ᠬᠤᠲᠠ ᠶᠢᠨ ᠨᠠᠰᠤᠲᠠᠶᠢᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠫᠠᠶᠢᠰᠠ ᠰᠡᠬᠦᠪᠡ
ᠨᠡᠶᠢᠲᠡᠯᠡᠭᠰᠡᠨ ᠴᠠᠭ᠄
2023/6/7
     6 ᠰᠠᠷ᠎ᠠ ᠶᠢᠨ 6 ᠤ ᠡᠳᠦᠷ᠂ ᠨᠠᠰᠤᠲᠠᠶᠢᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠪᠠᠢᠭᠤᠯᠤᠭᠳᠠᠪᠠ᠃      ᠬᠤᠲᠠ ᠶᠢᠨ ᠨᠠᠰᠤᠲᠠᠶᠢᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠣᠨᠴᠠᠭᠠᠶ ᠪᠠᠶᠢᠳᠠᠯ ᠢ ᠦᠨᠳᠦᠰᠦᠯᠡᠨ ᠲᠤᠰᠬᠠᠢ ᠮᠡᠷᠭᠡᠵᠢᠯ ᠬᠤᠪᠢᠶᠠᠵᠤ᠂ ᠴᠠᠭ ᠤᠨ ᠪᠠᠶᠢᠳᠠᠯ ᠲᠥᠷᠥ ᠶᠢᠨ ᠪᠣᠳᠣᠯᠭ᠎ᠠ᠂ ᠬᠤᠰᠢᠭᠤᠷᠠᠯ ᠰᠢᠨᠵᠢᠯᠡᠬᠦ ᠤᠬᠠᠭᠠᠨ ᠮᠡᠷᠭᠡᠵᠢᠯ᠂ ᠰᠢᠨᠵᠢᠯᠡᠬᠦ ᠤᠬᠠᠭᠠᠨ ᠡᠷᠡᠭᠦᠯ ᠮᠡᠨᠳᠦ ᠪᠠ ᠬᠡᠷᠡᠭᠯᠡᠭᠡᠨ ᠤ ᠤᠷ᠎ᠠ ᠮᠡᠷᠭᠡᠵᠢᠯ ᠵᠡᠷᠭᠡ ᠳᠥᠷᠪᠡᠨ ᠶᠡᠭᠡ ᠲᠥᠷᠥᠯ ᠤᠨ ᠵᠢᠭᠠᠨ ᠰᠤᠷᠭᠠᠯᠲᠠ ᠶᠢᠨ ᠬᠢᠴᠢᠶᠡᠯ ᠲᠣᠬᠢᠷᠠᠭᠤᠯᠵᠤ᠂ ︽ᠪᠠᠶᠢᠩᠭᠤ ᠶᠢᠨ ᠬᠢᠴᠢᠶᠡᠯ ᠤᠨ ᠲᠠᠩᠬᠢᠮ ᠪᠠ ᠰᠢᠯᠵᠢᠮᠡᠯ ᠬᠢᠴᠢᠶᠡᠯ ᠤᠨ ᠲᠠᠩᠬᠢᠮ︾ ︽ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ︾ ᠶᠢ ᠤᠶᠠᠯᠳᠤᠭᠤᠯᠤᠭᠰᠠᠨ ᠬᠢᠴᠢᠶᠡᠯᠯᠡᠬᠦ ᠠᠷᠭ᠎ᠠ ᠮᠠᠶ᠋ᠢᠭ ᠢ ᠠᠪᠴᠤ᠂ ᠬᠡᠷᠡᠭᠴᠡᠭᠡᠨ ᠳᠤᠨᠢ ᠲᠣᠬᠢᠷᠠᠭᠤᠯᠤᠨ᠂ ᠵᠣᠬᠢᠬᠤ ᠵᠦᠢᠯ ᠢ ᠣᠯᠭᠤᠵᠤ᠂ ᠨᠠᠰᠤᠲᠠᠶᠢᠴᠤᠳ ᠤᠨ ︽ᠥᠲᠡᠯᠪᠡᠯ ᠰᠤᠷᠬᠤ ᠶᠠᠭᠤᠮ᠎ᠠ ᠲᠠᠢ᠂ ᠥᠲᠡᠯᠪᠡᠯ ᠪᠠᠶᠠᠷᠯᠠᠬᠤ ᠶᠠᠭᠤᠮ᠎ᠠ ᠲᠠᠢ᠂ ᠥᠲᠡᠯᠪᠡᠯ ᠬᠢᠬᠦ ᠶᠠᠭᠤᠮ᠎ᠠ ᠲᠠᠢ︾ ᠪᠠᠶᠢᠬᠤ ᠶᠢ ᠪᠡᠶᠡᠯᠡᠭᠦᠯᠬᠦ ᠳᠤ ᠨᠥᠬᠦᠴᠡᠯ ᠪᠦᠷᠢᠯᠳᠦᠭᠦᠯᠵᠦ ᠥᠭᠭᠦᠭᠰᠡᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠬᠤᠲᠠ ᠶᠢᠨ ᠨᠠᠰᠤᠲᠠᠶᠢᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠨᠢ ᠨᠠᠰᠤᠲᠠᠶᠢᠴᠤᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠪᠠᠷ ᠵᠣᠷᠢᠯᠲᠠ ᠪᠣᠯᠭᠠᠬᠤ ᠶᠢ ᠪᠠᠷᠢᠮᠲᠠᠯᠠᠵᠤ᠂ ᠵᠢᠭᠰᠠᠭᠠᠯ ᠤᠨ ᠭᠠᠵᠠᠷ ᠤᠨ ᠦᠢᠯᠡᠳᠦᠯ ᠢᠶᠠᠨ ᠦᠨᠡᠨ ᠬᠦ ᠪᠠᠳᠠᠷᠠᠭᠤᠯᠤᠨ᠂ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠪᠦᠲᠦᠮᠵᠢᠲᠡᠶ ᠬᠡᠷᠡᠭᠯᠡᠵᠦ᠂ ᠰᠤᠷᠤᠯᠴᠠᠬᠤ ᠠᠭᠤᠯᠭ᠎ᠠ ᠪᠠᠨ ᠲᠠᠰᠤᠷᠠᠯᠲᠠ ᠥᠬᠡᠶ ᠪᠠᠶᠠᠯᠢᠭᠵᠢᠭᠤᠯᠵᠤ᠂ ᠰᠤᠷᠤᠯᠴᠠᠬᠤ ᠠᠷᠭ᠎ᠠ ᠮᠠᠶ᠋ᠢᠭ ᠢᠶᠠᠨ ᠰᠠᠶᠢᠵᠢᠷᠠᠭᠤᠯᠤᠨ᠂ ᠰᠤᠷᠤᠯᠴᠠᠬᠤ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠨᠠᠰᠤᠲᠠᠶᠢᠴᠤᠳ ᠲᠤ ᠴᠢᠨᠠᠷ ᠰᠠᠶᠢᠲᠠᠶ ᠦᠢᠯᠡᠴᠢᠯᠡᠭᠡ ᠬᠠᠩᠭᠠᠵᠤ᠂ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠦᠢᠯᠡᠰ ᠤᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号