ᠬᠡᠪᠡᠯᠢ ᠳᠠᠬᠢ ᠬᠡᠤᠭᠡᠳ ᠤᠨ ᠰᠤᠷᠭᠠᠨ ᠬᠦᠮᠦᠵᠢᠯ ᠤᠨ ᠲᠤᠬᠠᠢ ᠤᠶᠢᠯᠠᠭᠠᠯᠳᠠ
ᠨᠡᠶᠢᠲᠡᠯᠡᠭᠰᠡᠨ ᠴᠠᠭ᠄
2023/6/12
   ᠬᠡᠪᠡᠯᠢ ᠳᠠᠬᠢ ᠬᠡᠤᠭᠡᠳ ᠤᠨ ᠰᠤᠷᠭᠠᠨ ᠬᠦᠮᠦᠵᠢᠯ ᠬᠡᠳᠡᠭ ᠨᠢ ᠬᠡᠪᠡᠯᠢ ᠳᠠᠬᠢ ᠠᠭᠠᠵᠢᠮ ᠢᠶᠠᠷ ᠦᠰᠤᠨ ᠪᠤᠶᠢᠵᠢᠵᠤ ᠪᠠᠶᠢᠭ᠎ᠠ ᠬᠡᠤᠭᠡᠳ ᠲᠤ ᠪᠢᠴᠢᠭ ᠤᠨ ᠮᠡᠳᠡᠯᠭᠡ ᠶᠢ ᠵᠢᠭᠠᠬᠤ ᠪᠢᠰᠢ ᠬᠠᠷᠢᠨ ᠨᠠᠮ ᠵᠢᠮ ᠬᠡᠷ ᠪᠦᠯᠢ ᠶᠢᠨ ᠤᠷᠴᠢᠨ ᠲᠤᠭᠤᠷᠢᠨ ᠵᠢᠴᠢ ᠡᠭᠡ ᠶᠢᠨ ᠬᠢᠨᠢ ᠠᠵᠢᠯ ᠠᠮᠢᠳᠤᠷᠡᠯ ᠤᠨ ᠵᠠᠩ ᠳᠠᠳᠬᠠᠯ᠂ ᠰᠡᠳᠬᠢᠴᠠ ᠶᠢᠨ ᠡᠷᠡᠬᠦᠯ ᠬᠠᠮᠠᠭᠠᠯᠠᠯ ᠢᠶᠠᠷ ᠬᠡᠪᠡᠯᠢ ᠳᠠᠬᠢ ᠬᠡᠤᠭᠡᠳ ᠤᠨ ᠦᠰᠤᠨ ᠪᠤᠶᠢᠵᠢᠯᠳᠠ ᠶᠢ ᠨᠦᠯᠦᠭᠡᠯᠡᠬᠦ ᠶᠢ ᠵᠢᠭᠠᠵᠤ ᠪᠠᠶᠢᠨ᠎ᠠ᠃ ᠪᠤᠳᠠᠳᠠᠢ ᠪᠠᠷ ᠲᠤᠭᠠᠴᠢᠪᠠᠯ᠄      1.ᠵᠢᠷᠮᠦᠰᠦᠯᠡᠬᠦ ᠠᠴᠠ ᠡᠮᠤᠨᠡᠬᠢ ᠡᠷᠡᠬᠦᠯ ᠮᠡᠨᠳᠤ ᠶᠢᠨ ᠪᠠᠶᠢᠴᠠᠭᠠᠯᠳᠠ ᠶᠢ ᠪᠦᠬᠦ ᠲᠠᠯ᠎ᠠ ᠪᠠᠷ ᠬᠢᠪᠠᠯ ᠵᠤᠬᠢᠨ᠎ᠠ᠃ ᠡᠬᠡ ᠨᠢᠯᠬᠠᠰ ᠤᠨ ᠡᠮᠨᠡᠯᠭᠡ ᠶᠢᠨ ᠬᠤᠷᠢᠶ᠎ᠠ ᠪᠤᠶᠤ ᠨᠡᠷᠡᠳᠤ ᠡᠮᠨᠡᠯᠭᠡ ᠶᠢᠨ ᠬᠤᠷᠢᠶᠠᠨ ᠤ ᠡᠮᠡᠭᠳᠡᠶᠢᠴᠤᠳ ᠤᠨ ᠰᠠᠯᠠᠭᠠᠨ  ᠳᠤ ᠬᠦᠷᠴᠤ᠂ ᠪᠠᠶᠢᠴᠠᠭᠠᠯᠳᠠ ᠬᠢᠯᠭᠡᠵᠤ᠂ ᠵᠢᠷᠮᠦᠰᠦᠯᠡᠬᠦ ᠨᠦᠬᠦᠴᠡᠯ ᠳᠤ ᠬᠦᠷᠬᠦ ᠡᠰᠡᠬᠦ ᠪᠠᠨ ᠲᠤᠳᠤᠯᠠᠵᠤ ᠮᠡᠳᠡᠪᠡᠯ ᠰᠠᠶᠢᠨ᠃      2.ᠵᠢᠷᠮᠦᠰᠦᠯᠡᠭᠰᠡᠨ ᠤ ᠡᠬᠢᠨ ᠤ ᠰᠠᠷ᠎ᠠ ᠳᠤ ᠬᠢᠮᠤᠷᠠᠭ᠎ᠠ ᠬᠦᠷᠦᠭᠰᠡᠨ ᠰᠢᠭ ᠳᠠᠭᠠᠷᠠᠳᠠᠰᠤ ᠬᠦᠷᠬᠦ᠂ ᠬᠤᠳᠤᠭᠤᠳᠤ ᠡᠪᠡᠳᠬᠦ ᠵᠠᠷᠭᠡ ᠢᠯᠡᠷᠡᠯ ᠭᠠᠷᠬᠤ ᠪᠠᠷ ᠬᠦᠩᠭᠡᠨ ᠬᠠᠭᠤᠳᠠᠮ ᠢᠶᠠᠷ ᠡᠮ ᠤᠤᠭᠤᠬᠤ ᠶᠢ ᠴᠡᠭᠡᠷᠯᠠᠨ᠎ᠠ᠃ ᠬᠡᠷᠪᠡ ᠬᠡᠤᠭᠡᠳ ᠠᠪᠬᠤ ᠲᠦᠯᠦᠪᠯᠡᠭᠡ ᠲᠠᠢ ᠪᠠᠶᠢᠭᠰᠠᠨ ᠪᠤᠯ ᠳᠡᠭᠡᠷᠡᠬᠢ ᠮᠡᠳᠤ ᠪᠠᠶᠢᠳᠠᠯ ᠭᠠᠷᠪᠠᠯ ᠤᠷᠢᠳᠠᠪᠠᠷ ᠵᠢᠷᠮᠦᠰᠦᠯᠡᠭᠰᠡᠨ ᠡᠰᠡᠬᠦ  ᠪᠠᠨ ᠪᠠᠶᠢᠴᠠᠭᠠᠭᠰᠠᠨ ᠤ ᠳᠠᠷᠠᠭ᠎ᠠ ᠰᠠᠶ᠋ᠢ ᠡᠮ ᠤᠤᠭᠤᠬᠤ ᠡᠰᠡᠬᠦ ᠪᠠᠨ ᠲᠤᠭᠳᠠᠭᠠᠪᠠᠯ ᠵᠤᠬᠢᠨ᠎ᠠ᠃    3.ᠵᠢᠷᠮᠤᠰᠤᠨ ᠬᠤᠭᠤᠴᠠᠭ᠎ᠠ ᠳᠤ᠂ ᠢᠳᠡᠭᠡᠨ ᠤᠮᠳᠠᠭᠠᠨ ᠤ ᠰᠢᠮ᠎ᠠ ᠲᠡᠵᠢᠭᠡᠯ ᠢ ᠠᠩᠬᠠᠷᠤᠨ᠎ᠠ᠃ ᠨᠢᠭᠡ ᠡᠳᠦᠷ ᠤᠨ ᠭᠤᠷᠪᠠᠨ ᠴᠠᠭ ᠤᠨ ᠬᠤᠭᠤᠯᠠ ᠪᠠᠨ ᠴᠠᠭ ᠲᠤ ᠪᠠᠨ ᠢᠳᠡᠬᠦ ᠶᠢ ᠠᠩᠬᠠᠷᠴᠤ᠂ ᠬᠠᠷ᠎ᠠ ᠮᠢᠬ᠎ᠠ᠂ ᠨᠤᠭᠤᠭ᠎ᠠ᠂ ᠵᠢᠮᠢᠰ᠂ ᠪᠦᠳᠤᠬᠦᠯᠢᠭ ᠠᠮᠤ᠂ ᠬᠠᠳᠠᠭᠠᠭᠰᠠᠨ ᠵᠢᠮᠢᠰ᠂ ᠰᠦ ᠴᠠᠭ᠎ᠠ ᠵᠠᠷᠭᠡ ᠪᠠᠷ ᠭᠤᠤᠯᠯᠠᠪᠠᠯ ᠰᠠᠶᠢᠨ᠃ ᠬᠡᠪᠡᠯᠢ ᠳᠠᠬᠢ ᠬᠡᠤᠭᠡᠳ  ᠤᠨ ᠦᠰᠤᠨ ᠪᠤᠶᠢᠵᠢᠯᠳᠠ ᠳᠤ ᠠᠰᠢᠭ ᠦᠭᠡᠢ ᠬᠦᠢᠳᠡᠨ ᠤᠮᠳᠠᠭᠠᠨ᠂ ᠰᠢᠷᠡᠵᠤ ᠪᠤᠯᠭᠤᠭᠰᠠᠨ ᠢᠳᠡᠭᠡᠨ ᠢ ᠴᠡᠭᠡᠷᠯᠡᠪᠠᠯ ᠵᠤᠬᠢᠨ᠎ᠠ᠃    ᠬᠡᠷ ᠪᠦᠯᠢ ᠶᠢᠨ ᠡᠪ ᠨᠠᠶᠢᠷᠠᠮᠳᠠᠭᠤ ᠠᠭᠤᠷ ᠠᠮᠢᠰᠬᠤᠯ᠂ ᠡᠭᠡ ᠶᠢᠨ ᠬᠢᠨᠢ ᠠᠭᠤᠷᠯᠠᠵᠤ ᠤᠴᠠᠭᠠᠷᠯᠠᠬᠤ ᠦᠭᠡᠢ᠂ ᠲᠠᠭᠤᠤ ᠬᠦᠭᠵᠢᠮ ᠰᠣᠨᠣᠰᠬᠤ᠂ ᠨᠤᠮ ᠤᠩᠰᠢᠬᠤ ᠪᠠᠷ ᠲᠠᠮᠵᠢᠨ ᠰᠡᠳᠬᠢᠯ ᠰᠠᠨᠠᠭ᠎ᠠ ᠪᠠᠶᠠᠷ ᠪᠠᠶᠠᠰᠤᠯ ᠲᠠᠢ ᠪᠠᠶᠢᠬᠤ ᠪᠠ ᠤᠨᠳᠠᠵᠤ ᠠᠮᠠᠷᠠᠬᠤ ᠵᠠᠩ ᠳᠡᠳᠬᠠᠯ ᠨᠢ ᠬᠡᠤᠭᠡᠳ ᠤᠨ ᠵᠠᠩ ᠠᠭᠠᠰᠢ᠂ ᠠᠮᠢᠳᠤᠷᠡᠯ ᠤᠨ ᠵᠠᠩ ᠲᠠᠳᠬᠠᠯ ᠢ ᠰᠢᠭᠤᠳ ᠨᠦᠯᠦᠭᠡᠯᠡᠨ᠎ᠠ᠃    ᠵᠠᠷᠢᠮ ᠵᠠᠯᠠᠭᠤᠴᠤᠳ ᠨᠢ ᠬᠡᠪᠡᠯᠢ ᠳᠠᠬᠢ ᠬᠡᠤᠭᠡᠳ ᠲᠤ ᠪᠠᠨ ᠪᠢᠴᠢᠭ ᠤᠨ ᠮᠡᠳᠡᠯᠭᠡ ᠶᠢᠨ ᠬᠠᠮᠢᠶ᠎ᠠ ᠲᠠᠢ ᠰᠢᠩᠭᠡᠭᠡᠯᠳᠠ ᠶᠢ ᠰᠤᠨᠤᠰᠬᠠᠵᠤ᠂ ᠬᠡᠤᠭᠡᠳ ᠢᠶᠠᠨ ᠰᠤᠷᠤᠯᠭ᠎ᠠ ᠶᠢᠨ ᠮᠠᠩᠯᠠᠢ ᠪᠤᠯᠭᠠᠬᠤ ᠪᠠᠷ ᠬᠡᠪᠠᠯᠢ ᠳᠤ ᠪᠠᠶᠢᠬᠤ ᠠᠴᠠ  ᠨᠢ ᠡᠬᠢᠯᠡᠭᠡᠳ ᠰᠠᠨᠠᠭ᠎ᠠ ᠪᠤᠯᠳᠠᠭ᠃ ᠮᠢᠨᠤ ᠦᠵᠡᠬᠦ ᠪᠠᠷ᠂ ᠬᠡᠷ ᠪᠦᠯᠢ ᠶᠢᠨ ᠡᠪ ᠨᠠᠶᠢᠷᠠᠮᠳᠠᠭᠤ ᠤᠷᠴᠢᠨ᠂ ᠡᠭᠡ ᠶᠢᠨ ᠬᠢᠨᠢ ᠰᠡᠳᠬᠢᠯ ᠰᠠᠨᠠᠭ᠎ᠠ ᠨᠢ ᠪᠠᠶᠠᠷ ᠪᠠᠶᠠᠰᠤᠯ ᠲᠠᠢ ᠪᠠᠶᠢᠬᠤ ᠪᠠ ᠰᠢᠨᠵᠢᠯᠡᠬᠦ ᠤᠬᠠᠭᠠᠨᠴᠢ ᠪᠠᠷ ᠤᠨᠳᠠᠵᠤ ᠠᠮᠠᠷᠠᠬᠤ ᠨᠢ ᠬᠡᠪᠡᠯᠢ ᠳᠠᠬᠢ ᠬᠡᠤᠭᠡᠳ ᠲᠤ ᠬᠦᠷᠳᠡᠭᠡᠬᠦ ᠬᠠᠮᠤᠭ ᠤᠨ ᠰᠠᠶᠢᠨ ᠰᠤᠷᠭᠠᠨ ᠬᠦᠮᠦᠵᠢᠯ ᠮᠥᠨ᠃
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号