠬᠤᠳᠠᠯᠳᠤᠨ ᠠᠪᠬᠤ᠂ ᠨᠥᠭᠡᠴᠡᠯᠡᠬᠦ᠂ ᠰᠢᠨᠡᠳᠬᠡᠬᠦ᠂ | ᠨᠥᠬᠦᠪᠥᠷᠢᠯᠡᠬᠦ ᠠᠵᠢᠯ ᠢᠶᠠᠨ ᠰᠠᠶᠢᠲᠤᠷ ᠬᠢᠬᠦ ᠬᠡᠷᠡᠭᠲᠡᠶ᠃ | 6.6 ᠵᠠᠷᠣᠳᠡᠯ ᠤᠨ ᠪᠠᠳᠣᠯᠠᠭ᠎ᠠ | ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠡᠳ᠋ ᠤᠨ ᠵᠠᠰᠠᠭ ᠠᠴᠠ ᠱᠠᠲᠤ ᠬᠤᠪᠢᠶᠠᠨ | ᠡᠭᠦᠷᠭᠡᠯᠡᠬᠦ ᠵᠠᠷᠴᠢᠮ ᠤᠨ ᠶᠣᠰᠣᠭᠠᠷ᠂ ᠭᠡᠨᠡᠳᠲᠡ ᠡᠭᠦᠰᠦᠭᠰᠡᠨ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ | ᠰᠡᠷᠭᠡᠶᠢᠯᠡᠨ ᠵᠠᠰᠠᠬᠤ ᠠᠵᠢᠯ ᠳᠤ ᠵᠦᠢ ᠵᠣᠬᠢᠰᠲᠠᠶ᠂ ᠭᠦᠢᠴᠡᠳ ᠪᠡᠯᠡ ᠮᠥᠩᠭᠦ ᠶᠢᠨ ᠪᠠᠲᠤᠯᠠᠭ᠎ᠠ ᠬᠠᠩᠭᠠᠵᠤ᠂ ᠬᠢᠵᠢᠭ | ᠰᠡᠷᠭᠡᠶᠢᠯᠡᠬᠦ ᠵᠠᠷᠤᠳᠠᠯ ᠢ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠪᠣᠳᠠᠲᠠᠶᠢᠵᠢᠭᠤᠯᠬᠤ ᠶᠢ ᠪᠠᠲᠤᠯᠠᠬᠤ ᠶᠢᠨ ᠬᠠᠮᠲᠤ | ᠬᠢᠵᠢᠭ ᠰᠡᠷᠭᠡᠶᠢᠯᠡᠬᠦ ᠵᠠᠷᠤᠳᠠᠯ ᠤᠨ ᠬᠡᠷᠡᠭᠯᠡᠯᠲᠡ ᠶᠢᠨ ᠬᠠᠮᠢᠶᠠᠷᠤᠯᠲᠠ ᠪᠣᠯᠤᠨ ᠬᠢᠨᠠᠯᠲᠠ ᠲᠠᠯᠪᠢᠯᠲᠠ ᠪᠠᠨ | ᠴᠢᠩᠭᠠᠳᠬᠠᠬᠤ ᠬᠡᠷᠡᠭᠲᠡᠶ᠃ | 6.3 ᠮᠡᠷᠭᠡᠵᠢᠯ ᠤᠨ ᠨᠥᠭᠡᠴᠡ ᠬᠢᠭᠡᠳ ᠪᠠᠲᠤᠯᠠᠭ᠎ᠠ | ᠡᠯ᠎ᠡ ᠱᠠᠲᠤᠨ ᠤ ᠭᠡᠨᠡᠳᠲᠡ ᠡᠭᠦᠰᠦᠭᠰᠡᠨ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠤᠨ ᠲᠤᠰᠬᠠᠶ | ᠮᠡᠷᠭᠡᠵᠢᠯᠲᠡᠨ ᠤ ᠺᠣᠮᠢᠰ ᠨᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠱᠠᠲᠤᠨ ᠤ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠵᠡᠷᠭᠡ ᠬᠤᠯᠪᠤᠭᠳᠠᠯ ᠪᠦᠬᠦᠢ ᠬᠦᠷᠢᠶᠡᠨ ᠤ ᠲᠤᠰᠬᠠᠶ | ᠮᠡᠷᠭᠡᠵᠢᠯᠲᠡᠨ ᠢᠶᠠᠷ ᠪᠦᠷᠢᠯᠳᠦᠭᠦᠯᠵᠦ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠨᠤᠲᠠᠯᠠᠨ | ᠲᠣᠭᠲᠠᠭᠠᠵᠤ᠂ ᠲᠤᠰ ᠱᠠᠲᠤᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢᠨ ᠯᠠᠪᠯᠠᠯᠭ᠎ᠠ ᠶᠢ | ᠬᠠᠷᠢᠭᠤᠴᠠᠵᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠲᠥᠰᠦᠯ ᠢ ᠲᠦᠰᠦᠪᠯᠡᠬᠦ᠂ ᠲᠣᠭᠲᠠᠭᠠᠬᠤ | ᠪᠠ ᠬᠡᠷᠡᠭᠵᠢᠭᠦᠯᠬᠦ ᠳᠤ ᠣᠷᠣᠯᠴᠠᠬᠤ ᠬᠡᠷᠡᠭᠲᠡᠶ᠃ | 7 ᠪᠡᠯᠡᠳᠭᠡᠯ ᠳᠥᠰᠥᠯ ᠤᠨ ᠬᠠᠮᠢᠶᠡᠷᠦᠯᠳᠡ | 7.1 ᠣᠷᠣᠨ ᠲᠤᠭ᠎ᠠ | ᠲᠣᠰ ᠪᠡᠯᠡᠳᠬᠡᠯ ᠲᠥᠰᠦᠯ ᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠦᠷᠦᠭᠦᠯᠡᠨ | ᠨᠠᠶᠢᠷᠠᠭᠤᠯᠤᠨ ᠵᠣᠬᠢᠶᠠᠨ᠎ᠠ᠃ | ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠣᠰ ᠪᠡᠯᠡᠳᠬᠡᠯ ᠲᠥᠰᠦᠯ ᠤᠨ ᠲᠣᠭᠲᠠᠭᠠᠯ ᠢ | ᠦᠨᠳᠦᠰᠦᠯᠡᠨ᠂ ᠲᠣᠰ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠪᠣᠳᠠᠲᠠᠶ | ᠠᠵᠢᠯ ᠤᠨ ᠲᠥᠰᠦᠯ ᠢᠶᠠᠨ ᠲᠣᠭᠲᠠᠭᠠᠨ᠎ᠠ᠃ | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠲᠤᠰ ᠪᠡᠯᠡᠳᠬᠡᠯ ᠲᠥᠰᠦᠯ ᠢ ᠯᠠᠪᠯᠠᠯᠲᠠ ᠪᠣᠯᠭᠠᠬᠤ ᠶᠢᠨ ᠬᠠᠮᠲᠤ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠭᠠᠵᠠᠷ ᠣᠷᠣᠨ ᠤ ᠠᠮᠢᠲᠠᠨ ᠤ ᠬᠦᠨᠳᠦ ᠶᠡᠭᠡ ᠬᠢᠵᠢᠭ ᠤᠨ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢᠶᠠᠨ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ | 7.2 ᠦᠨᠡᠯᠡᠨ ᠵᠢᠱᠢᠬᠦ ᠪᠠ ᠵᠠᠰᠠᠪᠤᠷᠢ ᠣᠷᠣᠭᠤᠯᠬᠤ | ᠭᠡᠨᠡᠳᠲᠡ ᠡᠬᠦᠰᠦᠭᠰᠡᠨ ᠠᠮᠢᠲᠠᠨ ᠤ ᠬᠢᠵᠢᠭ ᠤᠨ ᠪᠠᠶᠢᠳᠠᠯ ᠤᠨ ᠬᠤᠪᠢᠷᠠᠯᠲᠠ ᠪᠠ ᠬᠡᠷᠡᠭᠵᠢᠭᠦᠯᠬᠦ ᠳᠤᠮᠳᠠ | ᠣᠯᠵᠤ ᠮᠡᠳᠡᠭᠰᠡᠨ ᠠᠰᠠᠭᠤᠳᠠᠯ ᠢ ᠦᠨᠳᠦᠰᠦᠯᠡᠨ᠂ ᠪᠡᠯᠡᠳᠬᠡᠯ ᠲᠥᠰᠦᠯ ᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ | ᠵᠢᠱᠢᠵᠦ᠂ ᠳᠣᠤᠷᠠᠬᠢ ᠵᠠᠰᠠᠪᠤᠷᠢ ᠣᠷᠣᠭᠤᠯᠬᠤ ᠨᠦᠬᠦᠴᠡᠯ ᠳᠤ ᠨᠡᠶᠢᠴᠡᠭᠰᠡᠨ ᠪᠠᠶᠢᠪᠠᠯ᠂ ᠴᠠᠭ ᠲᠤᠬᠠᠶ ᠳᠤᠨᠢ ᠵᠠᠰᠠᠪᠤᠷᠢ | ᠣᠷᠣᠭᠤᠯᠬᠤ ᠬᠡᠷᠡᠭᠲᠡᠶ᠄ | ︵1︶ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠳᠦᠷᠢᠮ | ᠲᠣᠭᠲᠠᠭᠠᠯ᠂ ᠪᠠᠷᠢᠮᠵᠢᠶ᠎ᠠ᠂ ᠳᠡᠭᠡᠳᠦ ᠱᠠᠳᠣᠨ ᠤ ᠤᠷᠢᠳᠴᠢᠯᠠᠭᠰᠠᠨ ᠲᠥᠰᠦᠯ ᠤᠨ ᠳᠣᠲᠣᠷᠠᠬᠢ ᠬᠤᠯᠪᠣᠭᠳᠠᠯ ᠪᠦᠬᠦᠢ | ᠲᠣᠭᠲᠠᠭᠠᠯ ᠳᠤ ᠬᠤᠪᠢᠷᠠᠯᠲᠠ ᠭᠠᠷᠤᠭᠰᠠᠨ᠃ | ︵2︶ ᠬᠤᠲᠠ ᠶᠢᠨ ᠭᠡᠨᠡᠳᠳᠡ ᠡᠭᠦᠰᠦᠭᠰᠡᠨ ᠠᠮᠢᠳᠡᠨ ᠤ ᠬᠦᠨᠲᠤ ᠶᠡᠭᠡ ᠬᠢᠵᠢᠭ ᠤᠨ ᠪᠠᠴᠢᠮ ᠪᠠᠶᠢᠳᠠᠯ ᠢ | ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠵᠢᠴᠢ ᠡᠭᠦᠷᠭᠡ ᠬᠠᠷᠢᠭᠤᠴᠠᠯᠭ᠎ᠠ ᠳᠤ ᠬᠦᠨᠳᠦ ᠶᠡᠭᠡ ᠲᠣᠬᠢᠷᠠᠭᠤᠯᠤᠯᠲᠠ | ᠬᠢᠭᠰᠡᠨ᠃ | ︵3︶ ᠠᠮᠢᠲᠠᠨ ᠤ ᠬᠦᠨᠳᠦ ᠶᠡᠭᠡ ᠬᠢᠵᠢᠭ ᠭᠠᠷᠤᠭᠰᠠᠨ᠂ ᠬᠦᠭᠵᠢᠯᠳᠡ ᠶᠢᠨ ᠵᠢᠮ᠎ᠡ ᠶᠣᠰᠣ ᠳᠤ ᠴᠢᠬᠤᠯᠠ ᠶᠡᠭᠡ | ᠬᠤᠪᠢᠷᠠᠯᠲᠠ ᠭᠠᠷᠤᠭᠰᠠᠨ᠃ | ︵4︶ ᠪᠠᠴᠢᠮ ᠪᠠᠶᠢᠳᠠᠯ ᠢ ᠠᠷᠭᠠᠴᠠᠭᠠᠬᠤ ᠴᠢᠬᠤᠯᠠ ᠡᠬᠢ ᠪᠠᠶᠠᠯᠢᠭ ᠲᠤ ᠴᠢᠬᠤᠯᠠ ᠶᠡᠭᠡ ᠬᠤᠪᠢᠷᠠᠯᠲᠠ ᠲᠠᠢ | ᠪᠣᠯᠣᠭᠰᠠᠨ᠃ | ︵5︶ ᠤᠷᠢᠳᠴᠢᠯᠠᠭᠰᠠᠨ ᠲᠥᠰᠦᠯ ᠳᠠᠬᠢ ᠪᠤᠰᠤᠳ ᠴᠢᠬᠤᠯᠠ ᠮᠡᠳᠡᠭᠡ ᠵᠠᠩᠭᠢ ᠳᠤ ᠬᠤᠪᠢᠷᠠᠯᠲᠠ ᠭᠠᠷᠤᠭᠰᠠᠨ᠃ | ︵6︶ ᠭᠡᠨᠡᠳᠳᠡ ᠡᠭᠦᠰᠦᠭᠰᠡᠨ ᠠᠮᠢᠳᠡᠨ ᠤ ᠬᠦᠨᠲᠤ ᠶᠡᠭᠡ ᠬᠢᠵᠢᠭ ᠤᠨ ᠪᠠᠶᠢᠳᠠᠯ ᠢ ᠪᠣᠳᠠᠲᠠᠶ ᠠᠷᠭᠠᠴᠠᠭᠠᠬᠤ | ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠬᠤᠯᠠ ᠶᠡᠭᠡ | ᠲᠣᠬᠢᠷᠠᠭᠤᠯᠤᠯᠲᠠ ᠬᠢᠬᠦ ᠴᠢᠬᠤᠯᠠ ᠲᠠᠢ ᠪᠤᠯᠤᠭᠰᠠᠨ᠃ | ︵7︶ ᠲᠥᠰᠥᠯ ᠲᠣᠭᠲᠠᠭᠠᠬᠤ ᠨᠢᠭᠡᠴᠡ ᠠᠴᠠ ᠵᠠᠰᠠᠪᠤᠷᠢ ᠤᠷᠤᠭᠤᠯᠬᠤ ᠶᠣᠰᠣᠲᠠᠢ ᠬᠡᠵᠦ ᠦᠵᠡᠭᠰᠡᠨ ᠪᠤᠰᠤᠳ | ᠪᠠᠶᠢᠳᠠᠯ᠃ | 7.3 ᠪᠤᠯᠪᠠᠰᠣᠷᠠᠯ ᠪᠠ ᠰᠣᠷᠢᠯᠲᠠ | ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠭᠡᠨᠡᠳᠲᠡ ᠡᠭᠦᠰᠦᠭᠰᠡᠨ ᠠᠮᠢᠲᠠᠨ ᠤ | ᠬᠦᠨᠳᠦ ᠶᠡᠭᠡ ᠬᠢᠵᠢᠭ ᠤᠨ ᠪᠠᠶᠢᠳᠠᠯ ᠢ ᠰᠢᠢᠳᠪᠦᠷᠢᠯᠡᠬᠦ ᠪᠡᠯᠡᠳᠬᠡᠯ ᠡᠩᠨᠡᠭᠡ ᠶᠢᠨ ᠪᠦᠷᠢᠯᠳᠦᠬᠦᠨ ᠳᠤ ᠰᠢᠰᠲ᠋ᠧᠮ ᠲᠠᠢ | ᠪᠣᠯᠪᠠᠰᠤᠷᠠᠭᠤᠯᠤᠯ ᠬᠢᠬᠦ ᠬᠡᠷᠡᠭᠳᠡᠢ᠂ ᠠᠭᠤᠯᠭ᠎ᠠ ᠳᠤᠨᠢ᠄ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠬᠦ᠂ ᠡᠵᠡᠮᠳᠡᠬᠦ ᠪᠠ | ᠤᠰᠠᠳᠬᠠᠬᠤ ᠮᠡᠳᠡᠯᠭᠡ᠂ ᠡᠭᠦᠨ ᠳᠤ ᠪᠠᠭᠲᠠᠬᠤ ᠨᠢ ᠦᠯᠦ ᠬᠠᠯᠳᠠᠭᠠᠬᠤ᠂ ᠲᠠᠬᠤᠯ ᠡᠪᠡᠳᠴᠢᠨ ᠤ ᠰᠣᠳᠣᠯᠣᠯ ᠤᠨ | ᠪᠠᠶᠢᠴᠠᠭᠠᠯᠲᠠ ᠬᠢᠬᠦ᠂ ᠣᠨᠣᠰᠢᠯᠠᠬᠤ᠂ ᠡᠪᠡᠳᠴᠢᠨ ᠤ ᠮᠠᠲ᠋ᠧᠷᠢᠶᠠᠯ ᠴᠤᠭᠯᠠᠭᠤᠯᠬᠤ ᠪᠠ ᠬᠦᠷᠭᠡᠵᠦ ᠪᠠᠶᠢᠴᠠᠭᠠᠯᠭᠠᠬᠤ᠂ | ᠠᠷᠢᠭᠤᠳᠬᠠᠬᠤ᠂ ᠲᠤᠰᠠᠭᠠᠷᠯᠠᠬᠤ᠂ ᠪᠢᠲᠡᠭᠦᠮᠵᠢᠯᠡᠬᠦ᠂ ᠬᠢᠵᠢᠭ ᠪᠠᠶᠢᠴᠠᠭᠠᠬᠤ᠂ ᠠᠯᠠᠵᠤ ᠨᠢᠲᠤᠯᠬᠤ ᠵᠢᠴᠢ ᠬᠤᠤᠷ | ᠦᠭᠡᠶᠢᠵᠢᠭᠦᠯᠦᠨ ᠰᠢᠢᠳᠪᠦᠷᠢᠯᠡᠬᠦ ᠵᠡᠷᠭᠡ ᠠᠷᠭ᠎ᠠ ᠬᠡᠮᠵᠢᠶ᠎ᠡ᠃ ᠠᠮᠢᠲᠠᠨ ᠤ ᠬᠢᠵᠢᠭ ᠰᠡᠷᠭᠡᠶᠢᠯᠡᠬᠦ ᠬᠠᠤᠯᠢ ᠴᠠᠭᠠᠵᠠ᠂ | ᠬᠠᠤᠯᠢ ᠲᠣᠭᠲᠠᠭᠠᠯ᠃ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠮᠡᠳᠡᠯᠭᠡ᠃ ᠠᠮᠤᠷ ᠲᠦᠪᠰᠢᠨ ᠬᠢᠭᠡᠳ ᠣᠷᠴᠢᠨ | ᠲᠣᠭᠤᠷᠢᠨ ᠤ ᠬᠠᠮᠠᠭᠠᠯᠠᠯᠲᠠ᠃ ᠠᠵᠢᠯ ᠤᠨ ᠵᠣᠬᠢᠴᠠᠭᠤᠯᠭ᠎ᠠ᠂ ᠬᠠᠮᠵᠢᠯᠴᠠᠬᠤ ᠱᠠᠭᠠᠷᠳᠠᠯᠭ᠎ᠠ ᠵᠡᠷᠭᠡ ᠪᠠᠭᠲᠠᠨ᠎ᠠ᠃ | ᠭᠡᠨᠡᠳᠳᠡ ᠡᠭᠦᠰᠦᠭᠰᠡᠨ ᠬᠦᠨᠳᠦ ᠶᠡᠭᠡ ᠠᠮᠢᠲᠠᠨ ᠤ ᠬᠢᠵᠢᠭ ᠤᠨ ᠪᠠᠶᠢᠳᠠᠯ ᠭᠠᠷᠤᠭᠰᠠᠨ ᠦᠭᠡᠶ ᠪᠠᠶᠢᠳᠠᠯ | ᠳᠣᠤᠷ᠎ᠠ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠭᠤᠷᠪᠠᠨ ᠵᠢᠯ ᠪᠦᠷᠢ | ᠲᠥᠯᠥᠪᠯᠡᠭᠡ ᠲᠠᠢ ᠪᠠᠷ ᠬᠡᠰᠡᠭ ᠭᠠᠵᠠᠷ ᠣᠷᠣᠨ ᠢ ᠰᠣᠩᠭᠤᠵᠤ ᠰᠣᠷᠢᠯᠲᠠ ᠬᠢᠵᠦ᠂ ᠭᠡᠨᠡᠳᠳᠡ ᠡᠭᠦᠰᠦᠭᠰᠡᠨ ᠬᠦᠨᠳᠦ | ᠶᠡᠭᠡ ᠠᠮᠢᠲᠠᠨ ᠤ ᠬᠢᠵᠢᠭ ᠤᠨ ᠪᠠᠶᠢᠳᠠᠯ ᠢ ᠰᠢᠢᠳᠪᠦᠷᠢᠯᠡᠬᠦ ᠪᠡᠯᠡᠳᠬᠡᠯ ᠡᠩᠨᠡᠭᠡ ᠨᠢ ᠬᠢᠵᠢᠭ ᠤᠨ ᠪᠠᠴᠢᠮ ᠪᠠᠶᠢᠳᠠᠯ ᠢ | ᠠᠷᠭᠠᠴᠠᠭᠠᠬᠤ ᠴᠢᠳᠠᠪᠤᠷᠢ ᠪᠠᠨ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ᠃ | 7.4 ᠤᠬᠠᠭᠤᠯᠭ᠎ᠠ ᠬᠢᠭᠡᠳ ᠰᠤᠷᠭᠠᠨ ᠬᠥᠮᠦᠵᠢᠯ | ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ᠂ ᠡᠯ᠎ᠡ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠷᠠᠳᠢᠣ᠋ ᠨᠡᠪᠲᠡᠷᠡᠭᠦᠯᠭᠡ᠂ ᠲᠧᠯᠸᠢᠰ᠂ | ᠰᠣᠨᠢᠨ ᠰᠡᠳᠬᠦᠯ᠂ ᠰᠦᠯᠵᠢᠶ᠎ᠡ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ᠂ ᠣᠯᠠᠨ ᠵᠦᠢᠯ ᠤᠨ ᠬᠡᠯᠪᠡᠷᠢ ᠶᠢ | ᠠᠪᠴᠤ᠂ ᠨᠡᠶᠢᠭᠡᠮ ᠨᠡᠶᠢᠲᠡ ᠳᠤ ᠠᠮᠢᠲᠠᠨ ᠤ ᠬᠦᠨᠳᠦ ᠶᠡᠭᠡ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠬᠤ | ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠠᠮᠢᠲᠠᠨ ᠤ ᠬᠢᠵᠢᠭ ᠢ ᠰᠡᠷᠭᠡᠶᠢᠯᠡᠬᠦ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠤᠬᠠᠭᠤᠯᠵᠤ᠂ ᠣᠯᠠᠨ ᠨᠡᠶᠢᠲᠡ ᠶᠢ ᠵᠢᠯᠣᠭᠤᠳᠤᠨ ᠰᠢᠨᠵᠢᠯᠡᠬᠦ | ᠤᠬᠠᠭᠠᠨᠴᠢ ᠦᠢᠯᠡ ᠠᠵᠢᠯᠯᠠᠭ᠎ᠠ ᠪᠠ ᠠᠷᠭ᠎ᠠ ᠮᠠᠶ᠋ᠢᠭ ᠢᠶᠠᠷ ᠭᠡᠨᠡᠳᠲᠡ ᠡᠭᠦᠰᠦᠭᠰᠡᠨ ᠠᠮᠢᠲᠠᠨ ᠤ ᠬᠦᠨᠳᠦ ᠶᠡᠭᠡ | ᠬᠢᠵᠢᠭ ᠤᠨ ᠪᠠᠶᠢᠳᠠᠯ ᠢ ᠠᠷᠭᠠᠴᠠᠭᠠᠬᠤ ᠭᠡᠷᠡᠭᠳᠡᠢ᠃ ᠠᠮᠢᠲᠠᠨ ᠤ ᠬᠢᠵᠢᠭ ᠰᠡᠷᠭᠡᠶᠢᠯᠡᠬᠦ ᠪᠠᠴᠢᠮ ᠪᠠᠶᠢᠳᠠᠯ ᠢ | ᠠᠷᠭᠠᠴᠠᠭᠠᠬᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠲᠠᠯ᠎ᠠ ᠶᠢᠨ ᠬᠤᠯᠪᠣᠭᠳᠠᠯ ᠪᠦᠬᠦᠢ ᠨᠡᠶᠢᠭᠡᠮ ᠤᠨ | ᠪᠦᠯᠬᠦᠮ ᠤᠨ ᠦᠢᠯᠡᠳᠦᠯ ᠢ ᠨᠢ ᠭᠦᠢᠴᠡᠳ ᠪᠠᠳᠠᠷᠠᠭᠤᠯᠬᠤ ᠬᠡᠷᠡᠭᠲᠡᠶ᠃ | 7.5 ᠬᠠᠮᠢᠶᠠᠷᠤᠯᠲᠠ ᠪᠠ ᠳᠠᠩᠰᠠᠯᠠᠯᠲᠠ | ᠲᠣᠰ ᠪᠡᠯᠡᠳᠬᠡᠯ ᠲᠥᠰᠦᠯ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠢᠨᠠᠨ ᠲᠣᠭᠲᠠᠭᠠᠵᠤ | ᠳᠠᠷᠤᠮᠠᠯᠯᠠᠨ ᠲᠠᠷᠬᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠤ᠂ ᠲᠠᠭᠠᠣ ᠳᠤᠨᠢ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠮᠡᠳᠡᠭᠦᠯᠦᠨ | ᠬᠦᠷᠭᠡᠵᠦ ᠳᠠᠩᠰᠠᠯᠠᠭᠤᠯᠤᠨ᠎ᠠ᠃ | 7.6 ᠲᠠᠶᠢᠯᠪᠤᠷᠢᠯᠠᠬᠤ ᠰᠠᠯᠠᠭ᠎ᠠ ᠮᠥᠴᠢᠷ | ᠲᠣᠰ ᠪᠡᠯᠡᠳᠬᠡᠯ ᠲᠥᠰᠦᠯ ᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ | ᠬᠠᠷᠢᠭᠤᠴᠠᠨ ᠲᠠᠶᠢᠯᠪᠤᠷᠢᠯᠠᠨ᠎ᠠ᠃ | 7.7 ᠬᠡᠷᠡᠭᠵᠢᠭᠦᠯᠬᠦ ᠴᠠᠭ ᠬᠤᠭᠤᠴᠠᠭ᠎ᠠ | ᠲᠣᠰ ᠪᠡᠯᠡᠳᠬᠡᠯ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ︽ᠦᠬᠠᠶ ᠬᠤᠲᠠ ᠶᠢᠨ ᠭᠡᠨᠡᠳᠳᠡ ᠡᠭᠦᠰᠦᠭᠰᠡᠨ ᠠᠮᠢᠳᠡᠨ ᠤ ᠬᠦᠨᠲᠤ ᠶᠡᠭᠡ ᠬᠢᠵᠢᠭ ᠤᠨ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠦᠬᠠᠶ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠦᠬᠠᠶ ᠵᠠᠰᠠᠭ ᠲᠠᠷᠬᠠᠭᠠᠭᠰᠠᠨ ︹2008︺20 | ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃ |