ᠮᠠᠨ ᠤ ᠬᠤᠲᠠ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2023/6/7
     6 ᠰᠠᠷ᠎ᠠ ᠶᠢᠨ 6 ᠤ ᠡᠳᠦᠷ᠂ ᠮᠠᠨ ᠤ ᠬᠤᠲᠠ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠣᠯᠪᠠᠰᠤᠷᠠᠯ ᠥᠷᠨᠢᠭᠦᠯᠪᠡ᠃      6 ᠳ᠋ᠣᠭᠠᠷ ᠰᠠᠷ᠎ᠠ ᠪᠣᠯ ᠪᠦᠬᠦ ᠤᠯᠤᠰ ᠤᠨ 22 ᠳ᠋ᠤᠭᠠᠷ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠪᠤᠯᠤᠨ᠎ᠠ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠵᠣ ᠴᠢᠳᠠᠬᠤ ᠬᠡᠷᠡᠭᠳᠡᠢ︾ ᠭᠡᠬᠦ ᠪᠠᠷ ᠭᠤᠤᠯ ᠰᠡᠳᠦᠪ ᠪᠤᠯᠭᠠᠪᠠ᠃ ᠬᠢᠴᠢᠶᠡᠯᠯᠡᠬᠦ ᠪᠠᠭᠰᠢ ᠠᠴᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠦᠨᠳᠦᠰᠦᠨ ᠤᠬᠠᠭᠳᠠᠬᠤᠨ᠂ ᠭᠡᠨᠡᠳᠲᠡ ᠶᠢᠨ ᠬᠡᠷᠡᠭ ᠵᠢᠴᠢ ᠪᠡᠯᠡᠳᠬᠡᠯ ᠲᠥᠰᠦᠯ ᠤᠨ ᠤᠬᠠᠭᠳᠠᠬᠤᠨ᠂ ᠭᠡᠨᠡᠳᠲᠡ ᠶᠢᠨ ᠬᠡᠷᠡᠭ ᠤᠨ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠵᠡᠷᠭᠡ ᠠᠭᠤᠯᠭ᠎ᠠ ᠶᠢᠨ ᠲᠣᠭᠤᠷᠢᠨ ᠳᠤ᠂ ᠬᠤᠯᠪᠤᠭᠳᠠᠯ ᠪᠥᠬᠦᠶ ᠬᠡᠷᠡᠭ ᠤᠨ ᠵᠢᠱᠢᠶ᠎ᠡ ᠪᠠ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠪᠣᠯᠪᠠᠰᠤᠷᠠᠯ ᠥᠷᠨᠢᠭᠦᠯᠪᠡ᠃      ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠠᠭᠠᠯᠠᠯᠲᠠ ᠳᠤ ᠬᠢᠨᠠᠯᠲᠠ ᠲᠠᠯᠪᠢᠬᠤ ᠪᠠ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠰᠠᠯᠠᠭᠠᠨ ᠤ ᠳᠠᠷᠤᠭ᠎ᠠ ᠬᠤᠤ ᠮᠧᠶ ᠶᠧ ᠬᠡᠯᠡᠭᠰᠡᠨ ᠨᠢ᠂ ︽ᠡᠨᠡ ᠵᠢᠯ᠂ ᠮᠠᠨ ᠤ ᠬᠤᠲᠠ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ︿ᠡᠷᠭᠢᠵᠦ ᠦᠵᠡᠬᠦ﹀ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃ ᠣᠲᠣ ᠪᠣᠯᠲᠠᠯ᠎ᠠ᠂ ᠨᠢᠭᠡᠨᠲᠡ 56 ᠳᠤᠭᠤᠶᠢᠯᠠᠩ ᠤᠳᠠᠭ᠎ᠠ ᠬᠦᠳᠦᠯᠦᠯᠴᠡᠵᠦ᠂ ᠠᠵᠤ ᠠᠬᠤᠶᠢᠯᠠᠯ ᠪᠠ ᠲᠠᠯᠠᠪᠤᠷ ᠭᠠᠵᠠᠷ ᠢ 172 ᠣᠳᠠᠭ᠎ᠠ ᠪᠠᠶᠢᠴᠠᠭᠠᠪᠠ᠃ ︿ᠠᠶᠤᠯᠭᠦᠢ ᠦᠢᠯᠡᠳᠪᠦᠷᠢᠯᠡᠯ ᠤᠨ ᠰᠠᠷ᠎ᠠ﹀ ᠶᠢᠨ ᠬᠤᠭᠤᠴᠠᠭᠠᠨ ᠳᠤ᠂ ᠪᠢᠳᠡ ᠪᠠᠰᠠ ᠤᠷ᠎ᠠ ᠴᠢᠳᠠᠪᠤᠷᠢ ᠶᠢᠨ ᠪᠣᠯᠪᠠᠰᠤᠷᠠᠯ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ᠂ ᠠᠮᠤᠷ ᠲᠦᠪᠰᠢᠨ ᠤ ᠤᠬᠠᠭᠤᠯᠭ᠎ᠠ ᠶᠢᠨ ᠵᠥᠪᠯᠡᠯᠭᠡ ᠥᠭᠬᠦ ᠵᠡᠷᠭᠡ ᠠᠵᠢᠯᠯᠠᠭ᠎ᠠ ᠥᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠬᠦᠨᠳᠦ ᠶᠡᠭᠡ ᠠᠮᠤᠷ ᠲᠦᠪᠰᠢᠨ ᠤ ᠬᠡᠮ ᠰᠣᠭᠤᠭ ᠢ ᠰᠡᠷᠭᠡᠶᠢᠯᠡᠨ ᠠᠷᠢᠯᠭᠠᠨ᠎ᠠ︾ ᠭᠡᠵᠡᠶ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号