ᠨᠦᠬᠦᠷᠰᠡᠭ ᠬᠠᠷᠢᠴᠠᠭ᠎ᠠ ᠶᠢ ᠬᠦᠮᠦᠵᠢᠭᠦᠯᠭᠦ
ᠨᠡᠶᠢᠲᠡᠯᠡᠭᠰᠡᠨ ᠴᠠᠭ᠄
2023/6/19
     ᠨᠡᠶᠢᠭᠡᠮ ᠪᠠ ᠡᠳᠦᠷ ᠲᠤᠳᠤᠮ ᠤᠨ ᠠᠮᠢᠳᠤᠷᠠᠯ ᠲᠤᠮᠳᠠ ᠬᠦᠮᠦᠰ ᠡᠯ᠎ᠡ ᠵᠦᠢᠯ ᠤᠨ ᠬᠠᠷᠢᠴᠠᠭ᠎ᠠ ᠬᠤᠯᠪᠤᠭ᠎ᠠ  ᠪᠠᠷ ᠬᠤᠭᠤᠷᠤᠨᠳᠤ ᠪᠠᠨ ᠶᠠᠪᠤᠯᠴᠠᠳᠠᠭ᠂ ᠨᠠᠰᠤ ᠴᠢᠴᠠᠥ ᠬᠦᠮᠦᠰ ᠨᠢ ᠡᠯ᠎ᠡ ᠲᠠᠯ᠎ᠠ ᠪᠠᠷ ᠢᠶᠠᠨ ᠤᠶᠢᠷᠠᠯᠴᠠᠭ᠎ᠠ ᠲᠤᠯᠠ ᠬᠠᠷᠢᠯᠴᠠᠬᠤ ᠨᠢ ᠨᠡᠩ ᠤᠯᠠᠨ ᠪᠠᠶᠢᠳᠠᠭ᠃ ᠬᠦᠮᠦᠰ ᠤᠨ ᠤᠴᠢᠷ ᠶᠠᠪᠤᠳᠠᠯ ᠨᠢ ᠪᠦᠷ ᠪᠤᠰᠤᠳ ᠤᠨ ᠰᠢᠭᠤᠳ ᠪᠤᠶᠤ ᠲᠠᠮ ᠲᠡᠮᠵᠢᠯᠭᠡ ᠶᠢ ᠤᠯᠤᠮᠠᠨᠵᠢᠨ ᠰᠠᠶ᠋ᠢ ᠬᠢᠯᠪᠠᠷ ᠪᠡᠶᠡᠯᠡᠭᠳᠡᠳᠡᠭ᠃ ᠡᠶᠢᠮᠦ ᠠᠴᠠ ᠭᠡᠥᠭᠡᠳ ᠤᠨ ᠬᠠᠷᠠᠬᠠᠨ ᠪᠠᠭ᠎ᠠ ᠠᠴᠠ  ᠪᠠᠨ ᠨᠦᠭᠦᠳ ᠲᠠᠢ ᠪᠠᠨ ᠨᠠᠶᠢᠵᠠᠯᠠᠨ ᠶᠠᠪᠤᠬᠤ ᠶᠢ ᠭᠡᠷ ᠤᠨ ᠠᠬᠠᠮᠠᠳ ᠠᠴᠠ ᠲᠡᠮᠵᠢᠨ ᠵᠤᠷᠢᠭᠵᠢᠭᠤᠯᠤᠨ ᠬᠦᠮᠦᠵᠢᠭᠦᠯᠬᠦ ᠭᠡᠷᠡᠭᠳᠡᠢ᠃      1᠂ ᠭᠡᠥᠭᠡᠳ ᠤᠳ ᠤᠨ ᠶᠠᠷᠢᠶ᠎ᠠ ᠭᠡᠯᠡᠯᠴᠡᠭᠡ᠂ ᠦᠵᠡᠯᠳᠡ᠂ ᠰᠡᠳᠬᠢᠯᠭᠡ ᠶᠢ ᠨᠢ ᠬᠦᠨᠳᠦᠳᠭᠡᠨ ᠦᠵᠡᠵᠤ ᠭᠡᠥᠭᠡᠳ ᠢ ᠬᠠᠪᠰᠤᠷᠴᠤ ᠲᠡᠳᠡᠨ ᠢ ᠨᠠᠶᠢᠵᠠ ᠲᠠᠢ ᠨᠢ ᠦᠷᠬᠦᠯᠵᠢ ᠶᠠᠪᠤᠯᠴᠠᠭᠤᠯᠤᠨ ᠵᠤᠴᠢᠳ ᠲᠤ ᠬᠠᠯᠠᠭᠤᠮᠰᠤᠭ ᠬᠠᠨᠳᠤᠬᠤ ᠪᠤᠯᠭᠠᠬᠤ ᠭᠡᠷᠡᠭᠳᠡᠢ᠃      2᠂ ᠭᠡᠥᠭᠡᠳ ᠢ ᠶᠠᠪᠤᠯᠴᠠᠭᠠᠨ ᠲᠤᠮᠳᠠ ᠠᠴᠠ ᠨᠢ ᠡᠯ᠎ᠡ ᠵᠦᠢᠯ ᠤᠨ ᠨᠡᠶᠢᠭᠡᠮ ᠤᠨ ᠪᠤᠯᠪᠠᠰᠤᠷᠠᠯ᠂ ᠠᠷᠠᠳ ᠤᠨ ᠲᠤᠮᠳᠠᠭᠢ ᠰᠠᠶᠢᠨ ᠰᠠᠶᠢᠬᠠᠨ ᠵᠠᠩ ᠮᠤᠷᠠᠯ ᠵᠡᠷᠭᠡ ᠳᠤ ᠲᠠᠳᠬᠠᠨ᠂ ᠨᠠᠶᠢᠵᠠ ᠨᠠᠷ ᠲᠠᠢ ᠨᠢ ᠰᠠᠶᠢᠳᠤᠷ ᠪᠦᠯᠬᠦᠮᠳᠡᠭᠦᠯᠦᠨ᠂ ᠵᠤᠬᠢᠶᠠᠨ ᠪᠠᠶᠢᠭᠤᠯᠬᠤ ᠴᠢᠳᠠᠪᠤᠷᠢ ᠵᠡᠷᠭᠡ ᠶᠢ ᠨᠢ ᠲᠡᠭᠡᠭᠰᠢᠯᠡᠭᠦᠯᠦᠨ᠎ᠡ᠃      3᠂ ᠭᠡᠥᠭᠡᠳ ᠤᠨ ᠬᠠᠷᠢᠴᠠᠭ᠎ᠠ ᠨᠢ ᠭᠡᠷᠪᠡ ᠡᠷᠡᠭᠦᠯ ᠴᠠᠬᠢᠷᠠᠭ ᠬᠠᠷᠢᠴᠠᠭ᠎ᠠ ᠶᠤᠮ ᠪᠤᠯ ᠨᠠᠷᠢᠨ ᠨᠢᠭᠳᠠ ᠠᠰᠠᠭᠤᠨ ᠤᠭᠴᠢᠯᠠᠭᠰᠠᠨ ᠤ ᠭᠡᠷᠡᠭ ᠦᠭᠡᠢ᠂ ᠬᠠᠷᠢᠯᠴᠠᠭᠠᠨ ᠤ ᠲᠤᠮᠳᠠ ᠭᠡᠥᠭᠡᠳ ᠭᠡᠷᠪᠡ ᠵᠦᠷᠢᠴᠡᠯ ᠮᠦᠷᠭᠦᠯᠳᠦᠭᠡᠨ ᠡᠭᠦᠰᠦᠭᠰᠡᠨ ᠴᠦ ᠲᠡᠶᠢᠮᠦ ᠶᠡᠭᠡ ᠠᠶᠤᠯ ᠦᠭᠡᠢ ᠶᠤᠮ ᠪᠤᠯ ᠭᠡᠥᠭᠡᠳ ᠢ ᠬᠤᠪᠢ ᠪᠠᠷ ᠨᠢ ᠰᠢᠢᠳᠪᠦᠷᠢᠯᠡᠭᠦᠯᠪᠡᠯ ᠰᠠᠶᠢᠨ᠃ ᠭᠡᠥᠭᠡᠳ ᠢ ᠬᠠᠪᠰᠤᠷᠴᠤ ᠪᠠᠶ᠎ᠠ ᠪᠠᠨ ᠲᠠᠭᠠᠭᠠᠵᠤ ᠠᠰᠠᠭᠤᠳᠠᠯ ᠢ ᠪᠤᠳᠤᠯᠬᠢᠯᠠᠬᠤ᠂ ᠬᠤᠪᠢ ᠶᠢᠨ ᠦᠵᠡᠯᠳᠡ ᠪᠠᠨ ᠪᠠᠷᠢᠮᠳᠠᠯᠠᠬᠤ᠂ ᠦᠨᠡᠨ ᠶᠤᠰᠤ ᠶᠢ ᠦᠢᠯᠡᠳᠦᠯᠭᠡ ᠶᠢᠨ ᠲᠤᠮᠳᠠ ᠠᠴᠠ ᠭᠡᠷᠡᠴᠢᠯᠡᠭᠦ ᠵᠡᠷᠭᠡ ᠶᠤᠰᠤ ᠤᠴᠢᠷ ᠢ ᠤᠶᠢᠯᠠᠭᠠᠭᠤᠯᠤᠨ᠎ᠠ᠃ ᠡᠨᠡ ᠨᠢ ᠶᠠᠭ ᠯᠡ᠄ ︽ᠤᠯᠪᠤᠭ ᠢᠶᠠᠨ ᠴᠤᠭᠤᠷᠳᠠᠯ᠎ᠠ ᠰᠠᠭᠤᠭᠰᠠᠨ ᠮᠡᠷᠭᠡᠨ ᠠᠴᠠ᠂ ᠤᠷᠴᠢᠯᠠᠩ ᠪᠠᠷᠠᠳᠠᠯ᠎ᠠ ᠲᠤᠭᠤᠷᠢᠭᠰᠠᠨ ᠮᠤᠩᠬᠠᠭ ᠲᠡᠭᠡᠷ᠎ᠡ︾ ᠭᠡᠳᠡᠭ ᠢᠶᠠᠷ ᠤᠯᠠᠨ ᠤ ᠬᠠᠷᠢᠯᠴᠠᠭ᠎ᠠ ᠠᠴᠠ ᠠᠪᠤᠭᠠᠳ ᠪᠠᠷᠠᠰᠢ ᠦᠭᠡᠢ ᠭᠡᠷᠡᠭᠯᠡᠭᠡᠳ ᠲᠠᠭᠤᠰᠤᠰᠢ ᠦᠭᠡᠢ ᠦᠨᠡᠨ ᠶᠤᠰᠤ ᠶᠢ ᠤᠯᠵᠤ ᠮᠡᠳᠡᠬᠦ ᠶᠤᠮ᠃      4᠂ ᠡᠩ ᠤᠨ ᠦᠶ᠎ᠡ ᠳᠠᠬᠢ ᠦᠪᠡᠷ ᠤᠨ ᠬᠢ ᠬᠡᠯᠡᠵᠤ ᠶᠠᠷᠢᠬᠤ᠂ ᠶᠠᠪᠤᠵᠤ ᠰᠠᠭᠤᠬᠤ᠂ ᠦᠯᠢᠭᠡᠷ ᠭᠡᠯᠡᠭᠦ ᠵᠡᠷᠭᠡ ᠤᠯᠠᠨ ᠲᠠᠯ᠎ᠠ ᠶᠢᠨ ᠠᠰᠢᠭᠳᠠᠢ ᠬᠦᠳᠡᠯᠭᠡᠭᠡᠨ ᠢᠶᠠᠷ ᠢᠶᠠᠨ ᠲᠠᠮᠵᠢᠭᠤᠯᠤᠨ ᠭᠡᠥᠭᠡᠳ ᠲᠤ ᠬᠠᠮᠳᠤ ᠨᠦᠬᠦᠳ ᠲᠠᠢ ᠪᠠᠨ ᠨᠠᠶᠢᠵᠠᠯᠠᠬᠤ ᠶᠢᠨ ᠶᠤᠰᠤ ᠤᠴᠢᠷ ᠢ ᠨᠡᠩ ᠤᠶᠢᠯᠠᠭᠠᠭᠤᠯᠤᠨ᠎ᠠ᠃      5᠂ ᠭᠡᠥᠭᠡᠳ ᠲᠡᠭᠡᠨ ᠬᠠᠨᠢ ᠨᠠᠶᠢᠵᠠ ᠶᠢᠨ ᠬᠦᠷᠢᠶ᠎ᠡ ᠬᠡᠪᠴᠢᠶ᠎ᠡ ᠶᠢ ᠮᠡᠳᠡᠭᠦᠯᠵᠤ ᠶᠠᠮᠠᠷ ᠬᠦᠮᠦᠨ ᠲᠠᠢ ᠨᠠᠶᠢᠵᠠᠯᠠᠬᠤ᠂ ᠶᠠᠮᠠᠷ ᠬᠦᠮᠦᠨ ᠲᠠᠢ ᠨᠠᠶᠢᠵᠠᠯᠠᠬᠤ ᠦᠭᠡᠢ ᠵᠡᠷᠭᠡ ᠪᠠᠷᠢᠮᠵᠢᠶ᠎ᠠ ᠶᠢ ᠤᠶᠢᠯᠭᠠᠭᠤᠯᠤᠨ᠂ ᠲᠡᠥᠭᠡᠨ ᠳᠠᠬᠢ ᠮᠠᠷᠺᠠᠰ᠂ ᠡᠩᠭᠧᠯᠰ ᠤᠨ ᠨᠠᠶᠢᠵᠠᠯᠠᠭᠰᠠᠨ ᠦᠯᠢᠭᠡᠷ ᠢ ᠶᠠᠷᠢᠵᠤ᠂ ᠨᠠᠶᠢᠵᠠ ᠨᠠᠷ ᠲᠠᠢ ᠪᠠᠨ ᠲᠤᠷᠰᠢᠯᠭ᠎ᠠ ᠪᠠᠨ ᠰᠤᠯᠢᠯᠴᠠᠨ᠂ ᠬᠠᠷᠢᠯᠴᠠᠨ ᠬᠠᠪᠰᠤᠷᠤᠯᠴᠠᠨ᠂ ᠬᠠᠷᠢᠴᠠᠨ ᠲᠤᠰᠠᠯᠠᠯᠴᠠᠬᠤ ᠪᠦᠭᠡᠳ ᠨᠠᠶᠢᠵᠠ ᠶᠢᠨ ᠢᠶᠠᠨ ᠬᠦᠷᠦᠯᠴᠡᠭᠦ ᠦᠭᠡᠢ ᠮᠠᠭᠤ ᠠᠵᠢᠯᠯᠠᠭ᠎ᠠ ᠪᠠᠶᠢᠪᠠᠯ ᠡᠷᠢᠶᠡᠯ ᠦᠭᠡᠢ ᠬᠡᠯᠡᠬᠦ ᠪᠤᠶᠤ ᠲᠡᠭᠦᠨ ᠤ ᠲᠠᠪᠰᠢᠭᠰᠠᠨ ᠰᠠᠶᠢᠨ ᠰᠠᠶᠢᠬᠠᠨ ᠡᠷᠬᠢᠮ ᠰᠤᠷᠳᠠᠯ ᠢ ᠨᠢ ᠰᠤᠷᠤᠯᠴᠠᠬᠤ ᠪᠤᠯᠭᠠᠨ᠎ᠠ᠃
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号