ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ᠂ ᠬᠤᠲᠠ ᠶᠢᠨ ᠭᠠᠳᠠᠭᠰᠢ ᠨᠡᠭᠡᠭᠡᠯᠲᠡ ᠬᠢᠬᠦ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/9
     5 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ᠂ ᠬᠤᠲᠠ ᠶᠢᠨ ᠭᠠᠳᠠᠭᠰᠢ ᠨᠡᠭᠡᠭᠡᠯᠲᠡ ᠬᠢᠬᠦ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠬᠤᠷᠢᠶᠠᠨ ᠤ ᠠᠩᠬᠠᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠶ ᠱᠦᠵᠢ ᠰᠢ ᠶᠢᠨ ᠫᠢᠩ ᠤᠨ ︽5.1︾ ᠤ ᠳᠡᠯᠡᠬᠡᠶ ᠶᠢᠨ ᠬᠥᠳᠡᠯᠮᠦᠷᠢᠴᠢᠳ ᠤᠨ ᠪᠠᠶᠠᠷ ᠤᠨ ᠡᠳᠦᠷ ᠪᠥᠬᠦ ᠤᠯᠤᠰ ᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠳᠤ ᠪᠠᠶᠠᠷ ᠤᠨ ᠡᠳᠦᠷ ᠤᠨ ᠪᠠᠶᠠᠷ ᠬᠦᠷᠭᠡᠵᠦ ᠲᠣᠬᠤᠨᠢᠭᠤᠯᠤᠭᠰᠠᠨ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠤᠨ ᠰᠤᠷᠤᠭᠴᠢᠳ ᠲᠤ ᠦᠭᠭᠦᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠤᠭᠳᠠᠯ ᠪᠥᠬᠦᠶ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠪᠢᠳᠡᠨ ᠤ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠪᠢᠳᠡ ᠭᠦᠨᠵᠡᠭᠡᠢ ᠰᠤᠷᠤᠯᠴᠠᠨ ᠣᠶᠢᠯᠠᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠠᠵᠤ ᠠᠬᠤᠢ ᠶᠢᠨ ᠳᠣᠲᠣᠭᠠᠳᠤ ᠶᠢᠨ ᠬᠥᠳᠡᠯᠭᠡᠬᠦ ᠬᠦᠴᠦᠨ ᠢᠶᠠᠨ ᠦᠷᠭᠦᠯᠵᠢᠯᠡᠨ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠡᠷᠡᠭᠯᠡᠭᠡᠨ ᠤ ᠳᠠᠯᠳᠠ ᠬᠦᠴᠦᠨ ᠢ ᠪᠦᠬᠦ ᠲᠠᠯ᠎ᠠ ᠪᠠᠷ ᠪᠠᠳᠠᠷᠠᠭᠤᠯᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠬᠡᠯᠬᠢᠶ᠎ᠡ ᠰᠦᠷᠦᠭᠵᠢᠯ ᠤᠨ ᠰᠡᠳᠬᠢᠬᠦᠶ ᠪᠠᠷ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠬᠤ ᠬᠡᠷᠡᠭᠲᠡᠶ᠃ ᠰᠤᠷᠭᠠᠨ ᠬᠥᠮᠦᠵᠢᠯ ᠡᠮᠴᠢᠯᠡᠭᠡ ᠡᠷᠡᠭᠦᠯ ᠬᠠᠮᠠᠭᠠᠯᠠᠯ ᠤᠨ ︽1+N︾ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢᠨ ᠪᠥᠲᠥᠭᠡᠨ ᠪᠠᠶᠢᠭᠤᠯᠤᠯᠲᠠ ᠶᠢ ᠪᠣᠳᠠᠲᠠᠶ ᠠᠳᠬᠤᠬᠤ ᠬᠡᠷᠡᠭᠲᠡᠶ᠃ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠬᠥᠳᠡᠯᠮᠦᠷᠢ  ᠶᠢᠨ ᠡᠭᠦᠳᠦᠨ ᠪᠦᠲᠦᠭᠡᠯᠳᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠶ ᠶᠢᠨ ᠰᠢᠨ᠎ᠡ ᠦᠢᠯᠡᠳᠦᠯᠭᠡ ᠶᠢ ᠠᠬᠢᠭᠤᠯᠬᠤ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠤᠳᠤ ᠶᠢᠨ ᠪᠠᠶᠢᠭ᠎ᠠ ᠠᠵᠤ ᠦᠢᠯᠡᠰ ᠤᠨ ᠰᠠᠭᠤᠷᠢ ᠪᠣᠯᠤᠨ ᠳᠠᠪᠠᠭᠤᠯᠢᠭ ᠲᠠᠭᠠᠨ ᠰᠠᠭᠤᠷᠢᠯᠠᠵᠤ᠂ ᠬᠡᠯᠬᠢᠶ᠎ᠡ ᠪᠠᠨ ᠤᠷᠲᠤᠳᠬᠠᠨ ᠬᠡᠯᠬᠢᠶ᠎ᠡ ᠪᠠᠨ ᠨᠥᠬᠦᠪᠥᠷᠢᠯᠡᠵᠦ ᠬᠡᠯᠬᠢᠶ᠎ᠡ ᠪᠠᠨ ᠴᠢᠩᠭᠠᠳᠬᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠤᠨᠢᠨ ᠳᠡᠭᠡᠷ᠎ᠡ ᠨᠢ ᠬᠦᠴᠦᠯᠡᠵᠦ᠂ ᠨᠢᠭᠡ ᠪᠦᠯᠦᠭ ᠲᠠᠭᠠᠭᠤᠯᠤᠭᠴᠢ ᠠᠵᠤ ᠠᠬᠤᠶᠢᠯᠠᠯ᠂ ᠳᠠᠪᠠᠭᠤᠯᠢᠭ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠣᠷᠣᠨ ᠪᠦᠰᠡ ᠶᠢᠨ ᠤᠨᠴᠠᠯᠢᠬᠳᠤ ᠠᠵᠤ ᠦᠢᠯᠡᠰ ᠤᠨ ᠪᠦᠯᠦᠭᠵᠢᠯ ᠢ ᠲᠦᠷᠭᠡᠨ ᠪᠠᠶᠢᠭᠤᠯᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠡᠯᠧᠮᠧᠨ᠋ᠲ ᠤᠨ ᠪᠠᠲᠤᠯᠠᠭ᠎ᠠ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠵᠡᠷᠭᠡ ᠲᠠᠯ᠎ᠠ ᠪᠠᠷ ᠦᠨᠡᠨ ᠬᠦ ᠬᠦᠴᠤᠯᠠᠵᠤ᠂ ᠪᠣᠳᠠᠲᠠᠢ ᠬᠦᠴᠦ ᠣᠷᠣᠭᠤᠯᠵᠤ᠂ ᠠᠵᠤ ᠠᠬᠤᠶᠢᠯᠠᠯ ᠤᠨ ᠬᠦᠴᠢᠷᠳᠡᠯ ᠲᠠᠢ ᠠᠰᠠᠭᠤᠳᠠᠯ ᠢ ᠨᠢ ᠪᠡᠶ᠎ᠡ ᠪᠠᠷ ᠢᠶᠠᠨ ᠰᠢᠢᠳᠪᠦᠷᠢᠯᠡᠵᠦ᠂ ᠰᠠᠶᠢᠨ ᠰᠠᠶᠢᠬᠠᠨ ᠬᠥᠭᠵᠢᠯᠲᠡ ᠶᠢᠨ ᠠᠭᠤᠷ ᠠᠮᠢᠰᠬᠤᠯ ᠪᠣᠯᠤᠨ ᠬᠥᠭᠵᠢᠯᠲᠡ ᠶᠢᠨ ᠪᠠᠶᠢᠳᠠᠯ ᠢ ᠦᠨᠡᠨ ᠬᠦ ᠪᠤᠢ ᠪᠣᠯᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠠᠬᠢᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ᠃ ᠴᠡᠷᠢᠭ ᠠᠩᠭᠢ ᠪᠠ ᠣᠷᠣᠨ ᠨᠤᠲᠤᠭ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠠᠮᠵᠢᠯᠴᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠪᠣᠯ ᠬᠦᠷᠭᠡᠵᠦ ᠢᠷᠡᠭᠰᠡᠨ ᠤᠯᠠᠨ ᠲᠦᠮᠡᠨ ᠤ ᠠᠵᠢᠯ ᠮᠥᠨ᠂ ᠲᠠᠨᠢᠯᠲᠠ ᠪᠠᠨ ᠳᠡᠭᠡᠭᠰᠢᠯᠡᠭᠦᠯᠵᠦ᠂ ᠣᠪᠣᠷ ᠢᠶᠠᠨ ᠲᠥᠪ ᠪᠣᠯᠭᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠴᠢᠩᠭ᠎ᠠ ᠠᠩᠬᠠᠷᠴᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠦᠬᠦᠢ ᠵᠠᠷᠯᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号