ᠮᠠᠨ ᠤ ᠬᠤᠲᠠ 2023 ᠣᠨ ᠤ ︽6 · 5 ᠤ ᠣᠷᠴᠢᠨ ᠲᠣᠭᠤᠷᠢᠨ ᠤ ᠡᠳᠦᠷ︾ ᠤᠨ ᠭᠤᠤᠯ ᠰᠡᠳᠦᠪᠲᠦ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/6/6
    6 ᠰᠠᠷ᠎ᠠ ᠶᠢᠨ 5 ᠤ ᠡᠳᠦᠷ᠂ 2023 ᠣᠨ ᠤ ︽6 · 5 ᠤ ᠣᠷᠴᠢᠨ ᠲᠣᠭᠤᠷᠢᠨ ᠤ ᠡᠳᠦᠷ︾ ᠤᠨ ᠭᠤᠤᠯ ᠰᠡᠳᠦᠪᠲᠦ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠦᠬᠠᠢ ᠨᠠᠭᠤᠷ ᠤᠨ ᠨᠢᠭᠡᠳᠦᠭᠡᠷ ᠭᠠᠷᠠᠮ ᠤᠨ ᠠᠭᠤᠳᠠᠮ ᠲᠠᠯᠠᠪᠠᠢ ᠳᠤ ᠶᠠᠪᠤᠭᠳᠠᠪᠠ᠃     ᠡᠬᠢᠯᠡᠯᠲᠡ ᠶᠢᠨ ᠶᠣᠰᠣᠯᠠᠯ ᠳᠡᠭᠡᠷ᠎ᠡ᠂ ᠠᠵᠤ ᠠᠬᠤᠶᠢᠯᠠᠯ ᠤᠨ ᠲᠥᠯᠥᠭᠡᠯᠡᠭᠴᠢ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷ᠎ᠠ ᠶᠢᠨ ᠠᠵᠢᠯᠯᠠᠭᠴᠢ ᠶᠢᠨ ᠲᠥᠯᠥᠭᠡᠯᠡᠭᠴᠢ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠪᠡ᠃ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠣᠷᠴᠢᠨ ᠲᠣᠭᠤᠷᠢᠨ ᠢ ᠬᠠᠮᠠᠭᠠᠯᠠᠬᠤ ᠭᠤᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠤᠨ ᠱᠠᠩᠨᠠᠯ ᠬᠦᠷᠳᠡᠭᠰᠡᠳ ᠲᠤ ᠱᠠᠩᠨᠠᠯ ᠣᠯᠭᠤᠪᠠ᠃     ᠡᠨᠡ ᠵᠢᠯ ᠤᠨ ᠤᠬᠠᠭᠤᠯᠭ᠎ᠠ ᠶᠢᠨ ᠭᠤᠣᠯ ᠰᠡᠳᠦᠪ ᠪᠣᠯ ︽ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠪᠠᠶᠢᠭᠤᠯᠤᠶ᠎ᠠ︾᠃ ᠲᠣᠰ ᠭᠤᠤᠯ ᠰᠡᠳᠦᠪ ᠤᠨ ᠲᠣᠭᠤᠷᠢᠨ ᠳᠤ᠂ ᠮᠠᠨ ᠤ ᠬᠤᠲᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠦᠨ᠎ᠡ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢ ᠣᠯᠠᠨ ᠨᠡᠶᠢᠲᠡ ᠪᠠᠷ ᠨᠡᠭᠡᠭᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠦᠨ᠎ᠡ᠃ ᠪᠦᠬᠦ ᠬᠤᠲᠠ ᠶᠢᠨ ᠠᠮᠢ ᠠᠬᠤᠢ ᠶᠢᠨ ᠪᠣᠯᠪᠠᠰᠤᠨ ᠤ ᠬᠥᠮᠦᠵᠢᠯ ᠤᠨ ᠰᠠᠭᠤᠷᠢᠨ ᠭᠠᠵᠠᠷ᠂ ᠪᠠᠶᠢᠭᠠᠯᠢ ᠶᠢᠨ ᠰᠤᠷᠭᠠᠭᠤᠯᠢ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ᠃ ︽ᠰᠤᠷᠭᠠᠭᠤᠯᠢ ᠳᠤ ᠣᠷᠣᠭᠤᠯᠬᠤ᠂ ᠪᠠᠶᠢᠭᠤᠯᠭ᠎ᠠ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠲᠠᠷᠢᠶᠠᠯᠠᠬᠤ ᠣᠷᠣᠨ ᠳᠤ ᠣᠷᠣᠭᠤᠯᠬᠤ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠨ᠎ᠡ᠃ ᠰᠢᠷᠢᠰ ᠠᠵᠢᠯᠯᠠᠭ᠎ᠠ ᠳᠤ ᠬᠥᠮᠦᠨ ᠪᠦᠬᠦᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠠᠯᠠᠮᠵᠢᠯᠠᠬᠤ᠂ ᠳᠡᠮᠵᠢᠬᠦ᠂ ᠣᠷᠣᠯᠴᠠᠬᠤ ᠪᠠᠶᠢᠳᠠᠯ ᠢ ᠪᠤᠢ ᠪᠣᠯᠭᠠᠬᠤ ᠶᠢ ᠠᠬᠢᠭᠤᠯᠵᠤ᠂ ᠪᠦᠬᠦ ᠨᠡᠶᠢᠭᠡᠮ ᠢᠶᠠᠷ ᠢᠶᠠᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢᠶᠠᠨ ᠳᠡᠭᠡᠭᠰᠢᠯᠡᠭᠦᠯᠬᠦ ᠶᠢ ᠠᠬᠢᠭᠤᠯᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠪᠦᠳᠦᠭᠡᠨ ᠪᠠᠶᠢᠭᠤᠯᠬᠤ ᠳᠤ ᠢᠳᠡᠪᠬᠢᠲᠡᠢ ᠣᠷᠣᠯᠴᠠᠨ᠎ᠠ᠃     ᠡᠬᠢᠯᠡᠯᠲᠡ ᠶᠢᠨ ᠶᠣᠰᠣᠯᠠᠯ ᠤᠨ ᠲᠠᠷᠠᠭ᠎ᠠ᠂ ᠬᠤᠷᠠᠯ ᠳᠤ ᠣᠷᠣᠯᠴᠠᠭᠰᠠᠳ ᠪᠠᠰᠠ ᠣᠷᠴᠢᠨ ᠲᠣᠭᠤᠷᠢᠨ ᠤ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠦᠵᠡᠭᠦᠯᠦᠯᠭᠡ ᠶᠢ ᠲᠣᠭᠤᠷᠢᠨ ᠦᠵᠡᠵᠦ᠂ ᠠᠮᠢ ᠠᠬᠤᠢ ᠣᠷᠴᠢᠨ ᠲᠣᠭᠤᠷᠢᠨ ᠤ ᠭᠤᠣᠯ ᠰᠡᠳᠦᠪᠲᠦ ᠤᠷᠠᠨ ᠰᠠᠶᠢᠬᠠᠨ ᠤ ᠲᠣᠭᠯᠠᠯᠲᠠ ᠶᠢ ᠰᠣᠨᠢᠷᠬᠠᠪᠠ᠃ ᠬᠤᠯᠪᠤᠭᠳᠠᠯ ᠪᠥᠬᠦᠶ ᠨᠢᠭᠡᠴᠡ ᠪᠠᠰᠠ ᠠᠮᠢ ᠠᠬᠤᠶ ᠣᠷᠴᠢᠨ ᠲᠣᠭᠤᠷᠢᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠵᠥᠪᠯᠡᠯᠭᠡ ᠥᠭᠬᠦ ᠲᠠᠪᠴᠠᠩ ᠪᠠᠶᠢᠭᠤᠯᠵᠤ᠂ ᠵᠥᠪᠯᠡᠯᠭᠡ ᠥᠭᠬᠦ ᠦᠢᠯᠡᠴᠢᠯᠡᠭᠡ ᠥᠷᠨᠢᠭᠦᠯᠦᠭᠰᠡᠨ ᠪᠥᠭᠡᠳ ᠡᠯ᠎ᠡ ᠲᠥᠷᠥᠯ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠳᠡᠯᠭᠡ ᠶᠢᠨ ᠭᠠᠷ ᠳᠡᠪᠲᠡᠷ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号